ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-11-27 11:03:42

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠦᠪᠡᠳᠡᠭᠰᠢ ᠶᠡᠬᠡ᠎ᠪᠡᠷ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠶ᠎ᠡ


ᠰᠢᠨ᠎ᠡ ᠠᠶᠠᠨ᠎ᠢᠶᠠᠨ ᠡᠬᠢᠯᠡᠭᠦᠯᠵᠦ᠍᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠯᠠᠭᠤᠨ ᠬᠦᠰᠡᠯ ᠡᠷᠡᠮᠡᠯᠵᠡᠯ᠎ᠢ ᠠᠴᠢᠶᠠᠯᠠᠵᠤ᠂ ᠦᠷᠭᠦᠯᠵᠢᠯᠡᠨ ᠲᠡᠮᠡᠴᠡᠬᠦ᠌ ᠢᠷᠠᠭᠤ ᠠᠯᠳᠠᠷᠲᠤ᠌ ᠡᠭᠦᠷᠭᠡ᠎ᠶᠢ ᠡᠭᠦᠷᠭᠡᠯᠡᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠡᠨᠡ ᠡᠳᠦᠷ ᠦᠪᠡᠳᠡᠭᠰᠢ ᠶᠡᠬᠡ᠎ᠪᠡᠷ ᠡᠬᠢᠯᠡᠪᠡ᠂ ᠪᠢᠳᠡ ᠶᠡᠬᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠶ᠎ᠡ!

ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠴᠠᠭ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠲᠤᠶ᠋ᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠦᠷᠦ᠎ᠶᠢᠨ ᠠᠮᠢᠳᠤᠷᠠᠯ  ᠳ᠋ᠠᠬᠢ ᠨᠢᠭᠡᠨ ᠲᠤᠮᠤ ᠶᠠᠪᠤᠳᠠᠯ ᠪᠣᠯᠤᠨ᠎ᠠ᠃ ᠡᠨᠡ ᠤᠳᠠᠭ᠎ᠠ᠎ᠶᠢᠨ ᠶᠡᠬᠡ ᠬᠤᠷᠠᠯ᠎ᠢ ᠰᠠᠶ᠋ᠢᠲᠤᠷ ᠬᠤᠷᠠᠯᠳᠤᠭᠤᠯᠬᠤ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠲᠠᠪᠤᠨ ᠶᠡᠬᠡ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢᠷᠡᠭᠦᠯᠦᠨ ᠨᠠᠶ᠋ᠢᠳᠠᠪᠤᠷᠢᠵᠢᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠳᠦᠭᠡᠨ ᠪᠠᠶ᠋ᠢᠭᠤᠯᠤᠯᠲᠠ᠎ᠳᠤ ᠰᠢᠨ᠎ᠡ ᠵᠠᠮ ᠨᠡᠭᠡᠭᠡᠵᠦ᠍᠂ ᠰᠢᠨ᠎ᠡ ᠬᠠᠭᠤᠳᠠᠰᠤ᠎ᠶᠢ ᠪᠢᠴᠢᠭᠯᠡᠬᠦ᠌᠎ᠳᠦ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠶ ᠶᠤᠮ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠡᠴᠡ ᠨᠠᠭᠠᠰᠢᠬᠢ ᠲᠠᠪᠤᠨ ᠵᠢᠯ ᠪᠣᠯ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠵᠤ ᠡᠷᠡᠮᠡᠬᠡᠶ᠋ᠢᠯᠡᠨ ᠤᠷᠤᠭᠰᠢᠯᠠᠭᠰᠠᠨ ᠲᠠᠪᠤᠨ ᠵᠢᠯ ᠮᠥᠨ᠂ ᠥᠪᠥᠷ ᠮᠣᠩᠭᠣᠯ᠎ᠤᠨ ᠬᠥᠭᠵᠢᠯᠲᠡ᠎ᠶᠢᠨ ᠠᠬᠢᠴᠠ᠎ᠲᠤᠮᠳᠠᠬᠢ ᠲᠤᠶ᠋ᠢᠯ᠎ᠤᠨ ᠶᠡᠷᠦ᠍ ᠪᠤᠰᠤ᠎ᠶᠢᠨ ᠲᠠᠪᠤᠨ ᠵᠢᠯ ᠮᠥᠨ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭᠲᠠ ᠬᠠᠯᠠᠮᠵᠢᠯᠠᠨ ᠰᠡᠳᠬᠢᠯ ᠳ᠋ᠡᠬᠡᠨ ᠪᠤᠳᠤᠵᠤ᠂ ᠥᠪᠥᠷ ᠮᠣᠩᠭᠣᠯ᠎ᠤᠨ ᠬᠥᠭᠵᠢᠯᠲᠡ᠎ᠶᠢ ᠢᠮᠠᠭᠲᠠ ᠮᠠᠷᠲᠠᠯ ᠦᠭᠡᠢ ᠰᠠᠨᠠᠭᠠᠯᠵᠠᠭᠰᠠᠭᠠᠷ ᠢᠷᠡᠵᠠᠢ᠃ ᠡᠨᠡ ᠤᠳᠠᠭ᠎ᠠ᠎ᠶᠢᠨ ᠶᠡᠬᠡ ᠬᠤᠷᠠᠯ ᠬᠤᠷᠠᠯᠳᠤᠬᠤ᠎ᠡᠴᠡ ᠡᠮᠦᠨ᠎ᠡ ᠥᠪᠥᠷ ᠮᠣᠩᠭᠣᠯ᠎ᠳᠤ ᠳᠠᠬᠢᠨᠲᠠ ᠢᠷᠡᠵᠦ ᠰᠢᠨᠵᠢᠯᠡᠨ ᠪᠠᠶ᠋ᠢᠴᠠᠭᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠤᠷᠤᠭᠰᠢᠯᠠᠬᠤ ᠴᠢᠭᠯᠡᠯ᠎ᠢ ᠤᠯᠠᠮ ᠲᠣᠳᠣᠷᠬᠠᠢ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠶ᠋ᠢᠨ᠎ᠠ᠃ ᠪᠦᠬᠦ ᠣᠷᠣᠨ ᠳᠠᠶᠠᠭᠠᠷ᠎ᠢᠶᠠᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠬᠠᠶ᠋ᠢᠷ᠎ᠠ ᠬᠠᠯᠠᠮᠵᠢ᠎ᠶᠢ ᠡᠷᠡᠰ ᠭᠤᠶ᠋ᠢᠪᠢᠰᠢ ᠦᠭᠡᠢ᠎ᠪᠡᠷ ᠥᠪᠥᠷ ᠮᠣᠩᠭᠣᠯ᠎ᠤᠨ ᠠᠵᠢᠯ᠎ᠢ ᠰᠠᠶ᠋ᠢᠲᠤᠷ ᠬᠢᠬᠦ᠌ ᠤᠬᠠᠮᠰᠠᠷᠲᠤ᠌ ᠠᠵᠢᠯᠯᠠᠭ᠎ᠠ ᠪᠣᠯᠭᠠᠨ ᠤᠯᠠᠷᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠭᠤᠶ᠋ᠢᠪᠢᠰᠢ ᠦᠭᠡᠢ᠎ᠡᠷᠡᠮᠡᠬᠡᠶ᠋ᠢᠯᠡᠨ ᠤᠷᠤᠭᠰᠢᠯᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠲᠠᠰᠤᠷᠠᠯᠳᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ᠎ᠶᠢ ᠠᠬᠢᠭᠤᠯᠪᠠ᠃

ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ᠎ᠪᠡᠨ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭᠲᠠᠭᠤᠨ᠎ᠤ ᠰᠠᠢᠨ ᠰᠠᠢᠬᠠᠨ ᠪᠠᠢᠳᠠᠯ ᠲᠠᠰᠤᠷᠠᠯᠲᠠ ᠦᠭᠡᠢ ᠪᠡᠬᠢᠵᠢᠨ ᠬᠥᠭᠵᠢᠵᠦ᠂ ᠠᠵᠤ ᠠᠬᠤᠢ᠎ᠶᠢᠨ ᠬᠥᠭᠵᠢᠯᠲᠡ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠢᠰᠢ ᠰᠠᠢᠵᠢᠷᠠᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠥᠳᠡᠯᠭᠡᠬᠦ ᠬᠦᠴᠦᠨ᠎ᠦ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭᠠᠷᠠᠭᠤᠯᠵᠤ᠂ ᠰᠡᠳᠬᠢᠯ᠎ᠢᠶᠡᠨ ᠨᠢᠭᠡᠳᠬᠡᠨ ᠡᠷᠡᠯᠬᠡᠭᠯᠡᠨ ᠤᠷᠤᠭᠰᠢᠯᠠᠬᠤ ᠬᠠᠮᠳᠤᠷᠠᠯ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭᠠᠨ᠎ᠤ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠨᠡᠩ ᠲᠡᠭᠦᠯᠳᠡᠷᠵᠢᠭᠦᠯᠵᠦ᠂ ᠬᠦᠨᠳᠦ ᠨᠣᠴᠢᠲᠠᠢ ᠬᠣᠬᠢᠷᠠᠯ᠎ᠳᠤ ᠤᠴᠠᠷᠠᠭᠰᠠᠨ ᠤᠯᠤᠰ ᠲᠦᠷᠦ᠎ᠶᠢᠨ ᠠᠮᠢ ᠠᠬᠤᠢ᠎ᠶᠢ ᠲᠦᠷᠭᠡᠪᠴᠢᠯᠡᠨ ᠴᠡᠪᠡᠷᠰᠢᠭᠦᠯᠦᠨ ᠰᠡᠷᠭᠦᠭᠡᠵᠦ᠂ 《ᠠᠷᠪᠠᠨ ᠳᠥᠷᠪᠡᠳᠦᠭᠡᠷ ᠲᠠᠪᠤᠨ ᠵᠢᠯ》 ᠢ᠋᠎ᠲᠡᠭᠦᠰ ᠠᠮᠵᠢᠯᠲᠠ᠎ᠲᠠᠢ ᠰᠡᠬᠦᠯ ᠬᠤᠷᠢᠶᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢᠨ ᠰᠠᠢᠬᠠᠨ ᠡᠬᠢᠯᠡᠯᠳᠠ ᠵᠢ ᠪᠡᠶᠡᠯᠡᠬᠦᠯᠪᠡ᠃

ᠲᠤᠢᠯ᠎ᠤᠨ ᠬᠠᠳᠠᠭᠤ ᠪᠡᠷᠭᠡᠰᠢᠶᠡᠯ ᠲᠠᠢ ᠲᠡᠮᠡᠴᠡᠭᠰᠡᠨ᠎ᠢᠶᠡᠷ᠎ᠢᠶᠡᠨ ᠡᠷᠡᠯᠭᠡᠭ ᠰᠦᠰᠦ ᠵᠤᠷᠢᠭ᠎ᠢ ᠢᠯᠡᠷᠡᠬᠦᠯᠦᠨ᠎ᠡ; ᠦᠨᠡᠨᠴᠢ ᠰᠢᠳᠤᠷᠭᠤ᠎ᠡᠷᠡᠰ ᠪᠠᠳᠤ ᠪᠠᠢᠬᠤ ᠪᠡᠷ᠎ᠢᠶᠡᠨ ᠨᠡᠩ ᠡᠷᠬᠢᠮ ᠨᠠᠨᠳᠢᠨ᠃ ᠡᠳᠡᠭᠡᠷ ᠠᠮᠵᠢᠯᠲᠠ ᠪᠦᠳᠦᠮᠵᠢ᠎ᠶᠢ ᠣᠯᠣᠭᠰᠠᠨ᠎ᠤ ᠦᠨᠳᠦᠰᠦ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠤᠭᠤᠳᠴᠤ ᠵᠠᠯᠠᠭᠤᠷ᠎ᠢ ᠡᠵᠡᠮᠳᠡᠭᠰᠡᠨ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠠᠢᠵᠤ᠂ ᠪᠦᠭᠦ ᠣᠷᠣᠨ ᠲᠠᠶᠠᠭᠠᠷ᠎ᠢᠶᠠᠨ ᠬᠠᠮᠲᠤ ᠪᠠᠷ ᠲᠡᠮᠡᠴᠡᠭᠰᠡᠨ᠎ᠦ ᠦᠷ᠎ᠡ ᠳ᠋ᠦᠩ ᠪᠣᠯᠣᠨ᠎ᠠ᠃ ᠲᠠᠪᠤᠨ ᠵᠢᠯ᠎ᠦᠨ ᠰᠦᠷ ᠳᠠᠯᠠᠢᠴᠠᠲᠠᠢ ᠠᠶᠠᠨ᠎ᠢᠶᠠᠨ ᠡᠷᠭᠢᠴᠡᠭᠦᠯᠬᠦᠶ᠎ᠡ᠂ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ ᠳ᠋ᠤ ᠡᠷᠬᠡᠪᠰᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠤᠯᠭᠠᠬᠤ᠎ᠶᠢ ᠪᠠᠷᠢᠮᠲᠠᠯᠠᠵᠤ᠂ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠬᠦᠯᠬᠦ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠤᠯᠭᠠᠬᠤ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠥᠭᠡᠷᠡᠴᠢᠯᠡᠯᠲᠡ᠎ᠶᠢ ᠪᠦᠭᠦ ᠲᠠᠯ᠎ᠠ᠎ᠪᠠᠷ ᠭᠦᠨᠵᠡᠭᠡᠢᠷᠡᠭᠦᠯᠬᠦ᠂ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠥᠷᠭᠡᠳᠬᠡᠬᠦ᠎ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠤᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠨᠠᠮ᠎ᠢ ᠪᠦᠬᠦ ᠳᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠲᠠᠯᠠᠨ ᠠᠬᠢᠭᠤᠯᠬᠤ᠎ᠶᠢ ᠪᠠᠷᠢᠮᠲᠠᠯᠠᠬᠤ ᠬᠡᠷᠡᠭᠲᠡᠢ ᠭᠡᠳᠡᠭ᠎ᠢ ᠪᠢᠳᠡ ᠨᠡᠩ ᠭᠦᠨᠵᠡᠭᠡᠢ ᠲᠠᠨᠢᠵᠤ ᠣᠯᠣᠭᠰᠠᠨ ᠪᠠᠢᠨ᠎ᠠ᠃

ᠦᠨᠭᠭᠡᠷᠡᠭᠰᠡᠨ ᠲᠠᠪᠤᠨ ᠵᠢᠯ᠎ᠢ ᠡᠷᠭᠢᠴᠡᠭᠦᠯᠬᠦᠶ᠎ᠡ᠂ ᠴᠠᠭ ᠮᠥᠴᠡ᠎ᠲᠡᠮᠡᠴᠡᠯ᠎ᠦᠨ ᠣᠯᠠ ᠮᠦᠷ᠎ᠢ ᠰᠡᠢᠯᠦᠨ ᠲᠡᠮᠳᠡᠭᠯᠡᠪᠠ; ᠢᠷᠡᠭᠡᠳᠦᠢ᠎ᠳ᠋ᠤ ᠬᠠᠨᠳᠤᠬᠤᠶ᠎ᠠ᠂ ᠪᠣᠳᠠᠲᠠᠢ ᠠᠵᠢᠯᠯᠠᠵᠤ ᠰᠢᠨ᠎ᠡ ᠢᠷᠠᠭᠤ ᠠᠯᠳᠠᠷ᠎ᠢ ᠦᠷᠭᠦᠯᠵᠢᠯᠡᠨ ᠪᠢᠴᠢᠭᠯᠡᠨ᠎ᠠ᠃ ᠤᠷᠤᠭᠰᠢᠯᠠᠯᠲᠠ᠎ᠶᠢᠨ ᠵᠠᠮ ᠳᠡᠭᠡᠷ᠎ᠡ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠪᠠᠷ ᠭᠠᠷᠳᠡᠴᠡ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠣᠯᠭᠣᠭᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠤ᠂ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ᠎ᠢ ᠭᠦᠨᠵᠡᠭᠡᠢ ᠠᠬᠢᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠬᠡᠷᠡᠭᠲᠡᠢ᠃  ᠲᠡᠮᠡᠴᠡᠯ᠎ᠦᠨ ᠰᠢᠨ᠎ᠠ  ᠭᠠᠷᠤᠭ᠎ᠠ ᠳᠡᠭᠡᠷ᠎ᠡ ᠰᠢᠨ᠎ᠡ ᠵᠠᠮ ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ᠂ ᠪᠢᠳᠡ ᠬᠢᠵᠠᠭᠠᠯᠠᠰᠢᠭᠦᠢ ᠥᠷᠭᠡᠨ ᠠᠭᠤᠳᠠᠮ ᠴᠠᠭ ᠦᠶ᠎ᠡ᠎ᠶᠢᠨ ᠲᠠᠪᠴᠠᠩ᠂ ᠬᠢᠵᠠᠭᠠᠯᠠᠰᠢᠭᠦᠢ ᠭᠡᠭᠡᠨ ᠰᠠᠷᠠᠭᠤᠯ ᠬᠥᠭᠵᠢᠯᠲᠡ᠎ᠶᠢᠨ ᠢᠷᠡᠭᠡᠳᠦᠢ᠂ ᠬᠢᠵᠠᠭᠠᠯᠠᠰᠢᠭᠦᠢ ᠬᠦᠴᠦᠷᠬᠡᠭ ᠶᠡᠬᠡ ᠤᠷᠤᠭᠰᠢᠯᠠᠯᠲᠠ᠎ᠶᠢᠨ ᠬᠥᠳᠡᠯᠭᠡᠬᠦ ᠬᠦᠴᠦᠨ᠎ᠲᠠᠢ ᠶᠤᠮ᠃ ᠠᠵᠢᠯᠯᠠᠬᠤ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠯᠠᠪᠳᠠᠭᠤᠨ ᠪᠠᠳᠤᠳᠠᠢ ᠠᠯᠬᠤᠵᠤ᠂ ᠪᠤᠤᠬᠢᠶ᠎ᠠ ᠵᠠᠯᠭᠠᠨ ᠲᠠᠮᠠᠴᠠᠵᠤ ᠯᠠᠪᠳᠠᠭᠤᠨ ᠪᠠᠳᠤᠳᠠᠢ ᠤᠷᠤᠭᠰᠢᠯᠠᠳᠠᠭ ᠯᠠ ᠶᠤᠮ ᠪᠣᠯ ᠥᠪᠥᠷ ᠮᠣᠩᠭᠣᠯ ᠨᠡᠩ ᠰᠠᠢᠨ ᠬᠥᠭᠵᠢᠬᠦ ᠢᠲᠡᠭᠡᠯ᠎ᠲᠠᠢ ᠪᠥᠭᠡᠳ ᠨᠥᠬᠥᠴᠡᠯ᠎ᠲᠠᠢ ᠶᠤᠮ᠃

ᠰᠢᠨ᠎ᠡ ᠵᠢᠷᠤᠭ ᠳᠦᠰᠦᠪ᠎ᠤᠨ ᠠᠯᠤᠰ ᠢᠷᠡᠬᠡᠳᠦᠢ ᠬᠡᠬᠡᠨ ᠰᠠᠷᠠᠭᠤᠯ᠂ ᠰᠢᠨ᠎ᠡ ᠠᠶᠠᠨ ᠨᠢ ᠬᠥᠮᠥᠰ᠎ᠢ ᠤᠷᠮᠠᠰᠢᠭᠤᠯᠤᠨ ᠤᠷᠤᠭᠰᠢᠯᠠᠭᠤᠯᠤᠨ᠎ᠠ᠃ ᠪᠦᠬᠦ ᠣᠷᠣᠨ᠎ᠤ ᠡᠯ᠎ᠡ ᠭᠠᠵᠠᠷ ᠡᠯ᠎ᠡ ᠹᠷᠣᠨᠲ᠎ᠡᠴᠡ ᠢᠷᠡᠭᠰᠡᠨ ᠨᠠᠮ᠎ᠤᠨ ᠲᠥᠯᠥᠭᠡᠯᠡᠭᠴᠢᠳ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠎ᠦ ᠵᠣᠷᠢᠭ᠋ ᠰᠠᠨᠠᠭ᠎ᠠ᠎ᠶᠢ ᠨᠢᠭ᠍ᠲᠠᠷᠠᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠬᠦᠰᠡᠯ ᠨᠠᠶ᠋ᠢᠳᠠᠯᠭ᠎ᠠ᠎ᠶᠢ ᠡᠭᠦᠷᠭᠡᠯᠡᠵᠦ ᠪᠠᠢᠨ᠎ᠠ᠃ ᠨᠠᠮ᠎ᠤᠨ ᠲᠥᠯᠥᠭᠡᠯᠡᠭᠴᠢᠳ ᠯᠠᠪᠲᠠᠢ ᠬᠡᠬᠦᠳᠡᠭ ᠳᠦᠭᠦᠷᠡᠩ ᠤᠯᠤᠰ ᠲᠦᠷᠦ᠎ᠶᠢᠨ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠂ ᠳᠡᠭᠡᠳᠦ ᠬᠡᠮᠵᠢᠶᠡᠨ᠎ᠦ ᠬᠠᠷᠢᠭᠤᠴᠠᠯᠭ᠎ᠠ ᠡᠭᠦᠷᠭᠡᠯᠡᠯ᠎ᠢᠶᠡᠷ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠬᠡ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠵᠢ ᠲᠡᠭᠦᠰ ᠠᠮᠵᠢᠯᠲᠠ᠎ᠲᠠᠢ ᠪᠡᠶᠡᠯᠡᠭᠦᠯᠦᠨ᠎ᠡ ᠭᠡᠳᠡᠭ᠎ᠢ ᠪᠢᠳᠡ ᠪᠠᠲᠤ ᠢᠲᠡᠭᠡᠵᠦ ᠪᠠᠢᠨ᠎ᠠ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠳᠤᠷᠢᠳᠤᠯᠭ᠎ᠠ ᠳᠣᠣᠷ᠎ᠠ᠂ ᠬᠦᠴᠦᠯᠡᠨ ᠴᠢᠷᠮᠠᠢᠵᠤ᠂ ᠡᠷᠡᠯᠬᠡᠭᠯᠡᠨ ᠲᠡᠮᠡᠴᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠰᠢᠨᠳᠠᠷᠠᠰᠢ ᠦᠬᠡᠢ ᠤᠷᠤᠬᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠲᠤᠮᠳᠠ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠵᠡᠭᠡᠶ᠎ᠡ᠃

ᠶᠡᠬᠡ ᠬᠤᠷᠠᠯ᠎ᠤᠨ ᠲᠡᠭᠦᠰ ᠠᠮᠵᠢᠯᠲᠠ ᠣᠯᠬᠤ᠎ᠶᠢ ᠬᠦᠰᠡᠨ ᠵᠦᠩᠨᠡᠶ᠎ᠡ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面