2026-11-04 11:05:51
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠭᠦᠯᠡᠬᠦ ᠨᠢ
ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠤᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠡᠢ᠃ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ᠂ ᠵᠠᠩᠭᠢᠯᠠᠭ᠎ᠠ ᠨᠢ ᠥᠪᠥᠷ ᠮᠣᠩᠭᠣᠯ᠎ᠤᠨ ᠪᠣᠳᠠᠳᠤ ᠪᠠᠢᠳᠠᠯ᠎ᠲᠠᠢ ᠤᠶᠠᠯᠳᠤᠭᠤᠯᠤᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠨᠢᠭᠡ ᠠᠯᠬᠤᠮ ᠴᠤ᠌ ᠵᠣᠭᠰᠣᠬᠤ ᠦᠭᠡᠢ᠂ ᠦᠴᠦᠬᠡᠨ ᠴᠤ᠌ ᠨᠠᠢᠷ ᠲᠡᠯᠪᠢᠬᠤ ᠦᠬᠡᠢ ᠪᠡᠷ ᠭᠦᠨᠵᠡᠭᠡᠢᠷᠡᠭᠦᠯᠬᠦ ᠬᠡᠷᠡᠭᠲᠡᠢ᠃
ᠨᠠᠮᠴᠢ ᠴᠢᠨᠠᠷ ᠪᠣᠯ ᠨᠠᠮ᠎ᠤᠨ ᠭᠡᠰᠢᠭᠦᠨ ᠺᠠᠳ᠋ᠷᠴᠤᠳ᠎ᠤᠨ ᠬᠦᠮᠦᠨ ᠪᠤᠯᠬᠤ᠂ ᠠᠵᠢᠯ ᠬᠢᠵᠤ ᠬᠠᠷᠢᠭᠤᠴᠠᠯᠭ᠎ᠠ ᠡᠬᠦᠷᠭᠡᠯᠡᠬᠦ᠂ ᠶᠣᠰᠣ᠌ ᠰᠤᠷᠳᠠᠬᠤᠨ ᠢ᠋ ᠪᠤᠢ ᠪᠣᠯᠭᠠᠬᠤ᠎ᠶᠢᠨ ᠰᠠᠭᠤᠷᠢ ᠮᠥᠨ᠂ ᠨᠠᠮᠴᠢ ᠴᠢᠨᠠᠷ᠎ᠢ ᠴᠢᠩᠭᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠥᠨ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠶᠢ ᠨᠠᠰᠤᠨ ᠲᠤᠷᠰᠢᠲᠠ᠎ᠶᠢᠨ ᠪᠠᠷᠢᠮᠳᠠᠯᠠᠬᠤ ᠰᠡᠳᠦᠪ ᠪᠣᠯᠭᠠᠵᠤ᠂ ᠨᠠᠮ᠎ᠤᠨ ᠰᠢᠨ᠎ᠡ᠎ᠡᠭᠦᠳᠦᠯᠳᠡ ᠵᠢᠨ ᠤᠨᠤᠯ᠎ᠢᠶᠠᠷ ᠰᠡᠳᠬᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠥᠴᠥᠬᠡᠨ ᠴᠦ᠍ ᠰᠤᠯᠠᠷᠠᠭᠤᠯᠤᠯ ᠦᠭᠡᠢ ᠴᠢᠩᠭᠠᠳᠬᠠᠵᠤ᠂ ᠡᠪ ᠬᠠᠮᠲᠤᠴᠤᠳ᠎ᠤᠨ ᠤᠯᠤᠰ ᠲᠦᠷᠦ᠎ᠶᠢᠨ ᠣᠣᠷ ᠴᠢᠨᠠᠷ᠎ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠌ ᠪᠣᠯ ᠨᠠᠮ᠎ᠤᠨ ᠦᠨᠳᠦᠰᠦᠨ ᠵᠣᠬᠢᠶᠠᠨ ᠪᠠᠢᠭᠤᠯᠤᠯᠲᠠ᠎ᠶᠢᠨ ᠵᠠᠷᠴᠢᠮ ᠪᠠ ᠤᠳᠤᠷᠢᠳᠬᠤ ᠳᠦᠷᠢᠮ ᠮᠥᠨ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠲᠤᠭᠤᠰᠢᠯᠠᠭᠤᠯᠤᠨ ᠬᠡᠷᠡᠭᠵᠢᠭᠦᠯᠬᠦ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠳᠣᠲᠣᠭᠠᠳᠤ ᠱᠠᠭᠠᠷᠳᠠᠯᠭ᠎ᠠ ᠮᠥᠨ᠃ ᠣᠷᠣᠨ ᠳᠠᠶᠠᠭᠠᠷ ᠡᠷᠬᠡᠪᠰᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠲᠦᠷᠢᠮ᠎ᠤᠨ ᠳᠠᠪᠠᠭᠤᠯᠢᠭ᠋᠂ ᠠᠵᠢᠯ᠎ᠤᠨ ᠳᠠᠪᠠᠭᠤᠯᠢᠭ᠋᠎ᠢ ᠨᠡᠩ ᠰᠠᠢᠲᠤᠷ ᠪᠠᠳᠠᠷᠠᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃
ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠣᠣᠯ ᠴᠣᠭᠴᠠ ᠮᠥᠨ᠂ ᠪᠠᠰᠠ ᠴᠤ᠌ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠬᠦᠴᠦᠨ ᠮᠥᠨ᠃ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ᠎ᠶᠢᠨ ᠵᠠᠩᠭᠢᠯᠠᠭ᠎ᠠ ᠨᠢ ᠨᠤᠶᠠᠳ ᠲᠤᠰᠢᠶᠠᠯᠳᠠᠳ ᠢ᠋ ᠴᠢᠩᠭ᠎ᠠ ᠵᠠᠰᠠᠬᠤ᠎ᠳᠤ ᠪᠤᠢ᠂ ᠡᠷᠬᠡᠪᠰᠢ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠤᠭᠤᠮ᠎ᠢ ᠲᠤᠭᠤᠰᠢᠯᠠᠭᠤᠯᠵᠤ᠂ ᠬᠥᠮᠦᠨ ᠬᠡᠷᠡᠭᠯᠡᠬᠦ᠌ ᠵᠥᠪ ᠤᠳᠤᠷᠢᠳᠤᠮᠵᠢ᠎ᠶᠢ ᠪᠠᠷᠢᠮᠲᠠᠯᠠᠨ᠂ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌᠎ᠶᠢ ᠠᠬᠢᠭᠤᠯᠵᠤ᠂ ᠺᠠᠳ᠋ᠷ᠎ᠢ ᠰᠤᠷᠭᠠᠨ ᠬᠥᠮᠦᠵᠢᠭᠦᠯᠬᠦ᠌᠂ ᠰᠢᠯᠢᠨ ᠳᠡᠪᠰᠢᠭᠦᠯᠵᠦ᠍ ᠲᠣᠮᠢᠯᠠᠨ ᠬᠡᠷᠡᠭᠯᠡᠬᠦ᠌᠂ ᠬᠠᠮᠢᠶᠠᠷᠴᠤ᠌ ᠬᠢᠨᠠᠯᠲᠠ ᠲᠠᠯᠪᠢᠬᠤ᠎ᠶᠢ ᠴᠢᠨᠭᠭᠠᠳᠬᠠᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ᠌ ᠴᠢᠩᠭ᠎ᠠ᠂ ᠡᠷᠳᠡᠮ ᠴᠢᠳᠠᠪᠤᠷᠢ ᠰᠠᠶ᠋ᠢᠲᠠᠢ᠂ ᠣᠪᠣᠷ ᠰᠤᠷᠲᠠᠯ ᠰᠢᠯᠢᠳᠡᠭ ᠰᠠᠢ᠌ᠨ᠂ ᠰᠠᠬᠢᠯᠭ᠎ᠠ ᠪᠠᠲᠤ᠌ ᠴᠢᠩᠭ᠎ᠠ ᠥᠨᠳᠥᠷ ᠬᠡᠪ ᠪᠤᠯᠪᠠᠰᠤᠷᠠᠯ ᠪᠦᠬᠦᠢ ᠺᠠᠳ᠋ᠷ᠎ᠤᠨ ᠡᠩᠨᠡᠭᠡ᠎ᠶᠢ ᠬᠦᠴᠦᠯᠡᠨ ᠪᠠᠶ᠋ᠢᠭᠤᠯᠬᠤ ᠬᠡᠷᠡᠭᠲᠡᠢ᠃ ᠨᠠᠮ᠎ᠤᠨ ᠬᠦᠴᠦᠨ ᠴᠢᠳᠠᠯ ᠨᠢ ᠵᠣᠬᠢᠶᠠᠨ ᠪᠠᠶ᠋ᠢᠭᠤᠯᠤᠯᠲᠠ᠎ᠡᠴᠡ ᠢᠷᠡᠵᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠂ ᠨᠠᠮ᠎ᠤᠨ ᠪᠦᠬᠦ᠌ ᠠᠵᠢᠯ ᠨᠢ ᠨᠠᠮ᠎ᠤᠨ ᠪᠠᠲᠤ᠌ ᠴᠢᠩᠭ᠎ᠠ ᠵᠣᠬᠢᠶᠠᠨ ᠪᠠᠶ᠋ᠢᠭᠤᠯᠤᠯᠲᠠ᠎ᠶᠢᠨ ᠰᠢᠰᠲᠸᠮ ᠳ᠋ᠦ᠍ ᠲᠦᠰᠢᠭᠯᠡᠨ ᠪᠡᠶᠡᠯᠡᠭᠳᠡᠨ᠎ᠠ᠂ ᠡᠷᠬᠡᠪᠰᠢ ᠡᠯ᠎ᠡ ᠬᠦᠷᠢᠶ᠎ᠡ ᠴᠠᠷᠠᠭ᠎ᠠ ᠡᠯ᠎ᠡ ᠱᠠᠳᠤ ᠳᠠᠪᠬᠤᠷᠭ᠎ᠠ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠤᠯᠤᠰ ᠲᠦᠷᠦ᠎ᠶᠢᠨ ᠦᠢᠯᠡᠳᠦᠯ ᠴᠢᠳᠠᠪᠬᠢ ᠪᠣᠯᠤᠨ ᠵᠣᠬᠢᠶᠠᠨ ᠪᠠᠶ᠋ᠢᠭᠤᠯᠤᠯᠲᠠ᠎ᠶᠢᠨ ᠦᠢᠯᠡᠳᠦᠯ ᠴᠢᠳᠠᠪᠬᠢ᠎ᠶᠢ ᠴᠢᠩᠭᠠᠳᠬᠠᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠤᠳᠤᠯᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠳᠡᠭᠡᠳᠦ ᠲᠤᠤᠷᠠᠳᠤ ᠱᠠᠳᠤ᠎ᠪᠠᠷ᠎ᠢᠶᠠᠨ ᠬᠠᠮᠵᠢᠯᠴᠠᠵᠤ᠂ ᠨᠠᠷᠢᠯᠢᠭ ᠤᠨᠤᠪᠴᠢᠳᠠᠢ ᠥᠨᠳᠥᠷ ᠪᠦᠲᠦᠮᠵᠢᠲᠡᠢ ᠪᠠᠶ᠋ᠢᠬᠤ᠎ᠶᠢ ᠪᠠᠲᠤᠯᠠᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠢ ᠤᠷᠤᠬᠰᠢ ᠠᠬᠢᠭᠤᠯᠬᠤ ᠬᠡᠷᠡᠭᠲᠡᠢ᠃
ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ ᠪᠣᠯ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠬᠦᠴᠦᠲᠡᠢ ᠠᠷᠭ᠎ᠠ ᠬᠡᠮᠵᠢᠶ᠎ᠡ ᠮᠥᠨ᠂ ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠵᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ ᠪᠣᠯ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠴᠢᠬᠤᠯᠠ ᠠᠷᠭ᠎ᠠ ᠪᠣᠳᠣᠯᠭ᠎ᠠ ᠪᠠ ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠦᠨᠳᠦᠰᠦᠨ ᠴᠢᠭᠯᠡᠯᠲᠡ ᠮᠥᠨ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠎ᠶᠢ ᠬᠠᠷᠢᠯᠴᠠᠨ ᠤᠶᠠᠯᠳᠤᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠠᠬᠢᠭᠤᠯᠬᠤ ᠬᠡᠷᠡᠭᠲᠡᠢ᠃ ᠢᠯᠵᠢᠷᠠᠯ᠎ᠢ ᠵᠠᠯᠬᠠᠭᠠᠨ ᠰᠢᠢᠳᠬᠡᠬᠦ ᠰᠦᠷ ᠬᠦᠴᠦᠲᠦ ᠪᠠᠢᠳᠠᠯᠢᠪᠠᠲᠤᠯᠠᠵᠤ᠂ ᠡᠷᠬᠡ᠎ᠶᠢᠨ ᠠᠵᠢᠯᠯᠠᠭ᠎ᠠ᠎ᠨᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠨ᠂ ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠵᠢ ᠪᠤᠳᠤᠬᠤ ᠦᠭᠡᠢᠪᠠᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢᠨ ᠶᠡᠷᠦᠩᠬᠡᠢᠯᠡᠭᠰᠡᠨ ᠦᠷ᠎ᠠ ᠪᠦᠳᠦᠮᠵᠢ ᠦᠢᠯᠡᠳᠦᠯ᠎ᠢ ᠴᠢᠩᠭᠠᠳᠬᠠᠬᠤ ᠬᠡᠷᠡᠭᠲᠡᠢ᠃ ᠬᠠᠤᠯᠢ ᠲᠣᠭᠲᠠᠭᠠᠯ ᠳᠦᠷᠢᠮ ᠪᠣᠯ 《 ᠬᠦᠯᠢᠶᠡᠰᠦᠯᠡᠯ》 ᠪᠣᠯᠬᠤ᠎ᠪᠠᠷ ᠪᠠᠷᠠᠬᠤ ᠦᠭᠡᠢ ᠨᠡᠩ ᠴᠤ᠌《ᠪᠡᠮᠪᠠᠢ》 ᠮᠥᠨ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠠ ᠠᠬᠢᠭᠤᠯᠬᠤ᠎ᠳᠤ ᠬᠦᠴᠦᠲᠡᠢ ᠳᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ᠎ᠳᠤ ᠪᠠᠰᠠ ᠬᠢᠨᠠᠯᠲᠠ ᠲᠠᠯᠪᠢᠬᠤ ᠰᠢᠰᠲᠧᠮ᠎ᠢ ᠬᠦᠴᠦᠯᠡᠨ ᠲᠡᠭᠦᠯᠳᠡᠷᠵᠢᠭᠦᠯᠵᠦ᠂ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠪᠣᠯᠣᠨ ᠡᠯ᠎ᠡ ᠲᠠᠯ᠎ᠠ᠎ᠶᠢᠨ ᠬᠢᠨᠠᠯᠲᠠ ᠲᠠᠯᠪᠢᠬᠤ᠎ᠵᠢ ᠭᠦᠨᠵᠡᠭᠡᠢ ᠠᠭᠤᠰᠤᠯᠴᠠᠭᠤᠯᠬᠤ᠂ ᠥᠨᠳᠥᠷ ᠪᠦᠲᠦᠮᠵᠢᠲᠡᠢ ᠬᠣᠯᠪᠤᠭᠠᠯᠠᠨ ᠬᠥᠳᠡᠯᠦᠯᠴᠡᠬᠦ᠎ᠶᠢ ᠠᠬᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠬᠠᠷᠢᠭᠤᠴᠠᠯᠭ᠎ᠠ᠎ᠶᠢ ᠲᠤᠭᠤᠰᠢᠳᠠᠢ ᠨᠠᠢᠳᠠᠪᠤᠷᠢᠵᠢᠭᠤᠯᠬᠤ᠎ᠪᠠᠷ ᠠᠵᠢᠯ᠎ᠢᠶᠠᠨ ᠲᠤᠭᠤᠰᠢᠳᠠᠢ ᠬᠢᠬᠦ ᠵᠢ ᠠᠬᠢᠭᠤᠯᠬᠤ ᠬᠡᠷᠡᠭᠲᠡᠢ᠃
ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠦᠨᠢᠳᠡ ᠵᠣᠭᠰᠣᠰᠢ ᠦᠭᠡᠢ ᠶᠤᠮ᠃ ᠪᠦᠬᠦ ᠣᠷᠣᠨ ᠳᠠᠶᠠᠭᠠᠷ᠎ᠢᠶᠠᠨ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠦᠭᠦᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠡᠷᠡ ᠬᠡᠪ᠎ᠢᠶᠡᠷ ᠨᠢ ᠰᠠᠢᠲᠤᠷ ᠠᠳᠬᠤᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ ᠨᠠᠮ᠎ᠤᠨ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋᠂ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠬᠡᠷᠡᠭᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃