2026-11-10 09:35:44
ᠠᠮᠢ ᠠᠬᠤᠢ ᠵᠢᠨ ᠡᠭᠢ ᠪᠠᠶᠠᠯᠢᠭ ᠢ᠋ ᠬᠡᠳᠦᠷᠡᠳᠡᠯ᠎ᠡ ᠨᠡᠭᠡᠭᠡᠨ ᠠᠰᠢᠬᠯᠠᠵᠤ ᠪᠤᠯᠬᠤ ᠪᠢᠰᠢ ᠂ ᠬᠠᠷᠢᠨ ᠦᠷᠭᠦᠯᠵᠢᠯᠡᠨ ᠬᠦᠭᠵᠢᠬᠦᠯᠬᠦ ᠴᠢᠬᠤᠯᠠᠳᠠᠢ
ᠤᠳᠤ ᠦᠪᠦᠷ ᠮᠤᠩᠭᠤᠯ ᠤ᠋ᠨ ᠡᠯᠪᠡᠭ ᠪᠠᠶᠠᠯᠢᠭ ᠪᠠᠢᠭᠠᠯᠢ ᠵᠢᠨ ᠡᠬᠢ ᠪᠠᠶᠠᠯᠢᠭ ᠨᠢ 《ᠨᠢᠳᠦ ᠬᠤᠵᠢᠷᠯᠠᠬᠤ》 ᠦᠵᠡᠰᠭᠦᠯᠡᠩᠳᠤ ᠰᠠᠢᠬᠠᠨ ᠦᠵᠡᠮᠵᠢ ᠪᠠᠢᠭᠰᠠᠨ ᠡᠴᠡ ᠪᠠᠨ ᠢᠳᠡᠭ ᠢᠳᠡᠭᠵᠢᠡᠷ 《ᠦᠨᠡᠲᠦ ᠡᠳ᠋ ᠬᠥᠷᠥᠩᠭᠡ》 ᠪᠣᠯᠵᠤ ᠬᠤᠪᠢᠷᠠᠵᠤ ᠪᠠᠢᠭ᠎ᠠ ᠠᠵᠢ᠃ ᠠᠭᠤᠳᠠᠮ ᠲᠠᠯ᠎ᠠ᠂ ᠨᠡᠯᠦᠭᠡᠷ ᠣᠢ᠂ ᠨᠤᠭᠤ ᠭᠠᠵᠠᠷ᠂ ᠳᠤᠩᠭᠠᠯᠠᠭ ᠨᠠᠭᠤᠷ ᠵᠠᠷᠭᠡ ᠨᠢ ᠮᠠᠨᠤ ᠤᠯᠤᠰᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠴᠤᠭᠴᠠᠯᠠᠬᠤᠵᠢᠨ ᠡᠷᠬᠢᠮ ᠨᠠᠨᠳᠢᠨ ᠡᠳ᠋ ᠬᠥᠷᠥᠩᠭᠡ ᠪᠣᠯᠬᠤ ᠪᠦᠭᠡᠳ ᠮᠠᠰᠢ ᠶᠡᠬᠡ ᠠᠮᠢ ᠠᠬᠤᠢ ᠵᠢᠨ ᠪᠦᠲᠦᠭᠡᠭᠳᠡᠬᠦᠨ ᠤ᠋ ᠥᠷᠲᠡᠭ ᠠᠭᠤᠯᠵᠤ ᠪᠠᠢᠳᠠᠭ᠃
ᠠᠮᠢ ᠠᠬᠤᠢ ᠵᠢᠨ ᠡᠬᠢ ᠪᠠᠶᠠᠯᠢᠭ ᠢ᠋ ᠠᠭᠤᠳᠠᠯᠵᠤ ᠠᠷᠠᠳ ᠲᠦ᠍ ᠠᠰᠢᠭ ᠬᠦᠷᠳᠡᠭᠡᠭᠦ ᠳᠦ ᠵᠠᠬ᠎ᠠ ᠳᠡᠯᠭᠡᠭᠦᠷ ᠤ᠋ᠨ ᠠᠵᠢᠯᠯᠠᠭᠠᠨᠳᠦ ᠲᠦᠰᠢᠭᠯᠡᠬᠦ ᠪᠠᠷ ᠪᠠᠷᠠᠬᠤ ᠦᠭᠡᠢ ᠳᠦᠷᠢᠮ ᠤ᠋ᠨ ᠰᠢᠨ᠎ᠡ ᠵᠢ ᠡᠭᠦᠳᠤᠯᠳᠠ ᠳ᠋ᠦ᠍ ᠲᠦᠰᠢᠭᠯᠡᠬᠦ ᠴᠢᠬᠤᠯᠠᠳᠠᠢ᠃ ᠤᠳᠤ ᠦᠪᠦᠷ ᠮᠤᠩᠭᠤᠯ ᠤ᠋ᠨ ᠲᠠᠯ᠎ᠠ ᠨᠤᠲᠤᠭ ᠤ᠋ᠨ ᠠᠮᠢ ᠠᠬᠤᠢ ᠵᠢᠨ ᠵᠢᠭᠤᠯᠴᠢᠯᠠᠯ ᠦᠷᠭᠦᠯᠵᠢᠯᠡᠨ ᠬᠦᠭᠵᠢᠶᠠᠨᠳᠠᠢ ᠦᠷᠨᠢᠵᠤ᠂ ᠪᠦᠬᠦ ᠤᠯᠤᠰ ᠤ᠋ᠨ ᠡᠯ᠎ᠡ ᠭᠠᠵᠠᠷ ᠤ᠋ᠨ ᠵᠢᠭᠤᠯᠴᠢᠯᠠᠭᠰᠠᠳ ᠦᠪᠦᠷ ᠮᠤᠩᠭᠤᠯ ᠤ᠋ᠨ ᠦᠪᠡᠷᠮᠢᠴᠡ ᠤᠨᠴᠠᠯᠢᠭᠳᠤ ᠪᠠᠢᠭᠠᠯᠢ ᠵᠢᠨ ᠦᠵᠡᠮᠵᠢᠵᠢ ᠪᠠᠬᠠᠷᠬᠠᠵᠤ ᠬᠦᠷᠤᠯᠴᠠᠨ ᠢᠷᠡᠵᠤ ᠵᠢᠭᠤᠯᠴᠢᠯᠠᠨ ᠲᠤᠭᠤᠷᠢᠵᠤ ᠰᠠᠨᠠᠭ᠎ᠠ ᠰᠡᠳᠬᠢᠯᠵᠢᠡᠨ ᠪᠠᠶᠠᠰᠬᠠᠵᠤ ᠪᠤᠢ; ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ 《ᠡᠪᠡᠰᠦᠨᠤ᠋ ᠪᠢᠯᠧᠲ》 ᠤ᠋ᠨ ᠲᠦᠷᠢᠮᠤᠨ ᠰᠢᠨ᠎ᠡ ᠵᠢ ᠡᠭᠦᠳᠴᠦ᠂ ᠨᠤᠳᠤᠭ ᠪᠡᠯᠴᠢᠭᠡᠷ ᠤ᠋ᠨ ᠡᠷᠬᠡ ᠠᠰᠢᠭ ᠢ᠋ ᠳᠠᠨᠵᠢᠯᠠᠵᠤ ᠪᠣᠯᠬᠤᠢᠴᠠ ᠠᠰᠢᠭ ᠬᠦᠷᠲᠡᠬᠦ ᠦᠨᠡᠮᠯᠡᠯ ᠪᠣᠯᠭᠠᠨ ᠬᠤᠪᠢᠷᠠᠭᠤᠯᠵᠤ᠂ ᠮᠠᠯᠴᠢᠳ ᠡᠬᠦᠨᠵᠢᠡᠷᠵᠢᠡᠨ ᠪᠠᠩᠬᠢ ᠵᠢᠨ ᠵᠢᠭᠡᠯᠡᠯᠭᠡ ᠠᠪᠴᠦ ᠲᠠᠷᠠᠴᠢᠯᠠᠨ ᠠᠰᠢᠭ ᠬᠤᠪᠢᠶᠠᠷᠢᠯᠠᠯᠳᠠ ᠬᠦᠷᠳᠡᠵᠤ ᠪᠤᠢ;ᠦᠪᠦᠷ ᠮᠤᠩᠭᠤᠯ ᠪᠠᠰᠠ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠠᠷᠠᠯᠵᠢᠶ᠎ᠠ᠂ ᠠᠮᠢ ᠠᠬᠤᠢ ᠵᠢᠨ ᠢᠲᠡᠭᠡᠮᠵᠢ ᠣᠯᠭᠣᠬᠤ ᠵᠡᠷᠭᠡ ᠰᠢᠨ᠎ᠡ ᠵᠠᠭᠪᠤᠷ ᠢ᠋ ᠲᠠᠰᠤᠷᠠᠯᠲᠠ ᠦᠭᠡᠢ ᠰᠦᠪᠡᠭᠴᠢᠯᠡᠨ ᠬᠡᠷᠡᠭᠵᠢᠭᠦᠯᠵᠤ ᠲᠤᠪᠤᠢᠮ᠎ᠠ ᠦᠷ᠎ᠠ ᠪᠦᠳᠤᠮᠵᠢ ᠤᠯᠵᠤ ᠪᠤᠢ᠃
ᠠᠩᠬᠠᠷᠤᠭᠤᠰᠢᠳᠠᠢ ᠨᠢ ᠠᠮᠢ ᠠᠬᠤᠢ ᠵᠢᠨ ᠡᠬᠢ ᠪᠠᠶᠠᠯᠢᠭ ᠢ᠋ ᠬᠡᠳᠦᠷᠡᠳᠡᠯ᠎ᠡ ᠨᠡᠭᠡᠭᠡᠨ ᠠᠰᠢᠬᠯᠠᠵᠤ ᠪᠤᠯᠬᠤ ᠪᠢᠰᠢ᠂ ᠬᠠᠷᠢᠨ ᠦᠷᠭᠦᠯᠵᠢᠯᠡᠨ ᠬᠦᠭᠵᠢᠬᠦᠯᠬᠦ ᠴᠢᠬᠤᠯᠠᠳᠠᠢ᠃ ᠠᠮᠢ ᠠᠬᠤᠢᠵᠢᠨ ᠡᠬᠢ ᠪᠠᠶᠠᠯᠢᠭ ᠡᠴᠡ ᠠᠵᠤ ᠠᠬᠤᠢᠵᠢᠨ ᠦᠷ᠎ᠡ ᠠᠰᠢᠭ ᠬᠦᠷᠳᠡᠭᠦ ᠳᠦ ᠪᠠᠢᠭᠠᠯᠢ ᠵᠢᠨ ᠡᠬᠢ ᠪᠠᠶᠠᠯᠢᠭ ᠤ᠋ᠨ ᠳᠠᠭᠠᠭᠠᠴᠠ ᠵᠢᠨ ᠬᠡᠮᠵᠢᠶ᠎ᠡ ᠵᠢ ᠪᠠᠳᠤ ᠰᠠᠬᠢᠨ᠂ ᠬᠡᠳᠦᠷᠡᠳᠡᠯ᠎ᠡ ᠨᠡᠭᠡᠭᠡᠨ ᠠᠰᠢᠬᠯᠠᠬᠤ ᠵᠢ ᠳᠡᠪᠴᠢᠵᠤ᠂ ᠤᠯᠵᠠ ᠠᠰᠢᠭ ᠢ᠋ ᠬᠦᠬᠡᠭᠡᠴᠡᠯᠳᠤᠨ ᠠᠮᠢ ᠠᠬᠤᠢ ᠵᠢ ᠡᠪᠳᠡᠬᠦ ᠠᠵᠢᠯᠯᠠᠭ᠎ᠠ ᠵᠢ ᠡᠷᠡᠰ ᠬᠤᠷᠢᠭᠯᠠᠬᠤ ᠬᠡᠷᠡᠭᠳᠡᠢ᠃ ᠡᠬᠦᠨᠳᠤ ᠵᠠᠪᠠᠯ ᠠᠮᠢ ᠠᠬᠤᠢ ᠵᠢᠨ ᠡᠬᠢ ᠪᠠᠶᠠᠯᠢᠭᠢ ᠬᠠᠮᠳᠤ ᠪᠡᠷ ᠡᠳ᠋ᠯᠡᠭᠦ ᠵᠢ ᠪᠠᠷᠢᠮᠳᠠᠯᠠᠵᠤ᠂ ᠠᠮᠢ ᠠᠬᠤᠢᠵᠢᠨ ᠦᠷᠳᠡᠭᠢ ᠠᠵᠤ ᠠᠬᠤᠢᠵᠢᠨ ᠦᠷᠳᠡᠭ ᠪᠤᠯᠭᠠᠨ ᠬᠤᠪᠢᠷᠠᠭᠤᠯᠤᠭᠰᠠᠨ ᠬᠦᠭᠵᠢᠯᠳᠠ ᠵᠢᠨ ᠦᠷ᠎ᠡ ᠪᠦᠳᠦᠮᠵᠢᠵᠢ ᠮᠠᠯᠴᠢᠨ ᠲᠦᠮᠡᠨ᠂ ᠤᠢ ᠬᠠᠮᠠᠭᠠᠯᠠᠬᠴᠢ ᠪᠡᠯᠴᠢᠭᠡᠷ ᠬᠠᠮᠠᠭᠠᠯᠠᠭᠴᠢ ᠵᠡᠷᠭᠡ ᠠᠮᠢ ᠠᠬᠤᠢ ᠵᠢ ᠬᠠᠮᠠᠭᠠᠯᠠᠵᠤ ᠪᠦᠬᠦᠢ ᠭᠤᠤᠯ ᠴᠤᠭᠴᠠ ᠳᠦ ᠬᠦᠷᠳᠡᠭᠡᠬᠦ ᠵᠢ ᠴᠢᠬᠤᠯᠠᠴᠢᠯᠠᠬᠤ ᠡᠴᠡ ᠪᠢᠰᠢ ᠬᠠᠷᠢᠨ ᠠᠮᠢ ᠠᠬᠤᠢ ᠵᠢᠨ ᠦᠷ᠎ᠠ ᠠᠰᠢᠭ ᠢ᠋ ᠪᠡᠯᠡ ᠤᠷᠤᠭᠤᠯᠤᠯᠳᠠ ᠵᠢᠨ ᠵᠠᠬ᠎ᠠ ᠳᠡᠯᠭᠡᠭᠦᠷ ᠲᠦ᠍ ᠤᠷᠤᠭᠤᠯᠬᠤ ᠪᠡᠷ ᠬᠦᠭᠡᠭᠡᠴᠡᠯᠳᠤᠬᠦᠵᠢ ᠡᠷᠡᠰ ᠳᠠᠪᠴᠢᠬᠦ ᠬᠡᠷᠡᠭᠳᠡᠢ᠃
ᠨᠤᠮᠢᠨ ᠤᠰᠤ ᠬᠦᠭᠡᠮᠳᠦᠭ ᠠᠭᠤᠯᠠ ᠪᠤᠯ ᠠᠯᠳᠠᠨ ᠠᠭᠤᠯᠠ ᠮᠦᠡᠭᠬᠦᠨ ᠬᠠᠢᠷᠬᠠᠨ ᠮᠦᠨ᠃ ᠠᠮᠢ ᠠᠬᠤᠢᠵᠢ ᠬᠠᠮᠠᠭᠠᠯᠠᠬᠤᠳᠤ ᠵᠠᠪᠠᠯ ᠬᠠᠤᠯᠢ ᠲᠦᠷᠢᠮ ᠢ᠋ ᠳᠡᠭᠦᠯᠳᠡᠷᠵᠢᠭᠦᠯᠤᠨ ᠬᠡᠷᠡᠭᠵᠢᠭᠦᠯᠬᠦ ᠵᠢᠨ ᠬᠠᠮᠳᠤ ᠵᠠᠬ᠎ᠠ ᠳᠡᠯᠭᠡᠭᠦᠷ ᠢ᠋ ᠬᠦᠭᠵᠢᠭᠡᠨ ᠠᠷᠠᠳ ᠤᠯᠠᠨ ᠳᠦ ᠠᠰᠢᠭ ᠬᠦᠷᠳᠡᠭᠡᠵᠤ᠂ ᠠᠮᠢ ᠠᠬᠤᠢ ᠵᠢᠨ ᠳᠠᠪᠠᠭᠤᠯᠢᠭ ᠢ᠋ ᠬᠦᠭᠵᠢᠯᠳᠡ ᠵᠢᠨ ᠳᠠᠪᠠᠭᠤᠯᠢᠭ ᠪᠤᠯᠭᠠᠨ ᠬᠤᠪᠢᠷᠠᠭᠤᠯᠵᠤ᠂ ᠠᠭᠠᠷ ᠲᠡᠭᠷᠢ ᠪᠠᠨ ᠴᠡᠡᠭᠭᠡᠭᠵᠢᠡᠷ ᠨᠢ ᠪᠠᠢᠯᠭᠠᠵᠤ᠂ ᠠᠭᠤᠳᠠᠮ ᠲᠠᠯ᠎ᠠ ᠪᠠᠨ ᠨᠤᠭᠤᠭᠠᠨᠵᠢᠡᠷ ᠨᠢ ᠪᠠᠢᠯᠭᠠᠵᠤ᠂ ᠤᠰᠤ ᠮᠦᠷᠡᠨᠵᠢᠡᠨ ᠲᠤᠡᠭᠭᠠᠯᠠᠭᠵᠢᠡᠷ ᠨᠢ ᠪᠠᠢᠯᠭᠠᠵᠤ᠂ ᠠᠭᠤᠯᠠ ᠨᠢᠷᠤᠭᠤᠳᠵᠢᠡᠨ ᠬᠦᠭᠡᠮᠳᠦᠭᠵᠢᠡᠷ ᠪᠠᠢᠯᠭᠠᠬᠤ ᠪᠠᠷ ᠬᠦᠴᠤᠯᠠᠨ ᠴᠢᠷᠮᠠᠢᠶ᠎ᠠ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃