ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-11-17 10:24:17

ᠵᠣᠬᠢᠶᠠᠭ᠍ᠴᠢ᠄ ᠠᠷᠠᠳ᠎ᠤᠨ ᠡᠳᠦᠷ᠎ᠤᠨ ᠰᠤᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

ᠰᠠᠶᠢᠬᠠᠨ ᠵᠠᠰᠠᠪᠤᠷᠢ ᠣᠷᠣᠭᠤᠯᠵᠤ ᠨᠡᠶ᠋ᠢᠲᠡᠯᠡᠭᠰᠡᠨ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠠᠵᠢᠯ᠎ᠤᠨ ᠲᠦᠷᠢᠮ》 ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠠᠵᠢᠯ᠎ᠳᠤ ᠶᠣᠰᠣ ᠲᠦᠷᠢᠮ ᠲᠣᠭᠲᠠᠭᠠᠨ ᠦᠭᠴᠦ᠂ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠶ ᠶᠤᠮ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠢ᠎ᠠ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠤᠬᠠᠮᠰᠠᠷ᠎ᠢᠶᠠᠷ 《ᠲᠦᠷᠢᠮ》 ᠢ᠋ ᠨᠠᠷᠢᠨ ᠬᠢᠨᠠᠮᠠᠭᠠᠢ ᠰᠤᠷᠤᠯᠴᠠᠨ ᠰᠠᠢᠳᠤᠷ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ ᠵᠢᠨ ᠵᠢᠯᠤᠭᠤᠳᠤᠯᠭ᠎ᠠ᠎ᠶᠢ ᠡᠷᠡᠰ ᠲᠠᠭᠠᠬᠤ᠂ ᠬᠡᠷᠡᠭᠵᠢᠭᠦᠯᠦᠯᠲᠡ ᠨᠢ ᠬᠦᠴᠦᠲᠡᠢ᠂ ᠬᠠᠮᠢᠶᠠᠷᠤᠯᠲᠠ ᠨᠢ ᠴᠢᠩᠭ᠎ᠠ᠂ ᠤᠳᠤᠷᠢᠳᠬᠤ ᠪᠠᠭ ᠨᠢ ᠪᠦᠯᠬᠦᠮᠳᠡᠯ᠎ᠲᠡᠶ᠂ ᠰᠤᠷᠲᠠᠯ ᠴᠢᠬᠡᠴᠢ ᠤᠪᠤᠷ ᠲᠦᠪ ᠪᠦᠬᠦᠢ ᠪᠠᠲᠤ᠌ ᠴᠢᠩᠭ᠎ᠠ ᠵᠣᠬᠢᠶᠠᠨ ᠪᠠᠶ᠋ᠢᠭᠤᠯᠤᠯᠲᠠ᠎ᠶᠢ ᠪᠠᠶ᠋ᠢᠭᠤᠯᠬᠤ ᠬᠡᠷᠡᠭᠲᠡᠢ᠃

ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ 《ᠲᠦᠷᠢᠮ》᠎ᠳ᠋ᠤ᠌᠂ 《ᠨᠠᠮ᠎ᠤᠨ ᠣᠷᠣᠨ ᠨᠤᠲᠤᠭ᠎ᠤᠨ ᠬᠣᠷᠢᠢ᠎ᠠ ᠡᠷᠬᠡᠪᠰᠢ  ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠬᠤ ᠬᠡᠷᠡᠭᠲᠡᠢ》ᠭᠡᠵᠦ᠍ ᠲᠤᠪᠤᠢ᠌ᠯᠭᠠᠨ ᠴᠢᠬᠤᠯᠠᠴᠢᠯᠠᠪᠠ᠃ ᠣᠷᠣᠨ ᠨᠤᠲᠤᠭ᠎ᠤᠨ ᠨᠠᠮ᠎ᠤᠨ ᠬᠣᠷᠢᠶ᠎ᠠ ᠡᠷᠬᠡᠪᠰᠢ《ᠬᠣᠶᠠᠷ᠎ᠢ ᠲᠣᠭᠲᠠᠭᠠᠭᠰᠠᠨ》 ᠤ᠋  ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠨᠠᠩ ᠭᠦᠨᠵᠡᠭᠡᠶ ᠣᠶ᠋ᠢᠯᠠᠭᠠᠵᠤ᠂《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠤᠬᠠᠪᠦᠷᠢᠯᠠᠬᠤ ᠴᠢᠳᠠᠪᠤᠷᠢ᠂ ᠤᠯᠤᠰ ᠲᠥᠷᠥ᠎ᠶᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠲᠣᠰ ᠭᠠᠵᠠᠷ ᠣᠷᠣᠨ᠎ᠤ᠎ᠪᠠᠨ ᠠᠵᠢᠯ᠎ᠢ ᠤᠬᠠᠭᠠᠯᠠᠨ ᠲᠦᠯᠦᠪᠯᠡᠵᠦ ᠠᠬᠢᠭᠤᠯᠬᠤ᠎ᠳᠤ ᠤᠬᠠᠮᠰᠠᠷ᠎ᠡᠴᠡ᠎ᠪᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠶ᠋ᠢᠵᠤ᠂ ᠨᠠᠮ᠎ᠤᠨ ᠲᠥᠪ ᠬᠤᠷᠢᠶ᠎ᠠ ᠵᠢᠨ ᠵᠢᠯᠣᠭᠣᠳᠣᠯᠭ᠎ᠠ᠎ᠶᠢ ᠡᠷᠡᠰ ᠳᠠᠭᠠᠵᠤ᠂ ᠢᠮᠠᠭᠲᠠ ᠨᠠᠮ᠎ᠤᠨ ᠲᠥᠪ ᠬᠣᠷᠢᠶ᠎ᠠ᠎ᠲᠠᠶ ᠨᠢᠭᠡᠳᠦᠯᠲᠡᠶ ᠪᠠᠶ᠋ᠢᠵᠤ᠂ ᠨᠠᠮ᠎ᠤᠨ ᠲᠥᠪ ᠬᠤᠷᠢᠶ᠎ᠠ ᠵᠢᠨ ᠱᠠᠭᠠᠷᠳᠠᠯᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠨᠠᠮ᠎ᠤᠨ ᠲᠥᠪ ᠬᠤᠷᠢᠶ᠎ᠠ ᠵᠢᠨ ᠵᠠᠰᠠᠭ᠎ᠤᠨ ᠵᠠᠷᠯᠢᠭ᠎ᠤᠨ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ᠎ᠶᠢ ᠳᠠᠭᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠢᠮᠠᠭᠲᠠ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠲᠡᠷᠢᠭᠦᠨ ᠴᠢᠬᠤᠯᠠ ᠤᠯᠤᠰ ᠲᠦᠷᠦ᠎ᠶᠢᠨ ᠡᠭᠦᠷᠭᠡ ᠪᠠ ᠦᠨᠳᠦᠰᠦᠨ ᠤᠯᠤᠰ ᠲᠦᠷᠦ᠎ᠶᠢᠨ ᠬᠠᠷᠢᠭᠤᠴᠠᠯᠭ᠎ᠠ ᠪᠣᠯᠭᠠᠵᠤ᠂ 《ᠨᠢᠭᠡᠳᠦᠭᠡᠷ ᠵᠥᠪᠯᠡᠬᠦ᠌ ᠰᠡᠳᠦᠪ》 ᠤ᠋ᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠪᠣᠳᠠᠲᠠᠢ᠎ᠲᠠᠶ ᠤᠶᠠᠯᠳᠤᠭᠤᠯᠤᠨ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠲᠦᠭᠡᠯᠴᠢ ᠴᠢᠨᠠᠷᠲᠠᠢ᠎ᠪᠠᠷ ᠠᠵᠢᠯ᠎ᠢᠶᠠᠨ ᠥᠷᠨᠢᠭᠦᠯᠵᠦ᠍᠂ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠰ ᠭᠠᠵᠠᠷ ᠣᠷᠣᠨ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠠᠬᠢᠭᠤᠯᠵᠤ᠂ ᠡᠴᠦᠰ᠎ᠦᠨ ᠦᠷ᠎ᠡ ᠪᠦᠲᠦᠮᠵᠢ ᠨᠢ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠲᠣᠭᠲᠠᠭᠠᠬᠰᠠᠨ ᠰᠠᠨᠠᠭ᠎ᠠ᠂ ᠲᠦᠷᠦ᠎ᠶᠢᠨ ᠪᠤᠳᠤᠯᠭ᠎ᠠ᠎ᠶᠢᠨ ᠤᠭ ᠰᠠᠨᠠᠭ᠎ᠠ᠎ᠲᠠᠶ ᠨᠡᠶ᠋ᠢᠴᠡᠬᠦ᠌᠎ᠶᠢ ᠪᠠᠲᠤᠯᠠᠬᠤ ᠬᠡᠷᠡᠭᠲᠡᠢ᠃ ᠶᠡᠬᠡ ᠲᠠᠯ᠎ᠠ᠎ᠶᠢᠨ ᠦᠵᠡᠯᠲᠡ ᠪᠠ ᠬᠡᠷᠡᠭᠵᠢᠭᠦᠯᠬᠦ᠌ ᠬᠦᠴᠦᠨ᠎ᠢ ᠦᠨᠡᠨ ᠬᠦ᠌ ᠴᠢᠩᠭᠠᠳᠬᠠᠵᠤ᠂ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠴᠢᠩᠭ᠎ᠠ ᠡᠵᠡᠮᠳᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠶ᠋ᠢᠳᠠᠪᠤᠷᠢᠵᠢᠭᠤᠯᠬᠤ᠎ᠶᠢ ᠴᠢᠩᠭ᠎ᠠ ᠠᠳᠬᠤᠵᠤ᠂ ᠬᠣᠭᠣᠰᠣᠨ ᠤᠷᠢᠶ᠎ᠠ ᠬᠠᠰᠬᠢᠷᠴᠤ᠌ ᠨᠠᠶ᠋ᠢᠳᠠᠪᠤᠷᠢᠵᠢᠭᠤᠯᠬᠤ ᠦᠭᠡᠢ ᠪᠠᠶ᠋ᠢᠵᠤ ᠪᠣᠯᠬᠤ ᠦᠭᠡᠢ᠂ ᠨᠡᠩ ᠴᠤ᠌ 《ᠲᠤᠮᠳᠠᠬᠢ ᠭᠤᠬᠴᠤᠭ᠎ᠠ ᠵᠢᠨ ᠬᠠᠷᠰᠢ ᠰᠠᠭᠠᠳ》 ᠪᠤᠯᠵᠤ ᠪᠣᠯᠬᠤ ᠦᠭᠡᠢ᠃

ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭᠲᠡᠢ᠃ 《ᠲᠦᠷᠢᠮ》 ᠨᠢ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ ᠵᠢᠨ ᠬᠡᠯᠪᠡᠷᠢᠯ᠎ᠢ ᠰᠡᠷᠭᠡᠶ᠋ᠢᠯᠡᠨ ᠵᠠᠯᠠᠷᠠᠭᠤᠯᠬᠤ᠎ᠳᠦ ᠴᠢᠭᠯᠡᠭᠦᠯᠦᠨ ᠲᠦᠷᠢᠮ ᠲᠣᠭᠲᠠᠭᠠᠯ᠎ᠢ ᠤᠯᠠᠮ ᠨᠢᠭᠡ ᠠᠯᠬᠤᠮ ᠪᠦᠷᠢᠨᠰᠢᠭᠦᠯᠪᠡ᠃ ᠣᠷᠣᠨ ᠨᠤᠲᠤᠭ᠎ᠤᠨ ᠨᠠᠮ᠎ᠤᠨ ᠬᠣᠷᠢᠢ᠎ᠠ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌᠎ᠶᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ᠎ᠶᠢᠨ ᠲᠤᠪᠤᠢ᠌ᠮ᠎ᠠ ᠲᠠᠯ᠎ᠠ᠂ ᠤᠷᠳᠤ ᠬᠤᠭᠤᠴᠠᠭᠠᠨ᠎ᠤ ᠡᠭᠦᠷᠭᠡ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠬᠥᠮᠦᠵᠢᠯ᠎ᠢ ᠦᠷᠭᠦᠯᠵᠢᠯᠡᠨ ᠠᠬᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠬᠡᠯᠪᠡᠷᠢᠯ ᠠᠰᠠᠭᠤᠳᠠᠯ᠎ᠢ ᠪᠠᠶ᠋ᠢᠩᠭᠤ᠎ᠶᠢᠨ ᠴᠢᠨᠠᠷᠲᠠᠢ ᠪᠠᠶ᠋ᠢᠴᠠᠭᠠᠨ ᠴᠡᠭᠴᠡᠯᠡᠨ ᠰᠠᠢᠵᠢᠷᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠦᠢᠯᠡ ᠠᠵᠢᠯᠯᠠᠭ᠎ᠠ᠎ᠳᠤ ᠶᠠᠪᠤᠭᠤᠯᠬᠤ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠂ ᠺᠠᠳ᠋ᠷᠴᠤᠳ᠎ᠤᠨ ᠦᠵᠡᠯ ᠰᠠᠨᠠᠭᠠᠨ᠎ᠤ ᠲᠠᠯ᠎ᠠ᠎ᠪᠠᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠬᠤ᠂ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠌᠂ ᠰᠢᠨᠵᠢᠯᠡᠬᠦ᠌ ᠤᠬᠠᠭᠠᠨᠴᠢ᠎ᠪᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ᠎ᠶᠢ ᠢᠮᠠᠭᠲᠠ ᠪᠡᠶᠡᠯᠡᠭᠦᠯᠬᠦ᠌ ᠬᠡᠷᠡᠭᠲᠡᠢ᠃ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠲᠣᠰ ᠭᠠᠵᠠᠷ ᠣᠷᠣᠨ᠎ᠤ᠎ᠪᠠᠨ ᠪᠣᠳᠠᠲᠤ᠌ ᠪᠠᠶ᠋ᠢᠳᠠᠯ᠎ᠳᠤ ᠰᠠᠭᠤᠷᠢᠯᠠᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠠᠵᠢᠯ᠎ᠢ ᠤᠬᠠᠭᠠᠯᠠᠨ ᠲᠦᠯᠦᠪᠯᠡᠵᠦ᠍᠂ ᠢᠯᠡ ᠬᠠᠷᠠᠬᠳᠠᠬᠤ ᠠᠮᠵᠢᠯᠲᠠ ᠪᠦᠲᠦᠮᠵᠢ ᠪᠠ ᠢᠷᠡᠬᠡᠳᠦᠢ ᠳ᠋ᠤ ᠢᠯᠡᠷᠡᠬᠦ ᠳᠠᠯᠳᠠ ᠠᠮᠵᠢᠯᠲᠠ ᠪᠦᠲᠦᠮᠵᠢ᠂ ᠬᠡᠰᠡᠭ ᠲᠠᠯ᠎ᠠ ᠪᠠ ᠪᠥᠬᠥ᠌ ᠲᠠᠯ᠎ᠠ᠂ ᠬᠥᠭᠵᠢᠯᠲᠡ ᠪᠠ ᠠᠮᠤᠷ ᠲᠦᠪᠰᠢᠨ᠂ ᠠᠵᠤ ᠠᠬᠤᠶ ᠪᠠ ᠠᠷᠠᠳ᠎ᠤᠨ ᠠᠮᠢᠳᠤᠷᠠᠯ᠂ ᠣᠳᠣᠬᠠᠨ ᠪᠠ ᠠᠯᠤᠰ ᠬᠡᠲᠦ᠍ ᠵᠡᠷᠭᠡ ᠬᠠᠷᠢᠴᠠᠭ᠎ᠠ᠎ᠶᠢ ᠵᠥᠪ ᠰᠢᠢᠳᠪᠦᠷᠢᠯᠡᠵᠦ᠍᠂ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠱᠠᠭᠠᠷᠳᠠᠯᠭ᠎ᠠ᠎ᠶᠢ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠥᠬᠥ᠌ ᠶᠠᠪᠤᠴᠠ ᠡᠯ᠎ᠡ ᠬᠦᠷᠢᠶᠡᠨ᠎ᠳᠦ ᠲᠤᠭᠤᠰᠢᠯᠠᠭᠤᠯᠬᠤ ᠬᠡᠷᠡᠭᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠬᠡᠯᠪᠡᠷᠢᠯ᠎ᠢ ᠪᠦᠲᠦᠮᠵᠢᠲᠡᠢ ᠰᠡᠷᠭᠡᠶ᠋ᠢᠯᠡᠨ ᠵᠠᠯᠠᠷᠠᠭᠤᠯᠬᠤ ᠠᠵᠢᠯ᠎ᠤᠨ ᠲᠣᠭᠲᠡᠴᠡ᠎ᠶᠢ ᠪᠦᠷᠢᠨᠰᠢᠬᠥᠯᠤᠨ᠂ ᠰᠢᠨ᠎ᠡ ᠳᠠᠷᠤᠭ᠎ᠠ ᠨᠢ ᠬᠠᠭᠤᠴᠢᠨ ᠲᠠᠨᠭᠰᠠ᠎ᠶᠢ ᠬᠠᠮᠢᠶᠠᠷᠬᠤ ᠦᠭᠡᠢ᠂ ᠠᠪᠤᠨ ᠳᠣᠣᠷ᠎ᠠ᠎ᠪᠠᠨ ᠠᠰᠢᠭ ᠤᠯᠬᠤ᠎ᠶᠢ ᠬᠥᠭᠡᠭᠡᠴᠡᠯᠳᠦᠬᠦ᠌᠂ ᠬᠤᠳᠠᠯ᠎ᠢᠶᠠᠷ ᠵᠣᠬᠢᠶᠠᠨ ᠬᠠᠭᠤᠷᠮᠠᠬᠯᠠᠨ ᠦᠢᠯᠡᠳᠬᠦ᠌᠂ ᠰᠣᠬᠣᠷ ᠪᠠᠯᠠᠢ᠎ᠪᠠᠷ ᠬᠢᠬᠦ᠌᠂ ᠤᠯᠠᠨ ᠲᠦᠮᠡᠨ᠎ᠦ ᠬᠦᠰᠡᠯ ᠰᠠᠨᠠᠭ᠎ᠠ᠎ᠡᠴᠡ ᠲᠡᠷᠰᠯᠡᠵᠦ᠍ ᠪᠣᠳᠠᠲᠠᠢ᠎ᠲᠠᠶ ᠨᠡᠶ᠋ᠢᠴᠡᠬᠦ᠌ ᠦᠭᠡᠢ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ 《ᠲᠦᠷᠢ ᠲᠥᠷᠬᠦ᠌᠎ᠶᠢᠨ ᠢᠨᠵᠧᠨᠧᠷᠢᠩ》 ᠪᠠ 《ᠵᠠᠰᠠᠭ᠎ᠤᠨ ᠠᠵᠢᠯ᠎ᠤᠨ ᠠᠮᠵᠢᠯᠲᠠ᠎ᠶᠢᠨ ᠢᠨᠵᠧᠨᠧᠷᠢᠩ》 ᠢ᠋ ᠬᠡᠷᠡᠭᠵᠢᠭᠦᠯᠬᠦ᠂ ᠲᠦᠷᠦ᠎ᠶᠢᠨ ᠪᠤᠳᠤᠯᠭ᠎ᠠ᠎ᠶᠢ ᠲᠥᠯᠥᠪᠵᠢᠭᠦᠯᠬᠦ᠎ᠳᠤ 《ᠲᠤᠤᠷ᠎ᠠ ᠨᠢ ᠲᠤᠯᠤᠭ᠎ᠠ ᠬᠤᠪᠢᠷᠠᠬᠤ》᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠯᠳᠠ ᠴᠢᠨᠠᠷᠲᠠᠢ ᠥᠭᠴᠡᠭᠡ᠎ᠶᠢ ᠲᠣᠭᠲᠠᠭᠠᠯ᠎ᠡᠴᠡ ᠵᠥᠷᠢᠴᠡᠨ ᠰᠢᠨ᠎ᠡ᠎ᠪᠡᠷ ᠨᠡᠮᠡᠭᠳᠡᠭᠦᠯᠬᠦ᠌᠂ ᠬᠥᠭᠵᠢᠯᠲᠡ᠎ᠶᠢ ᠯᠡ ᠮᠡᠳᠡᠭᠡᠳ ᠠᠮᠤᠷ ᠲᠦᠪᠰᠢᠨ᠎ᠢ ᠡᠷᠬᠢᠮᠯᠡᠬᠦ᠌ ᠦᠭᠡᠢ ᠪᠠᠶ᠋ᠢᠬᠤ ᠵᠡᠷᠭᠡ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠡᠷᠡᠰ ᠬᠦᠴᠦᠲᠡᠢ ᠪᠡᠷ ᠠᠷᠠᠳ ᠲᠦᠮᠡᠨ᠎ᠤ ᠲᠦᠯᠦᠭᠡ  ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠦᠢᠯᠡᠳᠦᠯᠭᠡ᠂ ᠠᠷᠠᠳ ᠲᠦᠮᠡᠨ᠂ ᠲᠡᠤᠬᠡ ᠵᠢᠨ ᠰᠢᠯᠭᠠᠯᠲᠠ ᠵᠢ ᠲᠠᠭᠠᠭᠠᠵᠤ ᠲᠡᠢᠯᠬᠦ ᠪᠤᠲᠠᠳᠤ ᠠᠮᠵᠢᠯᠲᠠ ᠪᠦᠲᠦᠮᠵᠢ ᠵᠢ ᠦᠨᠡᠨ ᠬᠦ᠌ ᠡᠭᠦᠳᠬᠦ ᠬᠡᠷᠡᠭᠲᠡᠢ᠃

ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ᠌ ᠬᠡᠷᠡᠭᠲᠡᠢ᠃《ᠲᠦᠷᠢᠮ》 ᠳ᠋ᠤ᠌ ᠵᠣᠬᠢᠶᠠᠨ ᠪᠠᠶ᠋ᠢᠭᠤᠯᠤᠯᠲᠠ᠎ᠶᠢᠨ ᠵᠠᠷᠴᠢᠮ᠂ ᠬᠡᠷᠡᠭ ᠵᠥᠪᠯᠡᠵᠦ᠍ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠌ ᠵᠡᠷᠭᠡ ᠲᠠᠯ᠎ᠠ᠎ᠪᠠᠷ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠠᠷᠠᠳᠴᠢᠯᠠᠯ ᠲᠥᠪᠯᠡᠷᠡᠯ᠎ᠦᠨ ᠶᠣᠰᠣ᠎ᠶᠢ ᠲᠤᠭᠤᠰᠢᠯᠠᠭᠤᠯᠤᠨ ᠬᠡᠷᠡᠭᠵᠢᠭᠦᠯᠬᠦ᠌ ᠵᠢᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠣᠷᠣᠨ ᠨᠤᠲᠤᠭ᠎ᠤᠨ ᠨᠠᠮ᠎ᠤᠨ ᠬᠣᠷᠢᠢ᠎ᠠ ᠬᠠᠮᠲᠤ᠎ᠪᠠᠷ ᠤᠳᠤᠷᠢᠳᠬᠤ ᠪᠠ ᠬᠤᠪᠢ ᠬᠥᠮᠦᠨ ᠳ᠋ᠤ ᠠᠵᠢᠯ ᠬᠤᠪᠢᠶᠠᠷᠢᠯᠠᠨ ᠬᠠᠷᠢᠭᠤᠴᠠᠬᠤ᠎ᠶᠢ ᠤᠶᠠᠯᠳᠤᠭᠤᠯᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠤᠳᠤᠷᠢᠳᠬᠤ ᠪᠠᠭ᠎ᠤᠨ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠬᠡᠷᠡᠭ ᠵᠥᠪᠯᠡᠬᠦ᠌ ᠲᠦᠷᠢᠮ᠎ᠢ ᠴᠢᠩᠭ᠎ᠠ ᠬᠡᠷᠡᠭᠵᠢᠭᠦᠯᠦᠨ᠂ ᠰᠢᠨᠵᠢᠯᠡᠬᠦ᠌ ᠤᠬᠠᠭᠠᠨᠴᠢ᠎ᠪᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠎ᠶᠢ ᠪᠠᠷᠢᠮᠲᠠᠯᠠᠵᠤ᠂ ᠴᠢᠬᠤᠯᠠ ᠶᠡᠬᠡ ᠠᠰᠠᠭᠤᠳᠠᠯ ᠪᠦᠬᠦᠨ᠎ᠢ ᠡᠷᠬᠡᠪᠰᠢ ᠬᠠᠮᠲᠤ᠎ᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠎ᠢ ᠬᠡᠷᠡᠭᠵᠢᠭᠦᠯᠬᠦ᠌᠂ ᠲᠤᠰᠬᠠᠢ ᠶᠠᠷᠢᠯᠴᠠᠬᠤ᠂ ᠬᠤᠷᠠᠯ᠎ᠢᠶᠠᠷ ᠲᠣᠭᠲᠠᠭᠠᠬᠤ ᠵᠠᠷᠴᠢᠮ ᠶᠣᠰᠣᠭᠠᠷ ᠬᠠᠮᠲᠤ᠎ᠪᠠᠷ ᠶᠠᠷᠢᠯᠴᠠᠨ ᠲᠣᠭᠲᠠᠭᠠᠬᠤ ᠬᠡᠷᠡᠭᠲᠡᠢ᠃ ᠨᠠᠮ᠎ᠤᠨ ᠬᠤᠷᠢᠶ᠎ᠠ ᠵᠢᠨ ᠱᠦᠵᠢ ᠠᠷᠠᠳᠴᠢᠯᠠᠯ ᠲᠥᠪᠯᠡᠷᠡᠯ᠎ᠦᠨ ᠶᠣᠰᠣ᠎ᠶᠢ ᠲᠦᠷᠦᠭᠦᠯᠡᠨ ᠲᠤᠭᠤᠰᠢᠯᠠᠭᠤᠯᠤᠨ ᠬᠡᠷᠡᠭᠵᠢᠭᠦᠯᠵᠦ᠍᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠢ ᠭᠦᠢᠴᠡᠳ ᠪᠠᠳᠠᠷᠠᠭᠤᠯᠤᠨ᠂ ᠵᠥᠪ ᠰᠠᠨᠠᠯ᠎ᠢ ᠴᠢᠳᠠᠮᠠᠭᠠᠢ᠎ᠪᠠᠷ ᠲᠥᠪᠯᠡᠷᠡᠭᠦᠯᠵᠦ᠍᠂ ᠤᠬᠠᠮᠰᠠᠷ᠎ᠡᠴᠡ᠎ᠪᠠᠨ ᠬᠢᠨᠠᠯᠲᠠ᠎ᠶᠢ ᠬᠦᠯᠢᠶᠡᠵᠦ᠍᠂ 《ᠬᠡᠯᠡᠪᠡᠯ ᠮᠢᠨᠦ ᠵᠦᠪ》᠂ 《ᠭᠡᠷ᠎ᠦᠨ ᠡᠵᠡᠨ᠎ᠤ ᠲᠦᠷᠢᠮ》᠎ᠢ᠋ ᠶᠠᠪᠤᠭᠤᠯᠵᠤ ᠪᠣᠯᠬᠤ ᠦᠭᠡᠢ᠂ ᠬᠠᠮᠲᠤ᠎ᠪᠠᠷ ᠰᠤᠳᠤᠯᠬᠤ ᠶᠣᠰᠣᠲᠠᠢ ᠵᠦᠢᠯ᠎ᠳᠦ ᠳᠤᠷ᠎ᠠ᠎ᠪᠠᠷ᠎ᠢᠶᠠᠨ ᠣᠪᠣᠷ᠎ᠢᠶᠠᠨ ᠢᠯᠡᠳᠬᠡᠵᠦ᠍ ᠪᠣᠯᠬᠤ ᠦᠭᠡᠢ᠂ ᠬᠤᠪᠢ ᠬᠥᠮᠦᠨ᠎ᠦ ᠰᠠᠨᠠᠯ᠎ᠢᠶᠠᠷ ᠤᠳᠤᠷᠢᠳᠬᠤ ᠪᠠᠭ᠎ᠤᠨ ᠬᠠᠮᠲᠤ᠎ᠵᠢᠨ ᠲᠣᠭᠲᠠᠭᠠᠯ᠎ᠢ ᠤᠷᠤᠯᠠᠭᠤᠯᠵᠤ ᠪᠣᠯᠬᠤ ᠦᠭᠡᠢ᠂ ᠬᠠᠮᠲᠤ᠎ᠶᠢᠨ ᠲᠣᠭᠲᠠᠭᠠᠯ᠎ᠢ ᠳᠤᠷ᠎ᠠ᠎ᠪᠠᠷ᠎ᠢᠶᠠᠨ ᠬᠤᠪᠢᠷᠠᠭᠤᠯᠵᠤ ᠪᠣᠯᠬᠤ ᠦᠭᠡᠢ᠂ ᠱᠠᠳᠤ ᠱᠠᠳᠤ᠎ᠪᠠᠷ ᠱᠠᠭᠠᠷᠳᠠᠵᠤ ᠬᠤᠪᠢ ᠬᠥᠮᠦᠨ᠎ᠦ ᠡᠷᠬᠡ ᠰᠦᠷ᠎ᠢ ᠬᠠᠮᠠᠭᠠᠯᠠᠵᠤ ᠪᠣᠯᠬᠤ ᠦᠭᠡᠢ᠃ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ ᠠᠷᠠᠳᠴᠢᠯᠠᠯ ᠲᠥᠪᠯᠡᠷᠡᠯ᠎ᠦᠨ ᠶᠣᠰᠣ᠎ᠶᠢ ᠬᠠᠮᠠᠭᠠᠯᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠍᠂ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ ᠪᠠ ᠬᠠᠮᠲᠤ᠎ᠶᠢᠨ ᠰᠢ᠌ᠳᠪᠦᠷᠢᠲᠦ᠍ ᠪᠤᠳᠤᠯᠭ᠎ᠠ ᠶᠣᠰᠣᠭᠠᠷ ᠲᠤᠰᠢᠶᠠᠯ ᠬᠠᠷᠢᠭᠤᠴᠠᠯᠭ᠎ᠠ᠎ᠶᠢᠨ᠎ᠢᠶᠠᠨ ᠬᠡᠪᠴᠢᠶᠡᠨ ᠳᠣᠲᠣᠷ᠎ᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠠᠵᠢᠯ᠎ᠢᠶᠠᠨ ᠰᠤᠳᠤᠯᠬᠤ᠎ᠳᠠᠭᠠᠨ ᠰᠠᠨᠠᠯ᠎ᠢᠶᠠᠨ ᠭᠦᠢᠴᠡᠳ ᠢᠯᠡᠳᠬᠡᠵᠦ᠍᠂ ᠰᠢ᠌ᠳᠪᠦᠷᠢᠲᠦ᠍ ᠪᠤᠳᠤᠯᠭ᠎ᠠ᠎ᠶᠢ ᠲᠣᠭᠲᠠᠭᠠᠭᠰᠠᠨ᠎ᠤ ᠲᠠᠷᠠᠭ᠎ᠠ ᠡᠴᠦᠰ᠎ᠲᠦᠨᠢ ᠲᠤᠯᠲᠠᠯ᠎ᠠ ᠠᠳᠬᠤᠬᠤ ᠬᠡᠷᠡᠭᠲᠡᠢ᠃ ᠨᠠᠮ᠎ᠤᠨ ᠬᠤᠷᠢᠶ᠎ᠠ ᠵᠢᠨ ᠬᠡᠷᠡᠭ ᠵᠥᠪᠯᠡᠬᠦ᠌ ᠲᠦᠷᠢᠮ ᠪᠠ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠲᠡᠰ ᠲᠠᠷᠠᠭᠠᠯᠠᠯ᠎ᠢ ᠲᠡᠭᠦᠯᠳᠡᠷᠵᠢᠭᠦᠯᠵᠦ᠍᠂ 《ᠭᠤᠷᠪᠠᠨ ᠴᠢᠬᠤᠯᠠ ᠨᠢᠭᠡ ᠶᠡᠬᠡ》 ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠎ᠳᠤ ᠬᠢᠨᠠᠯᠲᠠ ᠲᠠᠯᠪᠢᠬᠤ ᠲᠣᠭᠲᠡᠴᠡ᠎ᠶᠢ ᠪᠦᠷᠢᠨᠰᠢᠬᠦᠯᠤᠨ᠂ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠶᠢ ᠨᠠᠷᠢᠯᠢᠬᠵᠢᠭᠤᠯᠵᠤ᠂ ᠬᠢᠨᠠᠯᠲᠠ ᠲᠠᠯᠪᠢᠬᠤ ᠭᠣᠣᠯᠳᠠᠯᠭ᠎ᠠ᠎ᠲᠠᠶ ᠬᠡᠷᠡᠭ ᠶᠠᠪᠤᠳᠠᠯ᠂ ᠪᠣᠳᠠᠲᠠᠢ ᠠᠷᠭ᠎ᠠ ᠬᠡᠮᠵᠢᠢ᠎ᠡ᠂ ᠬᠠᠷᠢᠭᠤᠴᠠᠯᠭ᠎ᠠ ᠨᠡᠬᠡᠮᠵᠢᠯᠡᠬᠦ᠌ ᠵᠡᠷᠭᠡ ᠠᠭᠤᠯᠭ᠎ᠠ᠎ᠶᠢ ᠲᠣᠳᠣᠷᠬᠠᠶ᠋ᠢᠯᠠᠨ᠂ ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ᠌᠎ᠶᠢ ᠦᠨᠡᠨ ᠬᠦ᠌ ᠪᠠᠲᠤᠯᠠᠬᠤ ᠬᠡᠷᠡᠭᠲᠡᠢ᠃

ᠤᠳᠤᠷᠢᠳᠬᠤ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠬᠦ᠌ ᠬᠡᠷᠡᠭᠲᠡᠶ᠃ ᠣᠷᠣᠨ ᠨᠤᠲᠤᠭ᠎ᠤᠨ ᠨᠠᠮ᠎ᠤᠨ ᠬᠣᠷᠢᠢ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠬᠤ ᠳᠤᠮᠳᠠ ᠴᠢᠬᠤᠯᠠ ᠲᠤᠰᠢᠶᠠᠯ ᠬᠠᠷᠢᠭᠤᠴᠠᠯᠭ᠎ᠠ᠎ᠶᠢ ᠡᠭᠦᠷᠭᠡᠯᠡᠵᠦ᠍ ᠪᠠᠶ᠋ᠢᠳᠠᠭ᠂ 《ᠲᠦᠷᠢᠮ》 ᠤ᠋ᠨ ᠱᠠᠭᠠᠷᠳᠠᠯᠭ᠎ᠠ ᠶᠣᠰᠣᠭᠠᠷ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠴᠢᠩᠭᠠᠳᠬᠠᠵᠤ᠂ ᠤᠳᠤᠷᠢᠳᠬᠤ ᠴᠢᠳᠠᠪᠤᠷᠢ ᠪᠠ ᠠᠵᠢᠯ᠎ᠤᠨ ᠲᠦᠪᠰᠢᠨ᠎ᠢᠶᠡᠨ ᠦᠨᠡᠨ ᠬᠦ᠌ ᠳᠡᠭᠡᠭᠰᠢᠯᠡᠭᠦᠯᠬᠦ᠌ ᠬᠡᠷᠡᠭᠲᠡᠢ᠃ ᠨᠠᠮ᠎ᠤᠨ ᠰᠢᠨ᠎ᠡ᠎ᠡᠭᠦᠳᠦᠯᠲᠡ ᠵᠢᠨ ᠤᠨᠤᠯ᠎ᠢᠶᠠᠷ ᠵᠡᠪᠰᠡᠭᠯᠡᠬᠦ᠌᠎ᠶᠢ ᠴᠥᠬᠥᠷᠡᠰᠢ ᠦᠭᠡᠢ ᠴᠢᠩᠭᠠᠳᠬᠠᠵᠤ᠂ ᠨᠠᠮ᠎ᠤᠨ ᠰᠢᠨ᠎ᠡ᠎ᠡᠭᠦᠳᠦᠯᠲᠡ ᠵᠢᠨ᠌ ᠤᠨᠤᠯ᠎ᠢᠶᠠᠷ ᠪᠣᠳᠠᠲᠠᠢ ᠠᠰᠠᠭᠤᠳᠠᠯ᠎ᠢ ᠵᠠᠳᠠᠯᠤᠨ ᠰᠢ᠌ᠳᠪᠦᠷᠢᠯᠡᠵᠦ᠍᠂ ᠲᠡᠭᠦᠨ᠎ᠢ ᠠᠵᠢᠯ᠎ᠢᠶᠠᠨ ᠤᠬᠠᠭᠠᠯᠠᠨ ᠲᠦᠯᠦᠪᠯᠡᠬᠦ ᠰᠡᠳᠬᠢᠮᠵᠢ᠂ ᠬᠥᠭᠵᠢᠯᠲᠡ᠎ᠶᠢ ᠠᠬᠢᠭᠤᠯᠬᠤ ᠠᠷᠭ᠎ᠠ ᠬᠡᠮᠵᠢᠶ᠎ᠡ᠂ ᠪᠦᠬᠦ᠌ ᠲᠠᠯ᠎ᠠ᠎ᠶᠢ ᠡᠵᠡᠮᠳᠡᠬᠦ᠌ ᠴᠢᠳᠠᠪᠤᠷᠢ ᠪᠣᠯᠭᠠᠨ ᠤᠯᠠᠷᠢᠭᠤᠯᠬᠤ ᠬᠡᠷᠡᠭᠲᠡᠢ᠃ ᠨᠠᠮ ᠪᠣᠯᠤᠨ ᠤᠯᠤᠰ᠎ᠤᠨ ᠠᠵᠢᠯ᠎ᠤᠨ ᠬᠠᠷᠠᠯᠲᠠ ᠡᠭᠦᠷᠭᠡ᠎ᠳᠦ ᠵᠣᠬᠢᠴᠠᠭᠤᠯᠤᠨ ᠲᠤᠬᠠᠶ᠋ᠢᠯᠠᠭᠰᠠᠨ ᠠᠵᠢᠯ᠎ᠤᠨ ᠰᠤᠷᠤᠯᠴᠠᠯᠭ᠎ᠠ᠎ᠪᠠᠨ ᠴᠢᠩᠭᠠᠳᠬᠠᠵᠤ᠂ ᠮᠡᠳᠡᠯᠭᠡ᠎ᠶᠢᠨ ᠰᠢᠨᠡᠴᠢᠯᠡᠯᠲᠡ᠎ᠪᠡᠨ ᠲᠦᠷᠭᠡᠳᠬᠡᠵᠦ᠍᠂ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠨ ᠳᠡᠭᠡᠭᠰᠢᠯᠡᠭᠦᠯᠵᠦ᠍᠂ ᠴᠢᠳᠠᠪᠤᠷᠢ ᠵᠢᠨ ᠳᠤᠲᠠᠭᠤᠳᠠᠯ᠎ᠢᠶᠠᠨ ᠨᠥᠬᠥᠪᠥᠷᠢᠯᠡᠵᠦ᠍᠂ 《ᠦᠨᠡᠨ᠎ᠬᠦ ᠮᠡᠷᠭᠡᠰᠢᠭᠰᠡᠨ》 ᠤᠳᠤᠷᠢᠳᠤᠯᠭ᠎ᠠ ᠪᠣᠯᠬᠤ ᠬᠡᠷᠡᠭᠲᠡᠢ᠃ ᠦᠢᠯᠡᠳᠦᠯᠭᠡ᠎ᠶᠢᠨ ᠳᠤᠮᠳᠠ ᠳᠠᠪᠲᠠᠭᠳᠠᠬᠤ᠂ ᠲᠡᠮᠡᠴᠡᠯ᠎ᠦᠨ ᠳᠤᠮᠳᠠ ᠪᠣᠯᠪᠠᠰᠤᠷᠠᠭᠳᠠᠬᠤ ᠵᠢ ᠪᠠᠷᠢᠮᠳᠠᠯᠠᠵᠤ᠂ ᠤᠯᠤᠰ ᠲᠦᠷᠦ᠎ᠶᠢᠨ ᠴᠢᠳᠠᠪᠤᠷᠢ᠂ ᠪᠠᠶ᠋ᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ᠌ ᠤᠬᠠᠭᠠᠨᠴᠢ᠎ᠪᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠴᠢᠳᠠᠪᠤᠷᠢ᠂ ᠥᠭᠡᠷᠡᠴᠢᠯᠡᠯᠲᠡ᠎ᠬᠢᠵᠦ ᠪᠣᠭᠣᠮᠲᠠ ᠰᠢᠪᠲᠤᠯᠬᠤ ᠴᠢᠳᠠᠪᠤᠷᠢ᠂ ᠪᠠᠴᠢᠮ ᠪᠠᠶ᠋ᠢᠳᠠᠯ᠎ᠢ ᠠᠷᠭᠠᠴᠡᠭᠠᠨ ᠭᠡᠨᠡᠳᠲᠡ ᠡᠭᠦᠰᠦᠭᠰᠡᠨ ᠬᠡᠷᠡᠭ᠎ᠢ ᠰᠢ᠌ᠳᠪᠦᠷᠢᠯᠡᠬᠦ᠌ ᠴᠢᠳᠠᠪᠤᠷᠢ᠂ ᠤᠯᠠᠨ ᠲᠦᠮᠡᠨ᠎ᠦ ᠠᠵᠢᠯ᠎ᠤᠨ ᠴᠢᠳᠠᠪᠤᠷᠢ᠂ ᠨᠠᠶ᠋ᠢᠳᠠᠪᠤᠷᠢᠵᠢᠭᠤᠯᠤᠯᠲᠠ᠎ᠶᠢ ᠠᠳᠬᠤᠬᠤ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠴᠠᠭᠠᠷᠠᠭᠰᠠᠨ ᠴᠢᠳᠠᠪᠤᠷᠢ᠎ᠪᠠᠷ ᠤᠳᠤᠷᠢᠳᠬᠤ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨ᠎ᠳᠠᠭᠠᠨ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠵᠠᠮ ᠨᠡᠭᠡᠭᠡᠨ ᠤᠷᠤᠭᠰᠢᠯᠠᠬᠤ ᠬᠡᠷᠡᠭᠲᠡᠢ᠃

ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶᠢ ᠡᠷᠡᠰ ᠡᠭᠦᠷᠭᠡᠯᠡᠬᠦ᠌ ᠬᠡᠷᠡᠭᠲᠡᠢ᠃ 《ᠲᠦᠷᠢᠮ》 ᠨᠢ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ᠎ᠶᠢ ᠦᠨᠳᠦᠰᠦᠯᠡᠨ᠂ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠪᠠᠨ ᠭᠦᠢᠴᠡᠳᠬᠡᠬᠦ᠌ ᠲᠤᠬᠠᠶ ᠤᠯᠠᠮ ᠨᠢᠭᠡ ᠠᠯᠬᠤᠮ ᠲᠣᠳᠣᠷᠬᠠᠶ ᠲᠣᠭᠲᠠᠭᠠᠯ ᠭᠠᠷᠭᠠᠪᠠ᠃ ᠣᠷᠣᠨ ᠨᠤᠲᠤᠭ᠎ᠤᠨ ᠨᠠᠮ᠎ᠤᠨ ᠬᠣᠷᠢᠢ᠎ᠠ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶᠢᠨ ᠤᠬᠠᠮᠰᠠᠷ᠎ᠢᠶᠠᠨ ᠦᠷᠭᠦᠯᠵᠢᠯᠡᠨ ᠴᠢᠩᠭᠠᠳᠬᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ᠎ᠶᠢᠨ ᠴᠢᠬᠤᠯᠠ ᠴᠢᠨᠠᠷ ᠲᠤᠯᠭᠠᠮ ᠴᠢᠨᠠᠷ᠎ᠢ ᠭᠦᠨᠵᠡᠭᠡᠢ ᠲᠠᠨᠢᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠠᠬᠢᠭᠤᠯᠵᠤ᠂ ᠴᠢᠩᠭ᠎ᠠ ᠪᠠᠢᠬᠤ ᠬᠦᠭ ᠠᠶᠠᠰ᠂ ᠴᠢᠩᠭ᠎ᠠ ᠠᠷᠭ᠎ᠠ ᠬᠡᠮᠵᠢᠢ᠎ᠡ᠂ ᠴᠢᠩᠭ᠎ᠠ ᠪᠠᠢᠬᠤ ᠠᠭᠤᠷ ᠠᠮᠢᠰᠬᠤᠯ᠎ᠢ ᠨᠠᠮ᠎ᠤᠨ ᠪᠠᠶ᠋ᠢᠭᠤᠯᠤᠯᠲᠠ᠎ᠶᠢᠨ ᠡᠯ᠎ᠡ ᠲᠠᠯ᠎ᠠ ᠪᠦᠬᠦ᠌ ᠶᠠᠪᠤᠴᠠ᠎ᠳᠤ ᠤᠯᠠᠮ ᠨᠢᠭᠡ ᠠᠯᠬᠤᠮ ᠢᠯᠡᠷᠡᠭᠦᠯᠵᠦ᠍᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠵᠢ ᠪᠠᠶ᠋ᠢᠷᠢᠯᠠᠭᠤᠯᠤᠯᠲᠠ ᠱᠠᠭᠠᠷᠳᠠᠯᠭ᠎ᠠ ᠪᠠᠢᠭᠰᠠᠨ᠎ᠡᠴᠡ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠪᠤᠯᠭᠠᠬᠤ ᠵᠢ ᠠᠬᠢᠭᠤᠯᠬᠤ ᠬᠡᠷᠡᠭᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶᠢᠨ ᠲᠦᠷᠢᠮ᠎ᠦᠨ 《ᠵᠠᠩᠭᠢᠯᠠᠭ᠎ᠠ》 ᠵᠢ ᠴᠢᠩᠭ᠎ᠠ ᠠᠳᠬᠤᠵᠤ᠂ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠴᠢᠩᠭ᠎ᠠ ᠡᠵᠡᠮᠳᠡᠵᠦ᠍᠂ ᠳᠠᠷᠤᠯᠲᠠ ᠵᠢ ᠱᠠᠳᠤ ᠱᠠᠳᠤ᠎ᠪᠠᠷ ᠲᠠᠮᠵᠢᠭᠤᠯᠵᠤ᠂ ᠬᠠᠷᠢᠭᠤᠴᠠᠯᠭ᠎ᠠ᠎ᠶᠢᠨ ᠭᠣᠣᠯ ᠴᠣᠭᠴᠠ᠎ᠶᠢ ᠪᠣᠳᠠᠲᠠᠶ᠋ᠢᠵᠢᠭᠤᠯᠬᠤ᠂ ᠬᠠᠷᠢᠭᠤᠴᠠᠯᠭ᠎ᠠ᠎ᠶᠢᠨ ᠱᠠᠭᠠᠷᠳᠠᠯᠭ᠎ᠠ᠎ᠶᠢ ᠪᠣᠳᠠᠲᠠᠶ᠋ᠢᠵᠢᠭᠤᠯᠬᠤ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ᠌᠎ᠶᠢ ᠪᠣᠳᠠᠲᠠᠶ᠋ᠢᠵᠢᠭᠤᠯᠬᠤ᠎ᠪᠡᠷ ᠨᠠᠮ᠎ᠢ ᠬᠠᠮᠢᠶᠠᠷᠴᠤ᠌ ᠨᠠᠮ᠎ᠢ ᠵᠠᠰᠠᠬᠤ ᠠᠵᠢᠯ᠎ᠢ ᠦᠨᠡᠨ ᠬᠦ᠌ ᠴᠢᠩᠭᠠᠳᠬᠠᠵᠤ᠂ ᠨᠢᠭᠲᠠᠷᠠᠭᠤᠯᠬᠤ᠂ ᠪᠣᠳᠠᠲᠠᠶ᠋ᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠬᠥᠭᠵᠢᠯᠲᠡ᠎ᠶᠢ ᠠᠳᠬᠤᠬᠤ ᠪᠠ ᠨᠠᠮ᠎ᠤᠨ ᠪᠠᠶ᠋ᠢᠭᠤᠯᠤᠯᠲᠠ᠎ᠶᠢ ᠠᠳᠬᠤᠬᠤ᠎ᠶᠢ ᠨᠢᠭᠡᠳᠬᠡᠵᠦ᠍᠂ ᠡᠷᠡᠰ ᠭᠤᠶ᠋ᠢᠪᠢᠰᠢ ᠦᠭᠡᠢ᠎ᠪᠡᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠂ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠪᠦᠷᠢᠨᠰᠢᠬᠦᠯᠬᠦ᠂ ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠬᠦ᠂ ᠺᠠᠳ᠋ᠷ᠎ᠤᠨ ᠡᠩᠨᠡᠭᠡ᠎ᠶᠢ ᠪᠠᠶ᠋ᠢᠭᠤᠯᠤᠨ ᠬᠦᠴᠦᠷᠬᠡᠭᠵᠢᠭᠦᠯᠬᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠌᠎ᠶᠢ ᠴᠢᠩᠭᠠᠳᠬᠠᠬᠤ᠂ ᠰᠠᠢ᠌ᠨ ᠰᠠᠶ᠋ᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠤᠯᠭᠠᠬᠤ ᠪᠡᠷ ᠲᠠᠮᠵᠢᠨ ᠠᠵᠤ ᠠᠬᠤᠢ ᠨᠡᠶ᠋ᠢᠭᠡᠮ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠳᠤ ᠦᠨᠳᠦᠰᠦᠨ ᠪᠠᠲᠤᠯᠠᠭ᠎ᠠ ᠬᠠᠩᠭᠠᠬᠤ ᠬᠡᠷᠡᠭᠲᠡᠢ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 15 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面