ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-11-22 11:30:37

ᠵᠣᠬᠢᠶᠠᠭ᠍ᠴᠢ᠄ ᠲᠤᠰ ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ


ᠵᠢᠯ᠎ᠦᠨ ᠡᠴᠦᠰ  ᠤᠢᠷᠠᠳᠴᠤ  ᠰᠡᠭᠦᠯ ᠬᠤᠷᠢᠶᠠᠬᠤ ᠴᠠᠭ ᠪᠣᠯᠤᠯ᠎ᠠ;  ᠢᠷᠡᠬᠦ ᠵᠢᠯ᠎ᠤᠨ ᠠᠵᠢᠯ᠎ᠢᠶᠡᠨ ᠤᠬᠠᠭᠠᠯᠠᠨ ᠲᠦᠯᠦᠪᠯᠡᠵᠦ ᠰᠠᠢᠳᠤᠷ  ᠪᠠᠶ᠋ᠢᠷᠢᠰᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ ᠡᠨᠡ ᠵᠢᠯ᠎ᠦᠨ ᠡᠴᠦᠰ ᠢᠷᠡᠬᠦ ᠵᠢᠯ᠎ᠦᠨ ᠡᠬᠢᠨ᠎ᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠢ ᠭᠡᠵᠦ ᠲᠤᠳᠤᠷᠬᠠᠢ ᠲᠤᠷᠠᠳᠴᠠᠢ᠂ ᠪᠦᠬᠦ ᠣᠷᠣᠨ ᠳᠠᠶᠠᠭᠠᠷ᠎ᠢᠶᠠᠨ ᠲᠣᠰ ᠤᠳᠠᠭ᠎ᠠ᠎ᠶᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠵᠦ᠍᠂ ᠡᠭᠦᠷᠭᠡ᠎ᠶᠢ ᠴᠢᠩᠭ᠎ᠠ ᠠᠳᠬᠤᠵᠤ᠂ ᠪᠥᠬᠥ᠌ ᠵᠢᠯ᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠵᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠪᠡᠶᠡᠯᠡᠭᠦᠯᠬᠦ᠌ ᠬᠡᠷᠡᠭᠲᠡᠶ᠃

ᠠᠵᠤ ᠠᠬᠤᠶ᠎ᠶᠢᠨ ᠦᠷᠭᠦᠯᠵᠢᠯᠡᠨ ᠰᠢᠨ᠎ᠡ ᠰᠢᠯᠢᠳᠡᠭ ᠲᠡᠢᠰᠢ ᠰᠠᠢᠵᠢᠷᠠᠨ ᠬᠥᠭᠵᠢᠬᠦ᠌᠎ᠶᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠶ᠃ ᠪᠥᠬᠥ᠌ ᠣᠷᠣᠨ᠎ᠤ ᠡᠯ᠎ᠡ ᠱᠠᠲᠤ᠌ ᠡᠯ᠎ᠡ ᠭᠠᠵᠠᠷ᠎ᠤᠨ᠎ᠬᠢᠨ ᠪᠥᠬᠥ᠌ ᠵᠢᠯ᠎ᠦᠨ ᠬᠠᠷᠠᠯᠲᠠ ᠡᠭᠦᠷᠭᠡ᠎ᠪᠡᠨ ᠳᠠᠬᠢᠨ ᠡᠮᠬᠢᠯᠡᠨ ᠳᠠᠬᠢᠨ᠎ᠳ᠋ᠦᠩᠨᠡᠵᠦ᠂ ᠠᠵᠤ ᠠᠬᠤᠶ᠎ᠶᠢᠨ ᠠᠵᠢᠯᠯᠠᠭᠠᠨ᠎ᠤ ᠲᠣᠬᠢᠷᠠᠭᠤᠯᠤᠯᠲᠠ᠎ᠶᠢ ᠴᠢᠩᠭᠠᠳᠬᠠᠨ᠂ ᠳᠠᠪᠠᠭᠤᠯᠢᠭ ᠪᠠ ᠬᠦᠴᠦᠨ᠎ᠢᠶᠡᠨ ᠲᠥᠪᠯᠡᠷᠡᠭᠦᠯᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠰᠠᠶ᠋ᠢᠲᠤᠷ ᠬᠢᠵᠦ᠍᠂ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶᠢ ᠪᠠᠲᠤᠯᠠᠬᠤ ᠬᠡᠷᠡᠭᠲᠡᠶ᠃ ᠡᠪᠦᠯ᠎ᠦᠨ ᠤᠯᠠᠷᠢᠯ᠎ᠤᠨ ᠡᠨᠡ ᠬᠦ᠌ ᠣᠨᠴᠠᠭᠠᠢ ᠴᠠᠭ᠎ᠬᠤᠭᠤᠴᠠᠭ᠎ᠠ᠎ᠶᠢ ᠴᠢᠳᠠᠮᠠᠭᠠᠢ ᠪᠡᠷ ᠠᠳᠬᠤᠵᠤ᠂ ᠤᠯᠤᠰ᠎ᠡᠴᠡ ᠴᠣᠬᠣᠯᠠᠪᠤᠷᠢᠯᠠᠭᠰᠠᠨ ᠪᠤᠳᠤᠯᠲᠠ ᠵᠢᠨ ᠬᠦᠴᠦᠨ᠎ᠤ ᠲᠣᠣᠷ ᠵᠡᠷᠭᠡ ᠭᠣᠣᠯᠳᠠᠯᠭ᠎ᠠ᠎ᠲᠠᠶ ᠲᠦᠷᠦᠯ ᠵᠦᠢᠯ᠎ᠦᠨ ᠠᠬᠢᠴᠠ᠎ᠶᠢ ᠲᠦᠷᠭᠡᠳᠬᠡᠨ ᠠᠬᠢᠭᠤᠯᠵᠤ᠂ ᠶᠠᠭᠠᠬᠢᠭᠰᠠᠨ ᠴᠤ᠌ ᠬᠦᠢᠲᠡᠷᠡᠵᠦ᠍ ᠬᠥᠯᠳᠡᠭᠰᠡᠨ᠎ᠡᠴᠡ ᠪᠤᠯᠵᠤ ᠲᠦᠷᠦᠯ ᠵᠦᠢᠯ᠎ᠤᠨ ᠪᠠᠢᠭᠤᠯᠤᠯᠳᠠ ᠵᠢ ᠨᠦᠯᠦᠬᠡᠯᠡᠵᠤ ᠪᠣᠯᠬᠤ ᠦᠭᠡᠢ᠃ ᠡᠨᠡ ᠵᠢᠯ᠎ᠦᠨ ᠡᠴᠦᠰ ᠢᠷᠡᠬᠦ ᠵᠢᠯ᠎ᠦᠨ ᠡᠬᠢᠨ᠎ᠦ ᠬᠡᠷᠡᠭᠯᠡᠭᠡ᠎ᠶᠢᠨ ᠬᠦᠭᠵᠢᠶᠡᠨ ᠲᠡᠢ ᠤᠯᠠᠷᠢᠯ᠎ᠤᠨ ᠣᠨᠴᠠᠯᠢᠭ᠎ᠢ ᠡᠵᠡᠮᠳᠡᠵᠦ᠍᠂ ᠨᠢᠭᠡ ᠪᠦᠯᠦᠭ ᠥᠪᠡᠷᠮᠢᠴᠡ ᠣᠨᠴᠠᠯᠢᠭ᠎ᠲᠠᠶ᠂ ᠬᠢᠯᠠᠰ ᠴᠡᠭ᠎ᠲᠡᠶ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ᠎ᠶᠢ ᠲᠥᠯᠥᠪᠵᠢᠭᠦᠯᠵᠦ᠍᠂ ᠵᠠᠬ᠎ᠠ ᠳᠡᠯᠭᠡᠭᠦᠷ᠎ᠢ ᠬᠥᠭᠵᠢᠶᠡᠨ ᠲᠡᠢ ᠪᠣᠯᠭᠠᠬᠤ ᠬᠡᠷᠡᠭᠲᠡᠢ᠃ ᠰᠠᠨᠠᠭᠠᠴᠢᠯᠠᠭ᠎ᠠ᠎ᠡᠴᠡ᠎ᠪᠠᠨ ᠠᠵᠤ ᠠᠬᠤᠶ᠋ᠢᠯᠠᠯ᠎ᠤᠨ ᠡᠮᠦᠨ᠎ᠡ ᠹᠷᠣᠨᠲ᠎ᠲᠤ᠌ ᠭᠦᠨᠵᠡᠭᠡᠶ᠋ᠢᠷᠡᠨ ᠬᠦᠴᠢᠷ ᠵᠣᠪᠠᠭᠤᠷᠢ᠎ᠶᠢ ᠨᠢ ᠰᠢ᠌ᠳᠪᠦᠷᠢᠯᠡᠵᠦ᠍᠂ ᠦᠨᠡᠨ ᠪᠣᠳᠠᠲᠠᠢ ᠦᠢᠯᠡᠴᠢᠯᠡᠭᠡ᠎ᠪᠡᠷ ᠠᠵᠤ ᠠᠬᠤᠶ᠋ᠢᠯᠠᠯ᠎ᠤᠨ ᠰᠢᠨ᠎ᠡ᠎ᠶᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭᠵᠢᠭᠡᠬᠦ᠌ ᠬᠡᠷᠡᠭᠲᠡᠢ᠃ ᠢᠷᠡᠬᠦ᠌ ᠵᠢᠯ᠎ᠦᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢ ᠤᠷᠢᠳᠴᠢᠯᠠᠨ ᠤᠬᠠᠭᠠᠯᠠᠨ ᠲᠦᠯᠦᠪᠯᠡᠵᠦ᠂ ᠤᠯᠤᠰ᠎ᠤᠨ ᠬᠣᠷᠸ᠎ᠠ ᠲᠥᠷᠥ᠎ᠶᠢᠨ ᠪᠣᠳᠣᠯᠭ᠎ᠠ᠎ᠶᠢᠨ ᠬᠠᠨᠳᠤᠰᠢ᠎ᠶᠢ ᠨᠢᠭᠲᠠ ᠠᠩᠬᠠᠷᠴᠤ᠌᠂ ᠴᠢᠬᠤᠯᠠ ᠶᠡᠬᠡ ᠲᠥᠷᠥᠯ ᠵᠦᠢᠯ᠎ᠦᠨ ᠨᠤᠲᠠᠯᠠᠯᠲᠠ ᠪᠠ ᠨᠥᠭᠡᠴᠡᠯᠡᠬᠦ᠎ᠶᠢ ᠤᠷᠢᠳᠴᠢᠯᠠᠨ ᠰᠠᠶ᠋ᠢᠲᠤᠷ ᠬᠢᠵᠦ᠍᠂ ᠰᠢᠨ᠎ᠡ ᠤᠨ ᠡᠬᠢᠯᠡᠮᠡᠭᠴᠡ ᠠᠵᠢᠯ᠎ᠢᠶᠡᠨ ᠡᠬᠢᠯᠡᠭᠦᠯᠵᠦ᠍᠂ ᠪᠤᠭᠤᠮᠳᠠ ᠰᠢᠪᠲᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠠᠮᠤᠷ ᠲᠦᠪᠰᠢᠨ ᠲᠣᠭᠲᠠᠭᠤᠨ᠎ᠢ ᠪᠣᠳᠠᠲᠠᠶ ᠠᠳᠬᠤᠨ ᠨᠠᠷᠢᠯᠢᠭ ᠠᠳᠬᠤᠬᠤ ᠬᠡᠷᠡᠭᠲᠡᠶ᠃ ᠬᠥᠭᠵᠢᠯᠲᠡ᠎ᠶᠢᠨ ᠡᠴᠦᠰ᠎ᠦᠨ ᠵᠣᠷᠢᠯᠭ᠎ᠠ ᠪᠣᠯ ᠠᠷᠠᠳ ᠲᠦᠮᠡᠨ᠎ᠳᠤ ᠰᠠᠢ᠌ᠨ ᠰᠠᠶ᠋ᠢᠬᠠᠨ ᠠᠮᠢᠳᠤᠷᠠᠯ᠎ᠢ ᠡᠳ᠋ᠯᠡᠭᠦᠯᠬᠦ᠎ᠶᠢᠨ ᠲᠥᠯᠥᠭᠡ ᠶᠤᠮ᠂ ᠪᠢᠳᠡ᠎ᠡᠷᠬᠡᠪᠰᠢ ᠨᠡᠩ ᠤᠯᠠᠨ ᠠᠩᠬᠠᠷᠤᠯ ᠪᠣᠯᠤᠨ ᠬᠦᠴᠦᠨ ᠴᠢᠳᠠᠯ᠎ᠢᠶᠡᠨ ᠠᠷᠠᠳ᠎ᠤᠨ ᠠᠮᠢᠳᠤᠷᠠᠯ᠎ᠳᠤ ᠬᠠᠨᠳᠤᠭᠤᠯᠬᠤ ᠴᠢᠬᠤᠯᠠᠲᠠᠢ᠃ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠢ᠋ ᠰᠡᠳᠬᠢᠯ ᠲᠠᠯᠪᠢᠨ ᠬᠦᠴᠦᠯᠡᠨ ᠠᠬᠢᠭᠤᠯᠵᠤ᠂ ᠡᠪᠦᠯ᠎ᠦᠨ ᠤᠯᠠᠷᠢᠯ᠎ᠤᠨ ᠳᠤᠯᠠᠭᠠᠯᠠᠭ᠎ᠠ ᠬᠠᠩᠭᠠᠬᠤ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ ᠴᠠᠯᠢᠩ ᠬᠦᠯᠦᠰᠦ ᠥᠷᠢᠲᠦᠬᠦ᠎ᠶᠢ ᠵᠠᠰᠠᠬᠤ ᠵᠡᠷᠭᠡ ᠤᠯᠠᠨ ᠲᠦᠮᠡᠨ᠎ᠦ ᠠᠩᠬᠠᠷᠴᠤ ᠬᠠᠯᠠᠮᠵᠢᠯᠠᠵᠤ ᠪᠠᠢᠭ᠎ᠠ ᠶᠠᠪᠤᠳᠠᠯ᠎ᠤᠳ᠎ᠢ ᠨᠢᠭᠡᠳ ᠨᠢᠭᠡ᠎ᠪᠡᠷ ᠰᠠᠢᠲᠤᠷ ᠬᠢᠵᠦ ᠪᠣᠳᠠᠲᠠᠢ ᠬᠢᠵᠦ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠦ ᠠᠰᠠᠭᠤᠳᠠᠯ᠎ᠢ ᠰᠢᠢᠳᠪᠦᠷᠢᠯᠡᠬᠦ ᠡᠷᠴᠢᠮ᠎ᠢᠶᠡᠨ ᠴᠢᠩᠭᠠᠷᠠᠭᠤᠯᠵᠤ᠂ ᠤᠯᠠᠨ ᠲᠦᠮᠡᠨ ᠤ᠋ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ᠎ᠠᠰᠠᠭᠤᠳᠠᠯ᠎ᠢ ᠬᠠᠮᠢᠶᠠᠷᠬᠤ ᠬᠥᠮᠥᠨ᠎ᠲᠠᠢ᠂ ᠬᠢᠬᠦ ᠬᠥᠮᠥᠨ᠎ᠲᠠᠢ᠂ ᠬᠠᠷᠢᠭᠤ ᠥᠭᠬᠦ ᠬᠥᠮᠥᠨ᠎ᠲᠠᠢ ᠪᠠᠢᠬᠤ ᠵᠢ ᠪᠠᠳᠤᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠡᠨᠡ ᠬᠣᠶᠠᠷ ᠶᠡᠬᠡ ᠶᠠᠪᠤᠳᠠᠯ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ᠎ᠦᠨ ᠠᠶᠤᠯ ᠲᠦᠭᠰᠢᠭᠦᠷᠢ᠎ᠶᠢᠨ ᠭᠡᠮ ᠰᠣᠭᠣᠭ᠎ᠢ ᠡᠮᠬᠢ ᠵᠢᠷᠤᠮ᠎ᠲᠠᠢ᠎ᠪᠠᠷ ᠠᠷᠢᠯᠭᠠᠵᠤ᠂ ᠦᠨᠳᠦᠰᠦᠨ ᠱᠠᠲᠤᠨ᠎ᠤ 《ᠭᠤᠷᠪᠠ᠎ᠶᠢ ᠪᠠᠲᠤᠯᠠᠬᠤ》 ᠬᠣᠷᠢᠭ᠎ᠠ ᠱᠤᠭᠤᠮ᠎ᠢ ᠡᠷᠡᠰ ᠪᠠᠲᠤ ᠰᠠᠬᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠵᠥᠷᠢᠴᠡᠯ ᠵᠠᠭᠤᠷᠠᠯᠳᠤᠭᠠᠨ᠎ᠢ ᠨᠠᠷᠢᠨ ᠨᠢᠮᠪᠠᠢ ᠪᠠᠢᠴᠠᠭᠠᠨ ᠰᠢᠢᠳᠪᠦᠷᠢᠯᠡᠵᠦ᠂ ᠨᠡᠢᠭᠡᠮ᠎ᠦᠨ ᠡᠶ᠎ᠡ ᠵᠣᠬᠢᠴᠠᠩᠭᠤᠢ ᠠᠮᠤᠷ ᠲᠣᠭᠲᠠᠭᠤᠨ᠎ᠢ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠡᠨᠡ᠎ᠬᠦ ᠬᠥᠪᠴᠢ᠎ᠶᠢ ᠨᠢᠭᠡ ᠮᠥᠴᠡ ᠴᠦ᠍ ᠰᠤᠯᠠᠷᠠᠭᠤᠯᠵᠤ ᠪᠤᠯᠬᠤ ᠦᠭᠡᠢ᠂ ᠡᠷᠬᠡᠪᠰᠢ  《 ᠴᠠᠭ ᠢᠮᠠᠭᠲᠠ ᠰᠡᠳᠬᠢᠯ ᠲᠠᠯᠪᠢᠬᠤ 》 ᠬᠠᠷᠢᠭᠤᠴᠠᠯᠭᠠᠲᠤ ᠰᠡᠳᠬᠢᠯᠭᠡ᠎ᠪᠡᠷ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠴᠢᠩᠭ᠎ᠠ ᠠᠳᠬᠤᠵᠤ ᠨᠠᠷᠢᠨ ᠪᠣᠳᠠᠲᠠᠢ ᠠᠳᠬᠤᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠦᠭᠦ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭᠲᠡᠢ᠃

ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯ ᠪᠦᠭᠦ ᠣᠷᠣᠨ᠎ᠤ ᠠᠷᠠᠳ ᠲᠦᠮᠡᠨ᠎ᠦ ᠤᠯᠤᠰ ᠲᠦᠷᠦ᠎ᠶᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠪᠣᠯᠣᠨ᠎ᠠ᠂ ᠪᠦᠭᠦ ᠲᠠᠯ᠎ᠠ᠎ᠳᠤ ᠬᠣᠯᠪᠣᠭᠳᠠᠵᠤ᠂ ᠢᠷᠡᠭᠡᠳᠦᠢ᠎ᠳᠦ ᠬᠣᠯᠪᠣᠭᠳᠠᠨ᠎ᠠ᠃ ᠣᠳᠣᠬᠠᠨ᠎ᠳᠤ ᠶᠡᠬᠡ ᠬᠤᠷᠠᠯ᠎ᠤᠨ ᠪᠡᠯᠡᠳᠬᠡᠯ ᠠᠵᠢᠯ ᠨᠢᠭᠡᠨᠲᠡ ᠵᠠᠩᠭᠢᠯᠠᠭ᠎ᠠ᠎ᠶᠢᠨ ᠱᠠᠲᠤᠨ᠎ᠳᠤ ᠣᠷᠣᠵᠤ᠂ ᠡᠯ᠎ᠡ ᠬᠣᠯᠪᠣᠭᠳᠠᠯ ᠪᠦᠬᠦᠢ ᠲᠠᠯ᠎ᠠ᠎ᠶᠢᠨ ᠭᠢᠨ ᠡᠷᠬᠡᠪᠰᠢ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡ᠎ᠶᠢᠨ ᠡᠭᠦᠷᠭᠡ ᠬᠠᠷᠢᠭᠤᠴᠠᠯᠭᠠᠳᠤ ᠰᠡᠳᠬᠢᠯᠬᠡ ᠪᠡᠷ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠷᠢᠨ ᠨᠢᠭ᠍ᠲᠠ ᠬᠠᠮᠵᠢᠯᠴᠠᠵᠤ᠂ ᠨᠠᠷᠢᠨ ᠵᠦᠢᠯᠡᠰ ᠨᠢᠭᠡ ᠪᠦᠷᠢ᠎ᠶᠢ ᠭᠦᠢᠴᠡᠳ ᠪᠣᠳᠣᠯᠬᠢᠯᠠᠵᠤ᠂ ᠭᠣᠭᠴᠣᠭ᠎ᠠ ᠨᠢᠭᠡ ᠪᠦᠷᠢ᠎ᠶᠢ ᠵᠣᠯᠭᠠᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠣᠳᠬᠤ᠎ᠪᠠᠨ ᠴᠢᠩᠭᠠᠳᠬᠠᠵᠤ᠂ ᠪᠦᠭᠦ ᠣᠷᠣᠨ ᠳᠠᠶᠠᠭᠠᠷ᠎ᠤᠨ ᠬᠠᠮᠲᠤ᠎ᠶᠢᠨ ᠬᠦᠰᠡᠯ ᠡᠷᠡᠮᠡᠯᠵᠡᠯ ᠪᠣᠯᠣᠨ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠶᠡᠬᠡ ᠬᠤᠷᠠᠯ᠎ᠤᠨ ᠬᠤᠷᠠᠯᠳᠤᠬᠤ᠎ᠳᠤ ᠰᠠᠢᠨ ᠰᠠᠢᠬᠠᠨ ᠨᠡᠢᠭᠡᠮ᠎ᠦᠨ ᠠᠭᠤᠷ ᠠᠮᠢᠰᠬᠤᠯ᠎ᠢ ᠪᠤᠢ ᠪᠤᠯᠭᠠᠬᠤ ᠬᠡᠷᠡᠭᠲᠡᠢ᠃

2026 ᠣᠨ᠎ᠢ ᠤᠬᠳᠤᠳᠠᠯ᠎ᠠ 40 ᠰᠢᠬᠠᠮ ᠡᠳᠤᠷ ᠯᠡ ᠦᠯᠡᠳᠡᠭᠡᠳ ᠪᠤᠢ᠂ ᠨᠢᠭᠡᠨ ᠬᠤᠪᠢ ᠬᠠᠨᠤᠮᠵᠢᠲᠠᠢ ᠬᠠᠷᠢᠭᠤᠯᠲᠠ᠎ᠶᠢᠨ ᠬᠠᠭᠤᠳᠠᠰᠤ ᠵᠢ ᠲᠤᠰᠢᠶᠠᠵᠤ ᠳᠡᠶ᠋ᠢᠯᠭᠦ ᠡᠰᠡᠬᠦ᠎ᠶᠢᠨ ᠵᠠᠩᠭᠢᠯᠠᠭ᠎ᠠ ᠨᠢ ᠡᠨᠡ ᠬᠡᠰᠡᠭ ᠬᠤᠭᠤᠴᠠᠭ᠎ᠠ᠎ᠶᠢ ᠦᠵᠡᠨ᠎ᠡ᠂ ᠵᠠᠩᠭᠢᠯᠠᠭ᠎ᠠ ᠨᠢ ᠶᠠᠭᠠᠬᠢᠵᠤ ᠬᠢᠬᠦ᠎ᠳᠦ ᠪᠤᠢ᠃ ᠣᠷᠣᠨ᠎ᠳᠠᠶᠠᠭᠠᠷ ᠡᠷᠴᠢ ᠵᠣᠷᠢᠭ᠋ ᠎ᠢᠶᠠᠨ ᠬᠥᠪᠴᠢᠯᠡᠨ᠂ ᠬᠦᠴᠦ᠎ᠪᠡᠨ ᠬᠠᠮᠲᠤᠳᠬᠠᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠭᠢᠯᠡᠯᠲᠡ᠎ᠶᠢᠨ ᠵᠢᠯ᠎ᠢ ᠲᠡᠭᠦᠰ ᠠᠮᠵᠢᠯᠲᠠ᠎ᠲᠠᠢ ᠪᠡᠶᠡᠯᠡᠬᠦᠯᠵᠤ᠂ ᠢᠷᠡᠬᠦ ᠵᠢᠯ᠎ᠳᠦ ᠨᠡᠩ ᠴᠤᠭ ᠵᠤᠷᠢᠭ ᠪᠠᠳᠠᠷᠠᠩᠭᠤᠢ ᠪᠡᠷ ᠰᠢᠨ᠎ᠡ ᠬᠠᠭᠤᠳᠠᠰᠤ᠎ᠶᠢ ᠪᠢᠴᠢᠭᠯᠡᠬᠦ ᠬᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面