2026-11-21 12:41:23
︱ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ
ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠳᠤ ᠪᠤᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠦᠬᠦᠳᠠ ᠬᠤᠷᠠᠯ᠎ᠡᠴᠡ 《ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠲᠠᠭᠠᠯ 》 ᠢ᠋ ᠬᠢᠨᠠᠨ ᠵᠥᠪᠯᠡᠵᠦ ᠪᠠᠲᠤᠯᠠᠭᠠᠳ᠂ ᠨᠠᠮ᠎ᠢ ᠬᠠᠮᠢᠶᠠᠷᠴᠤ ᠨᠠᠮ᠎ᠢ ᠵᠠᠰᠠᠬᠤ ᠲᠤᠬᠠᠢ ᠪᠣᠳᠠᠲᠠᠢ ᠲᠣᠬᠢᠷᠠᠭᠤᠯᠤᠯᠲᠠ ᠪᠠᠢᠷᠢᠯᠠᠭᠤᠯᠤᠯᠲᠠ ᠬᠢᠪᠡ᠃ ᠪᠦᠬᠦ ᠣᠷᠣᠨᠳᠠᠶᠠᠭᠠᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠦᠨᠡᠨ ᠬᠦ᠌ ᠨᠠᠮ᠎ᠤᠨ ᠲᠥᠪ ᠬᠣᠷᠢᠶ᠎ᠡ ᠵᠢᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠪᠠᠢᠷᠢᠯᠠᠭᠤᠯᠤᠯᠲᠠ᠎ᠲᠠᠢ ᠨᠢᠭᠡᠳᠬᠡᠵᠦ᠂ ᠬᠡᠵᠢᠶᠡᠳᠡ ᠦᠯᠦ ᠴᠠᠯᠠᠭᠠᠢᠷᠠᠬᠤ ᠵᠤᠷᠢᠭ ᠰᠠᠨᠠᠭ᠎ᠠ ᠤᠪᠤᠷ ᠪᠠᠢᠳᠠᠯ᠎ᠢᠶᠠᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃
ᠲᠠᠨᠢᠯᠲᠠ ᠵᠢᠨ ᠲᠠᠯ᠎ᠠ ᠪᠡᠷ ᠳᠡᠭᠡᠭᠰᠢᠯᠡᠪᠡᠯ ᠦᠢᠯᠡ ᠠᠵᠢᠯᠯᠠᠭ᠎ᠠ ᠰᠠᠶᠢ ᠨᠡᠩ ᠬᠦᠴᠦᠲᠡᠢ ᠪᠣᠯᠵᠤ᠂ ᠨᠠᠢᠳᠠᠪᠤᠷᠢᠵᠢᠭᠤᠯᠤᠯᠲᠠ ᠰᠠᠶᠢ ᠨᠡᠩ ᠪᠦᠲᠦᠮᠵᠢᠲᠡᠶ ᠪᠣᠯᠵᠤ ᠴᠢᠳᠠᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠨᠠᠮ ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠵᠢᠨ ᠴᠢᠬᠤᠯᠠ ᠴᠢᠨᠠᠷ᠂ ᠲᠤᠯᠭᠠᠮ ᠴᠢᠨᠠᠷ᠎ᠤᠨ ᠲᠤᠬᠠᠢ ᠲᠠᠨᠢᠯᠲᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠢ ᠬᠠᠮᠢᠶᠠᠷᠴᠤ ᠨᠠᠮ᠎ᠢ ᠵᠠᠰᠠᠬᠤ ᠡᠬᠦᠷᠬᠡ ᠬᠠᠷᠢᠭᠤᠴᠠᠯᠭᠠᠲᠤ ᠰᠡᠳᠬᠢᠯᠭᠡ᠎ᠪᠡᠨ ᠴᠢᠩᠭᠠᠳᠬᠠᠬᠤ ᠬᠡᠷᠡᠭᠲᠡᠢ᠃ ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠪᠠᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠵᠤ᠂ ᠢᠯᠵᠢᠷᠠᠯ ᠡᠭᠦᠰᠬᠦ ᠬᠥᠷᠥᠰᠥ ᠰᠢᠷᠣᠢ ᠪᠠ ᠨᠥᠬᠥᠴᠡᠯ ᠰᠢᠯᠲᠠᠭᠠᠨ᠎ᠢ ᠠᠷᠢᠯᠭᠠᠬᠤ ᠡᠭᠦᠷᠭᠡ ᠮᠥᠨ ᠬᠦ᠌ ᠬᠠᠲᠠᠭᠤ ᠪᠡᠷᠬᠡ ᠨᠦᠰᠡᠷ ᠬᠦᠨᠳᠦ ᠪᠠᠢᠬᠤ᠎ᠶᠢ ᠭᠦᠨᠵᠡᠭᠡᠢ ᠲᠠᠨᠢᠬᠤ ᠬᠡᠷᠡᠭᠲᠡᠢ; ᠨᠠᠮ ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠨᠢ ᠠᠵᠢᠯ ᠬᠢᠵᠦ ᠦᠢᠯᠡᠰ ᠪᠣᠰᠬᠠᠬᠤ ᠵᠢ ᠬᠦᠯᠢᠶᠡᠰᠦᠯᠡᠬᠦ ᠪᠢᠰᠢ᠂ ᠬᠠᠷᠢᠨ ᠳᠤᠷ᠎ᠠ᠎ᠪᠠᠷ᠎ᠢᠶᠠᠨ ᠠᠭᠠᠰᠢᠯᠠᠵᠤ ᠲᠠᠪᠠ ᠪᠡᠷ᠎ᠢᠶᠡᠨ ᠦᠢᠯᠡᠳᠬᠦ ᠭᠠᠷ ᠬᠦᠯ᠎ᠢ ᠬᠦᠯᠢᠶᠡᠰᠦᠯᠡᠬᠦ ᠵᠢᠨ ᠲᠦᠯᠦᠬᠡ ᠬᠡᠳᠡᠭ᠎ᠢ ᠭᠦᠨᠵᠡᠭᠡᠢ ᠲᠠᠨᠢᠬᠤ ᠬᠡᠷᠡᠭᠲᠡᠢ; ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠨᠢ ᠡᠷᠬᠡ ᠲᠡᠭᠰᠢ᠎ᠪᠡᠷ ᠥᠷᠢᠰᠦᠯᠳᠦᠬᠦ ᠵᠠᠬ᠎ᠠ ᠳᠡᠯᠭᠡᠭᠦᠷ᠎ᠦᠨ ᠣᠷᠴᠢᠨ ᠨᠦᠭᠦᠴᠡᠯ᠎ᠢ ᠬᠠᠮᠠᠭᠠᠯᠠᠵᠤ᠂ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠬᠣᠬᠢᠷᠠᠭᠤᠯᠬᠤ ᠬᠣᠣᠷ᠎ᠲᠦ ᠠᠵᠢᠯᠯᠠᠭ᠎ᠠ᠎ᠶᠢ ᠬᠣᠷᠢᠭ᠍ᠯᠠᠬᠤ ᠵᠢᠨ ᠲᠦᠯᠦᠬᠡ ᠭᠡᠳᠡᠭ ᠢ ᠭᠦᠨᠵᠡᠭᠡᠢ ᠲᠠᠨᠢᠬᠤ ᠬᠡᠷᠡᠭᠲᠡᠢ; ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠨᠢ ᠨᠠᠮ᠎ᠤᠨ ᠠᠷᠠᠳ ᠤᠯᠠᠨ ᠤ ᠰᠡᠳᠬᠢᠯ ᠵᠢᠷᠦᠬᠡᠨ᠎ᠳᠡᠬᠢ ᠳᠦᠷᠢ ᠲᠥᠷᠬᠦ᠎ᠶᠢ ᠬᠣᠬᠢᠷᠠᠭᠤᠯᠬᠤ ᠦᠭᠡᠢ ᠮᠥᠷᠲᠡᠭᠡᠨ ᠬᠠᠷᠢᠨ ᠠᠷᠠᠳ ᠤᠯᠠᠨ ᠢ ᠨᠠᠮ᠎ᠢᠶᠠᠨ ᠨᠡᠩ ᠢᠲᠡᠭᠡᠵᠦ᠂ ᠨᠡᠩ ᠬᠠᠢᠷᠠᠯᠠᠵᠤ᠂ ᠨᠡᠩ ᠬᠦᠷᠢᠶᠡᠯᠡᠬᠦ ᠪᠣᠯᠭᠠᠬᠤ ᠵᠢᠨ ᠲᠦᠯᠦᠬᠡ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠲᠠᠨᠢᠯᠲᠠ᠎ᠪᠠᠨ ᠳᠡᠭᠡᠭᠰᠢᠯᠡᠭᠦᠯᠵᠦ᠂ ᠲᠣᠭᠲᠠᠯ ᠬᠦᠴᠦᠨ᠎ᠢᠶᠡᠨ ᠪᠠᠲᠤᠯᠠᠨ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠶᠢ ᠤᠬᠠᠮᠰᠠᠷ᠎ᠡᠴᠡ᠎ᠪᠠᠨ ᠡᠷᠡᠰ ᠪᠠᠲᠤ ᠴᠢᠩᠭ᠎ᠠ ᠠᠳᠬᠤᠨ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃
ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠎ᠳᠦ ᠰᠢᠨᠵᠢᠯᠡᠬᠦ ᠤᠬᠠᠭᠠᠨᠴᠢ ᠦᠵᠡᠯ ᠰᠠᠨᠠᠭᠠᠨ᠎ᠤ ᠵᠢᠯᠣᠭᠣᠳᠤᠯᠭ᠎ᠠ᠎ᠡᠴᠡ ᠨᠢᠭᠡ ᠮᠥᠴᠡ ᠴᠦ᠍ ᠰᠠᠯᠵᠤ ᠴᠢᠳᠠᠬᠤ ᠦᠭᠡᠢ᠃ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ᠎ᠶᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠡᠷᠬᠢᠮ ᠨᠠᠨᠳᠢᠨ ᠲᠤᠷᠰᠢᠯᠭ᠎ᠠ᠎ᠶᠢᠨ ᠰᠢᠰᠲ᠋ᠸᠮ ᠲᠠᠢ ᠰᠢᠷᠭᠠᠭᠠᠯᠳᠠ ᠲᠤᠩᠭᠠᠯᠲᠠ ᠪᠠ ᠰᠢᠨᠵᠢᠯᠡᠬᠦ ᠤᠬᠠᠭᠠᠨᠴᠢ ᠳ᠋ᠦᠩᠨᠡᠯᠲᠡ ᠪᠣᠯᠬᠤ ᠪᠥᠭᠡᠳ ᠪᠠᠰᠠ ᠰᠢᠨ᠎ᠡ ᠠᠶᠠᠨ᠎ᠳᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠦᠨᠳᠦᠰᠦᠨ ᠵᠢᠷᠤᠮᠯᠠᠯ ᠪᠣᠯᠣᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠯᠤᠭ᠎ᠠ ᠨᠡᠪᠲᠡᠷᠡᠯᠴᠡᠭᠦᠯᠵᠦ᠂ ᠶᠡᠷᠦᠩᠬᠡᠢ ᠱᠦᠵᠢ᠎ᠶᠢᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠯᠤᠭ᠎ᠠ ᠨᠡᠪᠲᠡᠷᠡᠯᠴᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠪᠠᠲᠤ ᠤᠷᠤᠭᠰᠢᠯᠠᠬᠤ ᠬᠡᠷᠡᠭᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ ᠪᠣᠯᠣᠨ ᠵᠣᠷᠢᠭ᠋ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠣᠢᠯᠠᠭᠠᠵᠤ᠂ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠲᠤᠭᠤᠰᠢᠯᠠᠭᠤᠯᠤᠨ ᠬᠡᠷᠡᠭᠵᠢᠭᠦᠯᠬᠦ᠂ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠪᠠᠶ᠋ᠢᠭᠤᠯᠬᠤ᠂ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠠᠶ᠋ᠢᠭᠤᠯᠬᠤ᠂ ᠴᠥᠬᠥᠷᠡᠰᠢ ᠦᠭᠡᠢ ᠴᠢᠷᠮᠠᠢᠬᠤ᠂ ᠢᠯᠵᠢᠷᠠᠬᠦ᠎ᠡᠴᠡ ᠵᠢᠷᠦᠬᠡᠰᠢᠶᠡᠬᠦ᠂ ᠢᠯᠵᠢᠷᠡᠵᠦ ᠪᠤᠯᠬᠤ ᠦᠬᠡᠢ᠂ ᠢᠯᠵᠢᠷᠠᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠴᠢᠩᠭᠠᠳᠬᠠᠬᠤ᠂ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠬᠦ ᠵᠡᠷᠭᠡ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠬᠥᠭᠵᠢᠯᠲᠡ᠎ᠶᠢᠨ ᠰᠢᠨ᠎ᠡ ᠪᠠᠢᠳᠠᠯ᠎ᠢ ᠨᠡᠬᠡᠬᠡᠨ ᠡᠭᠦᠳᠬᠦ ᠬᠡᠷᠡᠭᠲᠡᠢ᠃
ᠰᠡᠷᠡᠮᠵᠢ᠎ᠶᠢᠨ ᠬᠤᠩᠬᠤ᠎ᠶᠢ ᠪᠠᠢᠩᠭᠤ ᠳᠤᠤᠭᠠᠷᠭᠠᠪᠠᠯ ᠰᠠᠶᠢ ᠡᠬᠦᠷᠢᠳᠡ ᠬᠤᠷᠴᠡ ᠰᠡᠷᠬᠡᠭ ᠪᠠᠢᠵᠤ ᠴᠢᠳᠠᠨ᠎ᠠ; ᠬᠤᠷᠴᠠ ᠰᠡᠯᠡᠮ᠎ᠡ᠎ᠶᠢ ᠥᠨᠳᠥᠷ ᠡᠯᠭᠦᠪᠡᠯ ᠰᠠᠶᠢ ᠵᠢᠷᠦᠬᠡᠰᠢᠶᠡᠨ ᠪᠢᠰᠢᠷᠡᠬᠦ ᠪᠠᠢᠳᠠᠯ᠎ᠢ ᠪᠠᠳᠤᠯᠠᠵᠤ ᠴᠢᠳᠠᠨ᠎ᠠ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠪᠠᠰᠠ ᠬᠡᠷᠡᠭ᠎ᠢᠶᠡᠷ ᠥᠭᠡᠷᠡᠴᠢᠯᠡᠯᠲᠡ᠎ᠶᠢ ᠠᠬᠢᠭᠤᠯᠬᠤ᠂ ᠬᠡᠷᠡᠭ᠎ᠢᠶᠡᠷ ᠵᠠᠰᠠᠯᠳᠠ᠎ᠶᠢ ᠠᠬᠢᠭᠤᠯᠬᠤ᠎ᠶᠢ ᠭᠦᠨᠵᠡᠭᠡᠢᠷᠡᠭᠦᠯᠵᠦ᠂ ᠳᠡᠷᠭᠡᠳᠡᠬᠢ ᠤᠴᠢᠷ ᠶᠠᠪᠤᠳᠠᠯ᠎ᠢᠶᠠᠷ ᠳᠡᠷᠭᠡᠳᠡᠬᠢ ᠬᠥᠮᠥᠨ᠎ᠢᠶᠡᠨ ᠬᠥᠮᠥᠵᠢᠭᠦᠯᠵᠦ᠂ ᠨᠠᠮ᠎ᠤᠨ ᠭᠡᠰᠢᠭᠦᠨ ᠺᠠᠳ᠋ᠷ᠎ᠢ ᠬᠡᠷᠡᠭ᠎ᠢᠶᠡᠷ ᠲᠣᠯᠢ ᠪᠣᠯᠭᠠᠬᠤ᠂ ᠥᠪᠡᠷ᠎ᠢ᠎ᠪᠡᠨ ᠰᠡᠷᠡᠮᠵᠢᠯᠡᠭᠦᠯᠵᠦ ᠥᠪᠡᠷ᠎ᠢ᠎ᠪᠡᠨ ᠲᠤᠩᠭᠠᠬᠤ᠎ᠶᠢ ᠬᠥᠲᠥᠯᠥᠨ ᠵᠢᠯᠤᠭᠣᠳᠴᠤ᠂ ᠢᠮᠠᠭᠲᠠ ᠪᠢᠱᠢᠷᠡᠨ ᠵᠢᠷᠦᠬᠡᠱᠢᠶᠡᠬᠦ᠂ ᠰᠡᠷᠡᠮᠵᠢᠯᠡᠨ ᠬᠢᠴᠢᠶᠡᠬᠦ᠂ ᠬᠤᠷᠢᠭ᠎ᠠ ᠱᠤᠭᠤᠮ᠎ᠢ ᠰᠠᠬᠢᠬᠤ᠎ᠶᠢ ᠪᠡᠶᠡᠯᠡᠭᠦᠯᠬᠦ ᠬᠡᠷᠡᠭᠲᠡᠢ᠃ ᠬᠢᠨᠠᠯᠲᠠ ᠪᠠᠢᠴᠠᠭᠠᠯᠲᠠ᠎ᠶᠢ ᠰᠠᠢᠲᠤᠷ ᠬᠢᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ᠎ᠤᠨ ᠡᠷᠴᠢᠮ ᠰᠤᠯᠠ᠂ ᠬᠦᠨᠳᠦ ᠨᠣᠴᠢᠲᠠᠢ ᠠᠰᠠᠭᠤᠳᠠᠯ ᠭᠠᠷᠤᠭᠰᠠᠨ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠲᠥᠪ᠎ᠦᠨ ᠨᠠᠢ᠍ᠮᠠᠨ ᠲᠣᠭᠲᠠᠭᠠᠯ ᠵᠢᠴᠢ ᠲᠡᠬᠦᠨ᠎ᠢ ᠬᠡᠷᠡᠭᠵᠢᠭᠦᠯᠬᠦ ᠨᠠᠷᠢᠨ ᠳᠦᠷᠢᠮ ᠦᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠦᠷᠢᠮ᠎ᠡᠴᠡ ᠵᠥᠷᠢᠴᠡᠨ ᠢᠳᠡᠵᠦ ᠤᠤᠭᠤᠬᠤ᠂ ᠳᠦᠷᠢᠮ᠎ᠡᠴᠡ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠮᠦᠩᠬᠦ ᠬᠤᠷᠢᠶᠠᠬᠤ ᠵᠡᠷᠭᠡ ᠤᠯᠠᠨ ᠲᠦᠮᠡᠨ ᠤ ᠠᠰᠢᠭ᠋ ᠲᠤᠰᠠ᠎ᠶᠢ ᠬᠣᠬᠢᠷᠠᠭᠤᠯᠤᠭᠰᠠᠨ ᠠᠵᠢᠯᠯᠠᠭ᠎ᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠰᠤᠷᠲᠠᠯ ᠤᠨ ᠪᠠᠢᠭᠤᠯᠤᠯᠲᠠ᠎ᠶᠢ ᠪᠠᠢᠩᠭᠤᠵᠢᠭᠤᠯᠬᠤ᠂ ᠤᠷᠳᠤ ᠬᠤᠭᠤᠴᠠᠭ᠎ᠠ ᠬᠦᠴᠦᠨ᠎ᠲᠠᠢ ᠪᠣᠯᠭᠠᠬᠤ᠎ᠶᠢ ᠠᠬᠢᠭᠤᠯᠬᠤ ᠬᠡᠷᠡᠭᠳᠡᠢ᠃ ᠡᠭᠦᠨ᠎ᠦ ᠬᠠᠮᠲᠤ᠂ ᠭᠡᠷ ᠪᠦᠯᠢ᠎ᠶᠢᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠰᠠᠳᠤᠨ ᠰᠦᠯᠪᠡᠭᠡ᠎ᠶᠢᠨ ᠢᠯᠵᠢᠷᠡᠯ᠂ ᠦᠷ᠎ᠡ ᠬᠡᠤᠬᠡᠳ ᠤᠨ ᠢᠯᠵᠢᠷᠡᠯ᠎ᠢ ᠡᠷᠡᠰ ᠪᠠᠢᠴᠠᠭᠠᠨ ᠰᠢᠢᠳᠪᠦᠷᠢᠯᠡᠬᠦ ᠬᠡᠷᠡᠭᠳᠡᠢ; ᠵᠠᠰᠠᠭ ᠪᠠ ᠬᠤᠳᠠᠯᠳᠤᠭᠠᠨ᠎ᠤ ᠰᠥᠯᠪᠡᠭᠡᠯᠳᠦᠭᠰᠡᠨ ᠢᠯᠵᠢᠷᠡᠯ᠎ᠤᠨ ᠠᠰᠠᠭᠤᠳᠠᠯ ᠢ ᠴᠢᠩᠭ᠎ᠠ ᠰᠢᠢᠳᠬᠡᠵᠦ᠂ ᠵᠠᠰᠠᠭ᠎ᠤᠨ ᠤᠷᠳᠤᠨ ᠪᠠ ᠬᠤᠳᠠᠯᠳᠤᠭᠠᠨ᠎ᠤ ᠬᠤᠭᠤᠷᠤᠨᠳᠤᠬᠢ ᠳᠣᠲᠣᠨᠣ᠌ ᠴᠢᠬᠡᠴᠢ ᠬᠠᠷᠢᠴᠠᠭ᠎ᠠ᠎ᠶᠢ ᠪᠠᠢᠭᠤᠯᠬᠤ ᠬᠡᠷᠡᠭᠳᠡᠢ; ᠬᠡᠷᠡᠭ᠎ᠢ ᠪᠠᠢᠴᠠᠭᠠᠨ ᠰᠢᠢᠳᠪᠦᠷᠢᠯᠡᠬᠦ ᠡᠷᠴᠢᠮ᠎ᠢᠶᠡᠨ ᠴᠢᠩᠭᠠᠷᠠᠭᠤᠯᠵᠤ᠂ ᠢᠯᠵᠢᠷᠡᠮᠡᠯ ᠡᠲᠡᠭᠡᠳ᠎ᠢ ᠶᠠᠮᠠᠷ ᠴᠤ᠌ ᠠᠷᠭ᠎ᠠ ᠦᠭᠡᠢ ᠪᠣᠯᠭᠠᠵᠤ᠂ ᠴᠢᠩᠭ᠎ᠠ ᠪᠠᠢᠬᠤ ᠬᠦᠭ ᠠᠶᠠᠰ᠂ ᠬᠠᠳᠠᠭᠤ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠪᠠᠢᠬᠤ ᠠᠭᠤᠷ ᠠᠮᠢᠰᠬᠤᠯ᠎ᠢ ᠨᠠᠮ᠎ᠤᠨ ᠪᠠᠢᠭᠤᠯᠤᠯᠲᠠ᠎ᠶᠢᠨ ᠡᠯ᠎ᠡ ᠲᠠᠯ᠎ᠠ ᠪᠦᠬᠦ ᠶᠠᠪᠤᠴᠠ᠎ᠳᠤ ᠢᠯᠡᠷᠡᠭᠦᠯᠬᠦ ᠬᠡᠷᠡᠭᠳᠡᠢ᠃
ᠰᠢᠨ᠎ᠡ ᠠᠶᠠᠨ ᠪᠣᠯ ᠨᠠᠮ ᠪᠠ ᠠᠷᠠᠳ ᠲᠦᠮᠡᠨ᠎ᠦ ᠰᠢᠨ᠎ᠡ ᠤᠷᠳᠤ ᠵᠠᠮ᠎ᠤᠨ ᠠᠶᠠᠨ ᠲᠠᠢᠨ ᠪᠣᠯᠣᠨ᠎ᠠ᠃ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠳᠤᠭᠤᠰᠢᠯᠠᠭᠤᠨ ᠨᠠᠢᠳᠠᠪᠤᠷᠢᠵᠢᠭᠤᠯᠵᠤ᠂ ᠨᠢᠭᠡ ᠠᠯᠬᠤᠮ ᠴᠤ᠌ ᠵᠣᠭᠰᠣᠯ ᠦᠭᠡᠢ᠂ ᠬᠠᠭᠠᠰ ᠠᠯᠬᠤᠮ ᠴᠤ᠌ ᠤᠬᠤᠷᠢᠬᠤ ᠦᠭᠡᠢ᠎ᠪᠡᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠭᠦᠨᠵᠡᠭᠡᠢᠷᠡᠭᠦᠯᠪᠡᠯ ᠥᠪᠥᠷ ᠮᠣᠩᠭᠣᠯ᠎ᠤᠨ ᠤᠯᠤᠰ ᠲᠦᠷᠦ᠎ᠶᠢᠨ ᠠᠮᠢ ᠠᠬᠤᠢ ᠯᠠᠪᠲᠠᠢ ᠠᠷᠢᠭᠤᠨ ᠴᠡᠪᠡᠷ ᠪᠣᠯᠵᠤ᠂ ᠬᠥᠭᠵᠢᠯᠲᠡ᠎ᠶᠢᠨ ᠣᠷᠴᠢᠨ ᠲᠤᠭᠤᠷᠢᠨ ᠴᠤ᠌ ᠶᠠᠪᠤᠬᠤ ᠲᠤᠳᠤᠮ ᠰᠠᠢᠵᠢᠷᠠᠬᠤ ᠨᠢ ᠯᠠᠪᠲᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃