ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-31 16:55:05

ᠵᠣᠬᠢᠶᠠᠭ᠍ᠴᠢ᠄ ᠰᠢᠨᠬᠤᠸᠠ ᠬᠣᠷᠢᠶ᠎ᠠ ᠵᠢᠨ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

—  ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ


ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠰᠢᠨ᠎ᠡ ᠣᠷᠳᠣ᠌ ᠵᠠᠮ᠎ᠤᠨ ᠠᠶᠠᠨ ᠲᠡᠶ᠋ᠢᠨ ᠢ᠋ ᠰᠠᠢᠳᠤᠷ ᠬᠢᠬᠦ ᠳ᠋ᠤ 《ᠲᠠᠪᠤᠨ ᠡᠷᠬᠡᠪᠰᠢ》 ᠵᠢᠨ ᠲᠣᠳᠣᠷᠬᠠᠢ ᠱᠠᠭᠠᠷᠳᠠᠯᠭ᠎ᠠ ᠳᠤᠷᠠᠳᠴᠤ᠂ 《ᠡᠷᠬᠡᠪᠰᠢ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠳᠭᠡᠨ ᠪᠠᠶ᠋ᠢᠭᠤᠯᠬᠤ ᠬᠡᠷᠡᠭᠲᠡᠢ》 ᠭᠡᠵᠦ ᠴᠢᠬᠤᠯᠠᠴᠢᠯᠠᠵᠤ᠂ ᠪᠢᠳᠡᠨ᠎ᠦ ᠰᠢᠨ᠎ᠡ ᠣᠷᠳᠣ᠌ ᠵᠠᠮ᠎ᠤᠨ ᠠᠶᠠᠨ ᠲᠡᠶ᠋ᠢᠨ᠎ᠤ ᠵᠠᠮ  ᠳ᠋ᠤ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠴᠡᠷᠢᠭ᠎ᠢ ᠬᠦᠴᠦᠷᠬᠡᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ᠂ ᠴᠡᠷᠢᠭ᠎ᠢ ᠬᠦᠴᠦᠷᠬᠡᠭᠵᠢᠭᠦᠯᠵᠦ ᠴᠡᠷᠢᠭ᠎ᠢ ᠮᠠᠨᠳᠤᠭᠤᠯᠬᠤ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠬᠠᠷᠠᠯᠲᠠ ᠡᠭᠦᠷᠭᠡ᠎ᠶᠢ ᠲᠣᠳᠣᠷᠬᠠᠢᠯᠠᠵᠤ᠂ ᠴᠢᠷᠮᠠᠢᠬᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃

ᠤᠯᠤᠰ᠎ᠢᠶᠠᠨ ᠬᠦᠴᠦᠷᠬᠡᠭᠵᠢᠭᠦᠯᠬᠦ᠎ᠳᠦ ᠡᠷᠬᠡᠪᠰᠢ ᠴᠡᠷᠢᠭ᠎ᠢᠶᠡᠨ ᠬᠦᠴᠦᠷᠬᠡᠭᠵᠢᠭᠦᠯᠵᠤ᠂ ᠴᠡᠷᠢᠭ ᠬᠦᠴᠦᠷᠬᠡᠭ ᠪᠣᠯ ᠰᠠᠶᠢ ᠤᠯᠤᠰ ᠤᠷᠤᠨ ᠠᠮᠤᠷ ᠲᠦᠪᠰᠢᠨ ᠪᠠᠢᠵᠤ ᠴᠢᠳᠠᠨ᠎ᠠ᠃ 《ᠠᠷᠠᠳ᠎ᠤᠨ ᠴᠡᠷᠢᠭ ᠠᠩᠭᠢ ᠪᠣᠯ ᠡᠭᠦᠷᠢᠳᠡ ᠨᠠᠮ ᠪᠠ ᠤᠯᠤᠰ ᠣᠷᠣᠨ᠎ᠤ ᠠᠵᠢᠯ ᠦᠢᠯᠡᠰ᠎ᠢ ᠬᠠᠮᠠᠭᠠᠯᠠᠬᠤ ᠪᠠᠲᠤ ᠪᠡᠬᠢ ᠤᠷᠲᠤ ᠴᠠᠭᠠᠨ ᠬᠡᠷᠡᠮ ᠮᠥᠨ》᠃ ᠶᠡᠷᠦᠩᠬᠡᠢ ᠱᠦᠵᠢ  ᠰᠢ ᠵᠢᠨ ᠫᠢᠩ᠎ᠦᠨ ᠡᠨᠡ ᠬᠦ᠌ ᠴᠢᠬᠤᠯᠠ ᠨᠤᠲᠠᠯᠠᠯᠲᠠ ᠨᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠪᠠᠢᠭᠤᠯᠤᠯᠲᠠ᠎ᠶᠢᠨ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠪᠦᠬᠦ ᠲᠠᠯ᠎ᠠ᠎ᠳᠠᠬᠢ ᠴᠢᠬᠤᠯᠠ ᠪᠠᠢᠷᠢ ᠰᠠᠭᠤᠷᠢ ᠦᠢᠯᠡᠳᠦᠯ᠎ᠢ ᠭᠦᠨᠵᠡᠭᠡᠢ ᠢᠯᠡᠷᠡᠭᠦᠯᠪᠡ᠃ ᠣᠳᠣᠬᠠᠨ᠎ᠤ ᠳᠡᠯᠡᠬᠡᠢ ᠶᠢᠷᠲᠢᠨᠴᠦ᠎ᠵᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠶᠢᠷᠲᠢᠨᠴᠦ ᠰᠢᠨ᠎ᠡ ᠤᠷᠪᠠᠭᠠᠨ ᠬᠥᠷᠪᠡᠭᠡᠨ᠎ᠲᠠᠢ ᠬᠤᠪᠢᠰᠤᠯᠲᠠ᠎ᠶᠢᠨ ᠬᠤᠭᠤᠴᠠᠭᠠᠨ᠎ᠳᠤ ᠣᠷᠣᠵᠤ᠂ ᠮᠠᠨ᠎ᠤ ᠤᠯᠤᠰ᠎ᠤᠨ ᠬᠥᠭᠵᠢᠯᠲᠡ ᠨᠢ  ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠡᠷ ᠣᠷᠣᠰᠢᠬᠤ᠂ ᠲᠤᠭᠳᠠᠭᠠᠯᠳᠤ ᠪᠤᠰᠤ ᠲᠦᠰᠦᠭᠡᠯᠡᠬᠦᠶ᠎ᠠ ᠪᠡᠷᠬᠡ ᠬᠦᠴᠦᠨ ᠵᠦᠢᠯ ᠨᠡᠮᠡᠭᠳᠡᠬᠦ ᠴᠠᠭ ᠦᠶ᠎ᠡ᠎ᠳᠦ ᠣᠷᠣᠰᠢᠵᠤ ᠪᠤᠢ᠃ ᠪᠢᠳᠡ ᠬᠡᠳᠦᠢ ᠬᠥᠭᠵᠢᠨ ᠪᠤᠵᠠᠭᠠᠢᠷᠠᠬᠤ ᠲᠤᠳᠤᠮ᠂ ᠲᠤᠯᠭᠠᠷᠠᠬᠤ ᠬᠠᠷᠰᠢ ᠰᠠᠭᠠᠳ ᠪᠠ ᠳᠠᠷᠤᠯᠲᠠ ᠲᠡᠳᠦᠢ ᠶᠡᠬᠡ ᠪᠤᠯᠵᠤ᠂ ᠲᠤᠯᠭᠠᠷᠠᠬᠤ ᠠᠶᠤᠯ ᠲᠦᠭᠰᠢᠭᠦᠷᠢ ᠪᠠ ᠥᠷᠢᠰᠦᠯᠳᠦᠭᠡᠨ ᠲᠡᠳᠦᠢ ᠣᠯᠠᠰᠢᠷᠠᠬᠤ ᠪᠣᠯᠣᠨ᠎ᠠ᠃ ᠪᠠᠢᠯᠳᠤᠵᠤ ᠲᠠᠢᠯᠪᠠᠯ ᠰᠠᠶᠢ ᠪᠠᠢᠯᠳᠤᠭᠠᠨ ᠢ᠋ ᠵᠤᠭᠰᠤᠭᠠᠵᠤ ᠴᠢᠳᠠᠨ᠎ᠠ᠂ ᠪᠠᠢᠯᠳᠤᠬᠤ᠎ᠪᠠᠷ ᠪᠡᠯᠡᠳᠬᠡᠪᠡᠯ ᠰᠠᠶᠢ ᠪᠠᠢᠯᠳᠤᠬᠤ ᠬᠡᠷᠡᠭ ᠦᠭᠡᠢ᠂ ᠪᠠᠢᠯᠳᠤᠵᠤ ᠴᠢᠳᠠᠬᠤ ᠦᠭᠡᠢ ᠪᠣᠯᠬᠤ ᠲᠤᠳᠤᠮ ᠴᠣᠬᠢᠭ᠍ᠳᠠᠬᠤ ᠪᠣᠯᠣᠯᠴᠠᠭ᠎ᠠ᠎ᠲᠠᠢ ᠭᠡᠳᠡᠭ᠎ᠢ ᠡᠷᠬᠡᠪᠰᠢ ᠰᠡᠷᠭᠡᠭ᠎ᠢᠶᠡᠷ ᠲᠠᠨᠢᠵᠤ ᠣᠯᠬᠤ ᠬᠡᠷᠡᠭᠲᠡᠢ᠃ ᠭᠠᠭᠴᠠ ᠬᠦ᠌ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠳᠭᠡᠨ ᠪᠠᠢᠭᠤᠯᠵᠤ᠂ ᠨᠡᠩ ᠬᠦᠴᠦᠷᠬᠡᠭ ᠶᠡᠬᠡ ᠴᠢᠳᠠᠪᠤᠷᠢ᠂ ᠨᠡᠩ ᠨᠠᠢᠳᠠᠪᠤᠷᠢᠲᠠᠢ ᠠᠷᠭ᠎ᠠ ᠪᠠᠷᠢᠯ᠎ᠢᠶᠠᠷ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠶᠢ ᠬᠠᠮᠠᠭᠠᠯᠠᠪᠠᠯ ᠰᠠᠶᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠯ ᠬᠠᠩᠭᠠᠵᠤ ᠴᠢᠳᠠᠨ᠎ᠠ᠃

ᠠᠷᠠᠳ᠎ᠤᠨ ᠴᠡᠷᠢᠭ ᠠᠩᠭᠢ ᠳ᠋ᠡᠬᠢ ᠨᠠᠮ ᠤ᠋ᠨ ᠬᠠᠷᠢᠴᠠᠯᠠᠰᠢᠭᠦᠢ ᠤᠳᠤᠷᠢᠳᠤᠯᠭ᠎ᠠ ᠪᠣᠯ ᠠᠷᠠᠳ᠎ᠤᠨ ᠴᠡᠷᠢᠭ ᠠᠩᠭᠢ᠎ᠶᠢᠨ ᠴᠡᠷᠢᠭ ᠪᠠᠶ᠋ᠢᠭᠤᠯᠬᠤ᠎ᠶᠢᠨ ᠦᠨᠳᠦᠰᠦ᠂ ᠴᠡᠷᠢᠭ᠎ᠢ ᠬᠦᠴᠦᠷᠬᠡᠭᠵᠢᠭᠦᠯᠬᠦ ᠰᠦᠭ ᠰᠦᠨᠡᠰᠦ ᠮᠥᠨ᠂ ᠠᠷᠠᠳ᠎ᠤᠨ ᠴᠡᠷᠢᠭ ᠠᠩᠭᠢ᠎ᠶᠢᠨ ᠢᠯᠠᠯᠲᠠ ᠣᠯᠬᠤ᠎ᠶᠢᠨ ᠦᠨᠳᠦᠰᠦᠨ ᠪᠠᠲᠤᠯᠠᠭ᠎ᠠ ᠮᠥᠨ᠃ ᠤᠷᠳᠤ ᠵᠠᠮ᠎ᠤᠨ ᠠᠶᠠᠨ ᠲᠠᠢ᠍ᠢᠨ᠎ᠦ ᠳᠤᠮᠳᠠ᠂ ᠤᠯᠠᠭᠠᠨ ᠴᠡᠷᠢᠭ᠎ᠦᠨ ᠳᠠᠷᠤᠭ᠎ᠠ ᠪᠠᠢᠯᠳᠤᠭ᠍ᠴᠢᠳ ᠳᠠᠢᠰᠤᠨ᠎ᠲᠠᠢ 600 ᠭᠠᠷᠤᠢ ᠤᠳᠠᠭ᠎ᠠ  ᠪᠠᠢᠯᠳᠤᠵᠦ᠂ ᠰᠢᠶᠠᠩᠵᠢᠶᠠᠩ ᠮᠥᠷᠡᠨ᠎ᠳᠦ ᠴᠢᠰᠤᠳᠤ ᠪᠠᠢᠯᠳᠤᠭᠠᠨ ᠬᠢᠵᠦ᠂ ᡂᠢ ᠱᠦᠢ ᠡᠾᠸ ᠭᠣᠣᠯ᠎ᠢ ᠳᠥᠷᠪᠡᠨᠲᠡ ᠭᠠᠲᠤᠯᠵᠤ᠂ ᠳᠠ ᠳᠦ ᠾᠧ ᠭᠣᠣᠯ᠎ᠢ ᠬᠦᠴᠦᠯᠡᠨ ᠭᠠᠲᠤᠯᠵᠤ᠂ ᠯᠦ᠍ ᠳ᠋ᠢᠩ ᠴᠢᠶᠣᠤ ᠬᠥᠭᠥᠷᠭᠡ᠎ᠶᠢ ᠪᠤᠯᠢᠶᠠᠨ ᠠᠪᠴᠤ᠂ ᠯᠠ ᠽᠢ ᠺᠸᠦ ᠳ᠋ᠤ᠌ ᠰᠢᠷᠦᠭᠦᠨ ᠪᠠᠢᠯᠳᠤᠭᠠᠨ ᠬᠢᠵᠦ᠂ ᠴᠤᠴᠠᠯᠲᠠ ᠦᠭᠡᠢ ᠤᠷᠤᠭᠰᠢᠯᠠᠬᠤ ᠪᠠᠭᠠᠲᠤᠷ ᠰᠦᠰᠦ ᠵᠣᠷᠢᠭ᠋᠎ᠢᠶᠠᠷ ᠳᠠᠢᠰᠤᠨ᠎ᠤ ᠵᠠᠭᠤ ᠭᠠᠷᠤᠢ ᠲᠦᠮᠡᠨ ᠴᠡᠷᠢᠭ᠎ᠦᠨ ᠪᠦᠰᠡᠯᠡᠯᠲᠡ ᠨᠡᠬᠡᠮᠵᠢᠯᠡᠯᠲᠡ ᠬᠠᠰᠢᠯᠲᠠ᠎ᠶᠢ ᠪᠤᠳᠠ ᠨᠢᠷᠭᠡᠪᠡ᠃ ᠮᠤᠬᠤᠷᠳᠠᠯ᠎ᠤᠨ ᠲᠤᠮᠳᠠ ᠡᠴᠡ ᠮᠤᠯᠲᠤᠷᠠᠬᠤ᠎ᠳᠤ ᠶᠠᠭᠤᠨ᠎ᠳᠤ ᠲᠦᠰᠢᠭᠯᠡᠬᠦ ᠪᠤᠢ? ᠣᠯᠠᠨ ᠤᠳᠠᠭ᠎ᠠ ᠭᠠᠢᠬᠠᠮᠰᠢᠭ᠋ ᠎ᠢ ᠡᠭᠦᠳᠬᠦ᠎ᠳᠦ ᠶᠠᠭᠤᠨ᠎ᠳᠤ ᠲᠦᠰᠢᠭᠯᠡᠬᠦ ᠪᠤᠢ? ᠲᠡᠤᠬᠡ ᠪᠢᠳᠡᠨ ᠢ᠋ ᠭᠦᠨᠵᠡᠭᠡᠢ ᠰᠡᠩᠭᠡᠷᠡᠭᠦᠯᠦᠭᠰᠡᠨ ᠨᠢ᠂ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠢᠯᠠᠯᠲᠠ ᠵᠢ ᠨᠠᠮ᠎ᠤᠨ ᠵᠥᠪ ᠤᠳᠤᠷᠢᠳᠤᠯᠭ᠎ᠠ᠎ᠳᠤ ᠲᠦᠰᠢᠭᠯᠡᠨ ᠤᠯᠤᠭᠰᠠᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠰᠠᠨ ᠡᠴᠡ ᠰᠠᠶᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠪᠠᠢᠭᠰᠠᠨ ᠡᠴᠡ ᠰᠠᠶᠢ ᠠᠷᠠᠳ᠎ᠤᠨ ᠴᠡᠷᠢᠭ ᠠᠩᠭᠢ ᠤᠷᠤᠭᠰᠢᠯᠠᠪᠠᠯ ᠴᠢᠭᠯᠡᠯ᠎ᠲᠠᠢ᠂ ᠬᠦᠴᠦᠨ᠎ᠲᠠᠢ ᠪᠣᠯᠵᠤ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠯᠢᠪᠠ ᠬᠦᠴᠦᠷᠬᠡᠭ ᠶᠡᠬᠡ ᠳᠠᠢᠰᠤᠨ᠎ᠢ ᠢᠯᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠨᠠᠮ᠎ᠤᠨ ᠰᠢᠨ᠎ᠡ ᠴᠠᠭ ᠦᠶ᠎ᠡ᠎ᠶᠢᠨ ᠴᠡᠷᠢᠭ᠎ᠢ ᠬᠦᠴᠦᠷᠬᠡᠭᠵᠢᠭᠦᠯᠬᠦ ᠬᠠᠷᠠᠯᠲᠠ ᠲᠡᠢᠰᠢ᠂ ᠠᠷᠠᠳ᠎ᠤᠨ ᠴᠡᠷᠢᠭ ᠠᠩᠭᠢ᠎ᠶᠢᠨ ᠪᠠᠢᠭᠤᠯᠤᠯ ᠰᠢᠨᠡᠳᠴᠦ᠂ ᠪᠦᠲᠦᠴᠡ ᠰᠢᠨᠡᠳᠴᠦ᠂ ᠪᠠᠢᠷᠢᠰᠢᠯ ᠰᠢᠨᠡᠳᠴᠦ᠂ ᠳᠦᠷᠰᠦ ᠪᠠᠢᠳᠠᠯ ᠰᠢᠨᠡᠳᠴᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠴᠡᠷᠢᠭ᠎ᠢ ᠬᠦᠴᠦᠷᠬᠡᠭᠵᠢᠭᠦᠯᠬᠦ ᠵᠠᠮ ᠶᠠᠪᠤᠬᠤ ᠳᠤᠳᠤᠮ ᠥᠷᠭᠡᠵᠢᠪᠡ᠃ ᠰᠢᠨ᠎ᠡ ᠠᠶᠠᠨ᠎ᠳᠤ᠂ ᠪᠢᠳᠡ ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠢᠮᠠᠭᠲᠠ ᠨᠠᠮ᠎ᠤᠨ ᠠᠷᠠᠳ᠎ᠤᠨ ᠴᠡᠷᠢᠭ ᠠᠩᠭᠢ᠎ᠳᠠᠬᠢ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠷᠢᠮᠲᠠᠯᠠᠵᠤ᠂ ᠤᠯᠤᠰ ᠲᠦᠷᠦ᠎ᠪᠡᠷ ᠴᠡᠷᠢᠭ ᠪᠠᠶ᠋ᠢᠭᠤᠯᠬᠤ᠂ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠴᠡᠷᠢᠭ᠎ᠢ ᠬᠦᠴᠦᠷᠬᠡᠭᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭᠵᠢᠭᠦᠯᠬᠦ᠂ ᠬᠠᠤᠯᠢ᠎ᠪᠠᠷ ᠴᠡᠷᠢᠭ᠎ᠢ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠴᠢᠨᠠᠷ ᠰᠠᠢᠲᠠᠢ ᠠᠬᠢᠭᠤᠯᠵᠤ᠂ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠳᠬᠡᠨ ᠪᠠᠶ᠋ᠢᠭᠤᠯᠬᠤ ᠬᠡᠷᠡᠭᠲᠡᠢ᠃

ᠠᠮᠢᠨ ᠰᠤᠳᠠᠰᠤ ᠡᠬᠦᠷᠢᠳᠡ ᠦᠷᠭᠦᠯᠵᠢᠯᠡᠵᠤ ᠪᠠᠢᠪᠠᠯ ᠦᠨᠳᠦᠰᠦ ᠰᠠᠭᠤᠷᠢ ᠦᠨᠢᠳᠡ ᠪᠠᠳᠤ; ᠤᠤᠷ ᠴᠢᠨᠠᠷ ᠬᠤᠪᠢᠷᠠᠬᠤ ᠦᠭᠡᠢ ᠪᠤᠯ ᠬᠠᠨᠳᠤᠭᠰᠠᠨ ᠵᠦᠭ ᠲᠤ᠌ ᠳᠠᠢᠰᠤᠨ ᠦᠭᠡᠢ᠃ 《ᠤᠯᠠᠭᠠᠨ ᠴᠡᠷᠢᠭ ᠪᠣᠯ ᠠᠵᠢᠯᠴᠢᠨ ᠲᠠᠷᠢᠶᠠᠴᠢᠨ ᠲᠦᠮᠡᠨ᠎ᠦ ᠥᠪᠡᠷ᠎ᠦᠨ ᠬᠢᠨᠢ ᠴᠡᠷᠢᠭ ᠮᠥᠨ》᠃ ᠤᠷᠳᠤ ᠵᠠᠮ᠎ᠤᠨ ᠠᠶᠠᠨ ᠲᠠᠢ᠍ᠢᠨ᠎ᠦ ᠳᠤᠮᠳᠠ᠂ ᠤᠯᠠᠭᠠᠨ ᠴᠡᠷᠢᠭ᠎ᠦᠨ ᠳᠠᠷᠤᠭ᠎ᠠ ᠪᠠᠢᠯᠳᠤᠭ᠍ᠴᠢᠳ ᠲᠤᠢᠯ᠎ᠤᠨ ᠬᠦᠴᠢᠷ ᠪᠡᠷᠬᠡᠰᠢᠶᠡᠯ᠎ᠦᠨ ᠳᠤᠮᠳᠠ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠳᠠᠷᠤᠭ᠎ᠠ ᠪᠠᠢᠯᠳᠤᠭ᠍ᠴᠢᠳ ᠵᠢᠷᠭᠠᠯ ᠵᠣᠪᠠᠯᠠᠩ᠎ᠢᠶᠠᠨ ᠬᠠᠮᠲᠤᠳᠬᠠᠵᠤ᠂ ᠴᠡᠷᠢᠭ ᠠᠷᠠᠳ ᠰᠡᠳᠬᠢᠯ ᠨᠢᠭᠡᠳᠦᠨ ᠵᠢᠷᠭᠠᠯ ᠵᠣᠪᠠᠯᠠᠩ᠎ᠢᠶᠠᠨ ᠬᠠᠮᠲᠤᠳᠬᠠᠵᠤ᠂ ᠴᠡᠷᠢᠭ ᠠᠷᠠᠳ᠎ᠤᠨ ᠵᠢᠭᠠᠰᠤ ᠤᠰᠤᠨ᠎ᠤ ᠬᠠᠷᠢᠴᠠᠭ᠎ᠠ᠎ᠶᠢ ᠠᠮᠢᠳᠤᠯᠢᠭ᠋᠎ᠢᠶᠠᠷ ᠲᠠᠢᠯᠪᠤᠷᠢᠯᠠᠪᠠ᠃ ᠠᠷᠠᠳ ᠲᠦᠮᠡᠨ ᠠᠷᠠᠳ᠎ᠤᠨ ᠴᠡᠷᠢᠭ ᠠᠩᠭᠢ ᠪᠠᠨ ᠬᠠᠢᠷᠠᠯᠠᠵᠤ᠂ ᠠᠷᠠᠳ᠎ᠤᠨ ᠴᠡᠷᠢᠭ ᠠᠷᠠᠳ ᠲᠦᠮᠡᠨ᠎ᠢᠶᠡᠨ ᠬᠠᠢᠷᠠᠯᠠᠨ᠎ᠠ᠃ ᠰᠢᠨ᠎ᠡ ᠠᠶᠠᠨ᠎ᠳᠤ᠂ ᠢᠮᠠᠭᠲᠠ ᠠᠷᠠᠳ ᠤᠯᠠᠨ ᠯᠤᠭ᠎ᠠ ᠭᠦᠨ ᠵᠤᠵᠠᠭᠠᠨ ᠬᠠᠢᠷ᠎ᠠ ᠰᠡᠳᠬᠢᠯᠭᠡ᠎ᠲᠠᠢ ᠪᠠᠢᠵᠤ᠂ ᠴᠢᠰᠤ ᠮᠢᠬᠠᠨ᠎ᠤ ᠪᠠᠷᠢᠯᠳᠤᠯᠭ᠎ᠠ᠎ᠲᠠᠢ ᠪᠠᠢᠪᠠᠯ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃ ᠠᠷᠠᠳ᠎ᠤᠨ ᠴᠡᠷᠢᠭ ᠠᠩᠭᠢ᠎ᠶᠢᠨ ᠬᠤᠪᠢᠰᠬᠠᠯ᠎ᠤᠨ ᠠᠮᠢᠨ ᠰᠤᠳᠠᠰᠤ᠎ᠪᠠᠨ ᠦᠷᠭᠦᠯᠵᠢᠯᠡᠭᠦᠯᠵᠦ᠂ ᠠᠷᠢᠭᠤᠨ ᠴᠡᠪᠡᠷ ᠣᠣᠷ ᠴᠢᠨᠠᠷ᠎ᠢᠶᠠᠨ ᠡᠭᠦᠷᠢᠳᠡ ᠬᠠᠳᠠᠭᠠᠯᠠᠬᠤ᠎ᠶᠢ ᠠᠬᠢᠭᠤᠯᠬᠤ᠎ᠳᠤ᠂ ᠡᠷᠬᠡᠪᠰᠢ ᠤᠯᠤᠰ ᠲᠦᠷᠦ᠎ᠶᠢᠨ ᠴᠡᠭᠴᠡᠯᠡᠯᠲᠡ ᠪᠣᠯᠪᠠᠰᠤᠷᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠦᠵᠡᠯ ᠰᠠᠨᠠᠭ᠎ᠠ᠎ᠶᠢ ᠴᠡᠭᠴᠡᠯᠡᠬᠦ᠂ ᠬᠥᠮᠥᠨ ᠬᠡᠷᠡᠭᠯᠡᠬᠦ᠎ᠶᠢ ᠴᠡᠭᠴᠡᠯᠡᠬᠦ᠂ ᠵᠣᠬᠢᠶᠠᠨ ᠪᠠᠢᠭᠤᠯᠤᠯᠲᠠ᠎ᠶᠢ ᠴᠡᠭᠴᠡᠯᠡᠬᠦ᠂ ᠰᠤᠷᠲᠠᠯ᠎ᠢ ᠴᠡᠭᠴᠡᠯᠡᠬᠦ᠂ ᠰᠠᠬᠢᠯᠭ᠎ᠠ ᠪᠠᠲᠤ᠎ᠶᠢ ᠴᠡᠭᠴᠡᠯᠡᠬᠦ᠎ᠶᠢ ᠰᠠᠢᠲᠤᠷ ᠠᠳᠬᠤᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠬᠣᠬᠢᠷᠠᠭᠤᠯᠬᠤ ᠠᠯᠢᠪᠠ ᠬᠦᠴᠦᠨ ᠵᠦᠢᠯ᠎ᠢ ᠡᠷᠡᠰ ᠠᠷᠢᠯᠭᠠᠬᠤ ᠬᠡᠷᠡᠭᠲᠡᠢ; ᠡᠷᠬᠡᠪᠰᠢ ᠮᠠᠨ᠎ᠤ ᠨᠠᠮ ᠮᠠᠨ᠎ᠤ ᠴᠡᠷᠢᠭ᠎ᠦᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ᠎ᠢ ᠰᠠᠢᠲᠤᠷ ᠵᠠᠯᠭᠠᠮᠵᠢᠯᠠᠵᠤ᠂ ᠰᠠᠢᠲᠤᠷ ᠪᠠᠳᠠᠷᠠᠭᠤᠯᠵᠤ᠂ ᠦᠶ᠎ᠡ᠎ᠶᠢᠨ ᠦᠶ᠎ᠡ᠎ᠳᠡᠭᠡᠨ ᠤᠯᠠᠮᠵᠢᠯᠠᠵᠤ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠵᠦ᠂ ᠳᠠᠷᠤᠭ᠎ᠠ ᠪᠠᠢᠯᠳᠤᠭ᠍ᠴᠢᠳ᠎ᠢ ᠬᠥᠮᠥᠵᠢᠭᠦᠯᠦᠨ ᠵᠢᠯᠤᠭᠣᠳᠴᠤ ᠠᠷᠠᠳ᠎ᠤᠨ ᠴᠡᠷᠢᠭ ᠠᠩᠭᠢ᠎ᠶᠢᠨ ᠰᠢᠨᠵᠢ ᠴᠢᠨᠠᠷ᠂ ᠵᠣᠷᠢᠯᠲᠠ᠂ ᠣᠣᠷ ᠴᠢᠨᠠᠷ᠎ᠢ ᠡᠭᠦᠷᠢᠳᠡ ᠪᠠᠲᠤᠯᠠᠵᠤ᠂ ᠡᠭᠦᠷᠢᠳᠡ ᠤᠯᠠᠭᠠᠨ ᠴᠡᠷᠢᠭ᠎ᠦᠨ ᠵᠠᠯᠭᠠᠮᠵᠢᠯᠠᠬᠴᠢ ᠪᠣᠯᠵᠤ᠂ ᠰᠦᠭ ᠰᠦᠨᠡᠰᠦ᠎ᠲᠠᠢ᠂ ᠡᠷᠳᠡᠮ ᠴᠢᠳᠠᠪᠤᠷᠢ᠎ᠲᠠᠢ᠂ ᠣᠮᠣᠭ ᠵᠣᠷᠢᠭ᠋᠎ᠲᠠᠢ᠂ ᠶᠣᠰᠣ᠌ ᠮᠣᠷᠠᠯ᠎ᠲᠠᠢ ᠰᠢᠨ᠎ᠡ ᠨᠢᠭᠡ ᠦᠶ᠎ᠡ᠎ᠶᠢᠨ ᠬᠤᠪᠢᠰᠬᠠᠯᠲᠤ ᠴᠡᠷᠢᠭ᠎ᠢ ᠬᠦᠴᠦᠯᠡᠨ ᠬᠥᠮᠥᠵᠢᠭᠦᠯᠵᠦ᠂ ᠲᠡᠮᠦᠷ ᠮᠡᠲᠦ ᠬᠠᠳᠠᠭᠤ ᠢᠲᠡᠭᠡᠯ ᠪᠢᠰᠢᠷᠡᠯ᠎ᠲᠠᠢ᠂ ᠲᠡᠮᠦᠷ ᠮᠡᠲᠦ ᠬᠠᠳᠠᠭᠤ ᠢᠲᠡᠭᠡᠯ ᠵᠤᠷᠢᠭ᠎ᠲᠠᠢ᠂ ᠲᠡᠮᠦᠷ ᠮᠡᠲᠦ ᠬᠠᠳᠠᠭᠤ ᠰᠠᠬᠢᠯᠭ᠎ᠠ ᠪᠠᠲᠤ᠎ᠲᠠᠢ᠂ ᠲᠡᠮᠦᠷ ᠮᠡᠲᠦ ᠡᠭᠦᠷᠭᠡᠯᠡᠯ᠎ᠲᠠᠢ ᠪᠠᠲᠤ ᠴᠢᠩᠭ᠎ᠠ ᠴᠡᠷᠢᠭ ᠠᠩᠭᠢ᠎ᠶᠢ ᠴᠢᠷᠮᠠᠢᠨ ᠬᠥᠮᠥᠵᠢᠭᠦᠯᠵᠦ ᠂ ᠴᠡᠷᠢᠭ ᠠᠩᠭᠢ᠎ᠶᠢᠨ ᠠᠷᠢᠭᠤᠨ ᠴᠡᠪᠡᠷ ᠣᠣᠷ ᠴᠢᠨᠠᠷ᠎ᠢ ᠢᠮᠠᠭᠲᠠ ᠪᠠᠲᠤᠯᠠᠬᠤ ᠬᠡᠷᠡᠭᠲᠡᠢ᠃

ᠤᠯᠤᠰ᠎ᠤᠨ ᠣᠳᠣᠬᠢᠴᠢᠯᠠᠯᠲᠠ᠎ᠶᠢᠨ ᠠᠬᠢᠴᠠ᠎ᠲᠠᠢ ᠵᠣᠬᠢᠴᠠᠭᠤᠯᠤᠨ᠂ ᠮᠠᠨ᠎ᠤ ᠨᠠᠮ 2027 ᠣᠨ ᠪᠣᠯᠬᠤ᠎ᠳᠤ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠵᠦ᠂ 2035 ᠣᠨ ᠪᠣᠯᠬᠤ᠎ᠳᠤ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠲᠤᠰ ᠵᠠᠭᠤᠨ᠎ᠤ ᠳᠤᠮᠳᠠᠴᠢ ᠪᠣᠯᠬᠤ᠎ᠳᠤ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ᠎ᠶᠢ ᠪᠦᠬᠦ ᠲᠠᠯ᠎ᠠ᠎ᠪᠠᠷ ᠪᠦᠳᠦᠬᠡᠨ ᠪᠠᠢᠭᠤᠯᠤᠨ᠎ᠠ ᠭᠡᠵᠦ ᠳᠤᠷᠠᠳᠴᠠᠢ᠃ ᠤᠳᠤ᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠪᠣᠭᠣᠮᠲᠠ ᠰᠢᠪᠲᠤᠯᠬᠤ ᠬᠤᠭᠤᠴᠠᠭᠠᠨ᠎ᠳᠤ ᠣᠷᠣᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ᠎ᠶᠢᠨ ᠣᠳᠣᠬᠢᠴᠢᠯᠠᠯᠲᠠ᠎ᠶᠢᠨ  ᠰᠢᠨ᠎ᠠ《 ᠭᠤᠷᠪᠠᠨ ᠠᠯᠬᠤᠮ᠎ᠢᠶᠠᠷ ᠶᠠᠪᠤᠬᠤ 》 ᠨᠢ ᠪᠠᠢᠯᠳᠤᠬᠤ ᠪᠣᠳᠣᠯᠭ᠎ᠠ ᠵᠢᠨ ᠰᠢᠯᠵᠢᠨ ᠣᠷᠣᠬᠤ ᠲᠡᠦᠬᠡ᠎ᠶᠢᠨ ᠪᠣᠭᠣᠮᠲᠠ ᠵᠢ ᠤᠬᠳᠤᠵᠤ᠂ ᠪᠢᠳᠡᠨ᠎ᠦ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠬᠥᠭᠵᠢᠭᠡᠵᠦ᠂ ᠡᠷᠡᠯᠬᠡᠭᠯᠡᠨ ᠤᠷᠤᠭᠰᠢᠯᠠᠬᠤ ᠬᠦᠴᠦᠨ᠎ᠢᠶᠡᠨ ᠨᠢᠭ᠍ᠲᠠᠷᠠᠭᠤᠯᠵᠤ᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦ᠎ᠪᠡᠷ᠎ᠢᠶᠡᠨ ᠰᠠᠢᠲᠤᠷ ᠬᠢᠵᠦ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠴᠢᠨᠠᠷ ᠰᠠᠢᠲᠠᠢ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ᠎ᠶᠢᠨ ᠣᠳᠣᠬᠢᠴᠢᠯᠠᠯᠲᠠ᠎ᠶᠢᠨ ᠰᠢᠨ᠎ᠡ《ᠭᠤᠷᠪᠠᠨ ᠠᠯᠬᠤᠮ᠎ᠢᠶᠠᠷ ᠶᠠᠪᠤᠬᠤ》 ᠪᠠᠢᠯᠳᠤᠬᠤ ᠪᠣᠳᠣᠯᠭ᠎ᠠ ᠵᠢᠨ ᠶᠣᠰᠣᠭᠠᠷ ᠯᠠᠪᠳᠠᠭᠤᠨ ᠪᠠᠲᠤᠲᠠᠢ ᠤᠷᠤᠭᠰᠢᠯᠠᠬᠤ᠎ᠶᠢ ᠨᠡᠩ ᠱᠠᠭᠠᠷᠳᠠᠵᠤ ᠪᠤᠢ᠃

ᠤᠷᠳᠤ ᠵᠠᠮ᠎ᠤᠨ ᠠᠶᠠᠨ ᠲᠠᠢ᠍ᠢᠨ᠎ᠦ ᠭᠠᠯ ᠪᠠᠮᠪᠠᠷ ᠰᠢᠨ᠎ᠡ ᠴᠠᠭ ᠦᠶ᠎ᠡ᠎ᠶᠢᠨ ᠬᠤᠪᠢᠰᠬᠠᠯᠲᠤ ᠴᠡᠷᠢᠭ᠎ᠦᠨ ᠬᠥᠮᠥᠨ᠎ᠦ ᠭᠠᠷ᠎ᠲᠤ ᠳᠠᠮᠵᠢᠭ᠍ᠳᠠᠵᠤ᠂ ᠴᠡᠷᠢᠭ᠎ᠢ ᠬᠦᠴᠦᠷᠬᠡᠭᠵᠢᠭᠦᠯᠬᠦ ᠬᠦᠨᠳᠦ ᠡᠭᠦᠷᠭᠡ ᠰᠢᠨ᠎ᠡ ᠴᠠᠭ ᠦᠶ᠎ᠡ᠎ᠶᠢᠨ ᠳᠠᠷᠤᠭ᠎ᠠ ᠪᠠᠢᠯᠳᠤᠭ᠍ᠴᠢᠳ᠎ᠤᠨ ᠮᠥᠷᠥᠨ ᠳᠡᠭᠡᠷ᠎ᠡ ᠲᠠᠯᠪᠢᠭ᠍ᠳᠠᠪᠠ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠦ᠂ ᠰᠢᠨ᠎ᠡ ᠴᠠᠭ ᠦᠶ᠎ᠡ᠎ᠶᠢᠨ ᠴᠡᠷᠢᠭ᠎ᠦᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠎ᠶᠢ ᠭᠦᠨᠵᠡᠭᠡᠢ ᠲᠤᠭᠤᠰᠢᠯᠠᠭᠤᠯᠵᠦ ᠂ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ ᠂ 《ᠳᠥᠷᠪᠡᠨ ᠤᠬᠠᠮᠰᠠᠷ》 ᠎ᠢ᠋ ᠴᠢᠩᠭᠠᠳᠬᠠᠨ ᠂ 《ᠳᠥᠷᠪᠡᠨ ᠢᠲᠡᠭᠡᠯ》᠎ᠢ᠋ᠶ᠋ᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠬᠠᠷᠢᠭᠤᠴᠠᠬᠤ ᠲᠦᠷᠢᠮ᠎ᠢ ᠲᠤᠭᠤᠰᠢᠯᠠᠭᠤᠯᠵᠤ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠤᠨ᠂ ᠬᠤᠪᠢᠰᠬᠠᠯᠲᠤ ᠤᠳᠤᠮᠰᠢᠯ᠎ᠢ ᠤᠯᠠᠮᠵᠢᠯᠠᠨ ᠵᠠᠯᠭᠠᠮᠵᠢᠯᠠᠵᠤ᠂ ᠴᠡᠷᠢᠭ᠎ᠢ ᠬᠦᠴᠦᠷᠬᠡᠭᠵᠢᠭᠦᠯᠬᠦ ᠬᠦᠨᠳᠦ ᠡᠭᠦᠷᠭᠡ᠎ᠶᠢ ᠡᠭᠦᠷᠭᠡᠯᠡᠵᠦ᠂ ᠲᠡᠮᠡᠴᠡᠯ᠎ᠦᠨ ᠣᠪᠣᠷ᠎ᠢᠶᠠᠷ ᠪᠣᠭᠣᠮᠲᠠ ᠰᠢᠪᠲᠤᠯᠤᠨ᠂ ᠰᠢᠢᠳᠪᠦᠷᠢᠳᠤ ᠲᠠᠢᠨ᠎ᠤ  ᠢᠯᠠᠯᠳᠠ ᠵᠢ ᠲᠡᠮᠡᠴᠡᠨ ᠤᠯᠬᠤ ᠢᠲᠡᠭᠡᠯ ᠵᠣᠷᠢᠭ᠋᠎ᠢᠶᠠᠷ ᠳᠠᠭᠠᠷᠢᠯᠳᠠ ᠬᠢᠵᠤ᠂ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠪᠴᠢᠯᠡᠨ ᠪᠦᠲᠦᠭᠡᠨ ᠪᠠᠢᠭᠤᠯᠵᠦ᠂ ᠠᠬᠠᠮᠠᠳ ᠬᠤᠪᠢᠰᠬᠠᠯᠴᠢᠳ᠎ᠲᠤ ᠣᠰᠣᠯᠳᠠᠬᠤ ᠦᠭᠡᠢ᠂ ᠵᠠᠭᠤᠨ ᠵᠢᠯ᠎ᠦᠨ ᠠᠭᠤᠤ ᠦᠢᠯᠡᠰ᠎ᠲᠦ ᠣᠰᠣᠯᠳᠠᠬᠤ ᠦᠭᠡᠢ᠂ ᠰᠢᠨ᠎ᠡ ᠴᠠᠭ ᠦᠶ᠎ᠡ᠎ᠳᠦ ᠣᠰᠣᠯᠳᠠᠬᠤ ᠦᠭᠡᠢ ᠴᠡᠷᠢᠭ᠎ᠢ ᠬᠦᠴᠦᠷᠬᠡᠭᠵᠢᠭᠦᠯᠵᠦ ᠴᠡᠷᠢᠭ᠎ᠢ ᠮᠠᠨᠳᠤᠭᠤᠯᠬᠤ ᠰᠢᠨ᠎ᠡ ᠬᠠᠭᠤᠳᠠᠰᠤ᠎ᠵᠢ ᠪᠢᠴᠢᠭᠯᠡᠶ᠎ᠠ᠃

 (ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 27᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠤᠷᠢᠶ᠎ᠠ
兼容浏览器的HTML页面