2026-11-05 11:21:20
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠲᠤᠭ᠎ᠢ ᠮᠠᠨᠳᠤᠭᠤᠯᠤᠨ ᠴᠢᠭᠯᠡᠯ᠎ᠢ ᠲᠣᠭᠲᠠᠭᠠᠨ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠴᠤᠭ ᠵᠤᠷᠢᠭ ᠪᠠᠳᠠᠷᠠᠨᠭᠭᠤᠢ ᠪᠡᠷ ᠡᠷᠡᠯᠭᠡᠭᠯᠡᠨ ᠲᠡᠮᠡᠴᠡᠵᠤ ᠰᠢᠨ᠎ᠡ ᠪᠠᠶ᠋ᠢᠳᠠᠯ᠎ᠢ ᠨᠡᠭᠡᠭᠡᠨ᠎ᠠ᠃ ᠥᠴᠥᠭᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠪᠠᠶ᠋ᠢᠷᠢᠯᠠᠭᠤᠯᠪᠠ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠰᠡᠳᠬᠢᠯ ᠲᠠᠯᠪᠢᠨ ᠰᠤᠷᠤᠯᠴᠠᠨ ᠣᠶ᠋ᠢᠯᠠᠭᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠠ ᠪᠠᠷᠢᠮᠳᠠᠯᠡᠨ ᠠᠬᠢᠭᠤᠯᠬᠤ ᠡᠬᠦᠷᠬᠡ ᠬᠠᠷᠢᠭᠤᠴᠠᠯᠭᠠᠲᠤ᠌ ᠰᠡᠳᠬᠢᠯᠭᠡ ᠲᠤᠯᠭᠠᠮ ᠪᠤᠳᠤᠯ᠎ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠶ᠋ᠢᠳᠠᠯ᠎ᠢ ᠡᠭᠦᠳᠦᠨ ᠨᠡᠬᠡᠬᠡᠬᠦ ᠬᠡᠷᠡᠭᠲᠡᠢ᠃
ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠲᠤᠳᠤᠮ᠂ ᠤᠷᠳᠤ ᠬᠤᠭᠤᠴᠠᠭ᠎ᠠ ᠪᠡᠷ ᠡᠨᠭᠭᠡ ᠲᠠᠢᠪᠤᠩ ᠪᠠᠢᠬᠤ ᠲᠤᠳᠤᠮ᠂ ᠤᠷᠴᠢᠨ ᠲᠤᠭᠤᠷᠢᠨ ᠨᠠᠷᠢᠨ ᠪᠤᠳᠤᠯᠢᠶᠠᠨᠲᠠᠢ ᠪᠣᠯᠬᠤ ᠲᠤᠳᠤᠮ᠂ ᠰᠠᠨᠠᠭᠠᠰᠢᠷᠠᠨ ᠵᠣᠪᠠᠨᠢᠬᠤ ᠤᠬᠠᠮᠰᠠᠷ᠎ᠢᠶᠠᠨ ᠲᠡᠳᠦᠢ ᠴᠢᠩᠭᠠᠳᠬᠠᠵᠤ᠂ ᠠᠮᠤᠷ ᠲᠦᠪᠰᠢᠨ ᠪᠠᠶ᠋ᠢᠬᠤ ᠦᠶ᠎ᠡ᠎ᠳᠤ ᠠᠶᠤᠯ ᠲᠦᠭᠰᠢᠭᠦᠷᠢ᠎ᠶᠢ ᠪᠣᠳᠣᠯᠬᠢᠯᠠᠬᠤ ᠵᠢ ᠪᠠᠶᠠᠯᠡᠬᠦᠯᠵᠤ᠂ ᠨᠠᠮᠢ᠋ ᠰᠠᠶ᠋ᠢᠲᠤᠷ ᠪᠠᠶ᠋ᠢᠭᠤᠯᠵᠤ᠂ ᠬᠦᠴᠦᠷᠬᠡᠭᠵᠢᠭᠦᠯᠬᠦ᠌ ᠬᠡᠷᠡᠭᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ᠎ᠡᠴᠡ ᠪᠠᠶ᠋ᠢᠯᠳᠤᠬᠤ ᠪᠤᠳᠤᠯᠭ᠎ᠠ᠎ᠶᠢᠨ ᠦᠨᠳᠦᠷᠴᠡ ᠡᠴᠡ ᠭᠤᠷᠪᠠᠨ 《ᠨᠡᠩ ᠪᠡᠷᠬᠡ ᠬᠠᠲᠠᠭᠤᠵᠢᠯᠲᠠᠢ》 ᠴᠢᠬᠤᠯᠠ ᠶᠡᠬᠡ ᠮᠠᠭᠠᠳᠯᠠᠯᠲᠠ ᠬᠢᠵᠦ᠍᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠠᠨ ᠠᠬᠢᠭᠤᠯᠬᠤ ᠬᠡᠷᠡᠭᠲᠡᠢ ᠭᠡᠵᠦ᠍ ᠱᠠᠭᠠᠷᠳᠠᠪᠠ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠨᠢ ᠮᠠᠰᠢ ᠤᠯᠠᠨ ᠠᠰᠢᠭᠲᠠᠢ ᠨᠥᠬᠥᠴᠡᠯ᠎ᠢ ᠪᠦᠷᠢᠯᠳᠦᠭᠦᠯᠦᠭᠰᠡᠨ ᠪᠣᠯᠪᠠᠴᠤ᠌ ᠪᠠᠰᠠ ᠮᠠᠰᠢ ᠤᠯᠠᠨ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠳᠤ ᠲᠤᠯᠭᠠᠷᠠᠵᠤ᠂ ᠨᠠᠮ᠎ᠤᠨ ᠰᠢᠨ᠎ᠡ ᠪᠠᠶ᠋ᠢᠳᠠᠯ ᠳᠣᠣᠷᠠᠬᠢ ᠲᠦᠷᠦ᠍ ᠪᠠᠷᠢᠬᠤ ᠴᠢᠳᠠᠪᠤᠷᠢ᠂ ᠤᠳᠤᠷᠢᠳᠬᠤ ᠲᠦᠪᠰᠢᠨ᠂ ᠡᠩᠨᠡᠭᠡᠨ᠎ᠦ ᠬᠡᠪ ᠪᠣᠯᠪᠠᠰᠤᠷᠠᠯ᠂ ᠢᠯᠵᠢᠷᠡᠬᠦ᠎ᠵᠢ ᠲᠡᠪᠴᠢᠵᠤ ᠴᠢᠨᠠᠷ ᠬᠤᠪᠢᠷᠠᠬᠤ᠎ᠶᠢ ᠰᠡᠷᠭᠡᠶ᠋ᠢᠯᠡᠬᠦ᠌᠎ᠳᠦ ᠴᠢᠬᠤᠯᠠ ᠶᠡᠬᠡ ᠥᠷᠢᠰᠥᠯᠳᠦᠭᠡᠨ᠎ᠢ ᠠᠪᠴᠢᠷᠠᠭᠰᠠᠨ ᠪᠠᠶ᠋ᠢᠨ᠎ᠠ᠃ ᠪᠢᠳᠡ ᠨᠠᠮ᠎ᠤᠨ ᠣᠷᠳᠣ ᠬᠤᠭᠤᠴᠠᠭ᠎ᠠ᠎ᠪᠠᠷ ᠲᠥᠷᠥ᠍ ᠪᠠᠷᠢᠬᠤ ᠪᠠᠶ᠋ᠢᠷᠢ ᠰᠠᠭᠤᠷᠢ᠎ᠶᠢ ᠪᠡᠬᠢᠵᠢᠭᠦᠯᠬᠦ᠌᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠪᠠᠶ᠋ᠢᠯᠳᠤᠬᠤ ᠪᠣᠳᠣᠯᠭ᠎ᠠ᠎ᠶᠢᠨ ᠦᠨᠳᠦᠷᠴᠡ᠎ᠡᠴᠡ ᠶᠡᠷᠦᠩᠬᠡᠶ ᠱᠦᠵᠢ ᠰᠢ ᠵᠢᠨ ᠫᠢᠩ᠂ ᠨᠠᠮ᠎ᠤᠨ ᠲᠥᠪ ᠬᠣᠷᠢᠶ᠎ᠠ ᠵᠢᠨ ᠪᠠᠶ᠋ᠢᠯᠳᠤᠬᠤ ᠪᠣᠳᠣᠯᠭ᠎ᠠ᠎ᠶᠢᠨ ᠰᠢᠢᠳᠪᠦᠷᠢᠲᠦ᠍ ᠪᠣᠳᠣᠯᠭ᠎ᠠ᠎ᠶᠢ ᠭᠦᠨᠵᠡᠭᠡᠶ ᠲᠠᠨᠢᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠰᠢᠨ᠎ᠡ ᠴᠠᠭ ᠦᠶ᠎ᠡ᠎ᠶᠢᠨ ᠨᠠᠮ ᠢ᠋ ᠪᠥᠬᠥ᠌ ᠲᠠᠯ᠎ᠠ᠎ᠪᠠᠷ ᠴᠢᠩᠭ᠎ᠠ ᠵᠠᠰᠠᠬᠰᠡᠨ ᠡᠷᠬᠢᠮ ᠨᠠᠨᠳᠢᠨ ᠲᠤᠷᠰᠢᠯᠭ᠎ᠠ᠎ᠶᠢ ᠰᠠᠶ᠋ᠢᠲᠤᠷ ᠪᠠᠷᠢᠮᠲᠠᠯᠠᠵᠤ᠂ ᠰᠠᠶ᠋ᠢᠲᠤᠷ ᠬᠡᠷᠡᠭᠯᠡᠵᠦ᠍᠂ ᠨᠠᠮ᠎ᠤᠨ ᠪᠠᠶ᠋ᠢᠭᠤᠯᠤᠯᠲᠠ᠎ᠳᠤ ᠲᠤᠯᠭᠠᠷᠠᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠰᠠᠶ᠋ᠢᠲᠤᠷ ᠴᠡᠭᠴᠡᠯᠡᠨ ᠵᠠᠰᠠᠵᠤ᠂ ᠰᠠᠶ᠋ᠢᠲᠤᠷ ᠰᠢᠢᠳᠪᠦᠷᠢᠯᠡᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠰᠡᠨ ᠰᠠᠶ᠋ᠢᠨ ᠰᠠᠶ᠋ᠢᠬᠠᠨ ᠤᠯᠤᠰ ᠲᠥᠷᠥ᠎ᠶᠢᠨ ᠪᠠᠶ᠋ᠢᠳᠠᠯ᠎ᠢ ᠰᠠᠶ᠋ᠢᠲᠤᠷ ᠪᠡᠬᠢᠵᠢᠭᠦᠯᠵᠦ᠍᠂ ᠰᠠᠶ᠋ᠢᠲᠤᠷ ᠬᠥᠭᠵᠢᠭᠦᠯᠬᠦ᠌ ᠬᠡᠷᠡᠭᠲᠡᠶ᠃
ᠨᠠᠮ᠎ᠢ ᠬᠠᠮᠢᠶᠠᠷᠴᠤ᠌ ᠨᠠᠮ᠎ᠢ ᠵᠠᠰᠠᠬᠤ ᠨᠢ ᠪᠦᠲᠦᠮᠵᠢᠲᠡᠢ ᠪᠣᠯᠬᠤ ᠲᠤᠳᠤᠮ᠂ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠨᠢ ᠲᠡᠳᠦᠢ ᠬᠦᠴᠦᠲᠡᠢ ᠪᠣᠯᠳᠠᠭ᠃《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌᠎ᠶᠢᠨ ᠰᠠᠭᠤᠷᠢ᠎ᠶᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠬᠤᠭᠤᠴᠠᠭ᠎ᠠ ᠮᠦᠨ᠂ ᠮᠥᠨ ᠴᠦ᠍ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠂ ᠰᠢᠨ᠎ᠡ ᠵᠠᠮ᠎ᠢ ᠲᠦᠷᠭᠡᠳᠬᠡᠨ ᠨᠡᠭᠡᠭᠡᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ ᠪᠢᠳᠡ ᠤᠬᠠᠮᠰᠠᠷ᠎ᠡᠴᠡ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭᠰᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠵᠢᠴᠢ 《ᠬᠣᠶᠠᠷ ᠬᠠᠯᠬᠠᠪᠴᠢ》᠂《 ᠬᠣᠶᠠᠷ ᠰᠠᠭᠤᠷᠢᠨ 》᠂ 《 ᠨᠢᠭᠡ ᠪᠡᠬᠢᠯᠡᠯᠲᠡ 》 ᠵᠢ ᠪᠦᠳᠦᠬᠡᠨ ᠪᠠᠢᠭᠤᠯᠬᠤ ᠡᠭᠦᠷᠭᠡ ᠬᠠᠷᠢᠭᠤᠴᠠᠯᠭ᠎ᠠ ᠵᠢ ᠪᠠᠳᠤ ᠡᠵᠡᠮᠳᠡᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠠᠵᠤ ᠠᠬᠤᠢ᠎ᠶᠢᠨ ᠡᠷᠭᠢᠯᠳᠡ᠂ ᠠᠵᠤ ᠦᠢᠯᠡᠰ᠎ᠦᠨ ᠬᠥᠭᠵᠢᠯᠲᠡ᠂ ᠠᠮᠢ ᠠᠬᠤᠢ᠎ᠶᠢᠨ ᠬᠠᠮᠠᠭᠠᠯᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠡᠯ᠎ᠡ ᠵᠦᠢᠯ᠎ᠦᠨ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠵᠦ᠂ ᠪᠦᠬᠦ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠬᠦᠴᠦᠯᠡᠨ ᠪᠡᠶᠡᠯᠡᠭᠦᠯᠬᠦ ᠬᠡᠷᠡᠭᠳᠡᠢ᠃
ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠨᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠬᠣᠯᠪᠣᠭᠳᠠᠵᠤ᠂ ᠠᠷᠠᠳ ᠤᠯᠠᠨ᠎ᠤ ᠦᠨᠳᠦᠰᠦᠨ ᠠᠰᠢᠭ᠋ ᠲᠤᠰᠠ᠎ᠳᠤ ᠬᠣᠯᠪᠣᠭᠳᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠠᠬᠢᠴᠠ ᠳ᠋ᠤ ᠬᠣᠯᠪᠣᠭᠳᠠᠨ᠎ᠠ᠃ ᠪᠢᠳᠡ ᠪᠥᠬᠥ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠠᠵᠢᠯ ᠬᠢᠵᠦ ᠦᠢᠯᠡᠰ ᠪᠣᠰᠬᠠᠬᠤ᠎ᠶᠢᠨ ᠵᠣᠷᠢᠯᠲᠠ ᠪᠠ ᠲᠤᠰᠤᠯᠲᠠ ᠪᠣᠯᠭᠠᠵᠤ᠂ ᠬᠥᠩᠭᠡᠨ ᠬᠠᠭᠤᠮᠠᠭᠠᠢ ᠣᠪᠣᠷ ᠪᠠᠢᠳᠠᠯ᠎ᠢ ᠲᠠᠶᠠᠭᠳᠠᠵᠤ᠂ ᠬᠡᠢᠰᠪᠦᠷᠢ ᠬᠠᠭᠤᠷᠮᠠᠭ ᠵᠠᠰᠠᠭ᠎ᠤᠨ ᠠᠵᠢᠯ᠎ᠤᠨ ᠪᠦᠳᠦᠮᠵᠢ᠎ᠶᠢ ᠡᠷᠡᠰ ᠬᠣᠷᠢᠭ᠍ᠯᠠᠵᠤ᠂ ᠰᠠᠭᠤᠷᠢ ᠵᠢ ᠲᠠᠯᠪᠢᠬᠤ᠂ ᠠᠯᠤᠰ ᠬᠡᠲᠦ᠎ᠳᠦ ᠠᠰᠢᠭ᠍ᠲᠠᠢ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠮᠵᠢ᠎ᠪᠡᠷ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠴᠦ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠳᠡ ᠪᠡᠷ ᠴᠢᠨᠠᠷ ᠰᠠᠢᠲᠠᠢ ᠬᠥᠭᠵᠢᠯᠲᠡ᠎ᠶᠢ ᠪᠠᠳᠤᠯᠠᠬᠤ ᠬᠡᠷᠡᠭᠲᠡᠢ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠣᠨ᠎ᠠ᠂ ᠪᠢᠳᠡ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠠᠯᠢ ᠤᠯᠠᠨ ᠪᠣᠳᠠᠲᠠᠢ ᠠᠰᠠᠭᠤᠳᠠᠯ᠎ᠢ ᠰᠢᠢᠳᠪᠦᠷᠢᠯᠡᠬᠦ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠲᠦᠪᠰᠢᠨ᠎ᠦ ᠪᠦᠬᠦᠯᠢ ᠴᠣᠭᠴᠠ᠎ᠶᠢᠨ ᠳᠡᠭᠡᠭᠰᠢᠯᠡᠯᠲᠡ᠎ᠶᠢ ᠲᠠᠢ᠍ᠢᠴᠢᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠬᠡᠬᠡᠰᠦᠬᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃