2026-11-10 09:02:09
ᠪᠤᠳᠤᠯᠳᠠ ᠵᠢᠨ ᠬᠦᠴᠦᠨ ᠪᠣᠯ ᠲᠣᠭᠠᠴᠢᠯᠠᠭᠰᠠᠨ ᠠᠵᠤ ᠠᠬᠤᠢ᠎ᠶᠢᠨ ᠴᠠᠭ ᠦᠶ᠎ᠡ᠎ᠶᠢᠨ ᠵᠠᠩᠬᠢᠯᠠᠭ᠎ᠠ ᠵᠢᠨ ᠦᠢᠯᠡᠳᠪᠦᠷᠢᠯᠡᠯ᠎ᠦᠨ ᠬᠦᠴᠦᠨ ᠮᠥᠨ᠂ ᠪᠤᠳᠤᠬᠤ ᠬᠦᠴᠦᠨ᠎ᠦ ᠲᠣᠣᠷ ᠨᠢ ᠤᠯᠤᠰ᠎ᠤᠨ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ 《ᠵᠢᠷᠭᠤᠭᠠᠨ ᠲᠣᠣᠷ》᠎ᠤᠨ ᠨᠢᠭᠡ ᠪᠣᠯᠤᠭᠰᠠᠨ᠎ᠤ ᠬᠤᠪᠢ᠎ᠳᠤ᠂ ᠨᠢᠭᠡᠨᠲᠡ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ ᠴᠢᠬᠤᠯᠠ ᠰᠠᠭᠤᠷᠢ ᠲᠥᠬᠦᠭᠡᠷᠦᠮᠵᠢ ᠪᠣᠯᠵᠠᠢ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ᠎ᠳᠠᠭᠠᠨ᠂ ᠪᠤᠳᠤᠯᠳᠠ ᠵᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠤᠳᠤᠯᠳᠠ ᠵᠢᠨ ᠬᠦᠴᠦᠨ᠎ᠦ ᠥᠨᠳᠥᠷ ᠪᠦᠲᠦᠮᠵᠢᠲᠡᠶ ᠡᠷᠬᠢᠯᠳᠡ ᠵᠢ ᠠᠬᠢᠭᠤᠯᠬᠤ ᠪᠣᠯ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ ᠲᠡᠢᠰᠢ ᠤᠷᠤᠭᠰᠢᠯᠠᠬᠤ ᠶᠠᠪᠣᠴᠠ᠎ᠳᠤ ᠡᠷᠬᠡᠪᠰᠢ ᠰᠢᠢᠳᠪᠦᠷᠢᠯᠡᠬᠦ ᠴᠢᠬᠤᠯᠠᠳᠠᠢ ᠭᠣᠣᠯ ᠰᠡᠳᠦᠪ ᠮᠥᠨ᠃
ᠮᠠᠨ᠎ᠤ ᠤᠯᠤᠰ᠎ᠤᠨ ᠪᠤᠳᠤᠯᠳᠠ ᠵᠢᠨ ᠬᠦᠴᠦᠨ᠎ᠦ ᠪᠠᠢᠭᠤᠯᠤᠯᠲᠠ ᠯᠠᠪᠳᠠᠭᠤᠨ ᠪᠠᠲᠤᠲᠠᠢ ᠠᠬᠢᠵᠤ᠂ ᠪᠤᠳᠤᠯᠳᠠ ᠵᠢᠨ ᠬᠦᠴᠦᠨ᠎ᠦ ᠬᠠᠩᠭᠠᠯᠭ᠎ᠠ᠎ᠶᠢᠨ ᠴᠢᠳᠠᠪᠤᠷᠢ ᠲᠡᠦᠬᠡᠲᠦ ᠴᠢᠨᠠᠷᠲᠠᠢ ᠦᠰᠦᠷᠦᠯᠲᠡ᠎ᠶᠢ ᠪᠡᠶᠡᠯᠡᠭᠦᠯᠪᠡ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2026 ᠣᠨ᠎ᠤ 6 ᠰᠠᠷ᠎ᠠ᠎ᠶᠢᠨ ᠰᠡᠭᠦᠯᠴᠢ ᠪᠣᠯᠲᠠᠯ᠎ᠠ᠂ ᠮᠠᠨ᠎ᠤ ᠤᠯᠤᠰ᠎ᠤᠨ ᠣᠶᠤᠨᠲᠤ ᠪᠤᠳᠤᠯᠳᠠ ᠵᠢᠨ ᠬᠦᠴᠦᠨ ᠦ ᠬᠡᠪᠴᠢᠶ᠎ᠡ 2185EFLOPS᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 177% ᠪᠠᠷ ᠨᠡᠮᠡᠭᠳᠡᠪᠡ᠃ ᠨᠠᠢ᠍ᠮᠠᠨ ᠶᠡᠬᠡ ᠤᠯᠤᠰ᠎ᠤᠨ ᠪᠤᠳᠤᠯᠳᠠ ᠵᠢᠨ ᠬᠦᠴᠦᠨ᠎ᠦ ᠬᠦᠢᠰᠦ ᠪᠠᠷᠢᠯᠭ᠎ᠠ᠎ᠶᠢ ᠲᠦᠷᠭᠡᠳᠬᠡᠨ ᠪᠠᠢᠭᠤᠯᠵᠤ᠂ ᠪᠠᠷᠠᠭᠤᠨ ᠣᠷᠣᠨ᠎ᠤ ᠣᠶᠤᠨᠲᠤ ᠪᠣᠳᠣᠯᠭ᠎ᠠ᠎ᠶᠢᠨ ᠬᠡᠪᠴᠢᠶ᠎ᠡ᠎ᠶᠢᠨ ᠪᠦᠬᠦ ᠤᠯᠤᠰ᠎ᠲᠤ ᠡᠵᠡᠯᠡᠬᠦ ᠬᠠᠷᠢᠴᠠᠯ 32.6% ᠪᠣᠯᠣᠨ ᠳᠡᠭᠡᠭᠰᠢᠯᠡᠵᠦ᠂ ᠮᠠᠨ᠎ᠤ ᠤᠯᠤᠰ᠎ᠤᠨ ᠪᠤᠳᠤᠯᠳᠠ ᠵᠢᠨ ᠬᠦᠴᠦᠨ᠎ᠦ ᠬᠥᠭᠵᠢᠯᠲᠡ ᠬᠡᠪᠴᠢᠶ᠎ᠡ᠎ᠪᠡᠨ ᠥᠷᠭᠡᠳᠬᠡᠵᠦ ᠪᠠᠢᠭᠰᠠᠨ᠎ᠠᠴᠠ ᠪᠠᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢᠶᠠᠨ ᠨᠡᠮᠡᠭᠳᠡᠭᠦᠯᠬᠦ ᠲᠡᠢᠰᠢ ᠰᠢᠯᠵᠢᠭᠰᠡᠨᠢ ᠬᠠᠷᠠᠭᠤᠯᠪᠠ᠃
《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ᠎ᠳᠦ᠂ 《ᠪᠤᠳᠤᠯᠳᠠ ᠵᠢᠨ ᠬᠦᠴᠦᠨ ᠪᠡ ᠴᠠᠬᠢᠯᠭᠠᠨᠬᠦᠴᠦᠨᠤ ᠬᠠᠮᠵᠢᠯᠴᠠᠭ᠎ᠠ》 ᠵᠢ ᠠᠩᠬ᠎ᠠ ᠤᠳᠠᠭ᠎ᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠳᠦ ᠪᠢᠴᠢᠨ ᠣᠷᠣᠭᠤᠯᠵᠤ᠂ ᠪᠤᠳᠤᠯᠳᠠ ᠵᠢᠨ ᠬᠦᠴᠦᠨ ᠦ ᠬᠥᠭᠵᠢᠯᠲᠡ ᠨᠢ ᠲᠥᠷᠥ᠎ᠶᠢᠨ ᠪᠣᠳᠣᠯᠭ᠎ᠠ᠎ᠪᠠᠷ ᠬᠥᠳᠡᠯᠭᠡᠭᠦᠷ ᠪᠣᠯᠭᠠᠬᠤ ᠪᠠ ᠪᠣᠬᠢᠷᠲᠤᠯ ᠦᠭᠡᠢ᠎ᠪᠡᠷ ᠤᠳᠤᠷᠢᠳᠤᠮᠵᠢ ᠪᠣᠯᠭᠠᠬᠤ᠎ᠶᠢ ᠵᠡᠷᠭᠡ ᠳ᠋ᠦ᠍ᠨᠢ ᠴᠢᠬᠤᠯᠠᠴᠢᠯᠠᠬᠤ ᠱᠠᠲᠤ ᠦᠶ᠎ᠡ᠎ᠳᠦ ᠣᠷᠣᠪᠠ᠃ ᠪᠤᠳᠤᠯᠳᠠ ᠵᠢᠨ ᠬᠦᠴᠦᠨ ᠨᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠰᠢᠨ᠎ᠡ ᠬᠡᠯᠪᠡᠷᠢ᠎ᠶᠢᠨ ᠦᠢᠯᠡᠳᠪᠦᠷᠢᠯᠡᠯ᠎ᠦᠨ ᠡᠯᠧᠮᠧᠨ᠋ᠲ ᠪᠣᠯᠤᠭᠰᠠᠨ᠎ᠤ ᠬᠤᠪᠢ᠎ᠳᠤ᠂ ᠲᠣᠭ᠎ᠠ ᠪᠠᠷᠢᠮᠲᠠ᠂ ᠪᠤᠳᠤᠬᠤ ᠠᠷᠭ᠎ᠠ᠎ᠲᠠᠢ ᠬᠠᠮᠲᠤ᠎ᠪᠠᠷ ᠲᠣᠭᠠᠴᠢᠯᠠᠭᠰᠠᠨ ᠴᠠᠭ ᠦᠶ᠎ᠡ᠎ᠶᠢᠨ ᠦᠢᠯᠡᠳᠪᠦᠷᠢᠯᠡᠯ᠎ᠦᠨ ᠬᠦᠴᠦᠨ᠎ᠦ ᠰᠢᠨ᠎ᠡ ᠬᠡᠯᠪᠡᠷᠢ᠎ᠶᠢ ᠪᠦᠷᠢᠯᠳᠦᠭᠦᠯᠵᠦ᠂ ᠦᠢᠯᠡᠳᠪᠦᠷᠢᠯᠡᠯ᠎ᠦᠨ ᠠᠷᠭ᠎ᠠ ᠬᠡᠯᠪᠡᠷᠢ ᠪᠠ ᠠᠵᠤ ᠠᠬᠤᠢ᠎ᠶᠢᠨ ᠠᠵᠢᠯᠯᠠᠭᠠᠨ᠎ᠤ ᠠᠷᠭ᠎ᠠ ᠬᠡᠯᠪᠡᠷᠢ᠎ᠶᠢ ᠭᠦᠨᠵᠡᠭᠡᠢ ᠬᠤᠪᠢᠷᠠᠭᠤᠯᠤᠨ᠎ᠠ᠃ ᠪᠤᠳᠤᠯᠳᠠ ᠵᠢᠨ ᠬᠦᠴᠦᠨ ᠨᠢ ᠳᠠᠪᠬᠤᠷ ᠰᠢᠨᠵᠢ ᠴᠢᠨᠠᠷᠲᠠᠢ᠂ ᠨᠢᠭᠡ ᠲᠠᠯ᠎ᠠ᠎ᠪᠠᠷ ᠤᠯᠠᠮᠵᠢᠯᠠᠯᠲᠤ ᠠᠵᠤ ᠦᠢᠯᠡᠰ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ᠎ᠶᠢ ᠠᠬᠢᠭᠤᠯᠵᠤ᠂ ᠡᠬᠢ ᠪᠠᠶᠠᠯᠢᠭ᠋᠎ᠤᠨ ᠠᠰᠢᠭ᠍ᠯᠠᠮᠵᠢ᠎ᠶᠢ ᠳᠡᠭᠡᠭᠰᠢᠯᠡᠭᠦᠯᠬᠦ ᠪᠣᠯ ᠪᠣᠬᠢᠷᠲᠤᠯ ᠦᠭᠡᠢ ᠬᠡᠯᠪᠡᠷᠢ᠎ᠶᠢ ᠬᠤᠪᠢᠷᠠᠭᠤᠯᠬᠤ ᠴᠢᠬᠤᠯᠠ ᠪᠠᠭᠠᠵᠢ ᠮᠥᠨ᠃ ᠨᠥᠭᠥᠭᠡ ᠲᠠᠯ᠎ᠠ᠎ᠪᠠᠷ ᠲᠣᠰ ᠪᠡᠶ᠎ᠡ ᠨᠢ ᠪᠠᠰᠠ ᠡᠨᠧᠷᠭᠢ᠎ᠶᠢᠨ ᠬᠣᠷᠣᠭᠳᠠᠭᠤᠯᠤᠯ ᠶᠡᠬᠡᠲᠡᠢ᠂ ᠤᠰᠤᠨ᠎ᠤ ᠬᠣᠷᠣᠭᠳᠠᠭᠤᠯᠤᠯ ᠶᠡᠬᠡᠲᠡᠢ ᠠᠵᠤ ᠦᠢᠯᠡᠰ᠎ᠲᠦ ᠬᠠᠷᠢᠶᠠᠯᠠᠭᠳᠠᠬᠤ ᠪᠣᠯᠬᠣᠷ ᠲᠡᠭᠦᠨ᠎ᠢ ᠬᠥᠭᠵᠢᠭᠦᠯᠬᠦ᠎ᠳᠦ ᠡᠷᠬᠡᠪᠰᠢ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ᠎ᠢ ᠪᠠᠷᠢᠮᠲᠠᠯᠠᠬᠤ ᠬᠡᠷᠡᠭᠲᠡᠢ᠃ ᠡᠢᠮᠦ᠎ᠡᠴᠡ ᠪᠤᠳᠤᠯᠳᠠ ᠵᠢᠨ ᠬᠦᠴᠦᠨ᠎ᠦ ᠡᠯᠧᠮᠧᠨ᠋ᠲ᠎ᠦᠨ ᠦᠢᠯᠡᠳᠦᠯ᠎ᠦᠨ ᠦᠷ᠎ᠡ ᠪᠦᠳᠦᠮᠵᠢ ᠨᠢ ᠬᠡᠪᠴᠢᠶᠡᠵᠢᠯ᠎ᠦᠨ ᠶᠡᠬᠡ ᠪᠠᠭ᠎ᠠ᠎ᠠᠴᠠ ᠨᠡᠩ ᠴᠢᠬᠤᠯᠠ ᠪᠠᠢᠳᠠᠭ᠃
ᠤᠯᠠᠭᠠᠨᠴᠠᠪ ᠡᠬᠢ ᠪᠠᠶᠠᠯᠢᠭ᠋᠎ᠤᠨ ᠲᠠᠪᠠᠭᠣᠯᠢᠭ ᠵᠢᠡᠨᠪᠤᠳᠤᠯᠳᠠ ᠵᠢᠨ ᠬᠦᠴᠦᠨ᠎ᠦ ᠳᠠᠪᠠᠭᠤᠯᠢᠭ᠋ ᠪᠣᠯᠭᠠᠨ ᠬᠤᠪᠢᠷᠠᠭᠤᠯᠤᠭᠰᠠᠨ ᠨᠢ ᠨᠢᠭᠡᠨ ᠲᠥᠯᠥᠭᠡᠯᠡᠬᠦ ᠴᠢᠨᠠᠷᠲᠠᠢ ᠥᠯᠢᠭᠡᠷ ᠬᠡᠪ ᠪᠣᠯᠣᠨ᠎ᠠ᠃ ᠲᠤᠬᠠᠢ᠎ᠶᠢᠨ ᠭᠠᠵᠠᠷ᠎ᠤᠨ ᠰᠠᠯᠬᠢᠨᠦ ᠬᠦᠴᠦ ᠬᠡᠷᠡᠯᠴᠢ ᠴᠡᠨᠡᠭ᠎ᠦᠨ ᠡᠬᠢ ᠪᠠᠶᠠᠯᠢᠭ᠋ ᠡᠯᠪᠡᠭ᠂ ᠪᠤᠬᠢᠷᠳᠤᠯ ᠦᠬᠡᠢ ᠴᠠᠬᠢᠯᠭᠠᠨ᠎ᠤ ᠡᠵᠡᠯᠡᠬᠦ ᠬᠠᠷᠢᠴᠠᠯ ᠥᠨᠳᠥᠷ᠂ ᠴᠠᠬᠢᠯᠭᠠᠨ᠎ᠤ ᠦᠨ᠎ᠡ ᠨᠡᠯᠢᠶᠡᠳ ᠳᠣᠣᠷ᠎ᠠ᠂ ᠡᠭᠦᠨ᠎ᠦ ᠳᠡᠭᠡᠷ᠎ᠡ ᠠᠭᠤᠷ ᠠᠮᠢᠰᠬᠤᠯ ᠬᠦᠢᠲᠡᠨ ᠰᠡᠷᠢᠭᠦᠨ᠂ ᠳ᠋ᠠᠢᠲ᠋ᠠ᠎ᠶᠢᠨ ᠲᠥᠪ᠎ᠦᠨ ᠢᠯᠴᠢ ᠲᠠᠷᠬᠠᠭᠠᠬᠤ ᠥᠪᠡᠷ᠎ᠦᠨ ᠥᠷᠲᠡᠭ ᠢᠯᠡᠳᠲᠡ ᠪᠠᠭᠤᠷᠠᠭᠰᠠᠨ ᠪᠥᠭᠡᠳ ᠨᠡᠢᠰᠯᠡᠯ ᠪᠡᠭᠡᠵᠢᠩ᠎ᠲᠠᠢ ᠣᠶ᠋ᠢᠷᠠᠯᠴᠠᠭ᠎ᠠ᠂ ᠰᠦᠯᠵᠢᠶᠡᠨ᠎ᠦ ᠣᠳᠠᠭᠠᠰᠢᠷᠠᠯ ᠲᠣᠣᠷ᠎ᠠ ᠵᠡᠷᠭᠡ ᠳᠠᠪᠠᠭᠤᠯᠢᠭ᠋᠎ᠲᠠᠢ ᠪᠠᠢᠵᠤ᠂ ᠪᠡᠭᠡᠵᠢᠩ ᠲᠢᠶᠠᠨᠵᠢᠨ ᠾᠧᠪᠧᠢ ᠣᠷᠣᠨ᠎ᠤ ᠪᠣᠳᠣᠯᠳᠠ ᠵᠢᠨ ᠬᠦᠴᠦᠨ᠎ᠦ ᠬᠡᠷᠡᠭᠴᠡᠭᠡ᠎ᠶᠢ ᠣᠢᠷᠠᠯᠴᠠᠭ᠎ᠠ ᠡᠴᠡ ᠵᠠᠯᠭᠠᠵᠦ ᠠᠪᠴᠤ ᠴᠢᠳᠠᠨ᠎ᠠ᠃ ᠲᠤᠬᠠᠢ᠎ᠶᠢᠨ ᠭᠠᠵᠠᠷ᠎ᠤᠨ ᠨᠢᠭᠡᠨᠲᠡ ᠭᠠᠷᠤᠨ ᠥᠰᠥᠭ ᠵᠢᠷᠤᠭᠰᠠᠨ ᠪᠣᠳᠣᠯᠳᠠ ᠵᠢᠨ ᠬᠦᠴᠦᠨ᠎ᠦ ᠲᠥᠪ᠎ᠦᠨ ᠲᠥᠷᠥᠯ ᠵᠦᠢᠯ 109 ᠪᠠᠢᠵᠤ᠂ 2026 ᠣᠨ᠎ᠤ 8 ᠰᠠᠷ᠎ᠠ ᠪᠣᠯᠲᠠᠯ᠎ᠠ᠂ ᠪᠤᠳᠤᠯᠳᠠ ᠵᠢᠨ ᠬᠦᠴᠦᠨ᠎ᠦ ᠬᠡᠪᠴᠢᠶ᠎ᠡ ᠨᠢ 19 ᠲᠦᠮᠡᠨ P ᠳᠤ ᠬᠦᠷᠴᠦ᠂ ᠡᠭᠦᠨ᠎ᠳᠦ ᠣᠶᠤᠨᠲᠤ ᠪᠣᠳᠣᠯᠭ᠎ᠠ᠎ᠶᠢᠨ ᠡᠵᠡᠯᠡᠬᠦ ᠬᠠᠷᠢᠴᠠᠯ ᠨᠢ 90%ᠵᠢ ᠳᠠᠪᠠᠵᠠᠢ᠃ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ ᠨᠠᠢᠳᠠᠪᠤᠷᠢᠵᠢᠭᠤᠯᠤᠭᠰᠠᠨ ᠨᠢ ᠲᠣᠭ᠎ᠠ ᠪᠠᠷᠢᠮᠲᠠ᠎ᠶᠢᠨ ᠲᠥᠪ᠎ᠢ ᠠᠵᠢᠯᠯᠠᠭᠣᠯᠬᠣ ᠬᠠᠮᠠᠭᠠᠯᠠᠬᠣ᠂ ᠲᠣᠭ᠎ᠠ ᠪᠠᠷᠢᠮᠲᠠ᠎ᠶᠢᠨ ᠲᠣᠳᠣᠷᠬᠠᠢᠯᠠᠯᠲᠠ ᠵᠡᠷᠭᠡ ᠢᠵᠢ ᠪᠦᠷᠢᠳᠦᠭᠦᠯᠬᠦ ᠡᠵᠡᠩᠨᠡᠯᠲᠡ᠎ᠶᠢᠨ ᠬᠡᠯᠪᠡᠷᠢ᠎ᠶᠢᠨ ᠬᠥᠭᠵᠢᠯᠲᠡ᠎ᠶᠢ ᠲᠠᠢ᠍ᠢᠴᠢᠯᠠᠵᠤ᠂ ᠡᠬᠢ ᠪᠠᠶᠠᠯᠢᠭ᠋᠎ᠤᠨ ᠬᠡᠯᠪᠡᠷᠢ᠎ᠶᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠬᠤ᠎ᠳᠤ ᠰᠢᠨ᠎ᠡ ᠠᠵᠤ ᠦᠢᠯᠡᠰ᠎ᠦᠨ ᠲᠤᠯᠭᠠᠭᠤᠷᠢᠯᠠᠯ ᠬᠠᠩᠭᠠᠪᠠ᠃
ᠶᠡᠷᠦᠩᠬᠡᠢ ᠳ᠋ᠦ᠍ᠨᠢ ᠠᠪᠴᠤ ᠦᠵᠡᠪᠡᠯ᠂ ᠪᠤᠳᠤᠯᠳᠠ ᠵᠢᠨ ᠬᠦᠴᠦᠨ᠎ᠦ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠪᠣᠯ ᠨᠢᠭᠡᠨ ᠰᠢᠰᠲᠧᠮᠲᠦ ᠢᠨᠵᠧᠨᠧᠷᠢᠩ ᠪᠣᠯᠣᠨ᠎ᠠ᠃ ᠪᠤᠳᠣᠯᠳᠠ ᠵᠢᠨ ᠬᠦᠴᠦᠨ᠎ᠦ ᠬᠥᠭᠵᠢᠯᠲᠡ ᠨᠢ ᠭᠣᠣᠯᠳᠠᠭᠤ ᠡᠬᠢ ᠪᠠᠶᠠᠯᠢᠭ᠋᠎ᠤᠨ ᠨᠥᠬᠥᠴᠡᠯ᠎ᠳᠦ ᠬᠢᠵᠠᠭᠠᠷᠯᠠᠭᠳᠠᠵᠤ ᠪᠠᠢᠭᠰᠠᠨ᠎ᠠᠴᠠ᠎ᠪᠠᠨ ᠠᠵᠤ ᠦᠢᠯᠡᠰ᠎ᠦᠨ ᠬᠡᠷᠡᠭᠴᠡᠭᠡ᠎ᠪᠡᠷ ᠬᠥᠲᠥᠯᠥᠮᠵᠢ ᠪᠣᠯᠭᠠᠬᠤ᠂ ᠬᠡᠷᠡᠭᠯᠡᠭᠡᠨ᠎ᠦ ᠦᠷ᠎ᠡ ᠪᠦᠲᠦᠮᠵᠢ᠎ᠪᠡᠷ ᠬᠥᠳᠡᠯᠭᠡᠭᠦᠷ ᠪᠣᠯᠭᠠᠬᠤ᠎ᠳᠤ ᠲᠦᠰᠢᠭᠯᠡᠬᠦ ᠲᠡᠢᠰᠢ ᠰᠢᠯᠵᠢᠵᠦ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ᠂ ᠪᠣᠳᠣᠯᠳᠠ ᠵᠢᠨ ᠬᠦᠴᠦᠨ ᠪᠣᠯᠣᠨ ᠴᠠᠬᠢᠯᠭᠠᠨ ᠬᠦᠴᠦᠨ᠎ᠦ ᠬᠠᠮᠵᠢᠯᠴᠠᠭ᠎ᠠ᠂ ᠪᠣᠳᠣᠯᠳᠠ ᠵᠢᠨ ᠬᠦᠴᠦᠨ ᠪᠣᠯᠣᠨ ᠣᠰᠣᠨᠦ ᠡᠬᠢ ᠪᠠᠶᠠᠯᠢᠬ᠎ᠦᠨ ᠬᠠᠮᠵᠢᠯᠴᠠᠭ᠎ᠠ ᠵᠢ ᠲᠦᠯᠦᠪᠵᠢᠬᠦᠯᠬᠦ᠂ ᠰᠢᠨᠵᠢᠯᠡᠬᠦ ᠤᠬᠠᠭᠠᠨᠴᠢ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠯᠡᠬᠦ᠂ ᠦᠨᠡᠯᠡᠯᠲᠡ ᠬᠢᠨᠠᠨ ᠰᠢᠯᠭᠠᠯᠲᠠ᠎ᠶᠢ ᠰᠠᠢᠵᠢᠷᠠᠭᠤᠯᠬᠤ᠎ᠶᠢ ᠤᠶᠠᠯᠳᠤᠭᠤᠯᠤᠨ ᠬᠠᠮᠵᠢᠯᠴᠠᠭᠤᠯᠤᠨ ᠠᠬᠢᠭᠤᠯᠵᠤ᠂ ᠰᠢᠰᠲᠧᠮ᠎ᠦᠨ ᠣᠢᠯᠠᠭᠠᠭᠳᠠᠬᠤᠨ᠎ᠢᠶᠠᠷ ᠪᠤᠳᠣᠯᠳᠠ ᠵᠢᠨ ᠬᠦᠴᠦᠨ᠎ᠦ ᠬᠥᠭᠵᠢᠯᠲᠡ ᠬᠢᠭᠡᠳ ᠬᠡᠷᠡᠭᠯᠡᠭᠡᠨᠢᠨᠢᠭᠡᠳᠦᠯᠲᠡᠢ ᠲᠥᠯᠥᠪᠯᠡᠬᠦ ᠴᠢᠬᠤᠯᠠᠲᠠᠢ ᠪᠠᠢᠨ᠎ᠠ᠃
ᠪᠣᠳᠣᠯᠳᠠ ᠵᠢᠨ ᠬᠦᠴᠦᠨ᠎ᠦ ᠠᠵᠤ ᠦᠢᠯᠡᠰ᠎ᠦᠨ ᠬᠡᠯᠬᠢᠶ᠎ᠡ᠎ᠶᠢ ᠲᠡᠭᠦᠯᠳᠡᠷᠵᠢᠭᠦᠯᠦᠨ᠎ᠡ᠃ ᠪᠤᠳᠤᠯᠳᠠ ᠵᠢᠨ ᠬᠦᠴᠦᠨ᠎ᠢ ᠡᠬᠢ ᠪᠠᠶᠠᠯᠢᠭ᠋ ᠬᠠᠩᠭᠠᠬᠤ᠎ᠡᠴᠡ ᠲᠣᠭ᠎ᠠ ᠪᠠᠷᠢᠮᠲᠠ᠎ᠶᠢᠨ ᠦᠢᠯᠡᠴᠢᠯᠡᠭᠡ᠂ ᠵᠠᠭᠪᠤᠷ᠎ᠤᠨ ᠪᠣᠯᠪᠠᠰᠤᠷᠠᠯ᠂ ᠠᠵᠢᠯ ᠲᠥᠷᠥᠯ᠎ᠦᠨ ᠬᠡᠷᠡᠭᠯᠡᠭᠡ ᠳᠠᠢᠰᠢ ᠤᠷᠲᠤᠳᠬᠠᠬᠤ᠎ᠶᠢ ᠠᠬᠢᠭᠤᠯᠵᠤ᠂ ᠠᠵᠢᠯ ᠲᠥᠷᠥᠯ᠎ᠳᠦ ᠬᠠᠨᠳᠤᠭᠤᠯᠤᠭᠰᠠᠨ ᠰᠢᠢᠳᠪᠦᠷᠢᠯᠡᠬᠦ ᠲᠥᠰᠥᠯᠬᠠᠩᠭᠠᠬᠣ ᠬᠤᠳᠠᠯᠳᠤᠭᠠᠴᠢᠨ᠎ᠢ ᠪᠣᠢᠵᠢᠭᠣᠯᠣᠨᠠ᠃ ᠪᠤᠳᠤᠯᠳᠠ ᠵᠢᠨ ᠬᠦᠴᠦᠨ᠎ᠦ ᠲᠥᠪ᠎ᠲᠦ ᠲᠦᠰᠢᠭᠯᠡᠨ ᠲᠣᠭ᠎ᠠ ᠪᠠᠷᠢᠮᠲᠠ᠎ᠶᠢᠨ ᠵᠡᠭᠦᠯᠲᠡ ᠲᠠᠢᠯᠪᠤᠷᠢ᠂ ᠵᠠᠭᠪᠤᠷ᠎ᠤᠨ ᠪᠢᠴᠢᠯ ᠲᠣᠬᠢᠷᠠᠭᠤᠯᠤᠯᠲᠠ᠂ ᠪᠤᠳᠤᠯᠳᠠ ᠵᠢᠨ ᠬᠦᠴᠦᠨ᠎ᠦ ᠠᠷᠠᠯᠵᠢᠶ᠎ᠠ ᠵᠡᠷᠭᠡ ᠢᠵᠢ ᠪᠦᠷᠢᠳᠦᠭᠦᠯᠬᠦ ᠡᠵᠡᠩᠨᠡᠯᠲᠡ᠎ᠶᠢᠨ ᠪᠠᠢᠳᠠᠯ᠎ᠢ ᠬᠦᠭᠵᠢᠬᠦᠯᠦᠨ᠎ᠠ᠂ ᠪᠤᠳᠤᠯᠳᠠ ᠵᠢᠨ ᠬᠦᠴᠦᠨ᠎ᠦ ᠲᠣᠰ ᠭᠠᠵᠠᠷ᠎ᠲᠤ ᠳᠡᠭᠡᠷ᠎ᠠ ᠳᠣᠣᠷ᠎ᠠ ᠬᠡᠯᠬᠢᠶ᠎ᠡ᠎ᠶᠢ ᠵᠣᠯᠭᠠᠭᠣᠯᠣᠬᠰᠠᠨ ᠠᠵᠤ ᠦᠢᠯᠡᠰ᠎ᠦᠨ ᠠᠮᠢ ᠠᠬᠤᠢ᠎ᠶᠢ ᠪᠣᠶ ᠪᠣᠯᠭᠠᠬᠤ᠎ᠶᠢ ᠠᠬᠢᠭᠤᠯᠵᠤ᠂ ᠪᠤᠳᠤᠯᠳᠠ ᠵᠢᠨ ᠬᠦᠴᠦᠨ᠎ᠢ ᠲᠤᠬᠠᠢ᠎ᠶᠢᠨ ᠭᠠᠵᠠᠷ ᠲᠤᠨᠢ ᠬᠡᠷᠡᠭᠯᠡᠭᠡ ᠬᠢᠬᠦ᠂ ᠲᠤᠬᠠᠢ᠎ᠶᠢᠨ ᠭᠠᠵᠠᠷ ᠲᠤᠨᠢ ᠥᠷᠲᠡᠭ ᠨᠡᠮᠡᠭᠳᠡᠭᠦᠯᠵᠦ᠂ ᠪᠤᠳᠤᠯᠳᠠ ᠵᠢᠨ ᠬᠦᠴᠦᠨ᠎ᠦ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠤᠨ᠎ᠠ᠃
ᠪᠣᠳᠣᠯᠳᠠ ᠵᠢᠨ ᠬᠦᠴᠦᠨ ᠪᠣᠯᠣᠨ ᠴᠠᠬᠢᠯᠭᠠᠨ ᠬᠦᠴᠦᠨ᠎ᠦ ᠬᠠᠮᠵᠢᠯᠴᠠᠭ᠎ᠠ᠂ ᠪᠣᠳᠣᠯᠳᠠ ᠵᠢᠨ ᠬᠦᠴᠦᠨ ᠪᠣᠯᠣᠨ ᠣᠰᠣᠨᠦ ᠡᠬᠢ ᠪᠠᠶᠠᠯᠢᠬ᠎ᠦᠨ ᠬᠠᠮᠵᠢᠯᠴᠠᠭ᠎ᠠ ᠵᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠴᠠᠬᠢᠯᠭᠠᠨ᠂ ᠤᠰᠤ ᠬᠣᠶᠠᠷ ᠵᠦᠢᠯ᠎ᠦᠨ ᠳᠠᠩᠰᠠ᠎ᠶᠢ ᠲᠣᠳᠣᠷᠬᠠᠢ ᠪᠣᠳᠣᠵᠤ᠂ ᠪᠣᠳᠣᠯᠳᠠ ᠵᠢᠨ ᠬᠦᠴᠦᠨ᠎ᠦ ᠪᠠᠢᠷᠢᠰᠢᠭᠤᠯᠤᠯ ᠬᠢᠭᠡᠳ ᠰᠢᠨ᠎ᠡ ᠮᠠᠶᠢᠬ᠎ᠦᠨ ᠴᠠᠬᠢᠯᠭᠠᠨ ᠬᠦᠴᠦᠨ᠎ᠦ ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢ ᠬᠠᠷᠢᠯᠴᠠᠨ ᠵᠣᠯᠭᠠᠭᠤᠯᠬᠤ᠎ᠶᠢ ᠠᠬᠢᠭᠤᠯᠵᠤ᠂ ᠪᠤᠬᠢᠷᠳᠦᠯ ᠦᠬᠡᠢ ᠴᠠᠬᠢᠯᠭᠠᠨ᠎ᠢ ᠰᠢᠭᠤᠳ ᠬᠣᠯᠪᠣᠬᠤ᠂ ᠴᠠᠬᠢᠯᠭᠠᠨᠭᠠᠷᠭᠠᠬᠣ᠂ ᠴᠠᠬᠢᠯᠭᠠᠨ ᠲᠣᠣᠷ ᠳᠠᠭᠠᠭᠠᠴᠠ ᠨᠥᠭᠡᠴᠡᠯᠡᠬᠦ᠎ᠶᠢ ᠨᠢᠭᠡ ᠴᠣᠭᠴᠠᠵᠢᠭᠤᠯᠤᠭᠰᠠᠨ ᠬᠡᠷᠡᠭᠯᠡᠯᠲᠡ᠎ᠶᠢ ᠥᠷᠭᠡᠳᠬᠡᠨ᠂ ᠪᠣᠳᠣᠯᠳᠠ ᠵᠢᠨ ᠬᠦᠴᠦᠨ᠎ᠦ ᠲᠥᠪ᠎ᠦᠨ ᠡᠨᠧᠷᠭᠢ ᠬᠡᠷᠡᠭᠯᠡᠬᠦ ᠥᠪᠡᠷ᠎ᠦᠨ ᠥᠷᠲᠡᠭ᠎ᠢ ᠪᠠᠭᠤᠷᠠᠭᠤᠯᠤᠨ᠎ᠠ᠃ ᠰᠠᠯᠬᠢᠨ ᠵᠢᠡᠷ ᠢᠯᠴᠢ ᠰᠠᠷᠨᠢᠭᠣᠯᠬᠣ᠂ ᠬᠦᠷᠦᠬᠡᠬᠦ ᠰᠢᠩᠬᠡᠨ ᠵᠢᠡᠷ ᠢᠯᠴᠢ ᠰᠠᠷᠨᠢᠭᠣᠯᠬᠣ ᠵᠡᠷᠭᠡ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂ ᠪᠤᠳᠤᠯᠳᠠ ᠵᠢᠨ ᠬᠦᠴᠦᠨ᠎ᠦ ᠲᠥᠪ᠎ᠢ ᠬᠥᠲᠥᠯᠥᠨ ᠵᠢᠯᠤᠭᠣᠳᠴᠤ ᠪᠠᠢᠭᠠᠳ ᠳᠠᠬᠢᠯᠲᠠ ᠤᠰᠤ᠎ᠶᠢ ᠤᠷᠢᠳ᠎ᠢᠶᠠᠷ ᠬᠡᠷᠡᠭᠯᠡᠭᠦᠯᠵᠦ᠂ ᠤᠰᠤᠨ᠎ᠤ ᠡᠬᠢ ᠪᠠᠶᠠᠯᠢᠭ᠋᠎ᠤᠨ ᠬᠣᠷᠣᠭᠳᠠᠯ᠎ᠢ ᠲᠥᠷᠥᠯ ᠵᠦᠢᠯ᠎ᠦᠨ ᠵᠢᠷᠤᠭ ᠲᠥᠯᠥᠪᠯᠡᠭᠡ ᠪᠠ ᠡᠵᠡᠩᠨᠡᠯᠲᠡ᠎ᠶᠢᠨ ᠬᠢᠨᠠᠨ ᠰᠢᠯᠭᠠᠯᠲᠠ᠎ᠳᠤ ᠣᠷᠣᠭᠤᠯᠵᠤ᠂ ᠨᠠᠩ ᠳᠣᠣᠷ᠎ᠠ ᠡᠬᠢ ᠪᠠᠶᠠᠯᠢᠭ᠋ ᠣᠷᠴᠢᠨ ᠲᠣᠭᠣᠷᠢᠨ᠎ᠤ ᠦᠨ᠎ᠡ ᠥᠷᠲᠡᠭ᠎ᠢᠶᠡᠷ ᠨᠠᠩ ᠶᠡᠬᠡ ᠬᠥᠭᠵᠢᠯᠲᠡ᠎ᠶᠢᠨ ᠦᠷ᠎ᠡ ᠪᠦᠲᠦᠮᠵᠢ᠎ᠶᠢ ᠲᠤᠯᠭᠠᠭᠤᠷᠢᠯᠠᠨ᠎ᠠ᠃
ᠪᠤᠳᠤᠯᠳᠠ ᠵᠢᠨ ᠬᠦᠴᠦᠨ᠎ᠦ ᠣᠷᠣᠨ ᠪᠦᠰᠡ᠎ᠶᠢᠨ ᠪᠠᠢᠷᠢᠯᠠᠭᠤᠯᠤᠯᠲᠠ᠎ᠶᠢ ᠰᠢᠯᠢᠳᠡᠭᠵᠢᠭᠦᠯᠦᠨ᠎ᠡ᠃ ᠡᠯ᠎ᠡ ᠭᠠᠵᠠᠷ᠎ᠤᠨ ᠡᠬᠢ ᠪᠠᠶᠠᠯᠢᠭ᠋᠂ ᠠᠵᠤ ᠦᠢᠯᠡᠰ᠎ᠦᠨ ᠰᠠᠭᠤᠷᠢ᠂ ᠬᠡᠷᠡᠭᠯᠡᠭᠡᠨ᠎ᠦ ᠠᠬᠤᠢ ᠲᠠᠯᠠᠪᠣᠷ᠎ᠦᠨ ᠵᠥᠷᠢᠶ᠎ᠡ ᠨᠢ ᠢᠯᠡᠷᠬᠡᠢ ᠪᠠᠢᠵᠤ᠂ ᠪᠣᠳᠣᠯᠳᠠ ᠵᠢᠨ ᠬᠦᠴᠦᠨ᠎ᠦ ᠪᠠᠢᠷᠢᠯᠠᠭᠤᠯᠤᠯᠲᠠ ᠨᠢ ᠨᠢᠭᠡ ᠯᠡ ᠠᠳᠠᠯᠢ ᠪᠠᠢᠵᠤ ᠪᠣᠯᠬᠤ ᠦᠭᠡᠢ᠃ ᠪᠤᠬᠢᠷᠳᠦᠯ ᠦᠬᠡᠢ ᠴᠠᠬᠢᠯᠭᠠᠨ ᠡᠯᠪᠡᠭ᠂ ᠠᠭᠤᠷ ᠠᠮᠢᠰᠬᠤᠯ ᠬᠦᠢᠲᠡᠨ ᠰᠡᠷᠢᠭᠦᠨ ᠪᠠᠢᠳᠠᠭ ᠪᠠᠷᠠᠭᠤᠨ ᠬᠡᠰᠡᠭ᠎ᠦᠨ ᠭᠠᠵᠠᠷ ᠣᠷᠣᠨ ᠶᠡᠬᠡ ᠬᠡᠪᠴᠢᠶᠡᠨ᠎ᠦ ᠪᠣᠯᠪᠠᠰᠤᠷᠠᠯ ᠬᠢᠬᠦ ᠵᠡᠷᠭᠡ ᠡᠭᠦᠷᠭᠡ᠎ᠶᠢ ᠬᠦᠯᠢᠶᠡᠨ ᠠᠪᠬᠤ᠎ᠳᠤ ᠲᠣᠬᠢᠷᠠᠮᠵᠢᠲᠠᠢ᠂ ᠵᠠᠬ᠎ᠠ ᠳᠡᠯᠭᠡᠭᠦᠷ᠎ᠲᠦ ᠣᠢᠷᠠᠲᠤᠭᠰᠠᠨ᠂ ᠠᠬᠤᠢ ᠲᠠᠯᠠᠪᠣᠷ ᠡᠯᠪᠡᠭ ᠪᠠᠶᠠᠯᠢᠭ᠋ ᠵᠡᠭᠦᠨ ᠬᠡᠰᠡᠭ᠎ᠦᠨ ᠭᠠᠵᠠᠷ ᠣᠷᠣᠨ ᠣᠢᠷ᠎ᠠ ᠬᠠᠪᠢ ᠳ᠋ᠤᠨᠢ ᠰᠦᠯᠵᠢᠶᠡᠨ᠎ᠦ ᠣᠳᠠᠭᠠᠰᠢᠷᠠᠯ ᠲᠤᠤᠷ᠎ᠠ ᠦᠢᠯᠡᠴᠢᠯᠡᠭᠡ ᠬᠠᠩᠭᠠᠬᠤ᠎ᠳᠤ ᠲᠣᠬᠢᠷᠠᠮᠵᠢᠲᠠᠢ᠃ ᠠᠵᠤ ᠦᠢᠯᠡᠰ᠎ᠦᠨ ᠲᠤᠯᠭᠠᠭᠤᠷᠢᠯᠠᠯ ᠳᠤᠲᠠᠮᠠᠭ᠂ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠠᠴᠠ ᠰᠠᠯᠤᠩᠬᠢᠷᠠᠭᠰᠠᠨ ᠲᠥᠷᠥᠯ ᠵᠦᠢᠯ᠎ᠢ ᠴᠢᠩᠭ᠎ᠠ ᠠᠳᠬᠤᠵᠤ᠂ ᠣᠷᠳᠣ᠌ ᠬᠤᠭᠤᠴᠠᠭ᠎ᠠ᠎ᠪᠠᠷ ᠰᠤᠯᠠ ᠲᠠᠯᠪᠢᠬᠳᠠᠬᠣᠶᠢ ᠰᠡᠷᠭᠡᠢᠯᠡᠬᠦ ᠬᠡᠷᠡᠭᠲᠡᠢ᠃
ᠪᠤᠳᠤᠯᠳᠠ ᠵᠢᠨ ᠬᠦᠴᠦᠨ᠎ᠦ ᠪᠠᠢᠭᠤᠯᠤᠯᠲᠠ᠎ᠶᠢ ᠦᠨᠡᠯᠡᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠪᠤᠳᠤᠯᠳᠠ ᠵᠢᠨ ᠬᠦᠴᠦᠨ᠎ᠦ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠬᠡᠮᠵᠢᠬᠦ᠎ᠳᠦ ᠪᠤᠳᠣᠯᠳᠠ ᠵᠢᠨ ᠬᠦᠴᠦᠨ᠎ᠦ ᠠᠰᠢᠭ᠍ᠯᠠᠮᠵᠢ᠂ ᠬᠡᠷᠡᠭᠯᠡᠭᠡᠨ᠎ᠦ ᠪᠣᠳᠠᠲᠤ ᠦᠷ᠎ᠡ ᠪᠦᠲᠦᠮᠵᠢ ᠪᠠ ᠠᠵᠤ ᠦᠢᠯᠡᠰ᠎ᠦᠨ ᠳᠠᠢᠴᠢᠯᠠᠯᠲᠠ᠎ᠶᠢ ᠦᠵᠡᠬᠦ ᠬᠡᠷᠡᠭᠲᠡᠢ᠃ ᠰᠢᠯᠭᠠᠨ ᠬᠢᠨᠠᠭᠰᠠᠨ ᠦᠷ᠎ᠡ ᠳ᠋ᠦᠩ᠎ᠢ ᠲᠥᠷᠥᠯ ᠵᠦᠢᠯ᠎ᠢ ᠵᠥᠪᠰᠢᠶᠡᠷᠡᠬᠦ᠂ ᠬᠦᠴᠦᠨ ᠵᠦᠢᠯ᠎ᠦᠨ ᠪᠠᠲᠤᠯᠠᠭ᠎ᠠ ᠯᠤᠭ᠎ᠠ ᠬᠣᠯᠪᠣᠭᠳᠠᠭᠤᠯᠵᠤ᠂ ᠡᠯ᠎ᠡ ᠭᠠᠵᠠᠷ᠎ᠤᠨ ᠬᠢᠨ᠎ᠦ ᠭᠣᠣᠯᠳᠠᠯᠭ᠎ᠠ᠎ᠪᠠᠨ ᠪᠤᠳᠤᠯᠳᠠ ᠵᠢᠨ ᠬᠦᠴᠦᠨ᠎ᠢ ᠬᠡᠷᠡᠭᠯᠡᠬᠦ ᠪᠠ ᠤᠯᠠᠷᠢᠭᠤᠯᠬᠤ ᠳᠡᠭᠡᠷ᠎ᠡ ᠲᠠᠯᠪᠢᠬᠤ᠎ᠶᠢ ᠬᠥᠲᠥᠯᠥᠨ ᠵᠢᠯᠤᠭᠣᠳᠴᠤ᠂ ᠠᠵᠤ ᠦᠢᠯᠡᠰ᠎ᠦᠨ ᠰᠠᠭᠤᠷᠢ᠎ᠠᠴᠠ ᠰᠠᠯᠤᠩᠭᠢᠷᠠᠨ ᠰᠣᠬᠣᠷ ᠪᠠᠯᠠᠢ᠎ᠪᠠᠷ ᠥᠷᠭᠡᠳᠭᠡᠬᠦ᠎ᠡᠴᠡ ᠵᠠᠢᠯᠠᠰᠬᠢᠵᠦ ᠪᠣᠯᠣᠨ᠎ᠠ᠃
ᠮᠠᠨ᠎ᠤ ᠤᠯᠤᠰ᠎ᠤᠨ ᠪᠤᠳᠤᠯᠳᠠ ᠵᠢᠨ ᠬᠦᠴᠦᠨ᠎ᠦ ᠬᠡᠪᠴᠢᠶ᠎ᠡ ᠨᠢᠭᠡᠨᠲᠡ ᠳᠡᠯᠡᠬᠡᠢ᠎ᠶᠢᠨ ᠡᠮᠦᠨ᠎ᠡ ᠡᠩᠨᠡᠭᠡᠨ᠎ᠳᠦ ᠣᠷᠣᠵᠤ ᠪᠠᠢᠨ᠎ᠠ᠂ ᠡᠨᠡ ᠬᠦ᠌ ᠳᠠᠪᠠᠭᠤᠯᠢᠭ᠋᠎ᠢ ᠭᠦᠢᠴᠡᠳ ᠰᠠᠢᠲᠤᠷ ᠠᠰᠢᠭ᠍ᠯᠠᠵᠤ᠂ ᠡᠯᠧᠮᠧᠨ᠋ᠲ᠎ᠦᠨ ᠦᠢᠯᠡᠳᠦᠯ ᠴᠢᠳᠠᠪᠬᠢ᠎ᠶᠢ ᠪᠣᠳᠠᠲᠤ ᠴᠣᠭᠴᠠ᠎ᠶᠢᠨ ᠠᠵᠤ ᠠᠬᠤᠢ᠎ᠶᠢᠨ ᠦᠢᠯᠡᠳᠪᠦᠷᠢᠯᠡᠯ᠎ᠦᠨ ᠪᠦᠬᠦ ᠶᠠᠪᠤᠴᠠ᠎ᠳᠤ ᠪᠠᠳᠠᠷᠠᠭᠤᠯᠪᠠᠯ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠳᠤ ᠤᠳᠠᠭᠠᠨ ᠳᠠᠭᠠᠭᠠᠮᠠᠭᠠᠢ ᠬᠥᠳᠡᠯᠭᠡᠬᠦ ᠡᠨᠧᠷᠭᠢ ᠨᠡᠮᠡᠷᠢᠯᠡᠵᠦ ᠴᠢᠳᠠᠨ᠎ᠠ᠃
— 《ᠠᠵᠦ ᠠᠬᠣᠢ ᠵᠢᠨ ᠡᠳᠦᠷ᠎ᠦᠨ ᠰᠣᠨᠢᠨ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃