ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-11-17 17:55:02

ᠵᠣᠬᠢᠶᠠᠭ᠍ᠴᠢ᠄ ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠵᠠᠩ ᠪᠢᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 10᠎ᠤ᠋ ᠡᠳᠦᠷ᠂ ᠰᠢᠨᠬᠤᠸᠠ ᠬᠣᠷᠢᠶ᠎ᠠ ᠵᠢᠨ ᠤᠯᠤᠰ᠎ᠤᠨ ᠳᠡᠭᠡᠳᠦ ᠲᠠᠰ᠎ᠤᠨ ᠣᠶᠤᠨ᠎ᠤ ᠬᠥᠮᠥᠷᠭᠡ 《〈ᠨᠢᠭᠡ ᠪᠦᠰᠡ ᠨᠢᠭᠡ ᠵᠠᠮ〉 ᠢ᠋ ᠬᠠᠮᠲᠤ᠎ᠪᠠᠷ ᠪᠥᠲᠥᠭᠡᠨ ᠪᠠᠶ᠋ᠢᠭᠤᠯᠵᠤ ᠨᠡᠭᠡᠭᠡᠯᠲᠡᠲᠦ᠍ ᠬᠡᠯᠪᠡᠷᠢ᠎ᠶᠢᠨ ᠳᠡᠯᠡᠬᠡᠶ᠎ᠶᠢᠨ ᠠᠵᠤ ᠠᠬᠤᠶ᠎ᠶᠢ ᠪᠥᠲᠥᠭᠡᠨ ᠪᠠᠶ᠋ᠢᠭᠤᠯᠬᠤ᠎ᠶᠢ ᠠᠬᠢᠭᠤᠯᠤᠶ᠎ᠠ》 ᠭᠡᠬᠦ᠌ ᠣᠶᠤᠨ᠎ᠤ ᠬᠥᠮᠥᠷᠭᠡ᠎ᠶᠢᠨ ᠮᠡᠳᠡᠭᠦᠯᠦᠯᠲᠡ᠎ᠶᠢ ᠨᠡᠶ᠋ᠢᠲᠡᠯᠡᠪᠡ᠃ ᠮᠡᠳᠡᠭᠦᠯᠦᠯᠲᠡ᠎ᠳ᠋ᠤ ᠵᠠᠳᠠᠯᠤᠬᠰᠡᠨ ᠢ᠋ ᠦᠨᠳᠦᠰᠦᠯᠡᠪᠡᠯ᠂ ᠭᠠᠭᠴᠠ ᠲᠠᠯᠠᠲᠤ᠌ ᠦᠵᠡᠯ᠂ ᠬᠠᠮᠠᠭᠠᠯᠠᠬᠤ ᠦᠵᠡᠯ ᠦᠷᠭᠦᠯᠵᠢᠯᠡᠨ ᠥᠷᠭᠡᠵᠢᠵᠦ᠍ ᠪᠠᠶ᠋ᠢᠭ᠎ᠠ ᠠᠬᠤᠢ ᠪᠠᠶ᠋ᠢᠳᠠᠯ ᠳᠣᠣᠷ᠎ᠠ᠂《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠨᠢ ᠬᠣᠯᠪᠣᠯᠳᠤᠨ ᠨᠡᠪᠲᠡᠷᠡᠯᠴᠡᠬᠦ᠌᠎ᠪᠡᠷ ᠬᠥᠭᠵᠢᠯᠲᠡ᠎ᠶᠢᠨ ᠪᠡᠬᠢᠯᠡᠯᠲᠡ᠎ᠶᠢ ᠡᠪᠳᠡᠵᠦ᠍᠂ ᠡᠭᠡᠳᠡᠷᠡᠭᠡᠨ ᠪᠤᠳᠤᠯᠢᠶᠠᠨᠳᠠᠢ ᠬᠤᠪᠢᠷᠠᠯᠲᠠ ᠶᠡᠬᠡᠲᠡᠢ ᠳᠡᠯᠡᠬᠡᠢ ᠳ᠋ᠠᠬᠢᠨ᠎ᠳᠤ ᠨᠡᠭᠡᠭᠡᠯᠲᠡᠲᠦ᠍ ᠬᠥᠭᠵᠢᠯᠲᠡ᠎ᠶᠢᠨ ᠪᠣᠳᠠᠲᠤ᠌ ᠠᠷᠭ᠎ᠠ ᠵᠠᠮ᠎ᠢ ᠬᠠᠩᠭᠠᠵᠤ᠂ ᠠᠵᠤ ᠠᠬᠤᠢ᠎ᠶᠢᠨ ᠳᠡᠯᠡᠬᠡᠶ᠋ᠢᠵᠢᠯᠲᠡ᠎ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠬᠠᠷᠠᠭᠠᠯᠵᠠᠯᠳᠤ᠂ ᠲᠡᠩᠴᠡᠭᠦᠷᠢᠲᠡᠢ᠂ ᠬᠠᠮᠲᠤ᠎ᠪᠠᠷ ᠠᠰᠢᠭ ᠬᠦᠷᠲᠡᠬᠦ᠌ ᠴᠢᠭᠯᠡᠯ ᠲᠡᠶ᠋ᠢᠰᠢ ᠬᠥᠭᠵᠢᠬᠦ᠌᠎ᠶᠢ ᠦᠷᠭᠦᠯᠵᠢᠯᠡᠨ ᠠᠬᠢᠭᠤᠯᠪᠠ᠃

2013 ᠣᠨ᠎ᠳᠤ ᠳᠤᠮᠳᠠᠳᠤ ᠤᠯᠤᠰ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠰᠠᠨᠠᠭᠠᠴᠢᠯᠠᠭ᠎ᠠ᠎ᠶᠢ ᠳᠤᠷᠠᠳᠤᠭᠰᠠᠨ᠎ᠡᠴᠡ ᠨᠠᠭᠠᠰᠢ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠨᠢ ᠠᠯᠤᠰ᠎ᠤᠨ ᠲᠥᠰᠦᠪ᠎ᠡᠴᠡ ᠪᠣᠳᠠᠲᠤ᠌ ᠠᠬᠤᠢ ᠪᠣᠯᠤᠨ ᠬᠤᠪᠢᠷᠠᠵᠤ᠂ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠥᠷᠭᠡᠨ᠂ ᠬᠡᠪᠴᠢᠶ᠎ᠡ᠎ᠪᠡᠷ ᠬᠠᠮᠤᠭ᠎ᠤᠨ ᠶᠡᠬᠡ ᠤᠯᠠᠨ ᠤᠯᠤᠰ᠎ᠤᠨ ᠬᠠᠮᠲᠤᠷᠠᠯᠴᠠᠭᠠᠨ᠎ᠤ ᠲᠠᠪᠴᠠᠩ ᠪᠣᠯᠵᠤ ᠬᠥᠭᠵᠢᠪᠡ᠃ ᠨᠡᠭᠡᠭᠡᠯᠲᠡᠲᠡᠢ ᠪᠠᠭᠲᠠᠭᠠᠮᠵᠢᠲᠠᠢ ᠪᠠᠶ᠋ᠢᠬᠤ᠎ᠪᠠᠷ ᠬᠣᠯᠪᠣᠯᠳᠤᠨ ᠨᠡᠪᠲᠡᠷᠡᠯᠴᠡᠬᠦ᠌᠎ᠶᠢ ᠠᠬᠢᠭᠤᠯᠵᠤ᠂ ᠤᠢ᠌ᠯᠠᠭᠠᠭᠳᠠᠬᠤᠨ᠎ᠢ ᠦᠨᠡᠨ ᠪᠣᠳᠠᠲᠠᠢ ᠤᠯᠤᠰ ᠠᠯᠤᠰᠯᠠᠭᠰᠠᠨ ᠬᠠᠮᠲᠤᠷᠠᠯᠴᠠᠭᠠᠨ᠎ᠤ ᠠᠵᠢᠯᠯᠠᠭ᠎ᠠ ᠪᠣᠯᠭᠠᠨ ᠤᠯᠠᠷᠢᠭᠤᠯᠬᠤ ᠨᠢ ᠪᠦᠬᠦ᠌ ᠪᠥᠮᠪᠥᠷᠴᠡᠭ᠎ᠦᠨ ᠠᠵᠤ ᠠᠬᠤᠢ᠎ᠶᠢᠨ ᠬᠥᠭᠵᠢᠯᠲᠡ᠎ᠳᠦ ᠲᠣᠭᠲᠠᠭᠤᠨ ᠴᠢᠨᠠᠷ ᠪᠣᠯᠤᠨ ᠲᠣᠭᠲᠠᠭᠠᠯᠲᠤ᠌ ᠴᠢᠨᠠᠷ᠎ᠢ ᠲᠠᠰᠤᠷᠠᠯᠳᠠ ᠦᠭᠡᠢ ᠨᠡᠮᠡᠷᠢᠯᠡᠬᠦ᠌ ᠪᠣᠯᠤᠨ᠎ᠠ᠃

ᠬᠣᠯᠪᠣᠯᠳᠤᠨ ᠨᠡᠪᠲᠡᠷᠡᠯᠴᠡᠬᠦ᠌᠎ᠳᠦ ᠬᠠᠲᠠᠭᠤ ᠬᠡᠷᠡᠭᠰᠡᠯ ᠪᠣᠯ ᠰᠠᠭᠤᠷᠢ ᠪᠣᠯᠤᠨ᠎ᠠ᠃ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ᠎ᠡᠴᠡ ᠵᠠᠺᠠᠷᠲ᠋ᠠ ᠡᠴᠡ ᠪᠠᠨᠳᠦ᠋ᠩ ᠬᠦᠷᠬᠦ ᠲᠦᠷᠭᠡᠨ᠎ᠦ ᠲᠡᠮᠦᠷ ᠵᠠᠮ ᠬᠦᠷᠲᠡᠯ᠎ᠡ᠂ ᠳᠤᠮᠳᠠᠳᠤ ᠯᠠᠤᠰ᠎ᠤᠨ ᠲᠡᠮᠦᠷ ᠵᠠᠮ᠎ᠡᠴᠡ ᠴᠢᠶᠠᠨ ᠺᠠᠢ ᠭᠠᠷᠠᠮ ᠬᠦᠷᠲᠡᠯ᠎ᠡ᠂ ᠨᠢᠭᠡ ᠪᠦᠯᠦᠭ ᠪᠡᠯᠭᠡ ᠳᠡᠮᠳᠡᠭ᠎ᠦᠨ ᠴᠢᠨᠠᠷᠲᠠᠢ ᠢᠨᠵᠧᠨᠧᠷᠢᠩ ᠨᠢ ᠥᠩᠭᠡᠷᠡᠭᠰᠡᠨ᠎ᠦ 《ᠡᠬᠡ ᠬᠠᠭᠤᠷᠠᠢ᠎ᠶᠢᠨ ᠲᠦᠭᠵᠢᠮᠡᠯ ᠤᠯᠤᠰ》 ᠢ᠋ 《ᠡᠬᠡ ᠬᠠᠭᠤᠷᠠᠢ᠎ᠶᠢᠨ ᠬᠣᠯᠪᠣᠭᠠᠯᠠᠬᠰᠡᠨ ᠤᠯᠤᠰ》 ᠪᠣᠯᠭᠠᠨ ᠬᠤᠪᠢᠷᠠᠭᠤᠯᠵᠤ᠂ ᠬᠥᠭᠵᠢᠯᠲᠡ᠎ᠶᠢᠨ ᠬᠣᠲᠣᠭᠣᠷ ᠭᠠᠵᠠᠷ᠎ᠢ ᠬᠥᠭᠵᠢᠯ ᠴᠡᠴᠡᠭᠯᠡᠯ᠎ᠦᠨ ᠥᠨᠳᠥᠷᠯᠢᠭ ᠪᠣᠯᠭᠠᠪᠠ᠃ 《ᠲᠤᠮᠤ ᠨᠡᠪᠳᠡᠷᠡᠬᠦ ᠵᠠᠮ》 ᠨᠢ 《ᠲᠣᠮᠣ ᠲᠤᠤᠷ》 ᠢ᠋ ᠲᠠᠰ ᠳᠡᠪᠰᠢᠭᠦᠯᠵᠦ᠍᠂ ᠣᠯᠠᠨ ᠬᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ᠎ᠨᠢ ᠬᠥᠨᠳᠡᠯᠡᠨ ᠭᠤᠯᠳᠤ ᠰᠦᠯᠵᠢᠯᠳᠦᠵᠦ᠍᠂ ᠬᠦᠢᠰᠦ ᠭᠣᠭᠴᠣᠭ᠎ᠠ᠎ᠨᠢ ᠴᠡᠭ ᠢ᠋ ᠬᠤᠯᠪᠤᠨ ᠲᠤᠤᠷ ᠢ᠋ ᠪᠦᠷᠢᠯᠳᠦᠬᠦᠯᠵᠤ᠂ ᠨᠡᠭᠡᠭᠡᠯᠲᠡᠲᠦ᠍ ᠬᠡᠯᠪᠡᠷᠢ᠎ᠶᠢᠨ ᠳᠡᠯᠡᠬᠡᠶ᠎ᠶᠢᠨ ᠠᠵᠤ ᠠᠬᠤᠶ᠎ᠳᠤ ᠪᠣᠳᠠᠰ᠎ᠤᠨ ᠰᠠᠭᠤᠷᠢ᠎ᠶᠢ ᠪᠡᠬᠢᠵᠢᠭᠦᠯᠪᠡ᠃

ᠬᠣᠯᠪᠣᠯᠳᠤᠨ ᠨᠡᠪᠲᠡᠷᠡᠯᠴᠡᠬᠦ᠌᠎ᠳᠦ ᠪᠠᠶ᠋ᠢᠭᠤᠯᠤᠯ ᠪᠣᠯ ᠬᠣᠯᠪᠣᠭᠠᠰᠤ ᠮᠥᠨ᠃ ᠴᠢᠯᠥᠭᠡᠲᠦ᠍ ᠠᠷᠠᠯᠵᠢᠶᠠᠨ᠎ᠤ ᠬᠡᠯᠡᠯᠴᠡᠭᠡᠷ ᠦᠷᠭᠦᠯᠵᠢᠯᠡᠨ ᠶᠡᠭᠡᠰᠴᠤ᠂ ᠨᠠᠶ᠋ᠢᠵᠠ᠎ᠶᠢᠨ ᠲᠣᠭᠣᠷᠢᠭ ᠲᠠᠰᠤᠷᠠᠯᠲᠠ ᠦᠭᠡᠢ ᠥᠷᠭᠡᠵᠢᠵᠦ᠍᠂ ᠪᠡᠯᠡ ᠣᠷᠣᠭᠤᠯᠤᠯᠲᠠ᠎ᠶᠢ ᠳᠥᠭᠥᠮᠴᠢᠯᠡᠬᠦ᠌ ᠤᠯᠠᠨ ᠲᠠᠯᠠᠲᠤ᠌ ᠲᠣᠭᠲᠠᠴᠠ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠬᠠᠮᠠᠭᠠᠯᠠᠬᠤ ᠦᠵᠡᠯ ᠲᠣᠯᠣᠭᠠᠢ ᠥᠨᠳᠡᠶ᠋ᠢᠵᠦ᠍᠂ ᠪᠦᠬᠦ᠌ ᠪᠥᠮᠪᠥᠷᠴᠡᠭ᠎ᠦᠨ ᠵᠠᠰᠠᠯᠲᠠ ᠬᠡᠰᠡᠭ ᠪᠤᠰᠠᠭᠵᠢᠭᠰᠠᠨ ᠪᠣᠳᠠᠲᠤ᠌ ᠥᠷᠢᠰᠥᠯᠳᠦᠭᠡᠨ᠎ᠳᠦ ᠬᠠᠨᠳᠤᠵᠤ᠂ ᠳᠤᠮᠳᠠᠳᠤ ᠤᠯᠤᠰ ᠪᠣᠯᠤᠨ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ ᠤ᠋ᠳ ᠳᠦᠷᠢᠮ᠎ᠢᠶᠡᠨ ᠵᠣᠯᠭᠠᠭᠤᠯᠬᠤ᠂ ᠪᠠᠷᠢᠮᠵᠢᠶ᠎ᠠ᠎ᠪᠠᠨ ᠬᠠᠷᠢᠯᠴᠠᠨ ᠮᠡᠳᠡᠷᠡᠬᠦ᠌᠎ᠶᠢ ᠠᠬᠢᠭᠤᠯᠵᠤ᠂ ᠳᠦᠷᠢᠮ᠎ᠦᠨ ᠪᠡᠬᠢᠯᠡᠯᠲᠡ᠎ᠶᠢ ᠡᠪᠳᠡᠪᠡ᠃ ᠨᠡᠩ ᠢᠯᠡ ᠲᠣᠳᠣᠷᠬᠠᠢ ᠬᠠᠮᠲᠤᠷᠠᠯᠴᠠᠭ᠎ᠠ᠂ ᠨᠡᠩ ᠲᠣᠭᠲᠠᠭᠤᠨ ᠵᠢᠱ᠌ᠢᠯᠲᠡ ᠨᠢ 《ᠬᠠᠷᠢᠴᠠᠭ᠎ᠠ᠎ᠪᠠᠨ ᠲᠠᠰᠤᠯᠵᠤ ᠬᠡᠯᠬᠢᠶ᠎ᠡ᠎ᠪᠡᠨ ᠲᠠᠰᠤᠯᠬᠤ》 ᠡᠴᠡ ᠪᠣᠯᠬᠤ ᠠᠶᠤᠯ ᠲᠦᠭᠰᠢᠭᠦᠷᠢ᠎ᠶᠢ ᠬᠦᠴᠦᠯᠡᠨ ᠠᠷᠢᠯᠭᠠᠬᠤ᠎ᠶᠢᠨ ᠵᠡᠷᠭᠡ ᠪᠡᠷ ᠢᠷᠡᠭᠡᠳᠦᠢ᠎ᠶᠢᠨ ᠬᠥᠭᠵᠢᠯᠲᠡ᠎ᠶᠢᠨ ᠰᠠᠭᠤᠷᠢ᠎ᠶᠢ ᠨᠡᠩ ᠭᠦᠨ ᠨᠡᠩ ᠪᠠᠲᠤ᠌ ᠪᠡᠬᠢ ᠪᠣᠯᠭᠠᠪᠠ᠃

ᠬᠣᠯᠪᠣᠯᠳᠤᠨ ᠨᠡᠪᠲᠡᠷᠡᠯᠴᠡᠬᠦ᠌᠎ᠳᠦ ᠬᠥᠭᠵᠢᠯᠲᠡ ᠪᠣᠯ ᠬᠠᠷᠠᠯᠲᠠ ᠮᠥᠨ᠃ ᠣᠳᠣᠬᠢᠴᠢᠯᠠᠯᠲᠠ ᠪᠣᠯ ᠴᠥᠭᠡᠨ ᠲᠣᠭᠠᠨ᠎ᠤ ᠤᠯᠤᠰ᠎ᠤᠨ ᠲᠤᠰᠬᠠᠢ ᠠᠰᠢᠭ ᠪᠢᠰᠢ᠂ ᠬᠠᠷᠢᠨ ᠡᠯ᠎ᠡ ᠤᠯᠤᠰ᠎ᠤᠨ ᠬᠠᠮᠲᠤ᠎ᠶᠢᠨ ᠬᠥᠭᠡᠭᠡᠴᠡᠯᠳᠦᠯ ᠮᠥᠨ᠃ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠦᠨ ᠲᠥᠷᠥᠯ ᠵᠦᠢᠯ᠎ᠨᠢ ᠲᠦᠭ ᠲᠦᠮᠡᠨ ᠬᠡᠷ ᠪᠦᠯᠢ᠎ᠳᠦ ᠴᠡᠪᠡᠷ ᠡᠨᠧᠷᠭᠢ᠂ ᠮᠥᠭᠥ᠌ ᠡᠪᠡᠰᠦᠨ᠎ᠦ ᠮᠡᠷᠭᠡᠵᠢᠯ᠂ ᠯᠣ᠌᠎ᠪᠡᠨ ᠦᠢᠯᠡᠳᠬᠡᠯ᠎ᠦᠨ ᠭᠠᠵᠠᠷ᠂ ᠠᠷᠠᠳ᠎ᠤᠨ ᠠᠮᠢᠳᠤᠷᠠᠯ᠎ᠤᠨ ᠬᠤᠳᠳᠤᠭ ᠵᠡᠷᠭᠡ ᠨᠢᠭᠡ ᠪᠦᠯᠦᠭ 《ᠠᠰᠢᠭᠲᠠᠶ ᠮᠥᠷᠲᠡᠭᠡᠨ ᠪᠣᠳᠠᠲᠠᠶ》 ᠲᠥᠷᠥᠯ ᠵᠦᠢᠯ᠎ᠢ ᠬᠦᠷᠭᠡᠵᠦ᠍ ᠤᠯᠤᠰ ᠣᠷᠣᠨ᠎ᠢ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠲᠣᠭᠠᠴᠢᠯᠠᠭᠰᠠᠨ ᠦᠨᠳᠦᠰᠦᠨ ᠪᠥᠲᠥᠭᠡᠨ ᠪᠠᠶ᠋ᠢᠭᠤᠯᠤᠯᠲᠠ᠎ᠨᠢ ᠬᠥᠭᠵᠢᠵᠦ᠍ ᠪᠠᠶ᠋ᠢᠭ᠎ᠠ ᠤᠯᠤᠰ ᠤ᠋ᠳ᠎ᠤᠨ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠠᠮ᠎ᠢ ᠭᠡᠷᠡᠯᠲᠦᠭᠦᠯᠪᠡ᠃ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ᠌ ᠣᠶ᠋ᠢᠯᠠᠭᠠᠭᠳᠠᠬᠤᠨ᠎ᠢ ᠦᠷᠭᠦᠯᠵᠢᠯᠡᠨ ᠦᠢᠯᠡᠳᠦᠯᠭᠡᠵᠢᠭᠦᠯᠵᠦ᠍᠂ 《ᠨᠢᠭᠡ ᠪᠦᠰᠡ ᠨᠢᠭᠡ ᠵᠠᠮ》 ᠨᠢ ᠳᠡᠯᠡᠬᠡᠢ ᠳ᠋ᠠᠬᠢᠨ᠎ᠳᠤ ᠠᠰᠢᠭ ᠬᠦᠷᠲᠡᠭᠡᠬᠦ᠌ 《ᠵᠣᠯ ᠵᠢᠷᠭᠠᠯ᠎ᠤᠨ ᠵᠠᠮ》 ᠪᠠ ᠡᠯ᠎ᠡ ᠤᠯᠤᠰ᠎ᠤᠨ ᠬᠠᠮᠲᠤ᠎ᠶᠢᠨ ᠣᠳᠣᠬᠢᠴᠢᠯᠠᠯᠲᠠ᠎ᠶᠢ ᠪᠡᠶᠡᠯᠡᠭᠦᠯᠬᠦ᠌ 《ᠵᠡᠭᠦᠳᠦᠨ ᠦᠢᠯᠡᠳᠪᠦᠷᠢ》 ᠪᠣᠯᠪᠠ᠃

ᠬᠣᠯᠪᠣᠯᠳᠤᠨ ᠨᠡᠪᠲᠡᠷᠡᠯᠴᠡᠬᠦ᠌ ᠨᠢ ᠡᠴᠦᠰ᠎ᠦᠨ ᠡᠴᠦᠰ᠎ᠲᠡᠬᠡᠨ ᠬᠥᠮᠦᠨ᠎ᠦ ᠬᠣᠯᠪᠣᠯᠳᠤᠨ ᠨᠡᠪᠲᠡᠷᠡᠯᠴᠡᠬᠦ᠌ ᠪᠣᠯᠤᠨ᠎ᠠ᠃ 《ᠭᠠᠭᠴᠠ ᠬᠦ᠌ ᠰᠡᠳᠬᠢᠯ᠎ᠢᠶᠡᠷ᠎ᠢᠶᠡᠨ ᠬᠠᠷᠢᠯᠴᠠᠪᠠᠯ ᠰᠠᠶᠢ ᠥᠨᠢ ᠤᠳᠠᠭᠠᠨ ᠪᠠᠶ᠋ᠢᠵᠤ ᠴᠢᠳᠠᠨ᠎ᠠ》᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ᠎ᠶᠢᠨ ᠣᠷᠴᠢᠨ᠎ᠳᠤ᠂ ᠭᠠᠭᠴᠠ ᠬᠦ᠌ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠪᠡᠯ ᠰᠠᠶᠢ ᠤᠴᠢᠷ ᠶᠠᠪᠤᠳᠠᠯ᠎ᠢ ᠪᠦᠲᠦᠭᠡᠵᠦ᠍᠂ ᠰᠠᠢ᠌ᠨ ᠶᠠᠪᠤᠳᠠᠯ᠎ᠢ ᠪᠦᠲᠦᠭᠡᠵᠦ᠍᠂ ᠶᠡᠬᠡ ᠶᠠᠪᠤᠳᠠᠯ᠎ᠢ ᠪᠦᠲᠦᠭᠡᠵᠦ᠍ ᠴᠢᠳᠠᠨ᠎ᠠ᠃ ᠬᠠᠲᠠᠭᠤ ᠬᠣᠯᠪᠣᠯᠳᠤᠨ ᠨᠡᠪᠳᠡᠷᠡᠯᠴᠡᠯ᠂ ᠵᠥᠭᠡᠯᠡᠨ ᠬᠣᠯᠪᠣᠯᠳᠤᠨ ᠨᠡᠪᠳᠡᠷᠡᠯᠴᠡᠯ᠂ ᠰᠡᠳᠬᠢᠯ᠎ᠦᠨ ᠬᠣᠯᠪᠣᠯᠳᠤᠨ ᠨᠡᠪᠳᠡᠷᠡᠯᠴᠡᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ᠎ᠨᠢ ᠶᠠᠭ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠨᠠᠩ ᠰᠠᠷᠠᠭᠤᠯ ᠳᠠᠷᠳᠠᠩ ᠵᠠᠮ᠎ᠢ ᠳᠡᠪᠢᠰᠴᠦ᠍ ᠥᠭᠴᠦ᠍ ᠪᠠᠶ᠋ᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面