2026-11-03 10:38:51
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ
ᠡᠭᠦᠷᠭᠡ ᠬᠠᠷᠢᠭᠤᠴᠠᠯᠭ᠎ᠠ ᠴᠢᠭᠯᠡᠯ᠎ᠢ ᠬᠦᠳᠦᠯᠦᠨ ᠳᠠᠭᠠᠭᠤᠯᠵᠤ᠂ ᠬᠠᠷᠠᠯᠲᠠ ᠵᠤᠷᠢᠯᠳᠠ ᠬᠦᠴᠦᠨ ᠴᠢᠳᠠᠯ᠎ᠢ ᠨᠢᠭᠲᠠᠷᠠᠭᠤᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠢᠯᠠᠯᠳᠠ ᠲᠠᠶ ᠲᠡᠭᠦᠰᠦᠭᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠡᠷᠡ ᠳᠠᠷᠤᠶ᠎ᠳᠤᠨᠢ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢᠨ ᠥᠪᠥᠷ ᠮᠣᠩᠭᠣᠯ᠎ᠳᠤ ᠨᠠᠶ᠋ᠢᠳᠠᠪᠤᠷᠢᠵᠢᠭᠤᠯᠤᠬᠳᠠᠨ ᠦᠨᠳᠦᠰᠦᠯᠡᠬᠦ᠎ᠶᠢ ᠲᠦᠷᠭᠡᠳᠬᠡᠨ ᠠᠬᠢᠭᠤᠯᠬᠤ ᠲᠤᠯᠭᠠᠮ ᠰᠡᠳᠬᠢᠯᠭᠡ᠂ ᠬᠠᠷᠢᠭᠤᠴᠠᠯᠭᠠᠲᠤ᠌ ᠰᠡᠳᠬᠢᠯᠭᠡ᠎ᠶᠢ ᠳᠠᠮᠵᠢᠭᠤᠯᠪᠠ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠤᠯᠤᠭᠰᠠᠨ ᠨᠢᠭᠡ ᠤᠳᠠᠭ᠎ᠠ ᠵᠢᠨ ᠴᠢᠬᠤᠯᠠ ᠬᠤᠷᠠᠯ ᠪᠣᠯᠤᠨ᠎ᠠ᠃ ᠪᠦᠬᠦᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ 《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠡᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠨᠢ ᠣᠳᠣᠬᠠᠨ᠎ᠤ ᠪᠠ ᠬᠣᠶ᠋ᠢᠰᠢᠳᠠ᠎ᠶᠢᠨ ᠬᠡᠰᠡᠭ ᠬᠤᠭᠤᠴᠠᠭᠠᠨ᠎ᠤ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠵᠢᠡᠨ ᠮᠠᠨᠳᠤᠭᠤᠯᠵᠤ ᠨᠠᠮ᠎ᠵᠢᠡᠨ ᠬᠦᠴᠦᠷᠬᠡᠭᠵᠢᠭᠦᠯᠬᠦ᠌᠎ᠳᠦ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠬᠢᠵᠦ᠍᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠤᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ᠎ᠤᠨ 《ᠲᠣᠭᠲᠠᠭᠠᠯ》 ᠢ᠋ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠯᠤᠭ᠎ᠠ ᠤᠶᠠᠯᠳᠤᠭᠤᠯᠵᠤ᠂ ᠨᠢᠭᠡ ᠴᠤᠬᠴᠠᠵᠢᠭᠤᠯᠤᠨ ᠠᠬᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠬᠡᠵᠦ᠍᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠬᠡᠷᠡᠭᠲᠡᠢ᠃
ᠤᠯᠤᠰ᠎ᠢ ᠵᠠᠰᠠᠬᠤ᠎ᠳᠤ ᠡᠷᠬᠡᠪᠰᠢ ᠤᠷᠢᠳ᠎ᠢᠶᠠᠷ ᠨᠠᠮ᠎ᠢ ᠵᠠᠰᠠᠵᠤ᠂ ᠤᠯᠤᠰ ᠵᠢᠡᠨ ᠬᠦᠴᠦᠷᠬᠡᠭᠵᠢᠭᠦᠯᠬᠦ᠌᠎ᠳᠦ ᠡᠷᠬᠡᠪᠰᠢ ᠤᠷᠢᠳ᠎ᠢᠶᠠᠷ ᠨᠠᠮ᠎ᠢ ᠬᠦᠴᠦᠷᠬᠡᠭᠵᠢᠭᠦᠯᠬᠦ᠌ ᠬᠡᠷᠡᠭᠲᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠤᠢᠯ᠎ᠤᠨ ᠶᠡᠬᠡ ᠤᠯᠤᠰ ᠲᠦᠷᠦ᠎ᠶᠢᠨ ᠰᠥᠰᠥ᠍ ᠵᠣᠷᠢᠭ ᠪᠣᠯᠤᠨ ᠪᠠᠲᠤ᠌ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ᠂ ᠡᠷᠡᠰ ᠭᠤᠶ᠋ᠢᠪᠢᠰᠢ ᠦᠭᠡᠢ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠬᠢᠳᠤᠭᠠᠨ ᠢᠷ᠎ᠢ ᠳᠣᠲᠣᠭᠰᠢ ᠬᠠᠨᠳᠤᠭᠤᠯᠵᠤ᠂ ᠬᠦᠨᠳᠦ ᠡᠷᠡᠭᠦᠦ ᠰᠢᠢᠳᠬᠡᠯ᠎ᠢᠶᠡᠷ ᠰᠠᠮᠠᠭᠤᠷᠠᠯ᠎ᠢ ᠵᠠᠰᠠᠵᠤ᠂ ᠲᠤᠪᠤᠢ᠌ᠮ᠎ᠠ ᠠᠰᠠᠭᠤᠳᠠᠯ᠎ᠢ ᠦᠷᠭᠦᠯᠵᠢᠯᠡᠨ ᠰᠢ᠌ᠳᠪᠦᠷᠢᠯᠡᠵᠦ᠍᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠨᠡᠶ᠋ᠢᠭᠡᠮ᠎ᠦᠨ ᠰᠤᠷᠲᠠᠯ ᠳ᠋ᠤ ᠴᠣ ᠰᠢᠨ᠎ᠡ ᠪᠠᠶ᠋ᠢᠳᠠᠯᠢᠯᠡᠷᠡᠵᠤ᠂ ᠨᠠᠮ᠎ᠤᠨ ᠰᠡᠳᠬᠢᠯ ᠴᠡᠷᠢᠭ᠎ᠦᠨ ᠰᠡᠳᠬᠢᠯ ᠠᠷᠠᠳ᠎ᠤᠨ ᠰᠡᠳᠬᠢᠯ ᠳᠡᠭᠡᠳᠦ ᠬᠡᠮᠵᠢᠶ᠎ᠡ᠎ᠪᠡᠷ ᠨᠢᠭᠲᠠᠷᠠᠵᠤ᠂ ᠨᠠᠮ ᠬᠤᠪᠢᠰᠬᠠᠯᠲᠤ᠌ ᠴᠢᠨᠠᠷᠲᠠᠢ ᠳᠠᠪᠲᠠᠯᠲᠠ ᠳᠤᠮᠳᠠ ᠨᠡᠩ ᠪᠠᠲᠤ᠌ ᠴᠢᠩᠭ᠎ᠠ ᠬᠦᠴᠦᠲᠡᠶ ᠪᠣᠯᠪᠠ᠃ ᠡᠳᠡᠭᠡᠷ ᠠᠮᠵᠢᠯᠲᠠ ᠪᠦᠲᠦᠮᠵᠢ᠎ᠶᠢ ᠣᠯᠤᠭᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠤᠢ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠃ ᠪᠢᠳᠡ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠠᠭᠤᠤ ᠶᠡᠬᠡ ᠨᠠᠮ ᠪᠠᠶ᠋ᠢᠭᠤᠯᠤᠬᠰᠠᠨ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ 《 ᠭᠤᠷᠪᠠᠨ ᠡᠷᠬᠡᠪᠰᠢ 》 ᠶ᠋ᠢ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠰᠢᠯᠢᠳᠡᠭ ᠣᠨᠴᠠᠯᠢᠭ᠋ ᠰᠢᠨᠵᠢ᠎ᠵᠢ ᠲᠠᠰᠤᠷᠠᠯᠳᠠ ᠦᠭᠡᠢ ᠪᠠᠳᠠᠷᠠᠭᠤᠯᠵᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ᠎ᠶᠢ ᠨᠡᠩ ᠬᠦᠴᠦᠯᠡᠨ ᠠᠬᠢᠭᠤᠯᠬᠤ ᠬᠡᠷᠡᠭᠲᠡᠢ᠃
ᠬᠦᠳᠦᠯᠪᠦᠷᠢ ᠵᠢ ᠠᠳᠬᠤᠪᠠᠯ ᠠᠯᠢᠪᠠ ᠪᠦᠬᠦᠨ ᠲᠠᠭᠠᠯᠳᠤᠨ ᠪᠡᠶᠡᠯᠡᠭᠳᠡᠨ᠎ᠡ᠂ ᠵᠠᠩᠬᠢᠯᠠᠭ᠎ᠠ ᠵᠢ ᠠᠳᠬᠤᠪᠠᠯ ᠠᠯᠢᠪᠠ ᠠᠰᠠᠭᠤᠳᠠᠯ ᠠᠶᠠᠨᠳᠠᠭᠠᠨ ᠰᠢᠢᠳᠪᠦᠷᠢᠯᠡᠭᠳᠡᠨ᠎ᠡ᠃ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠨᠢᠭ᠍ᠲᠠ ᠤᠶᠠᠯᠳᠤᠭᠤᠯᠵᠤ᠂ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠬᠤ ᠬᠡᠷᠡᠭᠲᠡᠢ᠃ ᠭᠣᠣᠯ ᠴᠢᠮᠦᠭᠡ ᠪᠤᠯᠬᠤ ᠴᠢᠬᠤᠯᠠ ᠠᠭᠤᠯᠭ᠎ᠠ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠣᠨᠣᠪᠴᠢᠲᠠᠢ ᠡᠵᠡᠮᠳᠡᠵᠦ᠂ ᠨᠠᠮᠴᠢ ᠴᠢᠨᠠᠷ᠎ᠢ ᠴᠢᠩᠭᠠᠳᠬᠠᠬᠤ ᠡᠨᠡ ᠬᠦ᠌ ᠦᠨᠳᠦᠰᠦᠨ ᠴᠢᠨᠠᠷᠲᠠᠢ ᠡᠭᠦᠷᠭᠡ᠎ᠶᠢ ᠪᠣᠳᠠᠲᠠᠢᠵᠢᠭᠤᠯᠵᠤ᠂ ᠨᠠᠮ᠎ᠤᠨ ᠲᠥᠪ ᠬᠤᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠤᠭᠤᠮ᠎ᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠬᠦᠷᠢᠶ᠎ᠡ ᠴᠠᠷᠠᠭ᠎ᠠ ᠡᠯ᠎ᠡ ᠱᠠᠲᠤ ᠳᠠᠪᠬᠤᠷᠭ᠎ᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ ᠪᠣᠯᠣᠨ ᠨᠠᠮ᠎ᠤᠨ ᠲᠥᠪ ᠬᠤᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠳᠡᠭᠡᠳᠦ ᠳᠣᠣᠷᠠᠳᠤ ᠱᠠᠲᠤ᠎ᠪᠠᠷ᠎ᠢᠶᠠᠨ ᠬᠠᠮᠵᠢᠯᠴᠠᠵᠤ᠂ ᠣᠨᠣᠪᠴᠢᠲᠠᠢ ᠪᠥᠭᠡᠳ ᠥᠨᠳᠥᠷ ᠪᠦᠲᠦᠮᠵᠢᠲᠡᠢ ᠪᠠᠢᠬᠤ᠎ᠶᠢ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ᠎ᠶᠢ ᠪᠠᠲᠤ ᠡᠵᠡᠮᠳᠡᠵᠦ᠂ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠎ᠶᠢ ᠬᠠᠷᠢᠯᠴᠠᠨ ᠨᠡᠪᠲᠡᠷᠡᠯᠴᠡᠭᠦᠯᠬᠦ᠎ᠶᠢ ᠪᠠᠷᠢᠮᠲᠠᠯᠠᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠣᠷᠳᠣ᠌ ᠬᠤᠭᠤᠴᠠᠭ᠎ᠠ ᠪᠦᠲᠦᠮᠵᠢᠲᠡᠶ ᠪᠠᠢᠯᠭᠠᠬᠤ᠎ᠶᠢ ᠠᠬᠢᠭᠤᠯᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ ᠠᠮᠢᠳᠤᠯᠢᠭ᠋ ᠦᠢᠯᠡᠳᠦᠯᠭᠡ ᠪᠣᠯᠭᠠᠨ ᠲᠠᠰᠤᠷᠠᠯᠲᠠ ᠦᠭᠡᠢ ᠬᠤᠪᠢᠷᠠᠭᠤᠯᠬᠤ ᠬᠡᠷᠡᠭᠲᠡᠢ᠃
《ᠨᠠᠮ᠎ᠢᠶᠠᠨ ᠰᠠᠢᠲᠤᠷ ᠪᠠᠢᠭᠤᠯᠪᠠᠯ᠂ ᠮᠠᠨ᠎ᠤ ᠤᠯᠤᠰ ᠣᠷᠣᠨ᠂ ᠮᠠᠨ᠎ᠤ ᠠᠷᠠᠳ ᠲᠦᠮᠡᠨ᠂ ᠮᠠᠨ᠎ᠤ ᠠᠵᠢᠯ ᠦᠢᠯᠡᠰ ᠳᠠᠷᠤᠢ ᠲᠦᠰᠢᠭ ᠲᠤᠯᠭᠠᠭᠤᠷᠢ᠎ᠲᠠᠢ ᠪᠣᠯᠣᠨ᠎ᠠ》᠃ ᠡᠭᠦᠷᠢᠳᠡ ᠵᠣᠭᠰᠣᠰᠢ ᠦᠭᠡᠢ ᠪᠠᠢᠬᠤ ᠡᠷᠡᠰ ᠪᠠᠲᠤ ᠪᠠᠷᠢᠮᠲᠠᠯᠠᠯ᠎ᠢ ᠢᠮᠠᠭᠲᠠ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠰᠠᠨ ᠬᠣᠪᠣᠷ ᠨᠠᠨᠳᠢᠨ ᠲᠤᠷᠰᠢᠯᠭ᠎ᠠ᠎ᠶᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭᠯᠡᠵᠦ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠰᠠᠢᠲᠤᠷ ᠴᠡᠭᠴᠡᠯᠡᠨ ᠵᠠᠰᠠᠵᠤ᠂ ᠰᠠᠢᠲᠤᠷ ᠰᠢᠢᠳᠪᠦᠷᠢᠯᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠠᠢᠨ ᠰᠠᠢᠬᠠᠨ ᠤᠯᠤᠰ ᠲᠦᠷᠦ᠎ᠶᠢᠨ ᠪᠠᠢᠳᠠᠯ᠎ᠢ ᠰᠠᠢᠲᠤᠷ ᠪᠡᠬᠢᠵᠢᠭᠦᠯᠵᠦ᠂ ᠰᠠᠢᠲᠤᠷ ᠬᠥᠭᠵᠢᠭᠦᠯᠵᠦ᠂ ᠨᠡᠩ ᠶᠡᠬᠡ ᠰᠢᠨ᠎ᠡ ᠠᠮᠵᠢᠯᠲᠠ ᠪᠦᠲᠦᠮᠵᠢ᠎ᠶᠢ ᠡᠭᠦᠳᠦᠨ ᠪᠦᠲᠦᠭᠡᠰᠦᠬᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃