ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-11-19 10:22:13

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 17 ᠡᠴᠡ 18 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃

ᠪᠥᠬᠥᠳᠡ ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠶᠠᠷᠢᠯᠴᠠᠪᠠ᠂ 《ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭᠠᠯ》᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭᠠᠯ》 ᠢ᠋ ᠬᠢᠨᠡᠨ ᠵᠦᠪᠯᠡᠵᠤ ᠪᠠᠳᠤᠯᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠬᠦ ᠮᠡᠳᠡᠭᠦᠯᠦᠯᠳᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠬᠦ ᠠᠵᠢᠯ᠎ᠤᠨ ᠮᠡᠳᠡᠭᠦᠯᠦᠯᠲᠡ ᠵᠢ ᠶᠠᠷᠢᠯᠴᠠᠨ ᠪᠠᠳᠤᠯᠠᠵᠤ᠂ ᠲᠠᠷᠠᠭᠠᠴᠢ᠎ᠶᠢᠨ ᠱᠠᠲᠤᠨ᠎ᠤ ᠠᠵᠢᠯ᠎ᠤᠨ ᠡᠭᠦᠷᠭᠡ᠎ᠶᠢ ᠲᠣᠬᠢᠷᠠᠭᠤᠯᠤᠨ ᠪᠠᠢᠷᠢᠯᠠᠭᠤᠯᠪᠠ᠃ ᠪᠦᠬᠦᠳᠡ ᠬᠤᠷᠠᠯ ᠬᠤᠷᠠᠯᠳᠤᠭᠰᠠᠨ ᠨᠢ ᠣᠷᠣᠨ ᠳᠠᠶᠠᠭᠠᠷ᠎ᠤᠨ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠮᠡᠬᠡᠢᠯᠡᠨ ᠴᠢᠷᠮᠠᠢᠵᠤ ᠡᠷᠡᠰ ᠰᠢᠭᠤᠷᠬᠠᠢ ᠪᠡᠷ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠶᠢ ᠲᠠᠢ᠍ᠢᠴᠢᠯᠠᠨ ᠵᠣᠷᠢᠭ᠍ᠵᠢᠭᠤᠯᠬᠤ ᠨᠢ ᠯᠠᠪᠲᠠᠢ᠃

ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ ᠎ᠨᠦᠭᠦᠳ ᠎ᠦᠨ ᠠᠷᠠᠳ ᠲᠦᠮᠡᠨ᠎ᠢ ᠢᠮᠠᠭᠲᠠ ᠭᠦᠨ ᠰᠠᠨᠠᠭᠠᠯᠵᠠᠵᠤ᠂ ᠥᠪᠥᠷ ᠮᠣᠩᠭᠣᠯ᠎ᠤᠨ ᠬᠥᠭᠵᠢᠯᠲᠡ᠎ᠶᠢ ᠢᠮᠠᠭᠲᠠ ᠬᠠᠯᠠᠮᠵᠢᠯᠠᠭᠰᠠᠭᠠᠷ ᠢᠷᠡᠵᠠᠢ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠥᠪᠥᠷ ᠮᠣᠩᠭᠣᠯ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠰᠢᠨ᠎ᠡ ᠵᠠᠮ᠎ᠢ ᠲᠦᠷᠭᠡᠳᠬᠡᠨ ᠨᠡᠭᠡᠭᠡᠵᠦ ᠪᠠᠢᠭ᠎ᠠ ᠵᠠᠩᠭᠢᠯᠠᠭ᠎ᠠ᠎ᠶᠢᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠳᠠᠬᠢᠨᠲᠠ ᠮᠠᠨ᠎ᠤ ᠣᠷᠣᠨ᠎ᠳᠤ ᠰᠢᠨᠵᠢᠯᠡᠨ ᠪᠠᠢᠴᠠᠭᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠨᠠᠷᠢᠨ ᠨᠢᠮᠪᠠᠢ ᠵᠢᠯᠣᠭᠣᠳᠤᠯᠭ᠎ᠠ ᠬᠢᠵᠦ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠲᠠᠯᠪᠢᠪᠠ᠃ ᠣᠷᠣᠨ ᠳᠠᠶᠠᠭᠠᠷ᠎ᠢᠶᠠᠨ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠠᠩ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠵᠢᠡᠨ ᠴᠢᠩᠭᠠᠳᠬᠠᠨ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ᠎ᠶᠢᠨ ᠬᠠᠢᠷ᠎ᠠ ᠬᠠᠯᠠᠮᠵᠢ᠎ᠶᠢ ᠦᠨᠡᠨ ᠬᠦ᠌ ᠠᠴᠢ ᠡᠨᠡᠷᠢᠯ ᠳ᠋ᠤᠨᠢ ᠲᠠᠯᠠᠷᠬᠠᠵᠤ ᠡᠷᠡᠮᠡᠬᠡᠢᠯᠡᠨ ᠤᠷᠤᠭᠰᠢᠯᠠᠬᠤ ᠲᠠᠳᠠᠭᠤᠷᠠᠰᠢ ᠦᠭᠡᠢ ᠬᠥᠳᠡᠯᠭᠡᠬᠦ ᠬᠦᠴᠦᠨ ᠪᠣᠯᠭᠠᠨ ᠤᠯᠠᠷᠢᠭᠤᠯᠵᠤ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠤᠬᠠᠮᠰᠠᠷᠲᠤ ᠠᠵᠢᠯᠯᠠᠭ᠎ᠠ ᠪᠣᠯᠭᠠᠨ ᠤᠯᠠᠷᠢᠭᠤᠯᠵᠤ᠂ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠲᠥᠪ ᠬᠣᠷᠢᠶ᠎ᠠ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠠᠨᠤᠮᠵᠢᠲᠠᠶ ᠬᠠᠷᠢᠭᠤᠯᠲᠠ᠎ᠶᠢᠨ ᠬᠠᠭᠤᠳᠠᠰᠤ ᠲᠤᠰᠢᠶᠠᠬᠤ ᠬᠡᠷᠡᠭᠲᠡᠢ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠬᠤᠷᠠᠯᠳᠤᠭᠤᠯᠤᠭᠰᠠᠨ ᠨᠢᠭᠡ ᠤᠳᠠᠭᠠᠨ᠎ᠤ ᠲᠤᠢᠯ᠎ᠤᠨ ᠴᠢᠬᠤᠯᠠ ᠬᠤᠷᠠᠯ ᠮᠥᠨ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠮᠥᠨ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ ᠪᠣᠯᠣᠨ ᠵᠣᠷᠢᠭ᠋ ᠰᠠᠨᠠᠭᠠᠨ᠎ᠤ ᠮᠥᠨ ᠴᠢᠨᠠᠷ ᠎ᠢ ᠭᠦᠨᠵᠡᠭᠡᠢ ᠣᠢᠯᠠᠭᠠᠵᠤ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠦ ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠬᠤ ᠵᠢ ᠤᠬᠠᠮᠰᠠᠷ ᠡᠴᠡ᠎ᠪᠠᠨ ᠴᠢᠩᠭ᠎ᠠ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠷᠡᠰ ᠪᠠᠲᠤ᠌ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠠᠷᠠᠳᠴᠢᠯᠠᠯ ᠲᠥᠪᠯᠡᠷᠡᠯ᠎ᠦᠨ ᠶᠣᠰᠣ᠎ᠶᠢ ᠲᠤᠭᠤᠰᠢᠯᠠᠭᠤᠯᠤᠨ ᠬᠡᠷᠡᠭᠵᠢᠭᠦᠯᠬᠦ᠂ ᠥᠨᠳᠥᠷ ᠬᠡᠪ ᠪᠣᠯᠪᠠᠰᠤᠷᠠᠯ᠎ᠲᠠᠶ ᠺᠠᠳ᠋ᠷ᠎ᠤᠨ ᠡᠩᠨᠡᠭᠡ᠎ᠶᠢ ᠳᠠᠪᠲᠠᠨ ᠪᠣᠯᠪᠠᠰᠤᠷᠠᠭᠤᠯᠬᠤ ᠂ ᠨᠢᠭᠲᠠ ᠴᠢᠩᠭ᠎ᠠ ᠵᠣᠬᠢᠶᠠᠨ ᠪᠠᠶ᠋ᠢᠭᠤᠯᠤᠯᠲᠠ᠎ᠶᠢᠨ ᠰᠢᠰᠲᠸᠮ᠎ᠢ ᠪᠠᠶ᠋ᠢᠭᠤᠯᠬᠤ᠂ ᠴᠥᠬᠥᠷᠡᠰᠢ ᠦᠭᠡᠢ ᠎ᠪᠡᠷ ᠰᠤᠷᠲᠠᠯ ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠂ ᠢᠯᠵᠢᠷᠠᠬᠦ᠎ᠡᠴᠡ ᠵᠢᠷᠦᠬᠡᠰᠢᠶᠡᠬᠦ᠌ ᠢᠯᠵᠢᠷᠡᠵᠦ᠍ ᠪᠣᠯᠬᠤ ᠦᠭᠡᠢ ᠢᠯᠵᠢᠷᠡᠬᠦ᠌᠎ᠶᠢ ᠪᠤᠳᠤᠬᠤ ᠦᠭᠡᠢ ᠪᠠᠶ᠋ᠢᠬᠤ ᠎ᠶᠢ ᠨᠢᠭᠡ ᠴᠤᠬᠴᠠᠵᠢᠭᠤᠯᠤᠨ ᠠᠬᠢᠭᠤᠯᠬᠤ ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ᠎ᠶᠢ ᠴᠢᠩᠭᠠᠳᠬᠠᠬᠤ ᠂ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠬᠦ᠌ ᠵᠡᠷᠭᠡ ᠡᠯ᠎ᠡ ᠵᠦᠢᠯ᠎ᠦᠨ ᠪᠠᠶ᠋ᠢᠷᠢᠯᠠᠭᠤᠯᠤᠯᠲᠠ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠬᠥᠭᠵᠢᠯᠲᠡ᠎ᠶᠢᠨ ᠰᠢᠨ᠎ᠡ ᠪᠠᠶ᠋ᠢᠳᠠᠯ᠎ᠢ ᠡᠭᠦᠳᠬᠦ᠌ ᠬᠡᠷᠡᠭᠲᠡᠢ᠃

ᠲᠡᠦᠬᠡ ᠦᠷᠭᠦᠯᠵᠢᠯᠡᠭᠰᠡᠨ ᠲᠡᠮᠡᠴᠡᠯ ᠎ᠦᠨ ᠳᠤᠮᠳᠠ ᠪᠢᠴᠢᠭᠳᠡᠵᠦ᠍ ᠂ ᠦᠢᠯᠡᠰ ᠰᠢᠨᠳᠠᠷᠠᠰᠢ ᠦᠭᠡᠢ ᠴᠢᠷᠮᠠᠢᠬᠤ ᠲᠤᠮᠳᠠ ᠪᠦᠲᠦᠳᠡᠭ᠃ ᠲᠠᠪᠤᠨ ᠵᠢᠯ᠎ᠦᠨ ᠲᠤᠷᠰᠢ ᠂ ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭᠲᠠᠭᠤᠨ ᠰᠠᠶ᠋ᠢᠨ ᠰᠠᠶ᠋ᠢᠬᠠᠨ ᠪᠠᠶ᠋ᠢᠳᠠᠯ ᠲᠠᠰᠤᠷᠠᠯᠲᠠ ᠥᠬᠡᠶ ᠪᠡᠬᠢᠵᠢᠨ ᠬᠥᠭᠵᠢᠵᠦ᠍᠂ ᠠᠵᠤ ᠠᠬᠤᠶ᠎ᠶᠢᠨ ᠬᠥᠭᠵᠢᠯᠲᠡ ᠦᠷᠭᠦᠯᠵᠢᠯᠡᠨ ᠰᠢᠨ᠎ᠡ ᠰᠢᠯᠢᠳᠡᠭ ᠰᠠᠢᠨ ᠪᠤᠯᠵᠤ᠂ ᠦᠵᠡᠰᠬᠦᠯᠡᠩᠲᠦ᠍ ᠰᠠᠶ᠋ᠢᠬᠠᠨ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ ᠲᠡᠦᠬᠡᠲᠦ᠍ ᠴᠢᠨᠠᠷᠲᠠᠶ ᠠᠮᠵᠢᠯᠲᠠ ᠣᠯᠵᠤ᠂ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠵᠤ᠂ ᠰᠡᠳᠬᠢᠯ ᠨᠢᠭᠡᠳᠦᠨ ᠡᠷᠡᠮᠡᠬᠡᠢᠯᠡᠨ ᠤᠷᠤᠭᠰᠢᠯᠠᠬᠤ ᠬᠠᠮᠲᠤᠷᠠᠯ ᠬᠦᠴᠦᠨ ᠥᠷᠭᠡᠨ᠎ᠢᠶᠡᠷ ᠲᠥᠪᠯᠡᠷᠡᠵᠦ᠍᠂ ᠪᠦᠯᠬᠦᠮᠳᠡᠨ ᠲᠡᠮᠡᠴᠡᠬᠦ᠌ ᠬᠠᠮᠲᠤ᠎ᠶᠢᠨ ᠦᠵᠡᠯ ᠰᠠᠨᠠᠭᠠᠨ᠎ᠤ ᠰᠠᠭᠤᠷᠢ ᠦᠷᠭᠦᠯᠵᠢᠯᠡᠨ ᠪᠡᠬᠢᠵᠢᠵᠦ᠍᠂ ᠦᠨᠳᠦᠰᠦᠲᠡᠨ ᠨᠤᠭᠦᠳ᠎ᠦᠨ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠵᠢᠷᠭᠠᠯᠲᠤ᠌ ᠲᠥᠷᠥᠭᠳᠡᠯ ᠠᠮᠤᠷ ᠲᠦᠪᠰᠢᠨ᠎ᠦ ᠲᠥᠷᠥᠭᠳᠡᠯ ᠨᠠᠩ ᠭᠦᠢᠴᠡᠳ ᠪᠣᠯᠵᠣ᠂ ᠬᠦᠨᠳᠦ ᠨᠣᠴᠢᠲᠠᠶ ᠬᠣᠬᠢᠷᠠᠯ᠎ᠳᠤ ᠤᠴᠠᠷᠠᠭᠰᠠᠨ ᠤᠯᠤᠰ ᠲᠥᠷᠥ᠎ᠶᠢᠨ ᠠᠮᠢ ᠠᠬᠤᠶ ᠲᠦᠷᠭᠡᠨ ᠴᠡᠪᠡᠷᠰᠢᠨ ᠰᠡᠷᠭᠦᠪᠡ᠃ ᠡᠳᠡᠭᠡᠷ ᠠᠮᠵᠢᠯᠲᠠ᠎ᠶᠢ ᠣᠯᠤᠭᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠣᠯᠭᠠᠵᠤ᠂ ᠣᠷᠣᠨ ᠳᠠᠶᠠᠭᠠᠷ᠎ᠤᠨ ᠬᠠᠮᠲᠤ᠎ᠪᠠᠷ ᠲᠡᠮᠡᠴᠡᠭᠰᠡᠨ᠎ᠦ ᠦᠷ᠎ᠡ ᠳ᠋ᠦᠩ ᠪᠣᠯᠤᠨ᠎ᠠ᠃ ᠥᠨᠥᠳᠦᠷ᠎ᠦᠨ ᠥᠪᠥᠷ ᠮᠣᠩᠭᠣᠯ᠎ᠳᠤ᠂ ᠡᠯ᠎ᠡ ᠵᠦᠢᠯ᠎ᠦᠨ ᠠᠵᠢᠯ ᠦᠢᠯᠡᠰ ᠶᠡᠬᠡ ᠠᠯᠬᠤᠮ᠎ᠢᠶᠠᠷ ᠤᠷᠤᠭᠰᠢᠯᠠᠵᠤ ᠪᠠᠶ᠋ᠢᠨ᠎ᠠ᠂ ᠪᠢᠳᠡᠨ᠎ᠳᠦ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠢ ᠠᠷᠭᠠᠴᠠᠭᠠᠵᠤ᠂ ᠢᠯᠠᠯᠲᠠ᠎ᠶᠢᠨ ᠡᠷᠴᠢᠨ ᠳᠡᠭᠡᠷ᠎ᠡ᠎ᠪᠡᠨ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠲᠠᠬᠢᠨ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠬᠤ ᠢᠲᠡᠭᠡᠯ ᠪᠠ ᠴᠢᠳᠠᠪᠤᠷᠢ ᠪᠦᠷᠢᠨ ᠪᠠᠶ᠋ᠢᠨ᠎ᠠ᠃

ᠰᠢᠨ᠎ᠡ ᠠᠶᠠᠨ᠎ᠳᠤ ᠡᠷᠡᠮᠡᠬᠡᠢᠯᠡᠨ ᠤᠷᠤᠭᠰᠢᠯᠠᠵᠤ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭᠠᠬᠤ᠎ᠳᠤ ᠵᠠᠩᠭᠢᠯᠠᠭ᠎ᠠ ᠨᠢ ᠬᠥᠮᠦᠨ᠎ᠳᠦ ᠪᠤᠢ᠂ ᠵᠠᠩᠭᠢᠯᠠᠭ᠎ᠠ ᠨᠢ ᠠᠵᠢᠯᠯᠠᠬᠤ᠎ᠳᠤ ᠪᠤᠢ᠃ ᠣᠷᠣᠨ ᠳᠠᠶᠠᠭᠠᠷ᠎ᠢᠶᠠᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠶ᠋ᠢᠯᠡᠨ ᠤᠷᠤᠭᠰᠢᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠪᠠᠷ ᠰᠢᠨ᠎ᠡ ᠭᠠᠷᠤᠭ᠎ᠠ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠥᠬᠥ᠌ ᠲᠠᠯ᠎ᠠ᠎ᠪᠠᠷ ᠰᠢᠰᠲ᠋ᠧᠮ᠎ᠲᠡᠶ ᠰᠤᠷᠤᠯᠴᠠᠬᠤ᠂ ᠨᠡᠪᠲᠡᠷᠡᠲᠡᠯ᠎ᠡ ᠣᠶ᠋ᠢᠯᠠᠭᠠᠬᠤ ᠲᠠᠯ᠎ᠠ᠎ᠪᠠᠷ ᠤᠯᠠᠮ ᠨᠢᠭᠡ ᠠᠯᠬᠤᠮ ᠬᠦᠴᠦ᠍ ᠣᠷᠣᠭᠤᠯᠵᠤ᠂ ᠰᠡᠳᠬᠢᠯ᠎ᠢ ᠨᠢᠭᠳᠠᠷᠠᠭᠤᠯᠤᠨ ᠰᠦᠭ ᠰᠦᠨᠡᠰᠦ᠎ᠶᠢ ᠱᠤᠭᠤᠬᠤ᠂ ᠭᠦᠨᠵᠡᠭᠡᠢᠷᠡᠭᠦᠯᠦᠨ ᠬᠡᠷᠡᠭᠯᠡᠬᠦ᠂ ᠪᠣᠳᠠᠲᠤ᠌ ᠦᠷ᠎ᠡ ᠪᠦᠲᠦᠮᠵᠢ ᠤᠯᠬᠤ ᠲᠠᠯ᠎ᠠ᠎ᠪᠠᠷ ᠦᠷᠭᠦᠯᠵᠢᠯᠡᠨ ᠬᠦᠴᠦ᠍ᠯᠡᠵᠦ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠶ ᠠᠵᠢᠯ᠎ᠤᠨ ᠪᠠᠶ᠋ᠢᠷᠢᠯᠠᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ; ᠲᠣᠭᠲᠠᠯ ᠬᠦᠴᠦᠨ᠎ᠢᠶᠡᠨ ᠪᠠᠲᠤᠯᠠᠵᠤ᠂ ᠢᠲᠡᠭᠡᠯ ᠵᠣᠷᠢᠭ᠎ᠢᠶᠠᠨ ᠪᠠᠲᠤᠳᠬᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ᠎ᠶᠢ ᠪᠦᠬᠦ᠌ ᠲᠠᠯ᠎ᠠ ᠎ᠪᠠᠷ ᠰᠢᠰᠲ᠋ᠧᠮ ᠎ᠲᠡᠶ ᠨᠠᠶ᠋ᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ ᠪᠣᠯᠤᠨ ᠬᠥᠭᠵᠢᠯᠲᠡ᠎ᠶᠢᠨ ᠰᠠᠢ᠌ᠨ ᠰᠠᠶ᠋ᠢᠬᠠᠨ ᠣᠷᠴᠢᠨ ᠲᠣᠭᠣᠷᠢᠨ᠎ᠢ ᠬᠦᠴᠦᠯᠡᠨ ᠪᠤᠢ ᠪᠣᠯᠭᠠᠬᠤ ᠬᠡᠷᠡᠭᠲᠡᠢ; ᠵᠤᠷᠢᠭ ᠵᠢᠡᠨ ᠬᠦᠪᠴᠢᠯᠡᠵᠤ᠂ ᠠᠵᠢᠯ ᠤ᠋ᠨ ᠡᠷᠴᠢ ᠪᠠᠨ ᠴᠢᠩᠭᠠᠯᠠᠵᠤ᠂ ᠠᠵᠤ ᠠᠬᠤᠶ᠎ᠶᠢᠨ ᠡᠷᠭᠢᠯᠳᠡ ᠵᠢᠨ ᠲᠣᠬᠢᠷᠠᠭᠤᠯᠤᠯᠲᠠ ᠪᠠ ᠭᠤᠤᠯᠳᠠᠯᠭ᠎ᠠ᠎ᠲᠠᠶ ᠡᠭᠦᠷᠭᠡ᠎ᠶᠢᠨ ᠪᠣᠭᠣᠮᠲᠠ ᠰᠢᠪᠲᠤᠯᠤᠯᠳᠠ᠎ᠶᠢ ᠴᠢᠩᠭᠠᠳᠬᠠᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠠᠮᠤᠷ ᠲᠦᠪᠰᠢᠨ ᠲᠣᠭᠲᠠᠭᠤᠨ᠎ᠢ ᠪᠣᠳᠠᠲᠠᠶ ᠠᠳᠬᠤᠨ ᠨᠠᠷᠢᠯᠢᠭ ᠠᠳᠬᠤᠵᠤ᠂ ᠬᠤᠶᠠᠷ ᠵᠢᠯ᠎ᠤᠨ ᠠᠭᠤᠯᠵᠠᠷ ᠲᠡᠬᠢ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠪᠥᠬᠥ᠌ ᠵᠢᠯ᠎ᠦᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠭᠤᠤᠯ ᠬᠠᠷᠠᠯᠲᠠ ᠡᠭᠦᠷᠭᠡ᠎ᠶᠢ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠡᠶᠡᠯᠡᠭᠦᠯᠬᠦ ᠬᠡᠷᠡᠭᠳᠡᠢ᠃

ᠲᠦᠮᠡᠨ ᠭᠠᠵᠠᠷ ᠤ᠋ᠨ ᠠᠤᠭ᠎ᠠ ᠠᠶᠠᠨ ᠳ᠋ᠤ᠂ ᠡᠭᠦᠷᠭᠡ ᠬᠠᠷᠢᠭᠤᠴᠠᠯᠭ᠎ᠠ ᠠᠭᠤᠯᠠ ᠮᠡᠲᠦ᠍ ᠬᠦᠨᠳᠦ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠍᠂ ᠠᠭᠤᠤ ᠶᠡᠬᠡ ᠣᠷᠳᠣ ᠵᠠᠮ᠎ᠤᠨ ᠠᠶᠠᠨ ᠲᠡᠶ᠋ᠢᠨ᠎ᠦ ᠵᠣᠷᠢᠭ ᠰᠠᠨᠠᠭ᠎ᠠ ᠪᠣᠯᠤᠨ ᠮᠣᠩᠭᠣᠯ ᠮᠣᠷᠢᠨ᠎ᠤ ᠵᠣᠷᠢᠭ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭᠰᠢᠯᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠤ ᠰᠢᠨ᠎ᠡ ᠠᠮᠵᠢᠯᠲᠠ ᠪᠦᠲᠦᠮᠵᠢ ᠡᠭᠦᠳᠦᠶ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面