2026-10-17 15:02:39
— ᠶᠡᠷᠦᠩᠬᠡᠢ ᠱᠦᠵᠢ ᠰᠢ ᠵᠢᠨ ᠫᠢᠩ᠎ᠦᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠳᠡ ᠵᠢᠨ ᠲᠣᠭᠣᠷᠢᠭ᠋᠎ᠲᠤ ᠰᠢᠨᠵᠢᠯᠡᠨ ᠪᠠᠢᠴᠠᠭᠠᠭᠰᠠᠨ ᠲᠤᠬᠠᠢ ᠰᠤᠷᠪᠤᠯᠵᠢᠯᠠᠭᠰᠠᠨ ᠲᠡᠮᠳᠡᠭᠯᠡᠯ
ᠨᠠᠮᠤᠷ᠎ᠤᠨ ᠰᠠᠯᠬᠢ ᠤᠯᠠᠭᠠᠨᠴᠠᠪ᠎ᠤᠨ ᠴᠠᠬᠠᠷᠳᠡᠭᠡᠳᠦ ᠰᠢᠨ᠎ᠡ ᠮᠡᠷᠭᠡᠵᠢᠯ᠎ᠦᠨ ᠨᠡᠬᠡᠬᠡᠯᠳᠡ᠎ᠶᠢᠨ ᠲᠣᠭᠣᠷᠢᠭ᠋ ᠢ᠋ ᠢᠯᠪᠢᠵᠤ᠂ ᠲᠠᠯ᠎ᠠ ᠨᠤᠲᠤᠭ ᠵᠢᠨᠷ ᠶᠠᠪᠤᠬᠤ ᠳᠤ ᠤᠨᠴᠠ ᠵᠢᠨ ᠰᠡᠷᠢᠭᠦᠬᠡᠨ ᠲᠠᠭᠠᠯᠠᠮᠵᠢᠳᠠᠢ ᠪᠤᠯᠭᠠᠨ᠎ᠠ᠃ ᠬᠦᠷᠢᠶᠡᠯᠡᠩ ᠲᠣᠭᠣᠷᠢᠭ᠋᠎ᠲᠤ᠂ ᠪᠤᠳᠤᠯᠳᠠ ᠵᠢᠨ ᠬᠦᠴᠦᠨ᠎ᠦ ᠲᠥᠪ ᠨᠤᠭᠦᠳ ᠰᠦᠨᠳᠡᠷᠯᠡᠨ ᠪᠣᠰᠴᠤ᠂ ᠶᠡᠬᠡ ᠬᠡᠮᠵᠢᠶᠡᠨ᠎ᠦ ᠲᠤᠭ᠎ᠠ ᠪᠠᠷᠢᠮᠳᠠ᠎ᠶᠢ ᠡᠨᠳᠡ ᠬᠤᠷᠠᠮᠳᠤᠭᠤᠯᠤᠨ᠂ ᠰᠢᠭᠤᠳ ᠪᠡᠭᠡᠵᠢᠩ᠎ᠳᠦ ᠨᠡᠪᠲᠡᠷᠡᠬᠦ ᠭᠡᠷᠡᠯᠯᠢᠭ ᠳᠡᠭᠡᠰᠦ᠎ᠪᠡᠷ ᠳᠡᠮᠵᠢᠨ᠂ ᠮᠢᠯᠢᠰᠸᠺᠦ᠋ᠨ᠋ᠳ᠋ ᠲᠠᠰ᠎ᠤᠨ ᠲᠤᠭ᠎ᠠ ᠪᠠᠷᠢᠮᠳᠠ᠎ᠶᠢᠨ ᠰᠣᠯᠢᠯᠴᠠᠭ᠎ᠠ ᠵᠢ ᠶᠠᠪᠤᠭᠳᠠᠭᠤᠯᠵᠤ ᠪᠣᠶ᠃

ᠤᠯᠠᠭᠠᠨᠴᠠᠪ ᠬᠣᠲᠠ᠎ᠶᠢᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠳᠡ᠎ᠶᠢᠨ ᠲᠤᠭᠤᠷᠢᠭ ᠤ᠋ᠨ ᠨᠢᠭᠡᠨᠲᠡ ᠪᠦᠲᠦᠭᠡᠨ ᠪᠠᠢᠭᠤᠯᠤᠭᠰᠠᠨ ᠪᠤᠳᠤᠯᠳᠠ ᠵᠢᠨ ᠬᠦᠴᠦᠨ᠎ᠦ ᠲᠥᠪ
10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠳᠡ ᠵᠢᠨ ᠲᠣᠭᠣᠷᠢᠭ᠋᠎ᠲᠤ ᠬᠦᠷᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠦᠨ ᠬᠦᠢᠰᠦ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ ᠪᠠ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠵᠤ ᠪᠠᠢᠬᠤ ᠵᠡᠷᠭᠡ ᠪᠠᠢᠳᠠᠯ᠎ᠢ ᠣᠢᠯᠠᠭᠠᠪᠠ᠃
《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠤᠯᠤᠰ᠎ᠤᠨ ᠪᠤᠳᠤᠯᠳᠠ ᠵᠢᠨ ᠬᠦᠴᠦᠨ ᠤ᠋ ᠵᠠᠩᠭᠢᠯᠠᠭ᠎ᠠ᠎ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠤᠯᠠᠭᠠᠨᠴᠠᠪ ᠬᠣᠲᠠ ᠪᠣᠬᠢᠷᠲᠤᠯ ᠦᠭᠡᠢ ᠴᠠᠬᠢᠯᠭᠠᠨ᠂ ᠠᠭᠤᠷ ᠠᠮᠢᠰᠬᠤᠯ᠂ ᠣᠷᠣᠨ ᠪᠠᠢᠷᠢ ᠵᠡᠷᠭᠡ ᠳᠠᠪᠠᠭᠤᠯᠢᠭ᠋᠎ᠲᠠᠭᠠᠨ ᠰᠠᠭᠤᠷᠢᠯᠠᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠠᠵᠤ ᠦᠢᠯᠡᠰ᠎ᠦᠨ ᠬᠥᠭᠵᠢᠯᠲᠡ ᠢᠳᠡᠪᠬᠢᠲᠡᠢ ᠦᠷ᠎ᠡ ᠪᠦᠲᠦᠮᠵᠢ ᠣᠯᠪᠠ᠃ ᠥᠩᠭᠡᠷᠡᠭᠰᠡᠨ᠎ᠳᠦ 《ᠳᠠᠯᠳᠠ ᠨᠢᠭᠤᠭᠳᠠᠵᠤ ᠪᠠᠢᠭᠰᠠᠨ》 ᠰᠠᠯᠬᠢ ᠭᠡᠷᠡᠯ ᠤ᠋ᠨ ᠡᠨ᠋ᠸᠷᠭᠢ ᠵᠢᠨ ᠡᠬᠢ ᠪᠠᠶᠠᠯᠢᠭ᠋ ᠶᠠᠭ ᠪᠤᠳᠤᠯᠳᠠ ᠵᠢᠨ ᠬᠦᠴᠦᠨ ᠢ᠋ ᠲᠤᠯᠭᠠᠭᠤᠷᠢᠯᠠᠬᠤ ᠪᠤᠬᠢᠷᠳᠤᠯ ᠦᠭᠡᠢ ᠴᠠᠬᠢᠯᠭᠠᠨ ᠪᠤᠯᠤᠨ ᠬᠤᠪᠢᠷᠠᠵᠤ᠂ 《ᠲᠠᠯ᠎ᠠ ᠨᠤᠲᠤᠭ᠎ᠤᠨ ᠡᠭᠦᠯᠡᠨ ᠬᠥᠨᠳᠡᠢ》 ᠨᠢ ᠤᠯᠠᠭᠠᠨᠴᠠᠪ ᠬᠤᠲᠠ᠎ᠶᠢᠨ ᠬᠠᠮᠤᠭ᠎ᠤᠨ ᠭᠡᠷᠡᠯ ᠰᠠᠴᠤᠷᠠᠩᠭᠤᠢ ᠰᠢᠨ᠎ᠡ ᠨᠡᠷ᠎ᠡ᠎ᠶᠢᠨ ᠬᠠᠭᠤᠳᠠᠰᠤ ᠪᠣᠯᠪᠠ᠃

ᠶᠢᠦ ᠺᠧ ᠳᠧ ᠤᠯᠠᠭᠠᠨᠴᠠᠪ᠎ᠤᠨ ᠣᠶᠤᠨᠳᠤ ᠪᠣᠳᠣᠯᠳᠠ ᠵᠢᠨ ᠬᠦᠴᠦᠨ ᠤ᠋ ᠲᠥᠪ ᠤ᠋ᠨ ᠠᠵᠢᠯᠲᠠᠨ ᠪᠣᠯᠣᠨ ᠲᠣᠭᠣᠷᠢᠨ ᠪᠠᠢᠴᠠᠭᠠᠬᠤ ᠠᠵᠢᠯᠳᠠᠨ ᠲᠣᠭᠣᠷᠢᠨ ᠪᠠᠢᠴᠠᠭᠠᠭᠰᠠᠨ ᠪᠠᠢᠳᠠᠯ᠎ᠢᠶᠠᠨ ᠶᠠᠷᠢᠯᠴᠠᠵᠤ ᠪᠠᠢᠭ᠎ᠠ ᠨᠢ
《ᠪᠤᠳᠤᠯᠳᠠ ᠵᠢᠨ ᠬᠦᠴᠦᠨ ᠤ᠋ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠬᠡᠷᠡᠭᠳᠠᠢ》
ᠶᠡᠷᠦᠩᠬᠡᠢ ᠱᠦᠵᠢ ᠰᠢ ᠵᠢᠨ ᠫᠢᠩ᠎ᠦᠨ ᠦᠵᠡᠭᠦᠯᠭᠡ᠎ᠶᠢᠨ ᠲᠢᠩᠬᠢᠮ ᠳ᠋ᠤ ᠪᠠᠢᠳᠠᠯ᠎ᠢ ᠤᠢᠯᠠᠭᠠᠵᠤ ᠪᠠᠢᠭᠰᠠᠨ ᠦᠵᠡᠭᠳᠡᠯ ᠨᠢ ᠤᠯᠠᠭᠠᠨᠴᠠᠪ ᠬᠤᠳᠠ᠎ᠶᠢᠨ ᠲᠣᠮᠣ᠌ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶᠠᠨ᠎ᠤ ᠳᠠᠷᠤᠭ᠎ᠠ ᠭᠦᠸᠧ ᠰᠢᠶᠣᠣ ᠯᠢᠩ ᠳ᠋ᠤ ᠭᠦᠨ ᠰᠠᠭᠤᠭᠳᠠᠯ ᠦᠯᠡᠳᠡᠭᠡᠵᠠᠢ᠃
ᠲᠤᠬᠠᠢ᠎ᠶᠢᠨ ᠲᠠᠯᠠᠪᠠᠢ᠎ᠳᠤ ᠰᠢᠨᠵᠢᠯᠡᠨ ᠪᠠᠶ᠋ᠢᠴᠠᠭᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠂ 《ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》ᠢᠨᠵᠧᠨᠧᠷᠢᠩ᠎ᠢ ᠬᠡᠷᠡᠭᠵᠢᠭᠦᠯᠵᠦ᠍᠂ ᠪᠦᠬᠦ᠌ ᠤᠯᠤᠰ᠎ᠤᠨ ᠨᠢᠭᠡ ᠴᠤᠬᠴᠠᠵᠢᠬᠰᠠᠨ ᠪᠤᠳᠤᠯᠳᠠ ᠵᠢᠨ ᠬᠦᠴᠤᠨ ᠤ᠋ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠪᠠᠶ᠋ᠢᠷᠢᠯᠠᠭᠤᠯᠤᠯᠲᠠ ᠪᠣᠯᠤᠨ᠎ᠠ᠃ ᠰᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠂ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠢ᠋ ᠪᠠᠲᠤᠯᠠᠬᠤ᠎ᠶᠢ ᠴᠢᠩᠭᠠᠳᠬᠠᠵᠤ᠂ ᠨᠢᠭᠡᠨᠲᠡ ᠪᠦᠳᠦᠭᠡᠨ ᠪᠠᠶ᠋ᠢᠭᠤᠯᠤᠭᠰᠠᠨ ᠲᠦᠷᠦᠯ ᠵᠦᠢᠯ᠎ᠦᠨ ᠥᠨᠳᠥᠷ ᠪᠦᠲᠦᠮᠵᠢᠲᠡᠢ ᠠᠵᠢᠯᠯᠠᠬᠤ ᠵᠢ ᠦᠨᠡᠨ ᠬᠦ᠌ ᠪᠠᠲᠤᠯᠠᠬᠤᠪᠦᠭᠡᠳ ᠬᠣᠶ᠋ᠢᠰᠢᠳᠠ᠎ᠶᠢᠨ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ᠌ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠶ ᠤᠷᠲᠤᠳᠬᠠᠵᠤ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠤᠳᠤᠯᠳᠠ ᠵᠢᠨ ᠬᠦᠴᠦᠨ᠎ᠦ ᠳᠠᠪᠠᠭᠤᠯᠢᠭ᠎ᠢ ᠲᠠᠰᠤᠷᠠᠯᠲᠠ ᠥᠬᠡᠶ ᠬᠥᠭᠵᠢᠯᠲᠡ᠎ᠶᠢᠨ ᠳᠠᠪᠠᠭᠤᠯᠢᠭ ᠪᠣᠯᠭᠠᠨ ᠤᠯᠠᠷᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃
《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠪᠢᠳᠡᠨ᠎ᠦ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ ᠬᠥᠭᠵᠢᠭᠦᠯᠬᠦ᠌᠎ᠳᠦ ᠴᠢᠭᠯᠡᠯ᠎ᠢ ᠣᠨᠣᠴᠠᠳᠠᠢ ᠡᠵᠡᠮᠳᠡᠵᠦ᠍ ᠥᠭᠴᠡᠢ》 ᠭᠡᠵᠤ ᠭᠦᠸᠧ ᠰᠢᠶᠤᠤ ᠯᠢᠩ ᠢᠲᠡᠭᠡᠯ ᠲᠦᠬᠦᠷᠠᠩ ᠬᠡᠯᠡᠨ᠎ᠠ᠃
ᠪᠤᠳᠤᠯᠳᠠ ᠵᠢᠨ ᠬᠦᠴᠤᠨ ᠪᠤᠯᠤᠨ ᠴᠠᠬᠢᠯᠭᠠᠨᠬᠦᠴᠤᠨ ᠤ᠋ ᠬᠠᠮᠵᠢᠯᠴᠠᠭ᠎ᠠ᠎ᠶᠢᠨ ᠲᠣᠭᠣᠷᠢᠨ᠎ᠳᠤ᠂ ᠲᠤᠬᠠᠢ᠎ᠶᠢᠨ ᠭᠠᠵᠠᠷ᠎ᠤᠨ ᠬᠢᠨ ᠤᠯᠠᠨ ᠵᠦᠢᠯ᠎ᠦᠨ ᠪᠤᠬᠢᠷᠳᠤᠯ ᠦᠭᠡᠢ ᠴᠠᠬᠢᠯᠭᠠᠨ᠎ᠤ ᠬᠠᠩᠭᠠᠯᠭ᠎ᠠ᠎ᠶᠢᠨ ᠵᠠᠭᠪᠤᠷ᠎ᠢ ᠪᠠᠶ᠋ᠢᠭᠤᠯᠪᠠ᠃ ᠨᠢᠭᠡ ᠲᠠᠯ᠎ᠠ᠎ᠪᠠᠷ ᠡᠨᠧᠷᠬᠢ ᠲᠤᠤᠷ ᠳᠠᠭᠠᠭᠠᠴᠠ ᠨᠦᠬᠡᠴᠡ ᠵᠢᠨ ᠪᠤᠬᠢᠷᠳᠤᠯ ᠦᠭᠡᠢ ᠴᠠᠬᠢᠯᠭᠠᠨ᠎ᠢ ᠰᠢᠭᠤᠳ ᠬᠣᠯᠪᠣᠬᠤ ᠵᠠᠭᠪᠤᠷ᠎ᠢ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠵᠦᠩ ᠵᠢᠨ ᠲᠤᠭ᠎ᠠ ᠪᠠᠷᠢᠮᠳᠠ ᠵᠢᠨ ᠺᠤᠮᠫᠠᠨᠢ ᠵᠢᠨ ᠤᠯᠠᠭᠠᠨᠴᠠᠪ᠎ᠤᠨ ᠨᠡᠭᠦᠷᠡᠰᠦᠲᠥᠢ᠍ᠷᠥᠭᠴᠢ ᠦᠯᠦ ᠭᠠᠳᠠᠭᠰᠢᠯᠠᠭᠤᠯᠬᠤ ᠪᠤᠳᠤᠯᠳᠠ ᠵᠢᠨ ᠬᠦᠴᠦᠨ᠎ᠦ ᠰᠠᠭᠤᠷᠢᠨ ᠨᠢ ᠪᠥᠬᠥ᠌ ᠤᠯᠤᠰ᠎ᠤᠨ ᠠᠩᠬᠠᠳᠠᠭᠴᠢ ᠲᠤᠭ᠎ᠠ ᠪᠠᠷᠢᠮᠳᠠ ᠵᠢᠨ ᠲᠥᠪ᠎ᠦᠨ ᠪᠤᠬᠢᠷᠳᠤᠯ ᠦᠭᠡᠢ ᠴᠠᠬᠢᠯᠭᠠᠨ᠎ᠢ ᠰᠢᠭᠤᠳ ᠬᠣᠯᠪᠣᠵᠤ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠪᠣᠯᠤᠭᠰᠠᠨ᠎ᠤ ᠬᠤᠪᠢ᠎ᠳᠤ᠂ ᠵᠢᠯ ᠪᠦᠷᠢ 8.48 ᠳ᠋ᠦᠩᠰᠢᠭᠤᠷ ᠺᠢᠯᠦᠸᠠᠲ ᠴᠠᠭ᠎ᠤᠨ ᠪᠤᠬᠢᠷᠳᠤᠯ ᠦᠭᠡᠢ ᠴᠠᠬᠢᠯᠭᠠᠨ᠎ᠢ ᠥᠪᠡᠰᠦᠪᠡᠨ ᠭᠠᠷᠭᠠᠵᠤ ᠥᠪᠡᠰᠦᠪᠡᠨ ᠬᠡᠷᠡᠭᠯᠡᠬᠦ᠌᠎ᠶᠢ ᠪᠡᠶᠡᠯᠡᠭᠦᠯᠪᠡ; ᠨᠥᠭᠥᠭᠡ ᠲᠠᠯ᠎ᠠ᠎ᠪᠠᠷ 《ᠪᠣᠬᠢᠷᠲᠤᠯ ᠥᠬᠡᠶ ᠴᠠᠬᠢᠯᠭᠠᠨ᠎ᠢ ᠰᠢᠭᠤᠳ ᠬᠠᠩᠭᠠᠬᠤ + ᠨᠡᠮᠡᠭᠳᠡᠯ᠎ᠲᠡᠶ ᠴᠠᠬᠢᠯᠭᠠᠨ ᠲᠦᠭᠡᠭᠡᠬᠦ᠌ ᠲᠤᠤᠷ》 ᠤ᠋ᠨ ᠨᠡᠭᠦᠷᠡᠰᠦᠲᠥᠢ᠍ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠴᠠᠬᠢᠯᠭᠠᠨ ᠬᠦᠴᠦᠨ᠎ᠦ ᠪᠠᠲᠤᠯᠠᠭ᠎ᠠ ᠲᠤᠯᠭᠠᠭᠤᠷᠢᠯᠠᠯ᠎ᠢ ᠪᠡᠬᠢᠵᠢᠭᠦᠯᠪᠠ᠃
ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠲᠣᠣᠷ᠎ᠤᠨ ᠬᠦᠴᠦᠲᠡᠢ ᠲᠤᠯᠭᠠᠭᠤᠷᠢᠯᠠᠯ᠎ᠳᠤ ᠲᠦᠰᠢᠭᠯᠡᠨ᠂ ᠲᠤᠬᠠᠢ᠎ᠶᠢᠨ ᠭᠠᠵᠠᠷ᠎ᠤᠨ ᠬᠢᠨ ᠤᠰᠤ᠂ ᠴᠠᠬᠢᠯᠭᠠᠨ᠂ ᠵᠠᠮ᠎ᠤᠨ ᠲᠣᠣᠷ ᠵᠡᠷᠭᠡ ᠬᠠᠲᠠᠭᠤ ᠲᠤᠨᠤᠭ᠎ᠤᠨ ᠰᠠᠭᠤᠷᠢ ᠲᠥᠬᠥᠭᠡᠷᠦᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠍᠂ 《ᠵᠠᠬᠢᠶᠠᠯᠠᠭ᠎ᠠ᠎ᠶᠢᠨ ᠬᠠᠭᠤᠳᠠᠰᠤ ᠵᠢ ᠤᠷᠢᠳᠴᠢᠯᠠᠨ ᠲᠤᠬᠢᠷᠠᠭᠤᠯᠬᠤ》 ᠬᠥᠭᠵᠢᠯᠲᠡ᠎ᠶᠢᠨ ᠵᠠᠭᠪᠤᠷ᠎ᠤᠨ ᠰᠢᠨ᠎ᠡ᠎ᠶᠢ ᠡᠭᠦᠳᠦᠨ ᠬᠡᠷᠡᠭᠵᠢᠭᠦᠯᠵᠦ᠍᠂ ᠨᠢᠭᠡ ᠪᠦᠯᠦᠭ ᠤᠯᠤᠰ᠎ᠤᠨ ᠳᠣᠲᠣᠭᠠᠳᠤ᠎ᠶᠢᠨ ᠲᠣᠯᠣᠭᠠᠢᠯᠠᠭᠴᠢ ᠠᠵᠤ ᠠᠬᠤᠶ᠋ᠢᠯᠠᠯ ᠬᠣᠶ᠋ᠢᠨ᠎ᠠ ᠬᠣᠶ᠋ᠢᠨᠠᠡᠴᠡᠪᠠᠨ ᠨᠤᠳᠤᠭᠰᠢᠨ ᠪᠠᠢᠷᠢᠰᠢᠵᠦ᠂ ᠠᠵᠤ ᠦᠢᠯᠡᠰ᠎ᠦᠨ ᠬᠥᠭᠵᠢᠯᠲᠡ᠎ᠶᠢᠨ ᠬᠠᠨᠳᠤᠰᠢ ᠮᠠᠰᠢ ᠰᠠᠢ᠌ᠨ ᠪᠤᠯᠪᠠ᠃
ᠭᠦᠸᠧ ᠰᠢᠶᠤᠤ ᠯᠢᠩ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠤᠯᠠᠭᠠᠨᠴᠠᠪ ᠬᠤᠳᠠ᠎ᠶᠢᠨ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠲᠤᠬᠠᠢ᠎ᠶᠢᠨ ᠭᠠᠵᠠᠷ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠪᠤᠳᠤᠯᠲᠠ ᠵᠢᠨ ᠬᠦᠴᠦᠨ᠎ᠤ ᠰᠠᠭᠤᠷᠢ᠎ᠶᠢ ᠦᠷᠭᠦᠯᠵᠢᠯᠡᠨ ᠴᠢᠩᠭᠠᠳᠬᠠᠵᠤ᠂ ᠪᠤᠳᠤᠯᠲᠠ ᠵᠢᠨ ᠬᠦᠴᠦᠨ᠎ᠦ ᠪᠦᠬᠦ᠌ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠨ ᠲᠡᠭᠦᠯᠳᠡᠷᠵᠢᠭᠦᠯᠵᠦ᠍᠂ ᠴᠢᠬᠤᠯᠠ ᠡᠯᠧᠮᠧᠨ᠋ᠲ᠎ᠦᠨ ᠪᠠᠲᠤᠯᠠᠭ᠎ᠠ ᠪᠣᠯᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ ᠰᠢᠯᠢᠳᠡᠭᠵᠢᠭᠦᠯᠵᠦ᠍᠂ ᠲᠤᠰ ᠭᠠᠵᠠᠷ ᠣᠷᠣᠨ᠎ᠤ᠎ᠪᠠᠨ ᠰᠠᠯᠬᠢ ᠬᠡᠷᠡᠯ᠎ᠤᠨ ᠡᠨ᠋ᠸᠷᠭᠢ ᠵᠢᠨ ᠡᠬᠢ ᠪᠠᠶᠠᠯᠢᠭ᠎ᠤᠨ ᠳᠠᠪᠠᠭᠤᠯᠢᠭ᠎ᠲᠤ᠌ ᠰᠠᠭᠤᠷᠢᠯᠠᠵᠤ᠂ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢᠯᠡᠰ᠎ᠦᠨ ᠳᠠᠪᠠᠭᠤᠯᠢᠭ᠂ ᠬᠥᠭᠵᠢᠯᠲᠡ᠎ᠶᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠪᠠᠷ ᠴᠢᠷᠮᠠᠶ᠋ᠢᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌᠎ᠳᠦ ᠨᠡᠩ ᠤᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠪᠡ᠃

ᠶᠢᠦ ᠺᠧ ᠳᠧ ᠤᠯᠠᠭᠠᠨᠴᠠᠪ᠎ᠤᠨ ᠣᠶᠤᠨᠳᠤ ᠪᠣᠳᠣᠯᠳᠠ᠎ᠶᠢᠨ ᠬᠦᠴᠦᠨ ᠤ᠋ ᠲᠥᠪ᠎ᠦᠨ ᠠᠵᠢᠯᠲᠠᠨ ᠲᠤᠬᠠᠢ᠎ᠶᠢᠨ ᠲᠠᠯᠠᠪᠠᠢ᠎ᠳᠤ ᠲᠣᠭᠣᠷᠢᠨ ᠪᠠᠢᠴᠠᠭᠠᠵᠤ ᠪᠠᠢᠭ᠎ᠠ ᠨᠢ
《ᠶᠡᠷᠦᠩᠬᠡᠶ ᠱᠦᠵᠢ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠡᠨᠧᠷᠭᠢ ᠠᠷᠪᠢᠯᠠᠵᠤ ᠤᠰᠤ ᠠᠷᠪᠢᠯᠠᠬᠤ ᠪᠠᠶ᠋ᠢᠳᠠᠯ᠎ᠢ ᠮᠠᠰᠢ ᠬᠠᠯᠠᠮᠵᠢᠯᠠᠵᠤ ᠪᠠᠶ᠋ᠢᠨ᠎ᠠ》
ᠪᠣᠳᠣᠯᠲᠠ ᠵᠢᠨ ᠬᠦᠴᠦᠨ᠎ᠤ ᠰᠠᠭᠤᠷᠢ ᠨᠢ ᠴᠠᠬᠢᠯᠭᠠᠨ ᠬᠦᠴᠦᠨ᠎ᠳᠦ ᠪᠤᠢ᠃ ᠥᠨᠳᠥᠷ ᠨᠢᠭᠲᠠᠴᠠ᠎ᠲᠠᠶ GPU ᠤᠶᠤᠨᠲᠤ᠌ ᠪᠣᠳᠣᠯᠲᠠ ᠵᠢᠨ ᠬᠦᠴᠦᠨ᠎ᠤ ᠲᠥᠬᠥᠭᠡᠷᠦᠮᠵᠢ᠎ᠶᠢᠨ ᠡᠨᠧᠷᠭᠢ᠎ᠶᠢᠨ ᠬᠣᠷᠣᠭᠳᠠᠯ ᠶᠡᠬᠡ᠂ ᠢᠯᠴᠢ ᠰᠠᠷᠨᠢᠭᠤᠯᠬᠤ ᠳᠠᠷᠤᠯᠲᠠ ᠶᠡᠬᠡ᠂ ᠪᠤᠬᠢᠷᠳᠤᠯ ᠦᠭᠡᠢ ᠴᠠᠬᠢᠯᠭᠠᠨ᠎ᠤ ᠬᠠᠩᠭᠠᠯᠭ᠎ᠠ᠎ᠶᠢ ᠲᠣᠭᠲᠠᠪᠤᠷᠢᠵᠢᠭᠤᠯᠬᠤ ᠪᠣᠯ ᠠᠵᠤ ᠦᠢᠯᠡᠰ᠎ᠦᠨ ᠠᠮᠢᠨ ᠰᠤᠳᠠᠰᠤ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ᠎ᠳᠦ 《ᠪᠤᠳᠤᠯᠲᠠ ᠵᠢᠨ ᠬᠦᠴᠦᠨᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ》 ᠵᠢ ᠠᠩᠬ᠎ᠠ ᠤᠳᠠᠭ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠪᠢᠴᠢᠵᠦ᠍ ᠣᠷᠣᠭᠤᠯᠪᠠ᠃
ᠪᠥᠬᠥ᠌ ᠤᠯᠤᠰ᠎ᠤᠨ 《ᠪᠤᠳᠤᠯᠲᠠ ᠵᠢᠨ ᠬᠦᠴᠦᠨᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ》 ᠵᠢᠨ ᠬᠣᠰᠢᠭᠤᠴᠢ ᠪᠣᠯᠤᠭᠰᠠᠨ᠎ᠤ ᠬᠤᠪᠢ᠎ᠳᠤ᠂ ᠣᠶ᠋ᠢᠷ᠎ᠠ᠎ᠶᠢᠨ ᠵᠢᠯ᠎ᠳᠦ ᠤᠯᠠᠭᠠᠨᠴᠠᠪ ᠬᠣᠲᠠ 《ᠪᠤᠳᠤᠯᠲᠠ ᠵᠢᠨ ᠬᠦᠴᠦᠨᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ》 ᠵᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠴᠠᠬᠢᠯᠭᠠᠨᠬᠦᠴᠦᠨ ᠵᠢᠡᠷ ᠪᠤᠳᠤᠯᠲᠠ ᠵᠢᠨ ᠬᠦᠴᠦᠨ᠎ᠢ ᠴᠢᠨᠭᠭᠠᠷᠠᠭᠤᠯᠵᠤ᠂ ᠪᠤᠳᠤᠯᠲᠠ ᠵᠢᠨ ᠬᠦᠴᠦᠨ᠎ᠵᠢᠡᠷ ᠴᠠᠬᠢᠯᠭᠠᠨ ᠬᠦᠴᠦᠨ᠎ᠢ ᠠᠬᠢᠭᠤᠯᠵᠤ᠂ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥᠢ᠍ᠷᠥᠭᠴᠢᠲᠦ᠍ ᠬᠥᠭᠵᠢᠯᠲᠡ᠎ᠳᠦ ᠬᠦᠴᠦᠨ ᠨᠡᠮᠡᠷᠢᠯᠡᠵᠦ᠍᠂ ᠰᠢᠨ᠎ᠡ᠎ᠪᠡᠷ ᠪᠠᠶ᠋ᠢᠭᠤᠯᠤᠭᠰᠠᠨ ᠲᠤᠭ᠎ᠠ ᠪᠠᠷᠢᠮᠳᠠ᠎ᠶᠢᠨ ᠲᠥᠪ᠎ᠦᠨ ᠪᠤᠬᠢᠷᠳᠤᠯ ᠦᠭᠡᠢ ᠴᠠᠬᠢᠯᠭᠠᠨ᠎ᠤ ᠡᠵᠡᠯᠡᠬᠦ᠌ ᠬᠠᠷᠢᠴᠠᠯ 86% ᠵᠢ ᠳᠠᠪᠠᠵᠤ᠂ ᠪᠥᠬᠥ᠌ ᠤᠯᠤᠰ᠎ᠤᠨ 《ᠪᠤᠳᠤᠯᠲᠠ ᠵᠢᠨ ᠬᠦᠴᠦᠨᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ》 ᠵᠢᠨ ᠬᠦᠷᠢᠶᠡᠨ᠎ᠳᠦ ᠣᠯᠠᠨ ᠵᠦᠢᠯ᠎ᠦᠨ ᠰᠢᠪᠲᠤᠯᠤᠯᠲᠠ᠎ᠶᠢ ᠪᠡᠶᠡᠯᠡᠭᠦᠯᠪᠡ᠃
ᠶᠡᠷᠦᠩᠬᠡᠶ ᠱᠦᠵᠢ ᠰᠢ ᠵᠢᠨ ᠫᠢᠩ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠡᠨᠧᠷᠭᠢ ᠠᠷᠪᠢᠯᠠᠬᠤ ᠤᠰᠤ ᠠᠷᠪᠢᠯᠠᠬᠤ ᠪᠠᠶ᠋ᠢᠳᠠᠯ᠎ᠢ ᠮᠠᠰᠢ ᠬᠠᠯᠠᠮᠵᠢᠯᠠᠵᠤ᠂ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠡᠨᠧᠷᠭᠢ ᠬᠡᠷᠡᠭᠯᠡᠬᠦ᠌ ᠲᠦᠪᠰᠢᠨ᠎ᠦ ᠪᠠᠢᠳᠠᠯ᠂ ᠤᠰᠤ ᠠᠷᠪᠢᠯᠠᠬᠤ ᠡᠰᠡᠬᠦ᠌ ᠵᠡᠷᠭᠡ ᠠᠰᠠᠭᠤᠳᠠᠯ᠎ᠢ ᠨᠠᠷᠢᠨ ᠠᠰᠠᠭᠤᠪᠠ᠃ 《ᠮᠠᠨ᠎ᠤ ᠬᠣᠲᠠ᠎ᠶᠢᠨ ᠪᠤᠳᠤᠯᠲᠠ ᠵᠢᠨ ᠬᠦᠴᠦᠨ᠎ᠦ ᠲᠥᠪ᠎ᠦᠨ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ᠎ᠶᠢᠨ ᠦᠷ᠎ᠡ ᠪᠦᠲᠦᠮᠵᠢ ᠮᠠᠰᠢ ᠥᠨᠳᠥᠷ᠂ WUE ᠬᠡᠮᠵᠢᠭᠳᠡᠯ ᠳᠤᠤᠷ᠎ᠠ ᠶᠤᠮ᠂ WUE ᠬᠡᠮᠵᠢᠭᠳᠡᠯ ᠪᠣᠯ ᠪᠤᠳᠤᠯᠲᠠ ᠵᠢᠨ ᠬᠦᠴᠦᠨ᠎ᠦ ᠲᠥᠪ᠎ᠦᠨ ᠵᠢᠯ᠎ᠦᠨ ᠤᠰᠤ ᠬᠡᠷᠡᠭᠯᠡᠬᠦ᠌ ᠬᠡᠮᠵᠢᠶ᠎ᠡ ᠪᠣᠯᠤᠨ IT ᠲᠤᠨᠤᠭ ᠲᠥᠬᠥᠭᠡᠷᠦᠮᠵᠢ᠎ᠶᠢᠨ ᠵᠢᠯ᠎ᠦᠨ ᠴᠠᠬᠢᠯᠭᠠᠨ ᠬᠡᠷᠡᠭᠯᠡᠬᠦ᠌ ᠬᠡᠮᠵᠢᠶ᠎ᠡ᠎ᠶᠢᠨ ᠬᠠᠷᠢᠴᠠᠯ ᠬᠡᠮᠵᠢᠭᠳᠡᠯ ᠪᠣᠯᠤᠨ᠎ᠠ᠂ ᠬᠡᠮᠵᠢᠭᠳᠡᠯ ᠨᠢ ᠬᠡᠳᠦᠶ ᠳᠤᠤᠷ᠎ᠠ ᠪᠣᠯ ᠲᠠᠳᠤᠢ ᠤᠰᠤ ᠠᠷᠪᠢᠯᠠᠨ᠎ᠠ ᠁ 1GW ᠪᠦᠷᠢᠨ ᠳᠠᠭᠠᠭᠠᠴᠠ᠎ᠳᠤ ᠪᠤᠳᠤᠯᠲᠠ᠎ᠶᠢᠨ ᠬᠦᠴᠦᠨ᠎ᠦ ᠲᠥᠪ᠎ᠢᠶᠡᠷ ᠵᠢᠱ᠌ᠢᠶᠡᠯᠡᠪᠡᠯ᠂ PUE ᠬᠡᠮᠵᠢᠭᠳᠡᠯ 0.1 ᠪᠠᠭᠤᠷᠠᠬᠤ ᠪᠦᠷᠢ᠂ ᠵᠢᠯ ᠪᠦᠷᠢ ᠪᠠᠷᠤᠭ 8 ᠳ᠋ᠦᠩᠰᠢᠭᠤᠷ ᠭᠷᠠᠳᠦ᠋ᠰ᠎ᠤᠨ ᠴᠠᠬᠢᠯᠭᠠᠨ᠎ᠢ ᠠᠷᠪᠢᠯᠠᠬᠤ ᠪᠣᠯᠤᠨ᠎ᠠ》 ᠭᠡᠵᠦ ᠭᠦᠸᠧ ᠰᠢᠶᠤᠤ ᠯᠢᠩ ᠶᠡᠷᠦᠩᠬᠡᠢ ᠱᠦᠵᠢ ᠰᠢ ᠵᠢᠨ ᠫᠢᠩ᠎ᠳᠦ ᠨᠠᠷᠢᠨ ᠬᠠᠷᠢᠭᠤ ᠮᠡᠳᠡᠭᠦᠯᠵᠠᠢ᠃
ᠦᠵᠡᠭᠦᠯᠭᠡ᠎ᠶᠢᠨ ᠲᠢᠩᠬᠢᠮ᠎ᠢᠶᠡᠷ ᠠᠯᠬᠤᠨ ᠶᠠᠪᠤᠬᠤ᠎ᠳᠤ᠂ ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠬᠡᠬᠡᠯᠳᠡ ᠵᠢᠨ ᠲᠣᠭᠣᠷᠢᠭ᠎ᠤᠨ ᠬᠠᠮᠢᠶᠠᠷᠤᠯᠲᠠ᠎ᠶᠢᠨ ᠵᠥᠪᠯᠡᠯ᠎ᠦᠨ ᠳᠡᠳ᠋ ᠡᠷᠬᠢᠯᠡᠭᠴᠢ ᠯᠢᠦ ᠵᠢᠶᠦ᠋ᠨ ᠫᠢᠩ ᠶᠡᠷᠦᠩᠬᠡᠢ ᠱᠦᠵᠢ ᠰᠢ ᠵᠢᠨ ᠫᠢᠩ᠎ᠦᠨ ᠠᠯᠬᠤᠭ᠎ᠠ᠎ᠶᠢ ᠶᠠᠭ ᠲᠠᠭᠠᠵᠤ᠂ ᠨᠠᠷᠢᠨ ᠬᠢᠨᠠᠮᠠᠭᠠᠢ ᠰᠣᠨᠣᠰᠴᠤ᠌᠂ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ ᠨᠢᠭᠡ ᠪᠦᠷᠢ᠎ᠶᠢ ᠪᠠᠲᠤ᠌ ᠴᠡᠭᠡᠵᠢᠯᠡᠬᠦ᠌᠎ᠶᠢ ᠬᠦᠰᠡᠵᠦ᠍ ᠪᠠᠶ᠋ᠢᠯ᠎ᠠ᠃ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ᠎ᠶᠢ ᠬᠦᠯᠢᠶᠡᠬᠦ᠌᠎ᠳᠡᠭᠡᠨ᠂ ᠲᠡᠷᠡ ᠪᠠᠰᠠ ᠭᠠᠷ ᠤᠲᠠᠰᠤᠨ ᠲᠡᠭᠡᠷ᠎ᠡ ᠪᠡᠨ ᠨᠠᠷᠢᠨ ᠲᠡᠮᠳᠡᠭᠯᠡᠭᠰᠡᠨ ᠲᠡᠮᠳᠡᠭᠯᠡᠯ᠎ᠢᠶᠡᠨ ᠤᠷᠪᠠᠭᠤᠯᠤᠨ ᠭᠠᠷᠭᠠᠵᠤ ᠦᠵᠡᠬᠦᠯᠵᠤ ᠪᠠᠶ᠋ᠢᠯ᠎ᠠ᠃
ᠯᠢᠦ ᠵᠢᠶᠦ᠋ᠨ ᠫᠢᠩ᠂ ᠶᠡᠷᠦᠩᠬᠡᠢ ᠱᠦᠵᠢ ᠰᠢ ᠵᠢᠨ ᠫᠢᠩ ᠲᠤᠰ ᠤᠳᠠᠭ᠎ᠠ᠎ᠶᠢᠨ ᠰᠢᠨᠵᠢᠯᠡᠨ ᠪᠠᠢᠴᠠᠭᠠᠯᠲᠠ᠎ᠳᠤ 《ᠪᠤᠳᠤᠯᠲᠠ᠎ᠵᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ》 ᠶ᠋ᠢ ᠳᠤᠷᠠᠳᠤᠭᠰᠠᠨ ᠪᠥᠭᠡᠳ ᠤᠯᠠᠭᠠᠨᠴᠠᠪ ᠬᠤᠳᠠ᠎ᠶᠢᠨ ᠪᠤᠳᠤᠯᠲᠠ᠎ᠵᠢᠨ ᠬᠦᠴᠦᠨ᠎ᠤ ᠠᠵᠤ ᠦᠢᠯᠡᠰ᠎ᠢ ᠬᠥᠭᠵᠢᠭᠦᠯᠬᠦ ᠶᠠᠪᠤᠴᠠ᠎ᠳᠤ ᠤᠷᠢᠳᠴᠢᠯᠠᠨ 《ᠪᠤᠳᠤᠯᠲᠠ᠎ᠵᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠳᠠᠨᠭᠰᠠ》 ᠵᠢ ᠪᠤᠳᠤᠭᠰᠠᠨ ᠠᠷᠭ᠎ᠠ ᠬᠢᠳᠡᠯ᠎ᠢ ᠭᠦᠢᠴᠡᠳ ᠨᠤᠲᠠᠯᠠᠪᠠ᠃ ᠲᠠᠷᠠᠭᠠᠴᠢ᠎ᠶᠢᠨ ᠠᠯᠬᠤᠮ᠎ᠳᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠪᠤᠷᠢ᠎ᠶᠢᠨ ᠵᠣᠷᠢᠭ᠋ ᠰᠠᠨᠠᠭ᠎ᠠ ᠶᠣᠰᠣᠭᠠᠷ᠂ ᠳ᠋ᠠᠢᠲ᠋ᠠ᠎ᠶᠢᠨ ᠠᠵᠤ ᠦᠢᠯᠡᠰ᠎ᠦᠨ ᠲᠥᠯᠦᠪᠵᠢᠭᠦᠯᠭᠡ ᠪᠠ ᠪᠠᠢᠷᠢᠰᠢᠭᠤᠯᠤᠯᠲᠠ᠎ᠶᠢ ᠴᠢᠩᠭᠠᠳᠬᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠪᠤᠳᠤᠯᠲᠠ᠎ᠵᠢᠨ ᠬᠦᠴᠦᠨ᠎ᠢ ᠬᠥᠭᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨᠤᠤᠯᠠᠭᠠᠨᠴᠠᠪᠲᠤ ᠴᠡᠴᠡᠭᠯᠡᠨ ᠵᠢᠮᠢᠰᠯᠡᠭᠦ᠎ᠵᠢ ᠬᠥᠲᠥᠯᠥᠨ ᠳᠠᠭᠠᠭᠤᠯᠤᠨ᠎ᠠ》 ᠭᠡᠪᠡ᠃

ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ ᠬᠦᠢᠳᠡᠨᠰᠢᠯᠢ ᠵᠢᠨ ᠲᠠᠯ᠎ᠠ ᠨᠤᠳᠤᠭ ᠲᠡᠬᠢ ᠰᠠᠯᠬᠢᠨ ᠬᠦᠴᠦᠨ᠎ᠤ ᠴᠠᠬᠢᠯᠭᠠᠨ ᠭᠠᠷᠭᠠᠬᠤ ᠮᠠᠰᠢᠨ
《ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ ᠪᠣᠯᠣᠨ ᠴᠢᠳᠠᠪᠤᠷᠢᠲᠠᠨ᠎ᠤ ᠵᠣᠷᠢᠭ᠍ᠲᠠᠢ᠎ᠪᠠᠷ ᠰᠢᠨ᠎ᠡ᠎ᠶᠢ ᠡᠭᠦᠳᠴᠦ ᠡᠭᠦᠳᠦᠨ ᠪᠦᠲᠦᠭᠡᠬᠦ᠎ᠶᠢ ᠪᠡᠶᠡᠯᠡᠭᠦᠯᠦᠨ᠎ᠡ 》
ᠪᠤᠳᠤᠯᠲᠠ᠎ᠵᠢᠨ ᠬᠦᠴᠦᠨ᠎ᠦ ᠠᠵᠤ ᠦᠢᠯᠡᠰ᠎ᠢ ᠦᠨᠳᠦᠰᠦᠯᠡᠭᠦᠯᠬᠦ᠎ᠳᠤ᠂ ᠴᠢᠳᠠᠪᠤᠷᠢᠲᠠᠨ ᠪᠠ ᠡᠯᠧᠮᠧᠨ᠋ᠲ᠎ᠦᠨ ᠪᠠᠲᠤᠯᠠᠭ᠎ᠠ ᠪᠣᠯ ᠲᠣᠭᠣᠷᠢᠵᠤ ᠭᠠᠷᠴᠤ ᠪᠣᠯᠣᠰᠢ ᠦᠭᠡᠢ 《ᠬᠠᠲᠠᠭᠤ ᠲᠤᠯᠭᠠᠭᠤᠷᠢᠯᠠᠯ》 ᠮᠥᠨ᠃ ᠶᠡᠷᠦᠩᠬᠡᠢ ᠱᠦᠵᠢ ᠰᠢ ᠵᠢᠨ ᠫᠢᠩ ᠳᠡᠭᠡᠳᠦ ᠰᠢᠨ᠎ᠡ ᠮᠡᠷᠭᠡᠵᠢᠯ᠎ᠦᠨ ᠨᠡᠬᠡᠬᠡᠯᠳᠡ ᠵᠢᠨ ᠲᠣᠭᠣᠷᠢᠭ᠋᠎ᠤᠨ ᠬᠢᠨᠢ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠡᠯ᠎ᠡ ᠵᠦᠢᠯ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡ ᠪᠣᠯᠣᠨ ᠡᠯᠧᠮᠧᠨ᠋ᠲ᠎ᠦᠨ ᠪᠠᠲᠤᠯᠠᠭ᠎ᠠ᠎ᠶᠢ ᠰᠢᠯᠢᠳᠡᠭᠵᠢᠭᠦᠯᠵᠦ᠂ ᠠᠵᠤ ᠠᠬᠤᠢᠯᠠᠯ ᠪᠣᠯᠣᠨ ᠡᠯ᠎ᠡ ᠲᠦᠷᠦᠯ᠎ᠦᠨ ᠴᠢᠳᠠᠪᠤᠷᠢᠲᠠᠨ᠎ᠤ ᠠᠵᠢᠯ ᠬᠢᠵᠦ ᠦᠢᠯᠡᠰ ᠪᠣᠰᠬᠠᠬᠤ᠎ᠳᠤ ᠰᠠᠢᠨ ᠰᠠᠢᠬᠠᠨ ᠣᠷᠴᠢᠨ ᠨᠦᠬᠦᠴᠡᠯ᠎ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃
ᠡᠯᠧᠮᠧᠨ᠋ᠲ᠎ᠦᠨ ᠪᠠᠲᠤᠯᠠᠭ᠎ᠠ ᠮᠢᠩᠭ᠎ᠠ ᠲᠦᠮᠡᠨ ᠵᠦᠢᠯ ᠪᠤᠢ᠂ ᠡᠬᠦᠨ ᠳ᠋ᠤ ᠴᠢᠳᠠᠪᠤᠷᠢᠲᠠᠨ ᠪᠣᠯ ᠵᠠᠩᠭᠢᠯᠠᠭ᠎ᠠ᠎ᠶᠢᠨ ᠭᠣᠭᠴᠣᠭ᠎ᠠ ᠪᠣᠯᠣᠨ᠎ᠠ᠃ ᠭᠦᠸᠧ ᠰᠢᠶᠣᠣ ᠯᠢᠩ ᠶᠡᠷᠦᠩᠬᠡᠢ ᠱᠦᠵᠢ ᠰᠢ ᠵᠢᠨ ᠫᠢᠩ᠎ᠳᠦ ᠤᠯᠠᠭᠠᠨᠴᠠᠪ ᠬᠣᠲᠠ᠎ᠶᠢᠨ ᠪᠤᠳᠤᠯᠲᠠ᠎ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠬᠤ᠎ᠳᠠᠭᠠᠨ ᠲᠤᠰᠬᠠᠢᠯᠠᠨ ᠴᠢᠳᠠᠪᠤᠷᠢᠲᠠᠨ᠎ᠢ ᠬᠦᠮᠦᠵᠢᠭᠦᠯᠦᠭᠰᠡᠨ ᠪᠠᠢᠳᠠᠯ᠎ᠢ ᠬᠠᠷᠢᠭᠤ ᠮᠡᠳᠡᠭᠦᠯᠦᠯᠳᠡ ᠬᠢᠪᠡ᠄ 《ᠠᠵᠤ ᠦᠢᠯᠡᠰ᠎ᠦᠨ ᠲᠦᠷᠭᠡᠨ ᠬᠥᠭᠵᠢᠯᠲᠡ᠎ᠶᠢ ᠳᠠᠭᠠᠯᠳᠤᠨ᠂ ᠤᠷ᠎ᠠ ᠴᠢᠳᠠᠪᠤᠷᠢ᠎ᠶᠢᠨ ᠬᠡᠯᠪᠡᠷᠢ᠎ᠶᠢᠨ ᠴᠢᠳᠠᠪᠤᠷᠢᠲᠠᠨ᠎ᠤ ᠬᠡᠷᠡᠭᠴᠡᠭᠡ ᠴᠦ᠍ ᠲᠠᠰᠤᠷᠠᠯᠲᠠ ᠦᠭᠡᠢ ᠨᠡᠮᠡᠭᠳᠡᠵᠦ ᠪᠠᠢᠨ᠎ᠠ᠃ ᠪᠢᠳᠡ ᠠᠵᠤ ᠦᠢᠯᠡᠰ᠎ᠦᠨ ᠲᠥᠪᠯᠡᠷᠡᠨ ᠬᠥᠭᠵᠢᠬᠦ᠎ᠶᠢ ᠠᠬᠢᠭᠤᠯᠬᠤ᠎ᠶᠢᠨ ᠬᠠᠮᠲᠤ ᠰᠤᠷᠤᠯᠭ᠎ᠠ᠎ᠶᠢᠨ ᠨᠠᠮᠲᠠᠷ᠎ᠤᠨ ᠰᠤᠷᠭᠠᠨ ᠬᠥᠮᠦᠵᠢᠯ ᠪᠠ ᠨᠡᠢᠭᠡᠮ᠎ᠦᠨ ᠪᠣᠯᠪᠠᠰᠤᠷᠠᠯ᠎ᠢ ᠬᠠᠷᠢᠯᠴᠠᠨ ᠨᠥᠬᠥᠪᠦᠷᠢᠯᠡᠬᠦ ᠠᠷᠭ᠎ᠠ ᠮᠠᠶᠢᠭ᠋᠎ᠢ ᠠᠪᠴᠤ᠂ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ᠎ᠲᠠᠢ ᠵᠣᠬᠢᠴᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠰᠢᠰᠲᠧᠮ᠎ᠢ ᠪᠦᠷᠢᠯᠳᠦᠭᠦᠯᠪᠡ》 ᠭᠡᠵᠦ ᠲᠠᠨᠢᠯᠴᠠᠭᠤᠯᠪᠠ᠃
ᠴᠢᠳᠠᠪᠤᠷᠢᠲᠠᠨ ᠡᠴᠡ ᠭᠠᠳᠠᠨ᠎ᠠ᠂ ᠦᠢᠯᠡᠴᠢᠯᠡᠭᠡ ᠪᠣᠯ ᠮᠥᠨ ᠴᠦ᠍ ᠠᠵᠤ ᠠᠬᠤᠢᠯᠠᠯ᠎ᠤᠨ ᠬᠠᠮᠤᠭ᠎ᠡᠴᠡ ᠴᠢᠬᠤᠯᠠᠴᠢᠯᠠᠳᠠᠭ 《ᠬᠠᠲᠠᠭᠤ ᠣᠷᠴᠢᠨ ᠨᠥᠬᠥᠴᠡᠯ》 ᠮᠥᠨ᠃ ᠲᠤᠬᠠᠢ ᠶᠢᠨ ᠲᠠᠯᠠᠪᠠᠢ ᠳᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠰᠠᠨ ᠪᠤᠰᠢᠭᠤ ᠭᠠᠷ ᠺᠤᠮᠫᠠᠨᠢ ᠵᠢᠨ ᠤᠯᠠᠭᠠᠨᠴᠠᠪ᠎ᠤᠨ ᠲᠤᠭ᠎ᠠ ᠪᠠᠷᠢᠮᠳᠠ ᠶᠢᠨ ᠲᠥᠪ᠎ᠦᠨ ᠳᠠᠭᠠᠭᠠᠮᠠᠯ ᠵᠠᠩ ᠢᠦᠢ ᠡᠭᠦᠨ᠎ᠦ ᠲᠤᠬᠠᠢ ᠭᠦᠨᠵᠡᠭᠡᠢ ᠣᠢᠯᠠᠭᠠᠯᠲᠠ᠎ᠲᠠᠢ ᠪᠠᠢᠯ᠎ᠠ᠄ 《ᠲᠦᠷᠦᠯ ᠵᠦᠢᠯ᠎ᠢ ᠨᠠᠢᠳᠠᠪᠤᠷᠢᠵᠢᠭᠤᠯᠬᠤ᠎ᠡᠴᠡ ᠡᠯ᠎ᠡ ᠲᠦᠷᠦᠯ᠎ᠦᠨ ᠭᠠᠷᠳᠠᠮ᠎ᠢ ᠭᠦᠢᠴᠡᠳᠬᠡᠬᠦ ᠬᠦᠷᠲᠡᠯ᠎ᠡ᠂ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠬᠡᠬᠡᠯᠳᠡ ᠵᠢᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠎ᠦᠨ ᠢᠯᠡᠷᠡᠭᠦᠯᠦᠭᠰᠡᠨ ᠲᠤᠰᠬᠠᠢ ᠮᠡᠷᠭᠡᠵᠢᠯ᠎ᠦᠨ ᠦᠢᠯᠡᠴᠢᠯᠡᠭᠡᠨ᠎ᠦ ᠬᠡᠪ ᠪᠣᠯᠪᠠᠰᠤᠷᠠᠯ ᠪᠣᠯᠣᠨ ᠬᠠᠯᠠᠭᠤᠮᠰᠤᠭ ᠦᠢᠯᠡᠴᠢᠯᠡᠭᠡᠨ᠎ᠦ ᠣᠪᠣᠷ ᠪᠣᠯ ᠪᠢᠳᠡᠨ᠎ᠤ ᠤᠯᠠᠭᠠᠨᠴᠠᠪ᠎ᠲᠤ ᠢᠷᠡᠵᠦ ᠪᠡᠯᠡ ᠣᠷᠣᠭᠤᠯᠤᠨ ᠪᠦᠲᠦᠭᠡᠨ ᠪᠠᠶ᠋ᠢᠭᠤᠯᠬᠤ᠎ᠪᠠᠷ ᠲᠣᠭᠲᠠᠭᠰᠠᠨ᠎ᠤ ᠴᠢᠬᠤᠯᠠ ᠨᠢᠬᠡᠨ ᠰᠢᠯᠲᠠᠭᠠᠨ ᠪᠣᠯᠣᠨ᠎ᠠ》 ᠭᠡᠵᠦ ᠡᠷᠭᠢᠴᠡᠭᠦᠯᠦᠨ ᠬᠡᠯᠡᠪᠡ᠃
ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠨᠠᠮ᠎ᠤᠨ ᠠᠵᠢᠯ᠎ᠤᠨ ᠬᠣᠷᠢᠶ᠎ᠠ᠎ᠶᠢᠨ ᠱᠦᠵᠢ᠂ ᠬᠠᠮᠢᠶᠠᠷᠤᠯᠲᠠ᠎ᠶᠢᠨ ᠵᠥᠪᠯᠡᠯ᠎ᠦᠨ ᠡᠷᠬᠢᠯᠡᠭᠴᠢ ᠡᡁᠦ᠋ᠸᠸ ᠵᠢᠶᠠᠨ ᠵᠦᠩ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠯᠢᠳᠡᠭ ᠬᠠᠩᠭᠠᠯᠭ᠎ᠠ ᠨᠢ ᠣᠷᠣᠨ ᠪᠦᠰᠡ᠎ᠶᠢᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠴᠢᠬᠤᠯᠠ ᠬᠦᠴᠦᠨ ᠵᠦᠢᠯ ᠪᠣᠯᠵᠤ ᠪᠠᠢᠨ᠎ᠠ ᠬᠡᠵᠦ ᠲᠠᠨᠢᠯᠴᠠᠭᠤᠯᠪᠠ᠃ ᠲᠡᠷᠡ ᠂ ᠶᠡᠷᠦᠩᠬᠡᠢ ᠱᠦᠵᠢ ᠰᠢ ᠵᠢᠨ ᠫᠢᠩ᠎ᠦᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠢ ᠬᠠᠮᠠᠭᠠᠯᠠᠨ᠎ᠠ ᠭᠡᠵᠦ ᠢᠯᠡᠳᠬᠡᠪᠡ᠃
ᠶᠡᠷᠦᠩᠬᠡᠢ ᠱᠦᠵᠢ ᠰᠢ ᠵᠢᠨ ᠫᠢᠩ᠎ᠦᠨ ᠨᠠᠨᠳᠢᠨ ᠬᠦᠰᠡᠯ ᠨᠠᠶ᠋ᠢᠳᠠᠯᠭ᠎ᠠ ᠨᠢ ᠬᠦᠴᠦᠲᠦ ᠲᠤᠯᠠᠭᠠᠨ ᠤᠷᠤᠰᠬᠠᠯ ᠰᠢᠭ᠋᠎ᠢᠶᠡᠷ ᠡᠨᠡ ᠬᠦ᠌ 《ᠲᠠᠯ᠎ᠠ ᠨᠤᠲᠤᠭ᠎ᠤᠨ ᠡᠭᠦᠯᠡᠨ ᠬᠦᠨᠳᠡᠢ》 ᠵᠢᠨ ᠡᠷᠡᠮᠡᠬᠡᠢᠯᠡᠨ ᠲᠡᠮᠡᠴᠡᠭᠰᠡᠳ ᠨᠢᠬᠡ ᠪᠦᠷᠢ ᠵᠢᠨ ᠰᠡᠳᠬᠢᠯ᠎ᠳᠦ ᠬᠠᠳᠠᠩᠰᠢᠵᠠᠢ᠃ 《ᠪᠤᠳᠤᠯᠳᠡ᠎ᠶᠢᠨ ᠬᠦᠴᠦᠨ᠎ᠦ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ》 ᠨᠢ ᠴᠢᠭᠯᠡᠯ ᠪᠣᠯᠬᠤ᠎ᠪᠠᠷ ᠪᠠᠷᠠᠬᠤ ᠦᠭᠡᠢ ᠨᠡᠩ ᠴᠤ᠌ ᠠᠵᠢᠯᠯᠠᠭᠠᠨ᠎ᠤ ᠪᠦᠷᠢᠶ᠎ᠡ ᠪᠣᠯᠣᠨ᠎ᠠ᠃ ᠤᠯᠠᠭᠠᠨᠴᠠᠪ ᠬᠣᠲᠠ᠎ᠶᠢᠨ ᠬᠢᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠨᠠᠩ ᠶᠡᠬᠡ ᠡᠷᠴᠢᠮ᠎ᠢᠶᠡᠷ ᠪᠤᠳᠤᠯᠳᠠ᠎ᠶᠢᠨ ᠬᠦᠴᠦᠨ᠎ᠦ ᠰᠠᠭᠤᠷᠢ᠎ᠶᠢ ᠴᠢᠩᠭᠠᠳᠬᠠᠵᠤ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶᠢ ᠰᠢᠯᠢᠳᠡᠭᠵᠢᠭᠦᠯᠵᠦ᠂ ᠭᠷᠡᠳᠦ᠋ᠰ ᠨᠢᠬᠡ ᠪᠦᠷᠢ ᠪᠤᠬᠢᠷᠳᠤᠯ ᠦᠬᠡᠢ ᠴᠠᠬᠢᠯᠭᠠᠨ᠎ᠳᠤ ᠴᠥᠮ 《ᠣᠶᠤᠨᠲᠤ ᠲᠠᠩᠰᠠ》 ᠪᠤᠳᠤᠵᠤ᠂ ᠳᠤᠰᠤᠯ ᠤᠰᠤ ᠪᠤᠯᠭᠠᠨ᠎ᠢ 《ᠪᠣᠬᠢᠷᠲᠤᠯ ᠦᠭᠡᠢ ᠵᠢᠨ ᠲᠠᠩᠰᠠᠡ》 ᠳ᠋ᠤ᠌ ᠠᠭᠤᠰᠬᠠᠵᠤ᠂ ᠴᠢᠳᠠᠪᠤᠷᠢᠲᠠᠨ ᠨᠢᠭᠡ ᠪᠦᠷᠢ᠎ᠶᠢᠨ ᠡᠨᠡ ᠬᠦ᠌ ᠬᠠᠯᠠᠭᠤᠨ ᠬᠥᠷᠥᠰᠥᠨ᠎ᠳᠦ ᠴᠢᠯᠦᠭᠡᠲᠡᠢ᠎ᠪᠡᠷ ᠰᠢᠨ᠎ᠡ᠎ᠶᠢ ᠡᠭᠦᠳᠴᠦ ᠵᠤᠷᠢᠬᠳᠠᠢ ᠪᠡᠷ ᠡᠭᠦᠳᠦᠨ ᠪᠦᠲᠦᠭᠡᠬᠦ ᠡᠷᠴᠢ ᠵᠤᠷᠢᠭ᠎ᠢ ᠬᠦᠪᠴᠢᠯᠡᠭᠰᠡᠨ ᠪᠠᠢᠨ᠎ᠠ ᠃
(ᠰᠤᠷᠪᠤᠯᠵᠢᠯᠠᠨ ᠮᠡᠳᠡᠭᠡᠯᠡᠭᠰᠡᠨ ᠪᠦᠯᠬᠦᠮ᠄ ᠼᠦᠢ ᠨᠠᠨ ᠬᠤᠸᠠᠩ ᠹᠦ ᠮᠧᠶ ᠰᠢᠶᠠᠨ ᠢᠦᠢ ᠲᠤᠤ ᠵᠣᠣ ᠨᠠ ᠺᠠᠩ ᠯᠢ ᠨᠠ ᠪᠠᠢ ᠳ᠋ᠠᠨ ᠵᠠᠩ ᠺᠦᠢ ᠮᠥᠩᠬᠡᠴᠢᠯᠠᠭᠤ ᠬᠣᠶ᠋ᠢᠳᠤᠠᠤᠯᠤᠰ ᠭᠤᠤ ᠬᠣᠶ ᠯᠢ ᠵᠦᠸᠸ ᠯᠢᠦ ᡁᠢ ᠰᠢᠶᠠᠨ ᠵᠠᠩ ᠬᠣᠶ ᠯᠢᠩ ᠸᠠᠩ ᠬᠤᠤ ᠯᠢ ᠴᠤᠤ ᠷᠠᠨ ᠴᠧᠩ ᠶᠢᠩ ᠵᠢᠶᠦ᠋ᠨ ᠸᠠᠩ ᠯᠧᠢ ᠭᠸᠩ ᠰᠢᠨ ᠬᠠᠢ ᠵᠢᠶᠦ᠋ᠨ ᠯᠢ ᠬᠣᠶ ᠹᠠᠩ)
( ᠬᠡᠷᠡᠯ ᠵᠢᠷᠤᠭ᠎ᠤᠳ᠎ᠢ ᠤᠯᠠᠭᠠᠨᠴᠠᠪ ᠬᠤᠳᠠ ᠵᠢᠨ ᠨᠠᠮ᠎ᠤᠨ ᠬᠤᠷᠢᠢ᠎ᠠ ᠵᠢᠨ ᠤᠬᠠᠭᠤᠯᠬᠤ ᠬᠡᠯᠳᠡᠰ ᠬᠠᠨᠭᠭᠠᠪᠠ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃