ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-11-20 09:56:52

ᠵᠣᠬᠢᠶᠠᠭ᠍ᠴᠢ᠄ ᠥᠪᠥᠷ ᠮᠣᠩᠭᠣᠯ᠎ᠤᠨ ᠡᠳᠦᠷ᠎ᠦᠨ​ ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ᠎ᠶᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ


ᠦᠵᠡᠯ ᠰᠠᠨᠠᠭᠠᠨ᠎ᠤ ᠭᠡᠷᠡᠯ ᠭᠢᠯᠪᠠᠭ᠎ᠠ ᠲᠡᠮᠡᠴᠡᠯ᠎ᠦᠨ ᠠᠶᠠᠨ᠎ᠢ ᠭᠡᠶ᠋ᠢᠭᠦᠯᠦᠨ᠎ᠠ;  ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠬᠥᠭᠵᠢᠭᠡᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ 《ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭᠠᠯ》 ᠨᠢ ᠪᠥᠬᠥ᠌ ᠣᠷᠣᠨ᠎ᠤ ᠳᠡᠭᠡᠳᠦ ᠳᠤᠤᠷᠠᠳᠤ ᠱᠠᠲᠤ᠎ᠪᠠᠷ᠎ᠢᠶᠠᠨ ᠦᠵᠡᠯ ᠰᠠᠨᠠᠭ᠎ᠠ ᠵᠣᠷᠢᠭ ᠰᠠᠨᠠᠭ᠎ᠠ᠎ᠪᠠᠨ ᠨᠢᠭᠡᠳᠬᠡᠬᠦ᠌᠂ ᠡᠷᠡᠯᠬᠡᠭᠯᠡᠨ ᠤᠷᠤᠭᠰᠢᠯᠠᠬᠤ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ《1571》ᠶᠡᠷᠦᠩᠬᠡᠶ ᠠᠵᠢᠯ᠎ᠤᠨ ᠪᠠᠶ᠋ᠢᠷᠢᠯᠠᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠳᠦ ᠴᠢᠬᠤᠯᠠ ᠠᠴᠢ ᠬᠣᠯᠪᠣᠭᠳᠠᠯ᠎ᠲᠠᠶ ᠶᠤᠮ᠃

ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭᠲᠠ ᠭᠦᠨ ᠰᠠᠨᠠᠭᠠᠯᠵᠠᠵᠤ᠂ ᠥᠪᠥᠷ ᠮᠣᠩᠭᠣᠯ᠎ᠤᠨ ᠬᠥᠭᠵᠢᠯᠲᠡ᠎ᠶᠢ ᠢᠮᠠᠭᠲᠠ ᠬᠠᠯᠠᠮᠵᠢᠯᠠᠨ ᠰᠠᠨᠠᠭᠠᠯᠵᠠᠭᠰᠠᠭᠠᠷ ᠢᠷᠡᠵᠠᠢ᠃ ᠡᠨᠡ ᠤᠳᠠᠭ᠎ᠠ ᠳᠠᠬᠢᠨᠲᠠ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠭᠰᠠᠨ᠎ᠨᠢ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠤᠨ ᠲᠤᠬᠠᠢ ᠭᠦᠨ ᠵᠤᠵᠠᠭᠠᠨ ᠬᠠᠶ᠋ᠢᠷ᠎ᠠ ᠬᠠᠯᠠᠮᠵᠢ᠎ᠶᠢ ᠭᠦᠢᠴᠡᠳ ᠢᠯᠡᠷᠡᠭᠦᠯᠪᠡ᠃ ᠰᠢᠨ᠎ᠡ ᠭᠠᠷᠤᠭ᠎ᠠ ᠰᠢᠨ᠎ᠡ ᠠᠶᠠᠨ᠎ᠳᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ᠌ ᠲᠠᠯ᠎ᠠ᠎ᠪᠠᠷ ᠰᠢᠰᠲ᠋ᠧᠮ᠎ᠲᠡᠶ ᠰᠤᠷᠤᠯᠴᠠᠬᠤ᠂ ᠭᠦᠨᠵᠡᠭᠡᠢ ᠤᠢ᠌ᠯᠠᠭᠠᠨ ᠡᠵᠡᠮᠰᠢᠬᠦ᠌ ᠳᠡᠭᠡᠷ᠎ᠡ ᠬᠦᠴᠦ᠍ ᠣᠷᠣᠭᠤᠯᠵᠤ᠂ ᠰᠡᠳᠬᠢᠯ᠎ᠢ ᠨᠢᠭᠳᠠᠷᠠᠭᠤᠯᠤᠨ ᠰᠦᠭ ᠰᠦᠨᠡᠰᠦ᠎ᠶᠢ ᠱᠤᠭᠤᠬᠤ᠂ ᠭᠦᠨᠵᠡᠭᠡᠢ ᠬᠡᠷᠡᠭᠯᠡᠬᠦ᠂ ᠪᠣᠳᠠᠲᠠᠢ ᠦᠷ᠎ᠡ ᠪᠦᠲᠦᠮᠵᠢ ᠭᠠᠷᠭᠠᠬᠤ ᠳᠡᠭᠡᠷ᠎ᠡ ᠦᠷᠭᠦᠯᠵᠢᠯᠡᠨ ᠬᠦᠴᠦᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠰᠢᠭᠤᠷᠬᠠᠢ ᠤᠷᠤᠭᠰᠢᠯᠠᠬᠤ ᠬᠡᠷᠡᠭᠲᠡᠢ᠃

ᠰᠡᠳᠬᠢᠯ᠎ᠢ ᠨᠢᠭᠳᠠᠷᠠᠭᠤᠯᠤᠨ ᠰᠦᠭ ᠰᠦᠨᠡᠰᠦ᠎ᠶᠢ ᠱᠤᠭᠤᠬᠤ ᠵᠢᠨ ᠡᠷᠬᠢᠮ ᠨᠢ ᠨᠡᠪᠳᠡᠷᠡᠳᠡᠯ᠎ᠠ ᠤᠢᠯᠠᠭᠠᠬᠤ ᠳ᠋ᠦ ᠪᠤᠢ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠣᠶ᠋ᠢᠯᠠᠭᠠᠬᠤ᠎ᠶᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠰᠤᠷᠤᠯᠴᠠᠨ ᠣᠶ᠋ᠢᠯᠠᠭᠠᠬᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠲᠤᠭᠤᠰᠢᠯᠠᠭᠤᠯᠬᠤ᠎ᠲᠠᠶ ᠤᠶᠠᠯᠳᠤᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢ᠌ᠳᠪᠦᠷᠢᠯᠡᠭᠴᠢ ᠠᠴᠢ ᠬᠣᠯᠪᠣᠭᠳᠠᠯ᠎ᠢ ᠨᠡᠩ ᠭᠦᠨᠵᠡᠭᠡᠢ ᠣᠶ᠋ᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠡᠴᠡ ᠣᠯᠭᠣᠭᠰᠠᠨ ᠲᠠᠪᠤᠨ ᠶᠡᠬᠡ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶᠢ ᠪᠠᠲᠤ᠌ ᠡᠵᠡᠮᠳᠡᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶ᠋ᠢᠵᠤ᠂ ᠬᠠᠷᠢᠭᠤᠴᠠᠯᠭ᠎ᠠ ᠡᠭᠦᠷᠭᠡᠯᠡᠯ᠎ᠢᠶᠡᠨ ᠡᠭᠦᠷᠭᠡᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠵᠤᠵᠠᠭᠠᠨ ᠬᠠᠶ᠋ᠢᠷ᠎ᠠ ᠬᠠᠯᠠᠮᠵᠢ᠎ᠶᠢ ᠦᠨᠡᠨ ᠬᠦ᠌ ᠠᠴᠢ ᠳ᠋ᠤ ᠲᠠᠯᠠᠷᠬᠠᠵᠤ ᠡᠷᠡᠮᠡᠬᠡᠶ᠋ᠢᠯᠡᠨ ᠤᠷᠤᠭᠰᠢᠯᠠᠬᠤ᠎ᠶᠢᠨ ᠲᠠᠳᠠᠭᠤᠷᠠᠰᠢ ᠦᠭᠡᠢ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃

ᠬᠡᠷᠡᠭᠯᠡᠬᠦ᠎ᠶᠢ ᠭᠦᠨᠵᠡᠭᠡᠢᠷᠡᠭᠦᠯᠬᠦ ᠵᠢᠨ ᠴᠢᠬᠤᠯᠠ ᠨᠢ ᠮᠡᠳᠡᠬᠦᠢ ᠬᠢᠬᠦᠢ᠎ᠪᠤᠯᠭᠠᠨ ᠤᠯᠠᠷᠢᠭᠤᠯᠬᠤ ᠳ᠋ᠦ ᠪᠤᠢ᠃ ᠰᠤᠷᠤᠯᠴᠠᠬᠤ᠎ᠶᠢᠨ ᠵᠣᠷᠢᠯᠭ᠎ᠠ ᠨᠢ ᠬᠡᠷᠡᠭᠯᠡᠬᠦ᠎ᠶᠢᠨ ᠲᠥᠯᠥᠭᠡ ᠶᠤᠮ᠂ ᠰᠤᠷᠤᠭᠠᠳ ᠬᠡᠷᠡᠭᠯᠡᠬᠦ ᠦᠭᠡᠢ᠂ ᠮᠡᠳᠡᠭᠡᠳ ᠬᠢᠬᠦ ᠦᠭᠡᠢ ᠪᠣᠯ ᠬᠡᠳᠦᠢ ᠰᠠᠢᠨ ᠲᠠᠨᠢᠯᠲᠠ᠎ᠲᠠᠢ ᠪᠠᠢᠭᠰᠠᠨ ᠴᠤ᠌ ᠬᠣᠭᠣᠰᠤᠨ ᠦᠭᠡ ᠲᠡᠳᠦᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠪᠣᠳᠠᠲᠠᠢ᠎ᠳᠤ ᠰᠠᠭᠤᠷᠢᠯᠠᠵᠤ᠂ ᠭᠠᠷᠳᠠᠴᠠ᠎ᠶᠢ ᠣᠨᠣᠪᠴᠢᠲᠠᠶ ᠡᠷᠢᠵᠦ᠂ 《ᠨᠠᠢ᠍ᠮᠠᠨ ᠰᠢᠨ᠎ᠡ ᠬᠠᠷᠠᠯᠳᠠ》᠂ 《ᠬᠤᠶᠠᠷ ᠲᠠᠯ᠎ᠠ ᠪᠡᠷ ᠪᠦᠬᠦ ᠤᠯᠤᠰ᠎ᠤᠨ ᠲᠡᠭᠡᠳᠦ ᠲᠦᠪᠰᠢᠨ᠎ᠳᠦ ᠲᠤᠭᠳᠠᠭᠤᠨ ᠪᠠᠢᠬᠤ》᠂ 《ᠬᠤᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠬᠠᠷᠠᠯᠲᠠ᠎ᠶᠢ ᠲᠣᠭᠲᠠᠭᠠᠨ ᠡᠷᠡᠮᠡᠬᠡᠢᠯᠡᠨ ᠤᠷᠤᠭᠰᠢᠯᠠᠬᠤ ᠬᠡᠷᠡᠭᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠰᠤᠷᠤᠯᠴᠠᠯᠭ᠎ᠠ ᠪᠠ ᠪᠠᠢᠴᠠᠭᠠᠨ ᠰᠤᠳᠤᠯᠤᠯᠲᠠ᠎ᠶᠢ ᠭᠦᠨᠵᠡᠭᠡᠢᠷᠡᠭᠦᠯᠬᠦ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠭᠵᠢᠯᠲᠡ᠎ᠶᠢᠨ ᠪᠣᠭᠣᠮᠢ᠎ᠳᠤ ᠰᠠᠢᠨ ᠠᠷᠭ᠎ᠠ ᠪᠣᠳᠣᠯᠭ᠎ᠠ ᠰᠦᠪᠡᠭᠴᠢᠯᠡᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠤᠬᠠᠮᠰᠠᠷᠲᠤ ᠠᠵᠢᠯᠯᠠᠭ᠎ᠠ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠴᠠᠭᠠᠷᠠᠭᠰᠠᠨ ᠴᠢᠳᠠᠪᠤᠷᠢ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃

ᠦᠷ᠎ᠡ ᠪᠦᠲᠦᠮᠵᠢ ᠭᠠᠷᠭᠠᠬᠤ ᠨᠢ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠳ᠋ᠦ ᠲᠦᠰᠢᠭᠯᠡᠨ᠎ᠠ᠃ ᠨᠢᠭᠡ ᠬᠤᠪᠢ᠎ᠶᠢᠨ ᠪᠠᠢᠷᠢᠯᠠᠭᠤᠯᠤᠯᠲᠠ᠂ ᠶᠢᠰᠦᠨ ᠬᠤᠪᠢ᠎ᠶᠢᠨ ᠨᠠᠢᠳᠠᠪᠤᠷᠢᠵᠢᠭᠤᠯᠤᠯᠲᠠ᠃ ᠤᠷᠢᠶ᠎ᠠ ᠯᠣᠽᠦ᠋ᠩ᠎ᠢ ᠲᠤᠩᠰᠤᠯᠳᠠᠯ᠎ᠠ ᠬᠠᠰᠬᠢᠷᠪᠠᠴᠤ ᠠᠵᠢᠯᠯᠠᠭ᠎ᠠ ᠠᠪᠬᠤ ᠦᠭᠡᠢ ᠪᠣᠯ ᠶᠠᠮᠠᠷ ᠰᠠᠢᠨ ᠲᠦᠷᠦ᠎ᠶᠢᠨ ᠪᠣᠳᠣᠯᠭ᠎ᠠ ᠴᠦ᠍ ᠨᠢᠭᠡ ᠬᠠᠭᠤᠳᠠᠰᠤ ᠰᠤᠯᠠ ᠴᠠᠭᠠᠰᠤ ᠲᠡᠳᠦᠢ ᠶᠤᠮ; ᠵᠥᠪᠬᠡᠨ ᠠᠰᠠᠷ᠎ᠤᠨ ᠱᠠᠲᠤᠨ᠎ᠤ ᠲᠠᠭᠤᠨ᠎ᠢ ᠰᠣᠨᠣᠰᠤᠭᠠᠳ ᠬᠥᠮᠥᠨ ᠪᠠᠭᠤᠵᠤ ᠢᠷᠡᠬᠦ ᠦᠭᠡᠢ ᠪᠣᠯ ᠶᠠᠮᠠᠷ ᠰᠠᠢᠨ ᠰᠢᠢᠳᠪᠦᠷᠢᠲᠦ ᠪᠣᠳᠣᠯᠭ᠎ᠠ ᠪᠠᠢᠭᠰᠠᠨ ᠴᠤ᠌ ᠪᠣᠳᠠᠲᠤ ᠦᠷ᠎ᠡ ᠪᠦᠲᠦᠮᠵᠢ ᠣᠯᠵᠤ ᠴᠢᠳᠠᠬᠤ ᠦᠭᠡᠢ ᠶᠤᠮ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠳᠤ ᠡᠵᠡᠮᠳᠡᠵᠦ᠂ ᠪᠤᠰᠤᠳᠴᠢ ᠵᠢᠮ᠎ᠡ ᠶᠣᠰᠣ᠌᠎ᠶᠢ ᠤᠬᠠᠮᠰᠠᠷ᠎ᠠᠴᠠ᠎ᠪᠠᠨ ᠵᠢᠷᠤᠮᠯᠠᠨ᠂ ᠬᠦᠯᠢᠴᠡᠩᠭᠦᠢ ᠪᠤᠰᠤ ᠣᠪᠣᠷ ᠰᠤᠷᠲᠠᠯ᠎ᠢ ᠲᠠᠶᠠᠭᠳᠠᠵᠤ᠂ ᠭᠠᠪᠰᠢᠭᠠᠢᠯᠠᠨ ᠤᠷᠤᠭᠰᠢᠯᠠᠬᠤ ᠵᠣᠷᠢᠭ᠋ ᠰᠠᠨᠠᠭ᠎ᠠ᠂ ᠡᠭᠦᠳᠦᠨ ᠪᠦᠲᠦᠭᠡᠬᠦ ᠡᠷᠴᠢ ᠵᠣᠷᠢᠭ᠋᠂ ᠪᠤᠳᠠᠳᠠᠢ ᠠᠵᠢᠯᠯᠠᠬᠤ ᠰᠤᠷᠲᠠᠯ᠎ᠢᠶᠠᠨ ᠢᠮᠠᠭᠳᠠ ᠪᠠᠳᠤᠯᠠᠬᠤ ᠬᠡᠷᠡᠭᠲᠡᠢ᠃ ᠪᠠᠰᠠ ᠳᠦᠷᠢᠮ᠎ᠦᠨ 《ᠲᠤᠬᠢᠭᠤᠷ》 ᠢ᠋ ᠰᠠᠢᠲᠤᠷ ᠬᠡᠷᠡᠭᠯᠡᠵᠦ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠬᠡᠯᠪᠡᠢᠭᠦᠦ ᠪᠠᠢᠬᠤ᠎ᠶᠢ ᠪᠦᠲᠦᠮᠵᠢᠲᠡᠢ ᠰᠡᠷᠭᠡᠢᠯᠡᠨ ᠵᠠᠰᠠᠬᠤ ᠠᠵᠢᠯ᠎ᠤᠨ ᠲᠣᠭᠲᠠᠴᠠ᠎ᠶᠢ ᠪᠦᠷᠢᠨᠰᠢᠭᠦᠯᠵᠦ᠂ ᠠᠵᠢᠯ᠎ᠢᠶᠡᠨ ᠦᠯᠦ ᠬᠢᠬᠦ᠂ ᠳᠤᠷ᠎ᠠ᠎ᠵᠤᠷᠢᠭ ᠵᠢᠡᠷ ᠵᠢᠡᠨ ᠬᠢᠬᠦ ᠠᠰᠠᠭᠤᠳᠠᠯ᠎ᠢ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠵᠦ᠂ ᠪᠣᠳᠠᠲᠠᠢ ᠠᠵᠢᠯᠯᠠᠭ᠎ᠠ᠎ᠪᠠᠷ᠎ᠢᠶᠠᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠠᠬᠢᠭᠤᠯᠬᠤ ᠬᠡᠷᠡᠭᠲᠡᠢ᠃

ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ᠎ᠶᠢᠨ ᠵᠢᠭᠠᠭᠰᠠᠨ ᠴᠢᠭᠯᠡᠯ᠎ᠢᠶᠡᠷ ᠡᠷᠡᠰ ᠭᠤᠢᠪᠢᠰᠢ ᠦᠭᠡᠢ ᠡᠷᠡᠯᠬᠡᠭᠯᠡᠨ ᠤᠷᠤᠭᠰᠢᠯᠠᠪᠠᠯ᠂ ᠪᠢᠳᠡ ᠯᠠᠪᠲᠠᠢ ᠪᠥᠬᠥ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠂ ᠪᠣᠳᠠᠲᠤ ᠠᠵᠢᠯᠯᠠᠭ᠎ᠠ ᠪᠣᠳᠠᠲᠠᠢ ᠠᠮᠵᠢᠯᠲᠠ᠎ᠪᠠᠷ᠎ᠢᠶᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠵᠦ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面