2026-10-17 16:03:44
— ᠶᠡᠷᠦᠩᠬᠡᠢ ᠱᠦᠵᠢ ᠰᠢ ᠵᠢᠨ ᠫᠢᠩ᠎ᠤᠨ ᠤᠯᠠᠭᠠᠨᠴᠠᠪ ᠬᠤᠲᠠ᠎ᠳᠤ ᠤᠨᠴᠠᠯᠢᠬᠲᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠥᠵᠡᠬᠥᠯᠬᠡᠶᠢ ᠪᠠᠢᠴᠠᠭᠠᠨ ᠦᠵᠡᠭᠰᠡᠨ ᠲᠤᠬᠠᠢ ᠰᠤᠷᠪᠤᠯᠵᠢᠯᠠᠭᠰᠠᠨ ᠲᠡᠮᠳᠡᠭᠯᠡᠯ
ᠤᠯᠠᠭᠠᠨᠴᠠᠪ ᠬᠣᠲᠠ᠎ᠶᠢᠨ ᠮᠠᠯᠴᠢᠨ ᠲᠠᠷᠢᠶᠠᠴᠢᠨ᠎ᠳᠤ ᠠᠪᠴᠤ᠌ ᠬᠡᠯᠡᠪᠡᠯ᠂ ᠡᠨᠡ ᠪᠣᠯ ᠨᠢᠭᠡᠨ ᠣᠨᠴᠠᠭᠠᠶ ᠠᠯᠲᠠᠨ ᠨᠠᠮᠤᠷ ᠪᠣᠯᠤᠨ᠎ᠠ᠃
ᠡᠯᠪᠡᠭ ᠬᠤᠷᠢᠶᠠᠯᠲᠠ᠎ᠶᠢᠨ ᠪᠠᠶᠠᠷ ᠪᠠᠬᠠᠳᠤᠯ ᠲᠠᠷᠢᠶᠠᠨ ᠭᠠᠵᠠᠷ᠎ᠢᠶᠡᠷ ᠪᠢᠯᠬᠠᠵᠤ᠂ ᠭᠦᠨ ᠰᠠᠨᠠᠭᠠᠯᠵᠠᠯ ᠨᠢ ᠬᠥᠮᠦᠰ᠎ᠦᠨ ᠰᠡᠳᠬᠢᠯ᠎ᠢ ᠵᠣᠷᠢᠭᠵᠢᠭᠤᠯᠤᠨ᠎ᠠ᠃
10 ᠰᠠᠷ᠎ᠠ᠎ᠶᠢᠨ 16᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ᠎ᠳᠠᠭᠠᠨ᠂ ᠲᠤᠬᠠᠶ᠎ᠶᠢᠨ ᠭᠠᠵᠠᠷ᠎ᠤᠨ ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠦᠵᠡᠭᠦᠯᠭᠡ᠎ᠶᠢ ᠪᠠᠶ᠋ᠢᠴᠠᠭᠠᠨ ᠦᠵᠡᠵᠦ᠍᠂ ᠭᠤᠤᠯ ᠪᠣᠯᠬᠤ ᠲᠥᠷᠥᠯ ᠵᠦᠢᠯ ᠪᠠ ᠶᠠᠰᠤ ᠴᠢᠨᠠᠷ᠎ᠤᠨ ᠣᠨᠴᠠᠯᠢᠭ᠎ᠢ ᠨᠠᠷᠢᠨ ᠣᠶ᠋ᠢᠯᠠᠭᠠᠵᠤ᠂ ᠲᠤᠬᠠᠶ᠎ᠶᠢᠨ ᠭᠠᠵᠠᠷ᠎ᠤᠨ ᠬᠢᠨᠢ ᠦᠢᠯᠡᠳᠪᠦᠷᠢᠯᠡᠯ ᠪᠣᠷᠣᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠵᠦ᠍ ᠪᠠᠶᠠᠵᠢᠬᠤ᠎ᠵᠢ ᠠᠬᠢᠭᠤᠯᠬᠤ ᠵᠢ ᠵᠣᠷᠢᠭᠵᠢᠭᠤᠯᠪᠠ᠃
ᠭᠦᠨ ᠵᠤᠵᠠᠭᠠᠨ ᠬᠠᠶ᠋ᠢᠷ᠎ᠠ ᠬᠠᠯᠠᠮᠵᠢ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠥᠷᠭᠡᠨ ᠤᠯᠠᠨ ᠮᠠᠯᠴᠢᠨ ᠲᠠᠷᠢᠶᠠᠴᠢᠨ ᠪᠣᠯᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠵᠢᠯᠲᠠᠳ᠎ᠤᠨ ᠰᠡᠳᠬᠢᠯ᠎ᠢ ᠳᠣᠭᠳᠣᠯᠤᠭᠤᠯᠵᠤ᠂ ᠲᠡᠳᠡᠨ᠎ᠳᠤ ᠬᠢᠵᠠᠭᠠᠯᠠᠰᠢ ᠦᠭᠡᠢ ᠬᠠᠯᠠᠭᠤᠨ ᠳᠤᠯᠠᠭᠠᠨ ᠪᠠ ᠬᠦᠴᠦᠨ ᠴᠢᠳᠠᠯ᠎ᠢ ᠮᠡᠳᠡᠷᠡᠭᠦᠯᠪᠡ᠃

ᠴᠠᠬᠠᠷ ᠪᠠᠷᠠᠭᠤᠨ ᠭᠠᠷᠤᠨ ᠬᠤᠢᠳᠦ ᠬᠤᠰᠢᠭᠤᠨ᠎ᠤ ᠲᠦᠮᠦᠰᠦ ᠡᠯᠪᠡᠭ ᠬᠤᠷᠢᠶᠠᠯᠳᠡ ᠤᠯᠤᠯ᠎ᠠ
(ᠬᠡᠷᠡᠯ ᠵᠢᠷᠤᠭ᠎ᠢ ᠤᠯᠠᠭᠠᠨᠴᠠᠪ ᠬᠤᠳᠡ᠎ᠶᠢᠨ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠳᠡᠰ ᠬᠠᠩᠭᠠᠪᠠ )
《ᠰᠠᠢᠨ ᠦᠨ᠎ᠡ ᠪᠡᠷ ᠬᠤᠳᠠᠯᠳᠤᠵᠤ᠂ ᠰᠢᠷᠭᠠᠭᠤ ᠬᠥᠳᠡᠯᠮᠦᠷᠢᠯᠡᠵᠦ᠍ ᠪᠠᠶ᠋ᠢᠭ᠎ᠠ ᠥᠷᠭᠡᠨ ᠣᠯᠠᠨ ᠮᠠᠯᠴᠢᠨ ᠲᠠᠷᠢᠶᠠᠴᠢᠨ᠎ᠳᠤ ᠠᠴᠢ ᠲᠤᠰᠠ ᠬᠦᠷᠲᠡᠭᠡᠨ᠎ᠡ》
ᠲᠥᠪ ᠲᠸᠯᠸᠢᠰ᠎ᠤᠨ 《ᠰᠣᠨᠢᠨ ᠮᠡᠳᠡᠭᠡᠨ᠎ᠦ ᠨᠡᠪᠲᠡᠷᠡᠭᠦᠯᠭᠡ》 ᠳ᠋ᠤ ᠲᠥᠮᠥᠰᠥ᠍᠂ ᠯᠠᠩᠭᠤᠸᠠ᠂ ᠬᠤᠯᠤᠤᠪᠠᠩ᠂ ᠨᠣᠬᠠᠶ᠎ᠶᠢᠨ ᠬᠣᠰᠢᠭᠤ᠂ ᠠᠢᠷᠠᠭ᠂ ᠹᠧᠩᠵᠧᠨ᠎ᠤ ᠶᠧᠪᠡᠩ᠂ ᠵᠤᠰᠤᠲᠤ ᠵᠢᠨ ᠠᠭᠤᠯᠠ᠎ᠶᠢᠨ ᠤᠲᠤᠮᠠᠯ ᠲᠠᠬᠢᠶ᠎ᠠ ᠵᠡᠷᠭᠡ ᠬᠠᠷᠠᠭ᠎ᠠ ᠲᠦᠭᠦᠷᠡᠩ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠶᠡᠷᠦᠩᠬᠡᠶ ᠱᠦᠵᠢ ᠰᠢ ᠵᠢᠨ ᠫᠢᠩ᠎ᠦᠨ ᠡᠮᠦᠨ᠎ᠡ ᠲᠡᠯᠭᠡᠭᠳᠡᠬᠦ ᠪᠡᠷ᠂ ᠸᠧᠶ ᠰᠢᠶᠤᠤ ᠵᠢᠶᠦ᠋ᠨ ᠲᠤᠶ᠋ᠢᠯ᠎ᠢᠶᠠᠷ ᠰᠡᠳᠬᠢᠯ ᠳᠣᠭᠳᠣᠯᠵᠤ᠄ 《ᠶᠡᠷᠦᠩᠬᠡᠶ ᠱᠦᠵᠢ ᠰᠢ ᠵᠢᠨ ᠫᠢᠩ ᠪᠢᠳᠡᠨ᠎ᠢ ᠢᠩᠭᠢᠵᠦ᠍ ᠬᠠᠯᠠᠮᠵᠢᠯᠠᠵᠤ ᠪᠠᠶ᠋ᠢᠬᠤ᠎ᠳᠤ᠂ ᠪᠢᠳᠡ ᠵᠠᠪᠠᠯ ᠪᠧᠶ ᠪᠧᠶ ᠯᠠᠩᠭᠤᠸᠠ᠎ᠶᠢ ᠰᠠᠶ᠋ᠢᠲᠤᠷ ᠳᠠᠷᠢᠵᠤ᠂ ᠪᠧᠶ ᠪᠧᠶ ᠯᠠᠩᠭᠤᠸᠠ᠎ᠶᠢ ᠰᠠᠢᠨ ᠦᠨ᠎ᠡ ᠪᠡᠷ ᠬᠤᠳᠠᠯᠳᠤᠨ᠎ᠠ!》 ᠭᠡᠯᠡ᠃
ᠸᠧᠢ ᠰᠢᠶᠤᠤ ᠵᠢᠶᠦ᠋ᠨ ᠪᠣᠯ ᠤᠯᠠᠭᠠᠨᠴᠠᠪ ᠬᠤᠳᠠ᠎ᠶᠢᠨ ᠱᠠᠩᠳᠤ ᠰᠢᠶᠠᠨ᠎ᠤ ᠤᠯᠠᠭᠠᠨ ᠨᠠᠭᠤᠷ ᠪᠠᠯᠭᠠᠰᠤᠨ᠎ᠤ ᠭᠠᠰᠢᠭᠤᠨ ᠤᠰᠤ ᠲᠣᠰᠬᠣᠨ᠎ᠤ ᠨᠢᠭᠡᠨ ᠪᠸᠢ ᠪᠸᠢ ᠯᠠᠩᠭᠤᠸᠠ᠎ᠶᠢᠨ ᠲᠠᠷᠢᠮᠠᠯ᠎ᠤᠨ ᠲᠤᠮᠤ ᠡᠷᠦᠬᠡ ᠪᠣᠯᠤᠨ᠎ᠠ᠂ ᠬᠠᠪᠤᠷ ᠲᠡᠷᠡ ᠦᠷ᠎ᠡ ᠬᠤᠳᠠᠯᠳᠤᠨ ᠶᠠᠭᠠᠷᠠᠵᠤ᠂ ᠨᠤᠲᠤᠭ᠎ᠤᠨ ᠠᠬ᠎ᠠ ᠳᠡᠭᠦᠦᠨᠡᠷᠲᠦ᠍ ᠵᠠᠬ᠎ᠠ ᠳᠡᠯᠭᠡᠭᠦᠷ᠎ᠦᠨ ᠦᠨ᠎ᠡ ᠬᠠᠩᠰᠢ ᠪᠣᠯᠤᠨ ᠮᠡᠷᠭᠡᠵᠢᠯ᠎ᠦᠨ ᠵᠢᠯᠤᠭᠤᠳᠤᠯᠭ᠎ᠠ ᠬᠠᠩᠭᠠᠨ᠎ᠠ; ᠨᠠᠮᠤᠷ ᠲᠡᠷᠡ ᠬᠤᠷᠢᠶᠠᠵᠤ ᠬᠤᠳᠠᠯᠳᠤᠨ ᠠᠪᠬᠤ ᠠᠵᠢᠯ᠎ᠢ ᠲᠤᠬᠢᠷᠠᠭᠤᠯᠤᠨ ᠶᠠᠭᠠᠷᠠᠵᠤ᠂ ᠪᠦᠬᠦ᠌ ᠤᠯᠤᠰ᠎ᠤᠨ ᠡᠯ᠎ᠡ ᠭᠠᠵᠠᠷ᠎ᠤᠨ ᠬᠤᠳᠠᠯᠳᠤᠭᠠᠴᠢᠨ᠎ᠲᠠᠶ ᠦᠨ᠎ᠡ ᠶᠠᠷᠢᠯᠴᠠᠵᠤ᠂ ᠪᠣᠷᠣᠯᠠᠭᠤᠯᠭ᠎ᠠ᠎ᠶᠢ ᠠᠬᠢᠭᠤᠯᠤᠨ᠎ᠠ᠃
ᠤᠯᠠᠭᠠᠨᠴᠠᠪ ᠬᠤᠳᠠ ᠪᠣᠯ ᠤᠮᠠᠷᠠᠲᠤ᠌ ᠣᠷᠣᠨ᠎ᠤ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠪᠣᠯᠤᠨ᠎ᠠ᠂ ᠤᠷᠢᠳ ᠬᠣᠵᠢᠳ 《ᠳᠤᠮᠳᠠᠳᠤ ᠤᠯᠤᠰ᠎ᠤᠨ ᠲᠥᠮᠥᠰᠥ᠎ᠶᠢᠨ ᠬᠤᠳᠠ》᠂ 《ᠳᠤᠮᠳᠠᠳᠤ ᠤᠯᠤᠰ᠎ᠤᠨ ᠨᠣᠬᠠᠢ᠎ᠶᠢᠨ ᠬᠣᠰᠢᠭᠤ᠎ᠶᠢᠨ ᠬᠤᠳᠠ》᠂ 《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠠᠢᠷᠠᠭ᠎ᠤᠨ ᠬᠤᠳᠠ》 ᠵᠡᠷᠭᠡ ᠤᠯᠤᠰ᠎ᠤᠨ ᠲᠡᠰ᠎ᠤᠨ ᠠᠵᠤ ᠦᠢᠯᠡᠰ᠎ᠦᠨ ᠭᠤᠷᠪᠠᠨ ᠨᠡᠷ᠎ᠡ᠎ᠶᠢᠨ ᠬᠠᠭᠤᠳᠠᠰᠤ᠎ᠪᠠᠷ ᠦᠨᠡᠯᠡᠭᠳᠡᠪᠡ᠃
ᠡᠨᠳᠡᠬᠢ ᠲᠥᠮᠥᠰᠥ᠎ᠶᠢᠨ ᠲᠠᠷᠢᠮᠠᠯ᠎ᠤᠨ ᠲᠠᠯᠠᠪᠠᠶ ᠪᠠ ᠤᠨᠠᠯᠲᠠ ᠨᠢ ᠴᠥᠮ ᠪᠥᠬᠥ ᠣᠷᠣᠨ᠎ᠳᠤ ᠲᠦᠷᠦᠭᠦᠯᠡᠵᠦ᠂ ᠤᠯᠤᠰ᠎ᠤᠨ ᠴᠢᠬᠤᠯᠠ ᠦᠷ᠎ᠡ᠎ᠶᠢᠨ ᠲᠥᠮᠥᠰᠥ᠂ ᠲᠠᠸᠠᠷ᠎ᠤᠨ ᠲᠥᠮᠥᠰᠥ᠂ ᠡᠳ᠋ᠰᠢᠭᠦᠯᠬᠦ ᠳ᠋ᠤ ᠬᠡᠷᠡᠭᠯᠡᠬᠦ ᠲᠥᠮᠥᠰᠥ᠎ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠎ᠦᠨ ᠰᠠᠭᠤᠷᠢᠨ ᠪᠣᠯᠣᠨ᠎ᠠ᠃
ᠡᠨᠳᠡ ᠳᠡᠯᠡᠬᠡᠢ ᠨᠡᠶ᠋ᠢᠲᠡ᠎ᠳᠦ ᠮᠡᠳᠡᠷᠡᠭᠳᠡᠭᠰᠡᠨ ᠨᠣᠬᠠᠢ᠎ᠶᠢᠨ ᠬᠣᠰᠢᠭᠤ᠎ᠶᠢᠨ ᠰᠢᠵᠢᠷ ᠠᠯᠲᠠᠨ ᠤᠨᠠᠯᠳᠠ᠎ᠶᠢᠨ ᠪᠦᠰᠡ ᠪᠠᠢᠵᠤ᠂ ᠪᠥᠬᠥ ᠬᠣᠲᠠ᠎ᠶᠢᠨ ᠨᠣᠬᠠᠢ᠎ᠶᠢᠨ ᠬᠣᠰᠢᠭᠤ ᠳᠠᠷᠢᠬᠤ ᠲᠠᠯᠠᠪᠠᠶ ᠨᠢ 100 ᠲᠦᠮᠡᠨ ᠮᠦ᠍ ᠪᠠᠢᠵᠤ᠂ ᠤᠨᠠᠯᠲᠠ ᠨᠢ 10 ᠲᠦᠮᠡᠨ ᠲᠣᠨ ᠳᠤ ᠬᠥᠷᠴᠤ᠂ ᠳᠠᠷᠢᠬᠤ ᠬᠡᠪᠴᠢᠶ᠎ᠡ ᠪᠠ ᠤᠨᠠᠯᠲᠠ ᠨᠢ ᠪᠥᠬᠥ ᠤᠯᠤᠰ᠎ᠤᠨ ᠲᠤᠰᠬᠠᠢ ᠣᠷᠣᠨ᠎ᠤ ᠲᠠᠰ᠎ᠤᠨ ᠬᠣᠲᠠ᠎ᠶᠢᠨ ᠲᠡᠷᠢᠭᠦᠨ᠎ᠳᠦ ᠣᠷᠣᠵᠤ᠂ ᠪᠥᠬᠥ ᠣᠷᠣᠨ᠎ᠳᠤ ᠨᠢᠭᠡᠳᠦᠭᠡᠷ᠎ᠲᠦ ᠣᠷᠣᠵᠤ᠂ ᠤᠮᠠᠷᠠᠲᠤ ᠣᠷᠣᠨ᠎ᠤ ᠬᠠᠮᠤᠭ᠎ᠤᠨ ᠶᠡᠬᠡ ᠨᠣᠬᠠᠢ᠎ᠶᠢᠨ ᠬᠣᠰᠢᠭᠤ᠎ᠶᠢᠨ ᠬᠠᠷ᠎ᠠ ᠠᠮᠤ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠣᠨ᠎ᠠ᠃
ᠡᠨᠳᠡᠬᠢ ᠪᠣᠯ ᠪᠥᠬᠥ ᠤᠯᠤᠰ᠎ᠤᠨ ᠭᠤᠷᠪᠠᠨ ᠲᠣᠮᠣ᠌ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠦᠢᠯᠡᠳᠪᠦᠷᠢᠯᠡᠯ᠎ᠦᠨ ᠰᠠᠭᠤᠷᠢᠨ᠎ᠤ ᠨᠢᠭᠡ ᠪᠣᠯᠣᠨ᠎ᠠ᠂ ᠳᠠᠷᠢᠬᠤ ᠲᠠᠯᠠᠪᠠᠶ ᠨᠢ 65 ᠲᠦᠮᠡᠨ ᠮᠦ᠍᠂ ᠵᠢᠯ᠎ᠦᠨ ᠤᠨᠠᠯᠳᠠ ᠨᠢ 230 ᠲᠦᠮᠡᠨ ᠲᠣᠨ᠎ᠳᠤ ᠬᠥᠷᠴᠤ᠂ ᠪᠡᠭᠡᠵᠢᠩ ᠲᠢᠶᠠᠨᠵᠢᠨ ᠾᠧᠪᠧᠢ ᠣᠷᠣᠨ᠎ᠤ ᠤᠯᠠᠷᠢᠯ ᠰᠥᠷᠦᠭᠰᠡᠨ ᠪᠣᠬᠢᠷᠲᠤᠯ ᠦᠭᠡᠢ ᠢᠳᠡᠰᠢᠨ ᠨᠣᠭᠣᠭ᠎ᠠ᠎ᠶᠢᠨ ᠬᠠᠩᠭᠠᠯᠭ᠎ᠠ᠎ᠶᠢ ᠪᠠᠲᠤᠯᠠᠬᠤ ᠴᠢᠬᠤᠯᠠ ᠰᠠᠭᠤᠷᠢᠨ ᠪᠣᠯᠣᠨ᠎ᠠ᠃
2021 ᠣᠨ ᠡᠴᠡ ᠨᠠᠭᠠᠰᠢ᠂ ᠤᠯᠠᠭᠠᠨᠴᠠᠪ ᠬᠣᠲᠠ᠎ᠶᠢᠨ ᠨᠠᠮ᠎ᠤᠨ ᠬᠣᠷᠢᠶ᠎ᠠ᠂ ᠠᠷᠠᠳ᠎ᠤᠨ ᠵᠠᠰᠠᠭ᠎ᠤᠨ ᠣᠷᠳᠣᠨ 《ᠤᠯᠠᠭᠠᠨᠴᠠᠪ ᠤ᠋ᠨ ᠦᠨᠦᠷ ᠠᠮᠳᠠ》 ᠲᠠᠷᠢᠶᠠᠯᠠᠩ᠎ᠤᠨ ᠪᠦᠲᠦᠭᠡᠭᠳᠡᠬᠦᠨ᠎ᠦ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠦᠷᠦᠯ ᠲᠡᠮᠳᠡᠭ ᠢ᠋ ᠪᠣᠶ ᠪᠣᠯᠭᠠᠵᠤ᠂ 《ᠨᠡᠶ᠋ᠢᠲᠡ᠎ᠶᠢᠨ ᠬᠡᠷᠡᠭᠯᠡᠭᠡᠨ᠎ᠦ 1 ᠲᠦᠷᠦᠯ ᠲᠡᠮᠳᠡᠭ + 8 ᠶᠡᠬᠡ ᠣᠨᠴᠠᠯᠢᠭ᠍ᠲᠤ ᠬᠤᠪᠢᠶᠠᠷᠢ ᠲᠦᠷᠦᠯ ᠲᠡᠮᠳᠡᠭ + ᠪᠥᠬᠥ ᠠᠵᠤ ᠦᠢᠯᠡᠰ᠎ᠦᠨ ᠬᠡᠯᠬᠢᠶ᠎ᠡ᠎ᠪᠡᠷ ᠬᠦᠴᠦᠨ ᠣᠯᠭᠣᠬᠤ》 ᠬᠥᠭᠵᠢᠯᠲᠡ᠎ᠶᠢᠨ ᠪᠠᠢᠷᠢᠰᠢᠯ᠎ᠢ ᠪᠣᠶ ᠪᠣᠯᠭᠠᠵᠤ᠂ ᠪᠥᠬᠥ ᠬᠣᠲᠠ᠎ᠶᠢᠨ ᠳᠠᠪᠠᠭᠤᠯᠢᠭ᠋ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠳᠤ ᠪᠦᠬᠦᠨ ᠢ᠋ ᠪᠦᠷᠬᠦᠭᠦᠯᠪᠡ᠃ ᠤᠯᠠᠭᠠᠨᠴᠠᠪ᠎ᠤᠨ ᠲᠥᠮᠥᠰᠥ᠂ ᠤᠯᠠᠭᠠᠨᠴᠠᠪ᠎ᠤᠨ ᠨᠣᠬᠠᠢ᠎ᠶᠢᠨ ᠬᠣᠰᠢᠭᠤ᠂ ᠤᠯᠠᠭᠠᠨᠴᠠᠪ᠎ᠤᠨ ᠬᠦᠢᠲᠡᠨ ᠰᠡᠷᠢᠭᠦᠨ ᠢᠳᠡᠰᠢᠨ ᠨᠣᠭᠣᠭ᠎ᠠ᠂ ᠤᠯᠠᠭᠠᠨᠴᠠᠪ᠎ᠤᠨ ᠠᠢᠷᠠᠭ᠂ ᠤᠯᠠᠭᠠᠨᠴᠠᠪ᠎ᠤᠨ ᠦᠬᠡᠷ᠎ᠦᠨ ᠮᠢᠬ᠎ᠠ᠂ ᠤᠯᠠᠭᠠᠨᠴᠠᠪ᠎ᠤᠨ ᠬᠣᠨᠢᠨ ᠮᠢᠬ᠎ᠠ ᠵᠢᠴᠢ ᠹᠧᠩᠵᠧᠨ᠎ᠤ ᠶᠧᠪᠡᠩ᠂ ᠵᠤᠰᠤᠳᠤ ᠵᠢᠨ ᠠᠭᠤᠯᠠ ᠵᠢᠨ ᠤᠲᠤᠮᠠᠯ ᠲᠠᠬᠢᠶ᠎ᠠ ᠵᠡᠷᠭᠡ 8 ᠶᠡᠬᠡ ᠣᠨᠴᠠᠯᠢᠭ᠍ᠲᠤ ᠲᠦᠷᠦᠯ ᠲᠡᠮᠳᠡᠭ ᠲᠣᠰ ᠲᠣᠰ᠎ᠤᠨ ᠤᠨᠴᠠᠯᠢᠭ ᠵᠢᠡᠨ ᠪᠦᠷᠢᠳᠦᠭᠦᠯᠪᠡ᠃
《ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ᠎ᠪᠠᠷ ᠢᠷᠡᠭᠰᠡᠨ᠎ᠳᠦ ᠪᠢ ᠮᠠᠰᠢ ᠰᠡᠳᠬᠢᠯ ᠳᠣᠭᠳᠣᠯᠤᠨ ᠵᠣᠷᠢᠭ᠍ᠵᠢᠪᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ 〈ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠶᠢ ᠠᠬᠢᠭᠤᠯᠬᠤ〉 ᠵᠢᠨ ᠲᠣᠭᠣᠷᠢᠨ᠎ᠳᠤ᠂ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭ᠍ᠰᠢ ᠭᠠᠷᠭᠠᠬᠤ᠂ ᠰᠠᠢᠨ ᠦᠨ᠎ᠡ ᠬᠠᠩᠰᠢ ᠪᠡᠷ ᠬᠤᠳᠠᠯᠳᠤᠬᠤ ᠵᠢ ᠪᠥᠬᠥ ᠬᠦᠴᠦᠨ᠎ᠢᠶᠡᠷ ᠠᠬᠢᠭᠤᠯᠵᠤ᠂ ᠪᠦᠲᠦᠭᠡᠭᠳᠡᠬᠦᠨ᠎ᠦ ᠨᠡᠮᠡᠯᠲᠡ ᠥᠷᠲᠡᠭ ᠪᠣᠯᠣᠨ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠰᠢᠷᠭᠠᠭᠤ ᠬᠥᠳᠡᠯᠮᠦᠷᠢᠯᠡᠵᠦ ᠪᠠᠢᠭ᠎ᠠ ᠥᠷᠭᠡᠨ ᠣᠯᠠᠨ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠠ》 ᠭᠡᠵᠤ ᠤᠯᠠᠭᠠᠨᠴᠠᠪ ᠬᠣᠲᠠ᠎ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ᠎ᠶᠢᠨ ᠵᠠᠬ᠎ᠠ ᠳᠡᠯᠭᠡᠭᠦᠷ ᠬᠢᠭᠡᠳ ᠭᠠᠳᠠᠭᠠᠳᠤ᠎ᠲᠠᠢ ᠬᠠᠮᠲᠤᠷᠠᠯᠴᠠᠬᠤ ᠰᠠᠯᠠᠭᠠᠨ᠎ᠤ ᠬᠠᠷᠢᠭᠤᠴᠠᠯᠭᠠᠲᠠᠨ ᠵᠠᠩ ᠱᠢ ᠵᠢᠶᠧ ᠡᠷᠡᠰ ᠰᠢᠭᠤᠷᠬᠠᠢ᠎ᠪᠠᠷ ᠬᠡᠯᠡᠪᠡ᠃

ᠦᠪᠤᠷ ᠮᠤᠩᠭᠤᠯ᠎ᠤᠨ ᠮᠤᠨᠠ ᠠᠭᠤᠯᠠ ᠵᠢᠨ ᠨᠤᠬᠠᠢ ᠵᠢᠨ ᠬᠤᠰᠢᠭᠤ ᠢᠳᠡᠬᠡᠨ᠎ᠤ ᠬᠢᠵᠠᠭᠠᠷᠳᠤ ᠺᠤᠮᠫᠠᠨᠢ᠎ᠶᠢᠨ ᠦᠢᠯᠡᠳᠪᠤᠷᠢ ᠵᠢᠨ ᠲᠠᠰᠤᠭ ᠲᠤ᠌᠂ ᠠᠵᠢᠯᠳᠡᠳ ᠪᠠᠷᠠᠭ᠎ᠠ ᠪᠠᠨ ᠬᠠᠢᠷᠴᠠᠬᠯᠠᠨ ᠪᠤᠭᠤᠳᠠᠯᠯᠠᠵᠦ ᠪᠠᠢᠭ᠎ᠠ ᠨᠢ
《ᠥᠪᠥᠷ ᠮᠣᠩᠭᠣᠯ᠎ᠤᠨ ᠰᠠᠢᠨ ᠪᠦᠲᠦᠭᠡᠭᠳᠡᠬᠦᠨ᠎ᠢ ᠪᠦᠬᠦ ᠤᠯᠤᠰ᠎ᠲᠤ ᠪᠣᠷᠣᠯᠠᠭᠤᠯᠤᠨ᠎ᠠ》
ᠣᠳᠣᠬᠠᠨ᠎ᠳᠤ ᠤᠯᠠᠭᠠᠨᠴᠠᠪ ᠬᠣᠲᠠ᠎ᠳᠤ ᠦᠷᠭᠦᠯᠵᠢᠯᠡᠭᠰᠡᠨ ᠲᠠᠯᠠᠪᠠᠢ ᠲᠠᠢ ᠲᠥᠮᠥᠰᠥ᠎ᠶᠢ ᠲᠥᠪᠯᠡᠷᠡᠭᠦᠯᠦᠨ ᠬᠤᠷᠢᠶᠠᠬᠤ ᠬᠤᠭᠤᠴᠠᠭᠠᠨ ᠳ᠋ᠦ ᠤᠷᠤᠯ᠎ᠠ᠃ ᠠᠷᠪᠠᠨ ᠬᠡᠳᠦᠨ ᠵᠢᠯ ᠲᠠᠷᠢᠶ᠎ᠠ ᠳᠠᠷᠢᠭ᠍ᠰᠠᠨ ᠨᠢᠭᠡᠨ ᠬᠠᠰᠢᠷ ᠲᠠᠷᠢᠶᠠᠴᠢᠨ ᠲᠠᠷᠢᠶᠠᠨ᠎ᠤ᠎ᠪᠠᠨ ᠬᠠᠵᠠᠭᠤ᠎ᠳᠤ ᠵᠣᠭᠰᠣᠭᠠᠳ᠄《ᠡᠨᠡ ᠵᠢᠯ ᠮᠠᠨ᠎ᠤ ᠨᠤᠲᠤᠭ᠎ᠤᠨ ᠲᠥᠮᠥᠰᠥ ᠪᠠᠰᠠ ᠰᠠᠢᠨ ᠬᠤᠷᠢᠶᠠᠯᠲᠠ ᠣᠯᠵᠠᠢ》 ᠭᠡᠵᠦ ᠢᠨᠢᠶᠡᠮᠰᠦᠭᠯᠡᠨ ᠬᠡᠯᠡᠪᠡ᠃
《ᠳᠤᠮᠳᠠᠳᠤ ᠤᠯᠤᠰ᠎ᠤᠨ ᠲᠥᠮᠥᠰᠥ᠎ᠶᠢᠨ ᠬᠤᠲᠠ》ᠢ᠋ᠢᠨ ᠭᠣᠣᠯ ᠭᠠᠷᠤᠯᠲᠠ᠎ᠶᠢᠨ ᠣᠷᠣᠨ ᠪᠣᠯᠤᠭᠰᠠᠨ᠎ᠤ ᠬᠤᠪᠢ᠎ᠳᠤ᠂ ᠳᠥᠷᠪᠡᠳ ᠬᠣᠰᠢᠭᠤ ᠮᠤᠨᠠ ᠠᠭᠤᠯᠠ᠎ᠶᠢᠨ ᠠᠷᠤ ᠬᠣᠷᠮᠣᠢ᠎ᠳᠤ ᠪᠠᠢᠷᠢᠯᠠᠵᠤ᠂ ᠬᠦᠢᠲᠡᠨ ᠰᠡᠷᠢᠭᠦᠨ ᠠᠭᠤᠷ ᠠᠮᠢᠰᠬᠤᠯ ᠪᠠ ᠺᠠᠯᠢ ᠡᠯᠪᠡᠭ ᠡᠯᠡᠰᠦᠷᠬᠡᠭ ᠬᠥᠷᠥᠰᠥ ᠰᠢᠷᠣᠢ ᠨᠢ ᠲᠥᠮᠥᠰᠥ᠎ᠶᠢᠨ ᠠᠵᠤ ᠦᠢᠯᠡᠰ᠎ᠢ ᠲᠤᠬᠠᠢ᠎ᠶᠢᠨ ᠭᠠᠵᠠᠷ᠎ᠤᠨ ᠲᠠᠷᠢᠶᠠᠯᠠᠩ ᠦᠢᠯᠡᠳᠪᠦᠷᠢᠯᠡᠯ ᠪᠠ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠭᠣᠣᠯᠯᠠᠬᠤ ᠣᠨᠴᠠᠯᠢᠭ᠍ᠲᠤ ᠠᠵᠤ ᠦᠢᠯᠡᠰ ᠪᠣᠯᠭᠠᠪᠠ᠃
ᠲᠥᠮᠥᠰᠥ᠎ᠶᠢᠨ 《ᠳᠥᠷᠪᠡᠨ ᠰᠢᠯᠢᠳᠡᠭ》 ᠤᠶᠤᠨᠴᠢ ᠨᠠᠷᠢᠯᠢᠭ᠋ ᠣᠨᠣᠴᠠᠲᠠᠢ ᠤᠰᠤ ᠠᠷᠪᠢᠯᠠᠬᠤ ᠥᠨᠳᠥᠷ ᠪᠦᠲᠦᠮᠵᠢᠲᠡᠶ ᠳᠠᠷᠢᠵᠤ ᠪᠣᠢᠵᠢᠭᠤᠯᠬᠤ ᠮᠡᠷᠭᠡᠵᠢᠯ᠎ᠳᠦ ᠲᠦᠰᠢᠭᠯᠡᠨ᠂ ᠵᠢᠱ᠌ᠢᠶ᠎ᠡ ᠦᠵᠡᠭᠦᠯᠬᠦ ᠲᠠᠷᠢᠶᠠᠨ᠎ᠤ ᠮᠦ᠍ ᠪᠦᠷᠢ᠎ᠶᠢᠨ ᠳᠤᠮᠳᠠᠴᠢ ᠤᠨᠠᠯᠲᠠ 5.2 ᠲᠣᠨ᠎ᠳᠤ ᠬᠦᠷᠴᠦ᠂ ᠤᠯᠠᠮᠵᠢᠯᠠᠯᠲᠤ ᠤᠰᠤᠯᠠᠯᠲᠠ᠎ᠶᠢᠨ ᠮᠦ᠍ ᠪᠦᠷᠢ᠎ᠶᠢᠨ ᠳᠤᠮᠳᠠᠴᠢ ᠤᠨᠠᠯᠲᠠ᠎ᠡᠴᠡ 25% ᠣᠷᠴᠢᠮ ᠨᠡᠮᠡᠭᠳᠡᠨ᠂ ᠪᠠᠭ᠎ᠠ ᠲᠠᠯᠠᠪᠠᠶ᠎ᠶᠢᠨ ᠮᠦ᠍ ᠪᠦᠷᠢ᠎ᠶᠢᠨ ᠤᠨᠠᠯᠲᠠ 5.8 ᠲᠣᠨ᠎ᠳᠤ ᠬᠦᠷᠴᠦ᠂ ᠮᠦ᠍ ᠪᠦᠷᠢ᠎ᠶᠢᠨ ᠳᠤᠮᠳᠠᠴᠢ ᠤᠰᠤ ᠠᠷᠪᠢᠯᠠᠬᠤ ᠬᠡᠮᠵᠢᠶ᠎ᠡ 30%᠎ᠳ᠋ᠤ ᠬᠦᠷᠴᠦ᠂ ᠥᠩᠭᠡᠷᠡᠭᠰᠡᠨ᠎ᠦ 《ᠲᠡᠭᠷᠢ᠎ᠶᠢᠨ ᠴᠢᠷᠠᠢ᠎ᠶᠢ ᠬᠠᠷᠠᠬᠤ》 ᠬᠠᠭᠤᠷᠠᠢ ᠲᠠᠷᠢᠶᠠᠯᠠᠭ᠎ᠠ᠎ᠶᠢ ᠠᠯᠬᠤᠮ ᠠᠯᠬᠤᠮ᠎ᠢᠶᠠᠷ ᠲᠣᠭᠲᠠᠭᠤᠨ ᠪᠥᠭᠡᠳ ᠥᠨᠳᠥᠷ ᠤᠨᠠᠯᠲᠠ᠎ᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ ᠲᠠᠷᠢᠶ᠎ᠠ ᠪᠣᠯᠭᠠᠨ ᠬᠤᠪᠢᠷᠠᠭᠤᠯᠪᠠ᠃
ᠤᠯᠠᠭᠠᠨᠴᠠᠪ ᠬᠣᠲᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠦᠨ ᠬᠥᠭᠵᠢᠯᠲᠡ᠎ᠶᠢᠨ ᠲᠥᠪ᠎ᠦᠨ ᠳᠡᠯᠭᠡᠷᠡᠭᠦᠯᠬᠦ ᠰᠤᠳᠤᠯᠤᠭ᠍ᠴᠢ᠂ ᠪᠥᠬᠥ ᠤᠯᠤᠰ᠎ᠤᠨ ᠠᠩᠬᠠᠳᠠᠭ᠍ᠴᠢ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠠᠺᠠᠳᠧᠮᠢᠴᠢ᠎ᠶᠢᠨ ᠠᠵᠢᠯ᠎ᠤᠨ ᠥᠷᠲᠡᠭᠡ᠎ᠶᠢᠨ ᠬᠠᠷᠢᠭᠤᠴᠠᠯᠭᠠᠲᠠᠨ ᠭᠤᠸᠠᠨ ᠬᠣᠶ ᠮᠢᠩ᠂ ᠬᠦᠢᠲᠡᠨ ᠰᠡᠷᠢᠭᠦᠨ ᠠᠭᠤᠷ ᠠᠮᠢᠰᠬᠤᠯ ᠨᠢ ᠮᠥᠨ ᠴᠦ᠍ ᠲᠠᠯ᠎ᠠ ᠨᠤᠲᠤᠭ᠎ᠤᠨ ᠮᠠᠯ᠎ᠤᠨ ᠠᠰᠢᠭ᠋ ᠰᠢᠮᠡᠳᠦ ᠦᠢᠯᠡᠳᠦᠯ ᠦᠵᠡᠭᠦᠯᠵᠦ᠂ ᠲᠤᠬᠠᠢ᠎ᠶᠢᠨ ᠭᠠᠵᠠᠷ᠎ᠤᠨ ᠦᠢᠯᠡᠳᠪᠦᠷᠢᠯᠡᠭᠰᠡᠨ ᠦᠬᠡᠷ ᠬᠣᠨᠢᠨ ᠮᠢᠬᠠᠨ᠎ᠤ ᠬᠠᠨᠤᠮᠠᠯ ᠪᠤᠰᠤ ᠥᠭᠡᠬᠦᠨ ᠬᠦᠴᠢᠯ᠎ᠦᠨ ᠠᠭᠤᠯᠤᠭᠳᠠᠴᠠ ᠨᠢ ᠡᠩ᠎ᠦᠨ ᠭᠠᠷᠤᠯᠲᠠ᠎ᠶᠢᠨ ᠣᠷᠣᠨ᠎ᠤ ᠬᠢ᠎ᠠᠴᠠ ᠢᠯᠡᠳᠲᠡ ᠥᠨᠳᠥᠷ ᠪᠠᠢᠳᠠᠭ᠂ ᠡᠨᠡ ᠪᠣᠯ ᠤᠯᠠᠭᠠᠨᠴᠠᠪ ᠬᠣᠲᠠ᠎ᠶᠢᠨ ᠮᠠᠯ ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠥᠪᠡᠷᠮᠢᠴᠡ ᠪᠠᠢᠭᠠᠯᠢᠯᠢᠭ ᠥᠷᠢᠰᠦᠯᠳᠦᠬᠦ ᠬᠦᠴᠦᠨ ᠪᠣᠯᠣᠨ᠎ᠠ ᠭᠡᠵᠡᠢ᠃
ᠨᠠᠩ ᠣᠯᠠᠨ ᠰᠢᠯᠢᠳᠡᠭ ᠪᠦᠲᠦᠭᠡᠭᠳᠡᠬᠦᠨ᠎ᠢ ᠤᠯᠤᠰ᠎ᠲᠠᠭᠠᠨ ᠦᠢᠯᠡᠳᠪᠦᠷᠢᠯᠡᠬᠦ᠎ᠶᠢᠨ ᠲᠥᠯᠥᠭᠡ᠂ ᠭᠤᠸᠠᠨ ᠬᠣᠶ ᠮᠢᠩ ᠪᠣᠯᠣᠨ ᠲᠡᠭᠦᠨ᠎ᠤ ᠪᠦᠯᠬᠦᠮ᠎ᠦᠨ ᠬᠢᠨ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠰᠠᠢᠨ ᠡᠭᠦᠯᠳᠡᠷ᠎ᠦᠨ ᠪᠣᠭᠣᠮᠲᠠ ᠰᠢᠪᠲᠤᠯᠤᠯᠳᠠ᠎ᠵᠢ ᠦᠷᠭᠦᠯᠵᠢᠯᠡᠨ ᠠᠬᠢᠭᠤᠯᠪᠠ᠃ ᠡᠨᠡ ᠬᠡᠰᠡᠭ ᠬᠤᠭᠤᠴᠠᠭᠠᠨ᠎ᠳᠤ ᠲᠡᠷᠡ ᠰᠢᠯᠢ᠎ᠶᠢᠨ ᠭᠣᠣᠯ ᠠᠢᠮᠠᠭ᠂ ᠠᠯᠠᠱᠠ ᠠᠢᠮᠠᠭ ᠵᠡᠷᠭᠡ ᠭᠠᠵᠠᠷ᠎ᠲᠤ ᠮᠡᠷᠭᠡᠵᠢᠯ᠎ᠦᠨ ᠦᠢᠯᠡᠴᠢᠯᠡᠭᠡ ᠥᠷᠨᠢᠭᠦᠯᠵᠦ᠂ ᠬᠦᠢᠲᠡᠨ ᠰᠡᠷᠢᠭᠦᠨ ᠢᠳᠡᠰᠢᠨ ᠨᠣᠭᠣᠭ᠎ᠠ ᠵᠢᠨ ᠳᠠᠷᠢᠮᠠᠯ᠎ᠤᠨ ᠬᠡᠪᠴᠢᠶ᠎ᠠ᠎ᠶᠢ ᠦᠷᠭᠡᠳᠭᠡᠵᠦ ᠪᠠᠢᠨ᠎ᠠ᠃
ᠤᠯᠠᠭᠠᠨᠴᠠᠪ᠎ᠤᠨ ᠡᠬᠡ ᠭᠠᠵᠠᠷ᠎ᠲᠤ᠌᠂ ᠰᠢᠨ᠎ᠡ᠎ᠶᠢ ᠡᠭᠦᠳᠬᠦ᠌ ᠦᠷᠨᠢᠯᠳᠠ ᠲᠠᠰᠤᠷᠠᠯᠳᠠ ᠦᠭᠡᠢ ᠦᠷᠬᠦᠯᠵᠢᠯᠡᠨ᠎ᠠ᠃ ᠮᠢᠬᠠᠨ ᠤ᠋ ᠬᠣᠨᠢᠨ᠎ᠤ ᠲᠤᠭᠠᠴᠢᠯᠠᠯᠳᠠ ᠤᠶᠤᠨᠴᠢᠯᠠᠯᠳᠠ ᠵᠢᠨ ᠡᠭᠦᠯᠳᠡᠷ ᠪᠣᠶ᠋ᠢᠵᠢᠭᠤᠯᠬᠤ ᠰᠠᠭᠤᠷᠢᠨ᠂ ᠮᠢᠬᠠᠨ ᠤ᠋ ᠬᠣᠨᠢᠨ᠎ᠤ ᠮᠣᠯᠧᠺᠦ᠋ᠯ᠎ᠦᠨ ᠭᠧᠨ᠎ᠦ ᠲᠤᠷᠰᠢᠯᠲᠠ᠎ᠶᠢᠨ ᠲᠠᠰᠤᠭ᠎ᠢ ᠦᠨᠳᠦᠰᠦᠯᠡᠭᠦᠯᠵᠦ᠍᠂ ᠠᠺᠠᠳᠧᠮᠢᠴᠢ᠎ᠶᠢᠨ ᠠᠵᠢᠯ᠎ᠤᠨ ᠥᠷᠲᠡᠭᠡ᠎ᠶᠢ ᠵᠠᠯᠭᠠᠭ᠎ᠠ᠎ᠪᠠᠷ ᠵᠥᠪᠰᠢᠶᠡᠷᠡᠭᠦᠯᠦᠭᠡᠳ ᠨᠤᠲᠤᠭᠰᠢᠭᠤᠯᠵᠤ᠂ ᠲᠥᠮᠥᠰᠥ᠎ᠶᠢᠨ ᠡᠭᠦᠯᠳᠡᠷ ᠪᠣᠶ᠋ᠢᠵᠢᠭᠤᠯᠬᠤ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠦᠨ ᠬᠦᠷᠢᠶᠡᠨ᠎ᠳᠦ ᠲᠠᠰᠤᠷᠠᠯᠲᠠ ᠥᠬᠡᠶ ᠰᠢᠪᠲᠤᠯᠤᠯᠲᠠ᠎ᠶᠢᠨ ᠴᠢᠨᠠᠷᠲᠠᠶ ᠠᠬᠢᠯᠲᠠ᠎ᠲᠠᠶ ᠪᠣᠯᠪᠠ ᠁ ᠤᠯᠠᠭᠠᠨᠴᠠᠪ ᠬᠣᠲᠠ ᠶᠠᠭ ᠪᠥᠬᠥ᠌ ᠬᠡᠯᠬᠢᠶ᠎ᠡ᠎ᠶᠢ ᠬᠠᠮᠤᠷᠤᠭᠰᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠤᠯᠲᠠ᠎ᠪᠠᠷ ᠤᠯᠠᠮᠵᠢᠯᠠᠯᠲᠤ᠌ ᠮᠠᠯ ᠠᠵᠤ ᠠᠬᠤᠶ᠎ᠲᠠᠷᠢᠶᠠᠯᠠᠩ ᠢ᠋ ᠠᠯᠬᠤᠮ ᠠᠯᠬᠤᠮ᠎ᠢᠶᠠᠷ 《ᠮᠡᠷᠭᠡᠵᠢᠯ᠎ᠳᠦ ᠲᠦᠰᠢᠭᠯᠡᠨ ᠪᠠᠶᠠᠵᠢᠬᠤ》 ᠠᠷᠠᠳ᠎ᠢ ᠪᠠᠶᠠᠵᠢᠭᠤᠯᠬᠤ ᠠᠵᠤ ᠦᠢᠯᠡᠰ ᠪᠣᠯᠭᠠᠨ ᠬᠤᠪᠢᠷᠠᠭᠤᠯᠵᠤ ᠪᠠᠶ᠋ᠢᠨ᠎ᠠ᠃

ᠦᠪᠤᠷ ᠮᠤᠩᠭᠤᠯ᠎ᠤᠨ ᠰᠠᠢ ᠨᠦᠸᠸ ᠡᠬᠦᠯᠳᠡᠷ᠎ᠤᠨ ᠬᠤᠨᠢᠨ᠎ᠤ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ᠎ᠤᠨ ᠬᠢᠵᠠᠭᠠᠷᠳᠤ ᠺᠤᠮᠫᠠᠨᠢ᠎ᠶᠢᠨ ᠲᠤᠷᠰᠢᠯᠳᠡ᠎ᠶᠢᠨ ᠲᠠᠰᠤᠭ ᠲᠤ᠌᠂ ᠠᠵᠢᠯᠳᠡᠳ ᠡᠬᠦᠯᠳᠡᠷ᠎ᠤᠨ ᠬᠤᠨᠢᠨ᠎ᠤ ᠦᠯᠢᠬᠡᠷ᠎ᠢ ᠪᠠᠢᠴᠠᠭᠠᠵᠦ ᠪᠠᠢᠭ᠎ᠠ ᠨᠢ
《ᠲᠤᠬᠳᠠᠭᠰᠠᠨ ᠶᠠᠪᠤᠳᠠᠯ ᠵᠢᠡᠨ ᠲᠤᠢᠯᠪᠤᠷᠢᠳᠠᠢ ᠰᠠᠢᠬᠠᠨ ᠬᠢᠬᠦ᠌ ᠬᠡᠷᠡᠭᠲᠡᠢ!》
ᠠᠯᠳᠠᠨ ᠨᠠᠮᠤᠷ᠎ᠤᠨ ᠠᠷᠪᠠᠨ ᠰᠠᠷ᠎ᠠ᠎ᠶᠢᠨ ᠤᠯᠠᠭᠠᠨᠴᠠᠪ ᠬᠤᠳᠠ᠎ᠳᠤ᠂ ᠵᠠᠯᠭᠠᠯᠳᠤᠭᠰᠠᠨ ᠲᠥᠮᠥᠰᠥ᠎ᠶᠢᠨ ᠲᠠᠷᠢᠶ᠎ᠠ ᠶᠠᠭ ᠰᠠᠶ᠋ᠢᠬᠠᠨ ᠬᠤᠷᠢᠶᠠᠯᠲᠠ ᠣᠯᠵᠤ᠂ ᠪᠥᠭᠡᠷᠡᠩᠬᠡᠶ ᠰᠣᠩᠭᠢᠨ᠎ᠠ᠎ᠶᠢᠨ ᠰᠠᠭᠤᠷᠢᠨ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠲᠠᠷᠢᠶᠠᠨ ᠳᠠᠯᠠᠩ᠎ᠤᠨ ᠳᠤᠮᠳᠠ ᠡᠯᠪᠡᠭ ᠬᠤᠷᠢᠶᠠᠯᠲᠠ᠎ᠶᠢᠨ ᠪᠠᠶᠠᠷ ᠪᠠᠬᠠᠳᠤᠯ᠎ᠢᠶᠠᠷ ᠪᠢᠯᠬᠠᠨ᠎ᠠ᠃
《ᠶᠡᠷᠦᠩᠬᠡᠢ ᠱᠦᠵᠢ ᠰᠢ ᠵᠢᠨ ᠫᠢᠩ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠎ᠶᠢ ᠲᠤᠶ᠋ᠢᠯ᠎ᠢᠶᠠᠷ ᠬᠠᠯᠠᠮᠵᠢᠯᠠᠵᠤ ᠪᠠᠢᠯ᠎ᠠ》᠃ ᠴᠠᠬᠠᠷ ᠪᠠᠷᠠᠭᠤᠨ ᠭᠠᠷᠤᠨ ᠬᠣᠶ᠋ᠢᠲᠤ᠌ ᠬᠣᠰᠢᠭᠤᠨ᠎ᠤ ᠪᠥᠭᠡᠷᠡᠩᠬᠡᠶ ᠰᠣᠩᠭᠢᠨ᠎ᠠ ᠳᠠᠷᠢᠬᠤ ᠰᠠᠭᠤᠷᠢᠨ᠎ᠳᠤ᠂ ᠨᠤᠲᠤᠭ᠎ᠲᠠᠭᠠᠨ ᠪᠤᠴᠠᠵᠤ ᠦᠢᠯᠡᠰ ᠪᠤᠰᠬᠠᠭᠰᠠᠨ ᠵᠠᠩ ᠸᠧᠶ ᠶᠠᠭ ᠬᠣᠷᠰᠢᠶ᠎ᠠ ᠵᠢᠨ ᠨᠤᠲᠤᠭ᠎ᠤᠨ ᠠᠬ᠎ᠠ ᠳᠡᠭᠦᠦ᠎ᠨᠡᠷ᠎ᠢᠶᠡᠨ ᠳᠠᠭᠠᠭᠤᠯᠤᠨ ᠪᠦᠬᠡᠷᠡᠨᠭᠭᠡᠢ ᠰᠣᠩᠭᠢᠨ᠎ᠠ ᠪᠡᠨ ᠬᠤᠷᠢᠶᠠᠵᠤ ᠪᠠᠶ᠋ᠢᠯ᠎ᠠ᠃ 2014 ᠣᠨ᠎ᠳᠤ ᠶᠡᠬᠡ ᠰᠤᠷᠭᠠᠭᠤᠯᠢ᠎ᠡᠴᠡ ᠲᠡᠭᠦᠰᠦᠭᠰᠡᠨ᠎ᠦ ᠲᠠᠷᠠᠭ᠎ᠠ ᠲᠡᠷᠡ ᠢᠮᠠᠭᠲᠠ ᠨᠤᠲᠤᠭ᠎ᠤᠨ᠎ᠢᠶᠠᠨ ᠭᠠᠵᠠᠷ ᠰᠢᠷᠣᠢ᠎ᠶᠢ ᠰᠠᠨᠠᠭᠠᠯᠵᠠᠵᠤ᠂ ᠲᠥᠮᠥᠰᠥ᠎ᠶᠢ ᠭᠣᠣᠯ ᠠᠮᠤ ᠪᠤᠳᠠᠭ᠎ᠠ ᠪᠣᠯᠭᠠᠬᠤ ᠪᠠᠶ᠋ᠢᠯᠳᠤᠬᠤ ᠪᠤᠳᠤᠯᠭ᠎ᠠ᠎ᠶᠢᠨ ᠡᠷᠴᠢᠨ᠎ᠳᠤ ᠨᠥᠯᠥᠭᠡᠯᠡᠭᠳᠡᠨ᠂ ᠡᠷᠡᠰ ᠰᠢᠭᠤᠷᠬᠠᠢ᠎ᠪᠠᠷ ᠨᠤᠲᠤᠭ᠎ᠲᠠᠭᠠᠨ ᠪᠤᠴᠠᠵᠤ ᠲᠠᠷᠢᠶᠠᠨ ᠭᠠᠵᠠᠷ᠎ᠲᠠᠭᠠᠨ ᠦᠨᠳᠦᠰᠦᠯᠡᠵᠦ᠍᠂ ᠬᠡᠪᠴᠢᠶᠡᠵᠢᠭᠦᠯᠦᠨ ᠲᠠᠷᠢᠬᠤ ᠦᠢᠯᠡᠰ᠎ᠲᠦ᠍ ᠣᠷᠣᠯᠴᠠᠪᠠ᠃
ᠣᠳᠣᠬᠠᠨ᠎ᠳᠤ ᠲᠡᠭᠦᠨ᠎ᠦ ᠬᠠᠷᠢᠭᠤᠴᠠᠵᠤ ᠪᠠᠶ᠋ᠢᠭ᠎ᠠ ᠮᠸᠩ ᠲᠠᠢ ᠲᠠᠷᠢᠵᠤ ᠲᠡᠵᠢᠭᠡᠬᠦ᠌ ᠲᠠᠷᠢᠶᠠᠴᠢᠨ᠎ᠤ ᠲᠤᠰᠬᠠᠢ ᠬᠤᠷᠰᠢᠶ᠎ᠠ ᠵᠢᠨ ᠲᠥᠮᠥᠰᠥ᠍ ᠲᠠᠷᠢᠬᠤ ᠲᠠᠯᠠᠪᠠᠢ 5000 ᠮᠦ᠍᠂ ᠪᠥᠭᠡᠷᠡᠩᠬᠡᠢ ᠰᠣᠩᠭᠢᠨ᠎ᠠ ᠲᠠᠷᠢᠬᠤ ᠲᠠᠯᠠᠪᠠᠢ 4000 ᠮᠦ᠍᠂ ᠡᠷᠳᠡᠨᠢ ᠰᠢᠰᠢ ᠲᠠᠷᠢᠬᠤ ᠲᠠᠯᠠᠪᠠᠢ 1000 ᠮᠦ᠍ ᠪᠠᠶ᠋ᠢᠵᠤ᠂ ᠵᠢᠯ᠎ᠦᠨ ᠦᠢᠯᠡᠳᠬᠦᠨ᠎ᠦ ᠦᠷᠲᠡᠭ 6000 ᠲᠦᠮᠡᠨ ᠲᠥᠭᠥᠷᠢᠭ᠎ᠲᠦ᠍ ᠬᠦᠷᠪᠠ ᠃
ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ᠎ᠪᠠᠷ ᠢᠷᠡᠭᠰᠡᠨ᠎ᠳᠦ᠂ ᠵᠠᠩ ᠸᠧᠢ ᠮᠠᠰᠢ ᠤᠷᠮᠠᠰᠢᠨ ᠵᠣᠷᠢᠭ᠍ᠵᠢᠵᠤ᠄ 《ᠲᠤᠬᠲᠠᠬᠰᠠᠨ ᠶᠠᠪᠤᠲᠠᠯ ᠵᠢᠨᠨ ᠲᠤᠢᠯᠪᠤᠷᠢᠲᠠᠢ ᠰᠠᠢᠬᠠᠨ ᠬᠢᠬᠦ ᠬᠡᠷᠡᠭᠲᠡᠢ᠂ ᠪᠢ ᠣᠲᠣ᠌ ᠨᠠᠩ ᠣᠯᠠᠨ ᠨᠤᠲᠤᠭ᠎ᠤᠨ ᠠᠬ᠎ᠠ ᠳᠡᠭᠦᠦ ᠨᠠᠷ᠎ᠲᠦ 〈ᠭᠡᠷ᠎ᠦᠨ ᠡᠭᠦᠳᠡᠨ᠎ᠳᠡᠬᠢ ᠠᠵᠢᠯ ᠣᠯᠭᠣᠯᠲᠠ᠂ ᠲᠠᠷᠢᠶᠠᠨ ᠭᠠᠵᠠᠷ᠎ᠤᠨ ᠣᠷᠣᠯᠭ᠎ᠠ᠎ᠶᠢ ᠨᠡᠮᠡᠭᠳᠡᠭᠦᠯᠬᠦ〉᠎ᠶ᠋ᠢ ᠪᠡᠶᠡᠯᠡᠭᠦᠯᠵᠦ᠂ ᠨᠠᠮ᠎ᠠ᠎ᠶᠢ ᠳᠠᠭᠠᠵᠤ ᠲᠠᠷᠢᠶ᠎ᠠ ᠳᠠᠷᠢᠳᠠᠭ ᠠᠷᠠᠳ ᠨᠢᠭᠡ ᠪᠦᠷᠢ᠎ᠶᠢ ᠴᠥᠮ ᠵᠢᠵᠢᠭ ᠲᠥᠮᠥᠰᠥ ᠲᠠᠷᠢᠵᠦ ᠣᠷᠣᠯᠭ᠎ᠠ᠎ᠪᠠᠨ ᠨᠡᠮᠡᠭᠳᠡᠭᠦᠯᠬᠦ᠎ᠵᠢ ᠬᠦᠰᠡᠵᠦ ᠪᠠᠢᠨ᠎ᠠ》 ᠬᠡᠪᠡ᠃
ᠣᠢᠷ᠎ᠠ᠎ᠶᠢᠨ ᠵᠢᠯ᠎ᠡᠴᠡ ᠨᠠᠭᠠᠰᠢ᠂ ᠤᠯᠠᠭᠠᠨᠴᠠᠪ ᠬᠣᠲᠠ 《ᠪᠤᠭᠤᠳᠠᠢ ᠨᠣᠭᠣᠭ᠎ᠠ ᠲᠥᠮᠥᠰᠥ᠂ ᠦᠬᠡᠷ᠎ᠤᠨ ᠮᠢᠬ᠎ᠠ ᠬᠣᠨᠢᠨ ᠮᠢᠬ᠎ᠠ ᠴᠠᠭᠠᠨ ᠢᠳᠡᠬᠡ》 ᠵᠢᠷᠭᠤᠭᠠᠨ ᠶᠡᠬᠡ ᠳᠠᠪᠠᠭᠤᠯᠢᠭ᠋ ᠠᠵᠤ ᠦᠢᠯᠡᠰ᠎ᠢ ᠴᠤᠭᠴᠠᠯᠠᠵᠦ᠂ 《ᠤᠯᠠᠭᠠᠨᠴᠠᠪ᠎ᠤᠨ ᠦᠨᠤᠷ ᠠᠮᠳᠡ》 ᠲᠠᠷᠢᠶᠠᠯᠠᠩ᠎ᠤᠨ ᠪᠦᠲᠦᠭᠡᠭᠳᠡᠬᠦᠨ᠎ᠦ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ᠎ᠢ ᠥᠨᠳᠥᠷ ᠪᠠᠷᠢᠮᠵᠢᠶ᠎ᠠ᠎ᠪᠠᠷ ᠡᠭᠦᠳᠴᠦ᠂ 《ᠲᠠᠷᠢᠶᠠᠨ ᠵᠠᠬ᠎ᠠ》 ᠡᠴᠡ 《ᠪᠥᠬᠥ ᠤᠯᠤᠰ᠎ᠤᠨ ᠬᠣᠭᠣᠯᠠᠨ ᠰᠢᠷᠡᠭᠡ》᠎ᠳ᠋ᠤ᠌ ᠰᠢᠭᠤᠳ ᠬᠦᠷᠬᠡᠬᠦ ᠠᠷᠠᠳ᠎ᠢ ᠪᠠᠶᠠᠵᠢᠭᠤᠯᠬᠤ ᠰᠢᠨ᠎ᠡ ᠠᠷᠭ᠎ᠠ ᠵᠠᠮ᠎ᠢ ᠨᠡᠭᠡᠭᠡᠪᠡ᠃
ᠲᠠᠷᠢᠶᠠᠨ ᠳᠠᠯᠠᠩ᠎ᠳᠠᠬᠢ ᠢᠳᠡᠰᠢᠨ ᠨᠣᠭᠣᠭ᠎ᠠ ᠪᠠᠷᠠᠭᠠᠨ᠎ᠤ ᠭᠦᠢᠯᠭᠡᠭᠡᠨ᠎ᠦ ᠲᠣᠣᠷᠵᠢᠡᠷ ᠳᠠᠮᠵᠢᠨ ᠪᠥᠬᠥ ᠤᠯᠤᠰ᠎ᠲᠤ ᠭᠠᠷᠴᠤ᠂ ᠮᠢᠬᠠᠨ᠎ᠤ ᠬᠣᠨᠢᠨ᠎ᠤ ᠠᠵᠤ ᠦᠢᠯᠡᠰ ᠴᠦ᠍ ᠰᠢᠨ᠎ᠡ ᠵᠠᠮ᠎ᠢ ᠨᠡᠭᠡᠭᠡᠭᠰᠡᠨ ᠪᠠᠢᠨ᠎ᠠ᠃ ᠳᠥᠷᠪᠡᠳ ᠬᠣᠰᠢᠭᠤᠨ᠎ᠤ ᠮᠢᠬᠠᠨ᠎ᠤ ᠬᠣᠨᠢᠨ᠎ᠤ ᠠᠵᠤ ᠦᠢᠯᠡᠰ ᠨᠢ 《ᠴᠥᠭᠡᠨ ᠲᠡᠵᠢᠭᠡᠵᠦ ᠨᠠᠷᠢᠯᠢᠭ᠋ ᠲᠡᠵᠢᠭᠡᠬᠦ᠂ ᠳᠠᠷᠢᠬᠤ᠎ᠪᠠᠷ ᠲᠡᠵᠢᠭᠡᠬᠦ᠎ᠶᠢ ᠠᠬᠢᠭᠤᠯᠬᠤ᠂ ᠲᠡᠵᠢᠭᠡᠬᠦ᠎ᠪᠡᠷ ᠲᠣᠬᠢᠷᠠᠭᠤᠯᠬᠤ᠎ᠶᠢ ᠠᠬᠢᠭᠤᠯᠬᠤ᠂ ᠳᠠᠷᠢᠵᠤ ᠲᠡᠵᠢᠭᠡᠬᠦ᠎ᠶᠢ ᠤᠶᠠᠯᠳᠤᠭᠤᠯᠬᠤ》 ᠠᠵᠤ ᠦᠢᠯᠡᠰ᠎ᠦᠨ ᠰᠡᠳᠬᠢᠮᠵᠢ᠎ᠶᠢ ᠲᠣᠭᠲᠠᠭᠠᠵᠤ᠂ ᠥᠪᠥᠷ ᠮᠣᠩᠭᠣᠯ᠎ᠤᠨ ᠰᠠᠢ ᠨᠦᠸᠸ ᠡᠭᠦᠯᠳᠡᠷ᠎ᠤᠨ ᠬᠣᠨᠢᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠪᠠᠷ ᠭᠣᠣᠯ ᠳᠠᠭᠠᠭᠤᠯᠤᠭᠴᠢ ᠪᠣᠯᠭᠠᠵᠤ᠂ 《ᠳᠦ ᠮᠧᠩ ᠬᠣᠨᠢᠨ᠎ᠤ ᠡᠭᠦᠯᠳᠡᠷ ᠪᠣᠢᠵᠢᠭᠤᠯᠬᠤ ᠬᠣᠯᠪᠣᠭᠠᠲᠤ ᠴᠣᠭᠴᠠ》 ᠭᠡᠬᠦ ᠡᠨᠡ ᠬᠦ᠌ ᠰᠢᠨ᠎ᠡ᠎ᠶᠢ ᠡᠭᠦᠳᠦᠭᠰᠡᠨ ᠠᠴᠢᠶᠠᠯᠠᠭ᠍ᠴᠢ᠎ᠪᠠᠷ ᠳᠠᠮᠵᠢᠭᠤᠯᠤᠨ᠂ ᠳᠥ ᠮᠧᠩ ᠬᠤᠨᠢ᠎ᠵᠢ ᠮᠠᠯᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ᠎ᠶᠢ ᠳᠠᠢᠴᠢᠯᠠᠬᠤ 《ᠪᠠᠶᠠᠵᠢᠯ᠎ᠤᠨ ᠬᠣᠨᠢ》 ᠪᠣᠯᠭᠠᠵᠠᠢ᠃
ᠬᠣᠩᠭᠣᠷ ᠰᠤᠮᠤᠨ᠎ᠤ ᠬᠠᠨ ᠠᠭᠤᠯᠠ ᠭᠠᠴᠠᠭᠠᠨ᠎ᠤ ᠮᠠᠯᠴᠢᠨ ᠭᠤᠤ ᠬᠠᠢ ᠵᠢᠶᠦ᠋ᠨ ᠪᠣᠯ ᠳᠠᠷᠤᠢ ᠡᠨᠡ ᠬᠦ᠌ ᠠᠵᠤ ᠦᠢᠯᠡᠰ᠎ᠦᠨ ᠵᠠᠭᠪᠤᠷ᠎ᠤᠨ ᠠᠰᠢᠭ᠋ ᠬᠦᠷᠳᠡᠭᠴᠢ ᠪᠣᠯᠣᠨ᠎ᠠ᠄ 《ᠪᠢ 2021 ᠣᠨ᠎ᠡᠴᠡ ᠡᠬᠢᠯᠡᠨ ᠳᠥ ᠮᠧᠩ ᠬᠣᠨᠢ ᠲᠡᠵᠢᠭᠡᠵᠡᠢ᠂ ᠡᠨᠡ ᠬᠣᠨᠢ᠎ᠶᠢᠨ ᠥᠰᠦᠯᠲᠡ ᠨᠢ ᠲᠦᠷᠭᠡᠨ᠂ ᠬᠡᠬᠡᠯ ᠤᠯᠠᠨ ᠲᠤᠬᠲᠠᠬᠤ ᠨᠤᠷᠮ᠎ᠠ ᠨᠢ ᠥᠨᠳᠥᠷ᠂ ᠪᠤᠷᠤᠯᠠᠭᠤᠯᠬᠤ ᠦᠨ᠎ᠡ ᠨᠢ ᠴᠦ᠍ ᠥᠨᠳᠥᠷ᠂ ᠰᠠᠢᠨᠦ᠋ᠸᠸ ᠺᠣᠮᠫᠠᠨᠢ᠎ᠲᠠᠢ ᠵᠠᠬᠢᠶᠠᠯᠠᠭ᠎ᠠ᠎ᠶᠢᠨ ᠭᠡᠷ᠎ᠡ ᠲᠣᠭᠲᠠᠭᠰᠠᠨ᠎ᠤ ᠲᠠᠷᠠᠭ᠎ᠠ᠂ ᠬᠤᠷᠠᠭ᠎ᠠ᠎ᠪᠠᠨ ᠪᠣᠷᠣᠯᠠᠭᠤᠯᠬᠤ᠎ᠳᠤ ᠵᠣᠪᠠᠬᠤ ᠦᠭᠡᠢ ᠪᠣᠯᠵᠠᠢ᠃ ᠣᠳᠣ᠌ 170 ᠭᠠᠷᠤᠢ ᠮᠢᠬᠠᠨ᠎ᠤ ᠬᠣᠨᠢ ᠲᠡᠵᠢᠭᠡᠵᠦ᠂ ᠵᠢᠯ᠎ᠤᠨ ᠴᠡᠪᠡᠷ ᠣᠷᠣᠯᠭ᠎ᠠ 11 ᠲᠦᠮᠡᠨ ᠲᠥᠭᠥᠷᠢᠭ᠎ᠲᠦ ᠬᠦᠷᠴᠡᠢ》 ᠭᠡᠵᠦ ᠲᠡᠷᠡ ᠬᠡᠯᠡᠪᠡ᠃
ᠣᠨᠴᠠᠯᠢᠭ᠍ᠲᠤ ᠠᠵᠤ ᠦᠢᠯᠡᠰ᠎ᠢ ᠬᠥᠭᠵᠢᠭᠦᠯᠵᠦ᠂ ᠲᠦᠭ ᠲᠦᠮᠡᠨ ᠠᠢᠯ ᠡᠷᠦᠬᠡ᠎ᠶᠢ ᠪᠠᠶᠠᠵᠢᠭᠤᠯᠤᠨ᠎ᠠ᠃ ᠤᠯᠠᠭᠠᠨᠴᠠᠪ ᠬᠣᠲᠠ ᠡᠬᠢ ᠪᠠᠶᠠᠯᠢᠭ᠋᠎ᠤᠨ ᠳᠠᠪᠠᠭᠤᠯᠢᠭ᠎ᠵᠢᠡᠨ ᠤᠨᠢᠯᠠᠵᠤ᠂ 《ᠤᠯᠠᠭᠠᠨᠴᠠᠪ᠎ᠤᠨ ᠦᠨᠦᠷ ᠠᠮᠲᠠ》 ᠲᠠᠷᠢᠶᠠᠯᠠᠩ᠎ᠤᠨ ᠪᠦᠲᠦᠭᠡᠭᠳᠡᠬᠦᠨ᠎ᠦ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠦᠷᠦᠯ ᠲᠡᠮᠳᠡᠭᠵᠢᠡᠷ ᠭᠠᠷᠳᠠᠴᠠ ᠪᠣᠯᠭᠠᠵᠤ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠥᠷᠲᠡᠭ᠎ᠢ ᠦᠷᠭᠦᠯᠵᠢᠯᠡᠨ ᠤᠷᠲᠤᠳᠬᠠᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠶᠢ ᠨᠢ ᠲᠣᠭᠲᠠᠭᠤᠨ᠎ᠢᠶᠠᠷ ᠨᠡᠮᠡᠭᠳᠡᠭᠦᠯᠵᠦ᠂ ᠲᠠᠷᠢᠶᠠᠨ ᠭᠠᠵᠠᠷ᠂ ᠲᠠᠯ᠎ᠠ ᠨᠤᠲᠤᠭ᠎ᠤᠨ ᠮᠠᠯᠵᠢᠯ᠎ᠤᠨ ᠲᠠᠯᠠᠪᠠᠶ᠎ᠠᠴᠠ ᠢᠷᠡᠭᠰᠡᠨ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠥᠪᠥᠷ ᠮᠣᠩᠭᠣᠯ᠎ᠠᠴᠠ ᠭᠠᠷᠭᠠᠵᠤ᠂ ᠪᠥᠬᠥ ᠤᠯᠤᠰ᠂ ᠳᠡᠯᠡᠬᠡᠢ ᠳ᠋ᠠᠬᠢᠨ᠎ᠳᠤ ᠪᠤᠷᠤᠯᠠᠭᠤᠯᠤᠨ᠎ᠠ᠃

ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ᠎ᠤ ᠬᠤᠯᠤᠤᠪᠠᠩ ᠡᠯᠪᠡᠭ ᠬᠤᠷᠢᠶᠠᠯᠳᠡ ᠤᠯᠵᠦ᠂ ᠲᠠᠷᠢᠶᠠᠴᠢᠳ ᠤᠨ ᠴᠢᠷᠠᠢ ᠲᠠᠬᠡᠷ᠎ᠡ ᠪᠠᠶᠠᠷ᠎ᠤᠨ ᠮᠦᠰᠢᠶᠡᠳᠦ ᠲᠤᠲᠤᠷᠠᠨ᠎ᠠ
(ᠬᠡᠷᠡᠯ ᠵᠢᠷᠤᠭ᠎ᠢ ᠤᠯᠠᠭᠠᠨᠴᠠᠪ ᠬᠤᠳᠡ᠎ᠶᠢᠨ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠳᠡᠰ ᠬᠠᠩᠭᠠᠪᠠ )
( ᠰᠤᠷᠪᠤᠯᠵᠢᠯᠠᠨ ᠮᠡᠲᠡᠬᠡᠯᠡᠭᠰᠡᠨ ᠪᠦᠯᠬᠦᠮ᠄ ᠼᠦᠢ ᠨᠠᠨ ᠬᠤᠸᠠᠩ ᠹᠦ ᠮᠧᠢ ᠰᠢᠶᠠᠨ ᠢᠥᠢ ᠲᠤᠤ ᠵᠤᠤ ᠨᠠ ᠯᠢ ᠵᠦᠸᠸ ᠭᠸᠩ ᠰᠢᠨ ᠸᠠᠩ ᠯᠧᠢ ᠵᠠᠩ ᠬᠤᠢ ᠯᠢᠩ ᠯᠢᠦ ᡁᠢ ᠰᠢᠶᠠᠨ ᠸᠠᠩ ᠬᠤᠤ ᠴᠸᠩ ᠶᠢᠩ ᠵᠢᠶᠦ᠋ᠨ ᠯᠢ ᠴᠤᠤ ᠷᠠᠨ ᠺᠠᠩ ᠯᠢ ᠨᠠ ᠪᠠᠢ ᠳ᠋ᠠᠨ ᠵᠠᠩ ᠺᠦᠢ ᠮᠦᠨᠭᠬᠡᠴᠢᠯᠠᠭᠤ ᠬᠤᠢᠲᠤᠠᠤᠯᠤᠰ ᠭᠤᠤ ᠬᠤᠢ ᠬᠠᠢ ᠵᠢᠶᠦ᠋ᠨ ᠯᠢ ᠬᠤᠢ ᠹᠠᠩ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃