2026-11-05 11:50:18
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ
ᠮᠠᠨ᠎ᠤ ᠨᠠᠮ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠠᠭᠤᠤ ᠦᠢᠯᠡᠰ᠎ᠢ ᠴᠤᠬᠴᠠᠯᠠᠬᠤ ᠪᠡᠷ ᠵᠣᠷᠢᠭ᠋ ᠰᠢᠭᠤᠳᠬᠤ᠎ᠳᠤ᠂ ᠡᠩ ᠲᠡᠷᠢᠭᠦᠨ᠎ᠳᠦ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠰᠠᠢᠲᠤᠷ ᠪᠡᠶᠡᠯᠡᠭᠦᠯᠬᠦ ᠬᠡᠷᠡᠭᠲᠡᠢ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠡᠴᠡ《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》᠎ᠢ᠋ ᠬᠢᠨᠠᠨ ᠵᠥᠪᠯᠡᠵᠦ ᠪᠠᠲᠤᠯᠠᠭᠠᠳ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ ᠵᠢᠷᠤᠮᠯᠠᠬᠤ ᠴᠢᠬᠤᠯᠠ ᠶᠡᠬᠡ ᠵᠠᠷᠴᠢᠮ᠎ᠢ ᠢᠯᠡ ᠲᠣᠳᠣᠷᠬᠠᠢ ᠳᠤᠷᠠᠳᠪᠠ᠂ ᠡᠭᠦᠨ᠎ᠳᠦ ᠲᠦᠷᠦᠭᠦᠨ᠎ᠳᠤ ᠵᠢᠭ᠍ᠰᠠᠭᠠᠭᠳᠠᠭᠰᠠᠨ ᠨᠢ ᠳᠠᠷᠤᠢ 《ᠡᠭᠦᠷᠭᠡ ᠬᠠᠷᠢᠭᠤᠴᠠᠯᠭᠠᠳᠦ ᠦᠢᠯᠡᠴᠢᠯᠡᠬᠦ ᠵᠢ ᠪᠠᠷᠢᠮᠲᠠᠯᠠᠬᠤ》 ᠶᠠᠪᠤᠳᠠᠯ ᠪᠣᠯᠣᠨ᠎ᠠ᠃ ᠡᠨᠡ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠬᠦ᠂ ᠬᠥᠭᠵᠢᠯᠲᠡ᠎ᠶᠢᠨ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ ᠪᠠᠢᠯᠳᠤᠬᠤ ᠪᠣᠳᠣᠯᠭ᠎ᠠ᠎ᠶᠢᠨ ᠬᠠᠷᠠᠭᠠᠰᠤ ᠪᠣᠯᠣᠨ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠬᠠᠷᠠᠭᠤᠯᠪᠠ᠃
ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠳᠠᠭᠠᠵᠤ ᠲᠡᠭᠦᠨ᠎ᠳᠦ ᠦᠢᠯᠡᠴᠢᠯᠡᠬᠦ ᠪᠣᠯ ᠶᠡᠷᠦ᠎ᠡᠴᠡ ᠪᠡᠨ ᠨᠠᠮ᠎ᠤᠨ ᠪᠠᠢᠭᠤᠯᠤᠯᠲᠠ᠎ᠶᠢᠨ ᠴᠢᠬᠤᠯᠠ ᠵᠠᠷᠴᠢᠮ ᠪᠣᠯᠣᠭᠰᠠᠭᠠᠷ ᠢᠷᠡᠭᠰᠡᠨ ᠶᠤᠮ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠭᠣᠣᠯ ᠡᠭᠦᠷᠭᠡ ᠪᠣᠯᠣᠨ᠎ᠠ᠃ ᠪᠦᠬᠦᠳᠡ ᠬᠤᠷᠠᠯ᠎ᠡᠴᠡ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠪᠠ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠳᠣᠲᠣᠭᠠᠳᠤ ᠬᠠᠷᠢᠴᠠᠭ᠎ᠠ᠎ᠶᠢ ᠡᠵᠡᠮᠳᠡᠬᠦ᠎ᠶᠢ ᠴᠢᠬᠤᠯᠠᠴᠢᠯᠠᠵᠤ᠂ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠴᠥᠮ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠡᠯ᠎ᠡ ᠲᠠᠯ᠎ᠠ᠎ᠶᠢᠨ ᠪᠠᠢᠷᠢᠯᠠᠭᠤᠯᠤᠯᠲᠠ᠎ᠶᠢ ᠴᠥᠮ ᠭᠣᠣᠯᠳᠠᠯᠭ᠎ᠠ᠎ᠶᠢᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠤᠬᠠᠭᠠᠯᠠᠨ ᠲᠦᠯᠦᠪᠯᠡᠵᠤ ᠳᠤᠷᠠᠳᠤᠭᠰᠠᠨ ᠨᠢ ᠨᠠᠮ᠎ᠢ ᠬᠦᠴᠦᠷᠬᠡᠭᠵᠢᠭᠦᠯᠵᠦ ᠤᠯᠤᠰ᠎ᠢ ᠬᠦᠴᠦᠷᠬᠡᠭᠵᠢᠭᠦᠯᠬᠦ᠎ᠳᠦ ᠴᠢᠬᠤᠯᠠ ᠶᠡᠬᠡ ᠪᠥᠭᠡᠳ ᠠᠯᠤᠰ ᠬᠡᠳᠤ᠎ᠶᠢᠨ ᠨᠥᠯᠥᠭᠡ ᠦᠵᠡᠭᠦᠯᠬᠦ ᠨᠢ ᠯᠠᠪᠲᠠᠢ ᠶᠤᠮ᠃
《ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ ᠬᠡᠳᠦᠢ ᠪᠦᠲᠦᠮᠵᠢᠲᠡᠶ ᠪᠣᠯᠬᠤ ᠲᠤᠲᠤᠮ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠲᠡᠳᠦᠢ ᠬᠦᠴᠦᠲᠡᠢ ᠪᠣᠯᠣᠨ᠎ᠠ》᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠰᠠᠯᠲᠠ᠎ᠪᠠᠷ ᠳᠤᠮᠳᠠᠳᠤ ᠤᠯᠤᠰ᠎ᠤᠨ ᠵᠠᠰᠠᠯᠲᠠ᠎ᠶᠢᠨ ᠰᠢᠨ᠎ᠡ ᠠᠬᠤᠢ ᠪᠠᠢᠳᠠᠯ᠎ᠢ ᠡᠭᠦᠳᠦᠨ ᠨᠡᠭᠡᠭᠡᠬᠦ ᠳᠤᠮᠳᠠ᠎ᠡᠴᠡ ᠪᠢᠳᠡ ᠪᠥᠬᠥᠳᠡ ᠬᠤᠷᠠᠯ᠎ᠡᠴᠡ ᠪᠠᠢᠷᠢᠯᠠᠭᠤᠯᠤᠭᠰᠠᠨ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢᠨ ᠭᠦᠨ ᠭᠦᠨᠵᠡᠭᠡᠢ ᠠᠭᠤᠯᠤᠭᠳᠠᠬᠤᠨ ᠪᠠ ᠠᠯᠤᠰ ᠬᠡᠳᠤ᠎ᠶᠢᠨ ᠠᠴᠢ ᠬᠣᠯᠪᠣᠭᠳᠠᠯ᠎ᠢ ᠨᠡᠩ ᠢᠯᠡᠭᠦᠦ ᠣᠢᠯᠠᠭᠠᠵᠤ ᠴᠢᠳᠠᠬᠤ ᠶᠤᠮ᠃
ᠨᠠᠮᠴᠢ ᠴᠢᠨᠠᠷ ᠴᠢᠩᠭ᠎ᠠ ᠪᠠᠢᠪᠠᠯ ᠰᠠᠶᠢ ᠴᠠᠭ ᠢᠮᠠᠭᠲᠠ ᠨᠠᠮ᠎ᠤᠨ ᠲᠤᠭ᠎ᠢᠶᠠᠷ ᠲᠤᠭ ᠪᠣᠯᠭᠠᠵᠤ᠂ ᠨᠠᠮ᠎ᠤᠨ ᠵᠣᠷᠢᠭ᠋ ᠰᠠᠨᠠᠭ᠎ᠠ᠎ᠪᠠᠷ ᠵᠣᠷᠢᠭ᠋ ᠰᠠᠨᠠᠭ᠎ᠠ᠎ᠪᠠᠨ ᠪᠣᠯᠭᠠᠨ᠂ ᠨᠠᠮ᠎ᠤᠨ ᠡᠭᠦᠷᠭᠡ ᠬᠠᠷᠢᠭᠤᠴᠠᠯᠭ᠎ᠠ᠎ᠪᠠᠷ ᠡᠭᠦᠷᠭᠡ ᠬᠠᠷᠢᠭᠤᠴᠠᠯᠭ᠎ᠠ᠎ᠪᠠᠨ ᠪᠣᠯᠭᠠᠵᠤ ᠴᠢᠳᠠᠨ᠎ᠠ᠃《ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠶᠢ ᠪᠠᠷᠢᠮᠲᠠᠯᠠᠬᠤ》ᠪᠣᠯ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠴᠢᠬᠤᠯᠠ ᠠᠭᠤᠯᠭ᠎ᠠ ᠪᠣᠯᠣᠨ᠎ᠠ᠃
ᠪᠥᠬᠥᠳᠡ ᠬᠤᠷᠠᠯ᠎ᠡᠴᠡ ᠨᠠᠮᠴᠢ ᠴᠢᠨᠠᠷ᠎ᠢ ᠴᠢᠩᠭᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠥᠨ ᠭᠡᠵᠦ ᠳᠤᠷᠠᠳᠪᠠ᠃《ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ》ᠵᠢᠨ ᠲᠤᠭᠤᠷᠢᠨ᠎ᠳᠦ《ᠨᠠᠮ᠎ᠤᠨ ᠰᠢᠨ᠎ᠡ ᠡᠭᠦᠳᠦᠯᠲᠡ ᠵᠢᠨ ᠤᠨᠤᠯ ᠵᠢᠡᠷ ᠰᠡᠳᠬᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ》ᠵᠡᠷᠭᠡ ᠪᠣᠳᠠᠲᠠᠢ ᠪᠠᠢᠷᠢᠯᠠᠭᠤᠯᠤᠯᠲᠠ ᠬᠢᠭᠰᠡᠨ᠎ᠦ ᠵᠣᠷᠢᠯᠭ᠎ᠠ ᠨᠢ ᠳᠠᠷᠤᠢ ᠪᠦᠬᠦ ᠨᠠᠮ᠎ᠤᠨ ᠭᠡᠰᠢᠭᠦᠨ᠂ ᠺᠠᠳ᠋ᠷ᠎ᠤᠨ ᠦᠵᠡᠯ ᠰᠠᠨᠠᠭ᠎ᠠ᠂ ᠵᠣᠷᠢᠭ᠋ ᠰᠠᠨᠠᠭ᠎ᠠ᠂ ᠦᠢᠯᠡ ᠠᠵᠢᠯᠯᠠᠭ᠎ᠠ᠎ᠪᠠᠨ ᠴᠥᠮ ᠨᠠᠮ᠎ᠤᠨ ᠡᠭᠦᠷᠭᠡ ᠬᠠᠷᠢᠭᠤᠴᠠᠯᠭ᠎ᠠ ᠳᠡᠭᠡᠷ᠎ᠡ ᠨᠢᠭᠡᠳᠬᠡᠬᠦ᠎ᠶᠢ ᠠᠬᠢᠭᠤᠯᠬᠤ᠎ᠶᠢᠨ ᠲᠥᠯᠥᠭᠡ ᠶᠤᠮ᠃
ᠴᠢᠨᠠᠷ ᠰᠠᠢᠲᠠᠢ ᠬᠥᠭᠵᠢᠯᠲᠡ᠎ᠶᠢ ᠬᠠᠷᠠᠶ᠎ᠠ᠃
《ᠮᠠᠨ᠎ᠤ ᠤᠯᠤᠰ᠎ᠤᠨ ᠠᠵᠤ ᠠᠬᠤᠢ ᠨᠢᠭᠡᠨᠲᠡ ᠦᠨᠳᠦᠷ ᠬᠤᠷᠳᠤᠴᠠ᠎ᠪᠠᠷ ᠨᠡᠮᠡᠭᠳᠡᠬᠦ ᠱᠠᠲᠤᠨ᠎ᠡᠴᠡ ᠴᠢᠨᠠᠷ ᠰᠠᠢᠲᠠᠢ ᠬᠥᠭᠵᠢᠯᠲᠡ᠎ᠶᠢᠨ ᠱᠠᠲᠤᠨ᠎ᠳᠤ ᠰᠢᠯᠵᠢᠪᠡ》 ᠭᠡᠬᠦ ᠴᠢᠬᠤᠯᠠ ᠶᠡᠬᠡ ᠮᠠᠭᠠᠳᠯᠠᠯᠲᠠ ᠬᠢᠭᠰᠡᠨ᠎ᠡᠴᠡ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ ᠮᠠᠨ᠎ᠤ ᠤᠯᠤᠰ᠎ᠤᠨ ᠬᠥᠭᠵᠢᠯᠲᠡ᠎ᠶᠢᠨ ᠪᠦᠬᠦ ᠲᠠᠯ᠎ᠠ᠎ᠳᠤ ᠬᠣᠯᠪᠣᠭᠳᠠᠬᠤ ᠭᠦᠨᠵᠡᠭᠡᠢ ᠬᠤᠪᠢᠰᠤᠯᠲᠠ᠎ᠶᠢ ᠡᠬᠢᠯᠡᠭᠦᠯᠦᠭᠰᠡᠨᠢ ᠳᠤᠷᠠᠳᠤᠭᠰᠠᠨ ᠬᠦᠷᠲᠡᠯ᠎ᠡ᠂ ᠲᠠᠬᠢᠭᠠᠳ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠤᠨᠤᠯ᠎ᠢ ᠪᠦᠲᠦᠭᠡᠯᠴᠢ᠎ᠪᠡᠷ ᠳᠤᠷᠠᠳᠤᠭᠰᠠᠨ ᠪᠥᠭᠡᠳ ᠴᠢᠬᠤᠯᠠ ᠶᠡᠬᠡ ᠪᠠᠢᠷᠢᠯᠠᠭᠤᠯᠤᠯᠲᠠ ᠬᠢᠭᠰᠡᠨ ᠬᠦᠷᠲᠡᠯ᠎ᠡ ᠁
ᠴᠢᠨᠠᠷ ᠰᠠᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ᠎ᠶᠢᠨ ᠫᠢᠩ ᠮᠠᠨ᠎ᠤ ᠤᠯᠤᠰ᠎ᠤᠨ ᠬᠥᠭᠵᠢᠯᠲᠡ᠎ᠶᠢᠨ ᠰᠢᠨ᠎ᠡ ᠱᠠᠲᠤ ᠦᠶ᠎ᠡ ᠵᠢᠴᠢ ᠲᠡᠭᠦᠨ᠎ᠦ ᠮᠥᠨ ᠴᠢᠨᠠᠷ᠎ᠤᠨ ᠣᠨᠴᠠᠯᠢᠭ᠋᠎ᠢ ᠰᠢᠨᠵᠢᠯᠡᠬᠦ ᠤᠬᠠᠭᠠᠨᠴᠢ᠎ᠪᠠᠷ ᠳ᠋ᠦᠩᠨᠡᠭᠡᠳ ᠪᠦᠷᠢᠯᠳᠦᠭᠦᠯᠦᠭᠰᠡᠨ ᠤᠨᠤᠯ᠎ᠤᠨ ᠤᠬᠢ ᠲᠠᠯᠠᠰᠲᠦ ᠪᠠᠢᠵᠤ᠂《ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠰᠡᠳᠦᠪ》᠂ 《ᠲᠡᠷᠢᠭᠦᠨ ᠴᠢᠬᠤᠯᠠ ᠡᠭᠦᠷᠭᠡ》 ᠪᠣᠯᠤᠭᠰᠠᠨ ᠪᠠᠢᠨ᠎ᠠ᠃
ᠨᠠᠮ᠎ᠤᠨ ᠲᠥᠪ ᠬᠣᠷᠢᠶ᠎ᠡ ᠵᠢᠨ ᠶᠡᠷᠦᠩᠬᠡᠢᠯᠡᠨ ᠵᠢᠯᠣᠭᠣᠳᠤᠭᠰᠠᠨ ᠶᠡᠬᠡ ᠲᠠᠯ᠎ᠠ᠎ᠶᠢᠨ ᠳᠣᠣᠷ᠎ᠠ ᠠᠵᠢᠯᠯᠠᠵᠤ᠂ ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠶᠢᠨ ᠳᠤᠮᠳᠠ ᠥᠪᠡᠷ᠎ᠦᠨ ᠪᠠᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ᠂ ᠡᠯ᠎ᠡ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠠᠯᠬᠤᠮ ᠨᠢᠭᠡᠲᠡᠢ ᠤᠷᠤᠭᠰᠢᠯᠠᠵᠠᠭᠠᠪᠠ᠃
《ᠳᠤᠮᠳᠠᠳᠤ ᠤᠯᠤᠰ᠎ᠤᠨ ᠣᠶᠤᠨᠴᠢ ᠦᠢᠯᠡᠳᠬᠡᠯ》 ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠠᠰᠠ ᠨᠢᠭᠡᠨ ᠭᠢᠯᠠᠯᠵᠠᠮ᠎ᠠ ᠨᠡᠷ᠎ᠡ᠎ᠶᠢᠨ ᠬᠠᠭᠤᠳᠠᠰᠤ ᠪᠣᠯᠵᠤ᠂ ᠪᠦᠬᠦ ᠪᠥᠮᠪᠥᠷᠴᠡᠭ᠎ᠦᠨ ᠬᠣᠶᠠᠳᠤᠭᠠᠷ ᠲᠣᠮᠣ᠌ ᠲᠠᠸᠠᠷ᠎ᠤᠨ ᠬᠡᠷᠡᠭᠯᠡᠭᠡᠨ᠎ᠦ ᠵᠠᠬ᠎ᠠ ᠳᠡᠯᠭᠡᠭᠦᠷ ᠪᠣᠯᠣᠨ ᠪᠠᠷᠠᠭᠠᠨ᠎ᠤ ᠠᠷᠠᠯᠵᠢᠶ᠎ᠠ᠎ᠶᠢᠨ ᠨᠢᠭᠡᠳᠦᠭᠡᠷ ᠲᠣᠮᠣ᠌ ᠤᠯᠤᠰ᠎ᠤᠨ ᠪᠠᠢᠷᠢ ᠰᠠᠭᠤᠷᠢ᠎ᠳᠤ ᠯᠠᠪᠳᠠᠭᠤᠨ ᠰᠠᠭᠤᠵᠦ᠂ ᠪᠦᠷᠢᠨ ᠪᠦᠲᠦᠨ ᠠᠵᠤ ᠦᠢᠯᠡᠰ᠎ᠦᠨ ᠰᠢᠰᠲ᠋ᠸᠮ ᠨᠢ ᠮᠠᠨ᠎ᠤ ᠤᠯᠤᠰ᠎ᠤᠨ ᠠᠵᠤ ᠠᠬᠤᠢ᠎ᠶᠢᠨ ᠰᠠᠯᠬᠢ ᠳᠠᠪᠠᠯᠭᠠᠨ᠎ᠢ ᠰᠥᠷᠦᠨ ᠤᠷᠤᠭᠰᠢᠯᠠᠬᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠣᠯᠣᠨ ᠠᠮᠢᠵᠢᠷᠠᠯ᠎ᠤᠨ ᠬᠦᠴᠦᠨ᠎ᠢᠶᠡᠨ ᠪᠠᠲᠤᠯᠠᠬᠤ ᠪᠠᠢᠯᠳᠤᠬᠤ ᠪᠣᠳᠣᠯᠭ᠎ᠠ᠎ᠶᠢᠨ ᠲᠦᠰᠢᠭ ᠪᠣᠯᠪᠠ ᠁ ᠡᠭᠡᠳᠡᠷᠡᠭᠡᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠣᠷᠴᠢᠨ ᠨᠦᠭᠦᠴᠡᠯ᠎ᠤᠨ ᠡᠮᠦᠨ᠎ᠡ᠂ ᠮᠠᠨ᠎ᠤ ᠨᠠᠮ ᠤᠨᠤᠯ᠎ᠤᠨ ᠰᠠᠨᠠᠭᠠᠴᠢᠯᠠᠭ᠎ᠠ ᠪᠡᠷ ᠬᠥᠭᠵᠢᠯᠲᠡ᠎ᠶᠢᠨ ᠰᠠᠨᠠᠭᠠᠴᠢᠯᠠᠭ᠎ᠠ ᠵᠢ ᠡᠵᠡᠮᠳᠡᠪᠡ᠃
ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠦ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠤᠨᠤᠯ᠎ᠢᠶᠠᠷ ᠵᠡᠪᠰᠡᠭᠯᠡᠬᠦ᠎ᠶᠢ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ᠎ᠶᠢ ᠰᠢᠨ᠎ᠡ ᠴᠠᠭ ᠦᠶ᠎ᠡ᠎ᠶᠢᠨ ᠬᠠᠲᠠᠭᠤ ᠶᠣᠰᠣ᠌ ᠪᠣᠯᠭᠠᠵᠤ᠂ ᠪᠦᠬᠦ ᠨᠠᠮ ᠪᠦᠬᠦ ᠨᠡᠢᠭᠡᠮ᠎ᠦᠨ ᠬᠠᠮᠲᠤ᠎ᠶᠢᠨ ᠲᠠᠨᠢᠯᠲᠠ ᠪᠠ ᠠᠵᠢᠯᠯᠠᠭ᠎ᠠ ᠪᠣᠯᠭᠠᠪᠠ᠃
ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠴᠢᠬᠤᠯᠠ ᠠᠭᠤᠯᠭ᠎ᠠ ᠪᠣᠯᠤᠭᠰᠠᠨ᠎ᠤ ᠬᠤᠪᠢ᠎ᠳᠤ᠂ 《ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠪᠠᠶ᠋ᠢᠭᠤᠯᠬᠤ᠎ᠶᠢ ᠪᠠᠷᠢᠮᠲᠠᠯᠠᠬᠤ》 ᠪᠣᠯ ᠨᠠᠮ ᠪᠣᠯᠣᠨ ᠤᠯᠤᠰ᠎ᠤᠨ ᠠᠵᠢᠯ ᠦᠢᠯᠡᠰ᠎ᠲᠦ ᠬᠣᠯᠪᠣᠭᠳᠠᠬᠤ ᠵᠠᠩᠭᠢᠯᠠᠭ᠎ᠠ᠎ᠶᠢᠨ ᠴᠢᠨᠠᠷᠲᠠᠢ ᠠᠰᠠᠭᠤᠳᠠᠯ ᠪᠣᠯᠣᠨ᠎ᠠ᠃
ᠪᠥᠬᠥᠳᠡ ᠬᠤᠷᠠᠯ᠎ᠡᠴᠡ 《ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠳᠠᠪᠲᠠᠨ ᠪᠣᠯᠪᠠᠰᠤᠷᠠᠭᠤᠯᠬᠤ》 ᠶ᠋ᠢ ᠤᠬᠠᠭᠠᠯᠠᠵᠤ ᠲᠥᠯᠥᠪᠯᠡᠨ ᠪᠠᠢᠷᠢᠯᠠᠭᠤᠯᠵᠤ᠂《ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠬᠤ》 ᠵᠡᠷᠭᠡ ᠪᠣᠳᠠᠲᠠᠢ ᠪᠠᠢᠷᠢᠯᠠᠭᠤᠯᠤᠯᠲᠠ ᠬᠢᠭᠰᠡᠨ᠎ᠦ ᠵᠣᠷᠢᠯᠭ᠎ᠠ ᠨᠢ ᠳᠠᠷᠤᠢ ᠮᠠᠨ᠎ᠤ ᠺᠠᠳ᠋ᠷ᠎ᠤᠨ ᠡᠩᠨᠡᠭᠡ᠎ᠶᠢ ᠤᠯᠤᠰ ᠲᠦᠷᠦ᠎ᠶᠢᠨ ᠲᠠᠯ᠎ᠠ᠎ᠪᠠᠷ ᠪᠠᠲᠤ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠰᠢᠯᠢᠳᠡᠭ᠂ ᠰᠠᠬᠢᠯᠭ᠎ᠠ ᠪᠠᠲᠤ ᠴᠢᠩᠭ᠎ᠠ ᠪᠠᠢᠯᠭᠠᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠨᠡᠩ ᠰᠠᠢᠲᠤᠷ ᠪᠡᠶᠡᠯᠡᠭᠦᠯᠬᠦ᠎ᠳᠦ ᠴᠢᠬᠤᠯᠠ ᠪᠠᠲᠤᠯᠠᠭ᠎ᠠ ᠬᠠᠩᠭᠠᠬᠤ᠎ᠶᠢᠨ ᠲᠥᠯᠥᠭᠡ ᠶᠤᠮ᠃
《ᠡᠯ᠎ᠡ ᠱᠠᠲᠤᠨ᠎ᠤ ᠤᠳᠤᠷᠢᠳᠬᠤ ᠺᠠᠳ᠋ᠷ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠎ᠡᠴᠡ ᠡᠭᠦᠰᠴᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠬᠡᠷᠡᠭᠲᠡᠢ》᠃ ᠡᠨᠡ ᠵᠢᠯ᠎ᠦᠨ ᠪᠦᠬᠦ ᠨᠠᠮ᠎ᠤᠨ ᠬᠡᠪᠴᠢᠶᠡᠨ᠎ᠳᠦ ᠥᠷᠨᠢᠭᠦᠯᠦᠭᠰᠡᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢᠯᠡᠷᠬᠡᠢ ᠦᠷ᠎ᠡ ᠪᠦᠲᠦᠮᠵᠢ ᠣᠯᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠂ ᠦᠨᠡᠨ ᠬᠦ᠌ ᠪᠠᠢᠴᠠᠭᠠᠨ ᠪᠣᠳᠠᠲᠠᠢ ᠥᠭᠡᠷᠡᠴᠢᠯᠡᠬᠦ᠂ ᠳᠡᠭᠡᠳᠦ ᠱᠠᠲᠤ ᠨᠢ ᠳᠣᠣᠷᠠᠳᠤ ᠱᠠᠲᠤ᠎ᠪᠠᠨ ᠳᠠᠭᠠᠭᠤᠯᠬᠤ᠂ ᠦᠨᠭᠭᠡᠨ ᠲᠠᠯ᠎ᠠ ᠪᠠ ᠦᠨᠳᠦᠰᠦᠨ ᠡᠴᠡ ᠨᠢ ᠵᠠᠰᠠᠬᠤ᠂ ᠭᠤᠤᠯᠳᠠᠯᠭᠠᠳᠦ ᠦᠢᠯᠡᠴᠢᠯᠡᠬᠦ ᠵᠡᠷᠭᠡ᠎ᠶᠢ ᠪᠠᠷᠢᠮᠲᠠᠯᠠᠬᠤ ᠪᠣᠯ ᠴᠢᠬᠤᠯᠠ ᠲᠤᠷᠰᠢᠯᠭ᠎ᠠ ᠪᠣᠯᠣᠨ᠎ᠠ᠃
《ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ ᠵᠢ ᠤᠳᠤᠷᠢᠳᠬᠤ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠳᠡᠢ》 ᠵᠢ ᠨᠠᠢᠳᠠᠪᠤᠷᠢᠵᠢᠭᠤᠯᠵᠤ᠂ ᠡᠯ᠎ᠡ ᠭᠠᠵᠠᠷ᠎ᠤᠨ ᠬᠢᠨ ᠭᠠᠵᠠᠷ ᠣᠷᠣᠨ᠎ᠤ᠎ᠪᠠᠨ ᠪᠠᠢᠳᠠᠯ᠎ᠳᠤ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠰᠢᠨ᠎ᠡ ᠠᠵᠤ ᠦᠢᠯᠡᠰ ᠪᠠ ᠠᠵᠤ ᠠᠬᠤᠢ᠎ᠶᠢᠨ ᠰᠢᠨ᠎ᠡ ᠨᠡᠮᠡᠭᠳᠡᠯ᠎ᠦᠨ ᠴᠡᠭ᠎ᠢ ᠲᠠᠰᠤᠷᠠᠯᠲᠠ ᠦᠭᠡᠢ ᠪᠣᠢᠵᠢᠭᠤᠯᠪᠠ;
《ᠠᠷᠠᠳ᠎ᠲᠤ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠮᠦᠨ》 ᠭᠡᠳᠡᠭ᠎ᠢ ᠪᠠᠲᠤ ᠴᠡᠭᠡᠵᠢᠯᠡᠵᠦ᠂ ᠬᠠᠭᠤᠴᠢᠨ ᠭᠡᠷ ᠪᠠᠢᠰᠢᠩ᠎ᠢ ᠵᠠᠰᠠᠨ ᠰᠢᠨᠡᠳᠬᠡᠬᠦ᠂ ᠬᠤᠳᠠ᠎ᠶᠢ ᠰᠢᠨᠡᠴᠢᠯᠡᠬᠦ᠎ᠶᠢ ᠠᠬᠢᠭᠤᠯᠵᠤ᠂ ᠬᠡᠷᠡᠭᠯᠡᠭᠡᠨ᠎ᠦ ᠵᠦᠢᠯ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠵᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ ᠪᠣᠯᠣᠨ ᠴᠢᠨᠠᠷ ᠰᠠᠢᠲᠠᠢ ᠠᠮᠢᠳᠤᠷᠠᠯ᠎ᠤᠨ ᠬᠠᠷᠠᠯᠲᠠ ᠵᠦᠭ ᠲᠡᠮᠡᠤᠯᠪᠡ ᠁
ᠰᠤᠷᠤᠯᠴᠠᠯᠭ᠎ᠠ ᠬᠥᠮᠦᠵᠢᠯ᠎ᠢᠶᠡᠷ ᠲᠠᠮᠵᠢᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠤᠨ ᠤᠷᠤᠭᠰᠢᠯᠠᠯᠲᠠ᠎ᠶᠢᠨ ᠴᠢᠭᠯᠡᠯ ᠨᠡᠩ ᠲᠣᠳᠣᠷᠬᠠᠢ᠂ ᠠᠵᠢᠯ᠎ᠤᠨ ᠰᠤᠷᠲᠠᠯ ᠨᠡᠩ ᠪᠣᠳᠠᠲᠠᠢ᠂ ᠥᠭᠡᠷᠡᠴᠢᠯᠡᠯᠲᠡ ᠬᠥᠭᠵᠢᠯᠲᠡ ᠵᠢᠨ ᠲᠣᠭᠲᠠᠭᠤᠨ᠎ᠢ ᠠᠳᠬᠤᠭᠰᠠᠨ ᠦᠷ᠎ᠡ ᠪᠦᠲᠦᠮᠵᠢ ᠨᠡᠩ ᠰᠠᠢᠨ ᠪᠤᠯᠵᠤ᠂ ᠨᠡᠩ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠴᠤᠭ ᠰᠦᠯᠳᠡ᠎ᠪᠡᠷ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠪᠣᠳᠠᠲᠤ ᠠᠮᠵᠢᠯᠲᠠ᠎ᠶᠢ ᠴᠢᠷᠮᠠᠢᠨ ᠡᠭᠦᠳᠪᠡ᠃
《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠤᠪᠢᠰᠬᠠᠯᠲᠦ ᠴᠢᠨᠠᠷᠲᠠᠢ ᠳᠠᠪᠲᠠᠯᠲᠠ ᠪᠠᠢᠬᠤ ᠦᠭᠡᠢ ᠪᠣᠯ ᠥᠨᠥᠳᠥᠷ᠎ᠦᠨ ᠮᠡᠲᠦ ᠡᠢᠮᠦ ᠨᠢᠭᠡᠨ ᠳᠡᠭᠡᠳᠦ ᠬᠡᠮᠵᠢᠶ᠎ᠡ᠎ᠪᠡᠷ ᠪᠦᠯᠬᠦᠮᠳᠡᠭᠰᠡᠨ᠂ ᠪᠠᠲᠤ ᠴᠢᠩᠭ᠎ᠠ ᠬᠦᠴᠦᠨ᠎ᠲᠠᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠵᠤ ᠴᠢᠳᠠᠬᠤ ᠦᠭᠡᠢ᠂ ᠬᠦᠴᠢᠷ ᠪᠡᠷᠬᠡᠰᠢᠶᠡᠯ᠎ᠦᠨ ᠡᠮᠦᠨ᠎ᠡ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠴᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ ᠨᠠᠮ ᠪᠠ ᠤᠯᠠᠨ ᠲᠦᠮᠡᠨ᠎ᠦ ᠬᠠᠷᠢᠴᠠᠭ᠎ᠠ ᠪᠠᠢᠵᠤ ᠴᠢᠳᠠᠬᠤ ᠦᠭᠡᠢ᠂ ᠳᠡᠯᠡᠬᠡᠢ᠎ᠶᠢᠨ ᠤᠷᠪᠠᠭᠠᠨ ᠬᠥᠷᠪᠡᠭᠡᠨ᠎ᠲᠠᠢ ᠬᠤᠪᠢᠷᠠᠯᠲᠠ ᠳᠤᠮᠳᠠ ᠲᠡᠦᠬᠡ᠎ᠶᠢᠨ ᠰᠠᠨᠠᠭᠠᠴᠢᠯᠠᠭ᠎ᠠ ᠵᠢ ᠣᠯᠵᠤ ᠴᠢᠳᠠᠬᠤ ᠦᠭᠡᠢ ᠶᠤᠮ》᠃
《ᠠᠷᠪᠠᠨ ᠲᠠᠪᠤᠳᠤᠭᠠᠷ ᠲᠠᠪᠤᠨ ᠵᠢᠯ》 ᠳ᠋ᠤ ᠡᠷᠡᠯᠬᠡᠭᠯᠡᠨ ᠤᠷᠤᠭᠰᠢᠯᠠᠬᠤ᠎ᠳᠤ᠂ ᠮᠠᠨ᠎ᠤ ᠤᠯᠤᠰ᠎ᠤᠨ ᠬᠥᠭᠵᠢᠯᠲᠡ᠎ᠳᠦ ᠲᠤᠯᠭᠠᠷᠠᠵᠤ ᠪᠠᠢᠭ᠎ᠠ ᠲᠤᠬᠳᠠᠭᠠᠯ᠎ᠳᠦ ᠪᠤᠰᠤ ᠲᠥᠰᠥᠭᠡᠯᠡᠬᠦᠶ᠎ᠡ ᠪᠡᠷᠬᠡ ᠡᠯᠧᠮᠧᠨ᠋ᠲ ᠨᠡᠮᠡᠭᠳᠡᠵᠦ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠥᠭᠡᠨ ᠪᠤᠰᠤ ᠰᠢᠨ᠎ᠡ ᠰᠡᠳᠦᠪ ᠲᠤᠯᠭᠠᠷᠠᠪᠠ᠃ ᠥᠩᠭᠡᠷᠡᠭᠰᠡᠨ᠎ᠳᠦ ᠪᠠᠢᠭ᠎ᠠ ᠦᠭᠡᠢ ᠪᠦᠳᠦᠭᠡᠯᠴᠢ ᠴᠢᠨᠠᠷᠲᠠᠢ ᠦᠢᠯᠡᠰ ᠪᠣᠯᠬᠤ ᠲᠤᠳᠤᠮ᠂ ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠮ᠎ᠠ ᠠᠶᠠᠨ ᠲᠠᠢ᠍ᠢᠨ ᠪᠣᠯᠬᠤ ᠲᠤᠳᠤᠮ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠵᠤ᠂ ᠮᠠᠨ᠎ᠤ ᠨᠠᠮ᠎ᠢᠶᠠᠨ ᠨᠡᠩ ᠰᠠᠢᠨ᠂ ᠨᠡᠩ ᠬᠦᠴᠦᠷᠬᠡᠭ ᠪᠣᠯᠭᠠᠨ ᠪᠠᠶ᠋ᠢᠭᠤᠯᠬᠤ ᠬᠡᠷᠡᠭᠲᠡᠢ᠃
ᠰᠢᠨ᠎ᠡ ᠠᠶᠠᠨ ᠪᠣᠯ ᠨᠠᠮ ᠪᠣᠯᠣᠨ ᠠᠷᠠᠳ ᠲᠦᠮᠡᠨ᠎ᠦ ᠰᠢᠨ᠎ᠡ ᠤᠷᠳᠤ ᠵᠠᠮ᠎ᠤᠨ ᠠᠶᠠᠨ ᠲᠠᠢ᠍ᠢᠨ ᠪᠣᠯᠣᠨ᠎ᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠪᠠ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠭ ᠰᠠᠨᠠᠭ᠎ᠠ᠎ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠎ᠶᠢ ᠪᠠᠷᠢᠮᠲᠠᠯᠠᠵᠤ᠂ ᠢᠮᠠᠭᠲᠠ ᠭᠣᠣᠯᠳᠠᠯᠭ᠎ᠠ᠎ᠶᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠪᠠᠢᠳᠠᠯ᠎ᠢ ᠴᠢᠷᠮᠠᠢᠨ ᠡᠭᠦᠳᠪᠡᠯ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠰᠢᠨ᠎ᠡ ᠳᠡᠭᠲᠡᠷ᠎ᠲᠦ ᠭᠠᠷᠭᠠᠬᠤ ᠨᠢ ᠯᠠᠪᠲᠠᠢ ᠶᠤᠮ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 10 ᠰᠠᠷ᠎ᠠ᠎ᠶᠢᠨ 31 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃