ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-10-17 15:31:20

ᠵᠣᠬᠢᠶᠠᠭ᠍ᠴᠢ᠄ ᠰᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠣᠩᠱᠢᠭ᠍ᠰᠠᠨ ᠣᠳᠠᠭ᠎ᠠ᠄ 3

︱ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ᠎ᠦᠶ᠎ᠡ ᠵᠢᠨ ᠴᠢᠬᠤᠯᠠ ᠶᠠᠷᠢᠶ᠎ᠠ ᠨᠢ ᠥᠷᠭᠡᠨ ᠤᠯᠠᠨ ᠺᠠᠳ᠋ᠷ ᠤᠯᠠᠨ ᠲᠦᠮᠡᠨ᠎ᠦ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠵᠠᠮ ᠨᠡᠭᠡᠭᠡᠨ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠵᠠᠢ


10  ᠰᠠᠷ᠎ᠠ᠎ᠶᠢᠨ 16᠎ᠤ ᠡᠳᠦᠷ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ᠎ᠳᠠᠭᠠᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠦᠯᠦᠪᠵᠢᠬᠦᠯᠬᠦ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠦᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠲᠤᠬᠠᠢ ᠠᠯᠢ ᠣᠯᠠᠨ ᠴᠢᠬᠤᠯᠠ ᠵᠢᠭᠠᠪᠤᠷᠢ ᠦᠭᠴᠡᠢ᠃

ᠡᠯ᠎ᠡ ᠭᠠᠵᠠᠷ᠎ᠤᠨ ᠺᠠᠳ᠋ᠷ ᠤᠯᠠᠨ ᠲᠦᠮᠡᠨ᠂ ᠶᠡᠷᠦᠩᠬᠡᠢ ᠱᠦᠵᠢ᠎ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠰᠢᠰᠲᠧᠮᠲᠦ ᠰᠡᠳᠬᠢᠬᠦᠢ᠂ ᠪᠦᠬᠦ ᠲᠠᠯ᠎ᠠ᠎ᠶᠢᠨ ᠦᠵᠡᠯᠲᠡ᠎ᠪᠡᠷ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ᠋᠎ᠢ ᠳᠠᠰᠤᠷᠠᠯᠳᠠ ᠦᠭᠡᠢ ᠪᠤᠢ ᠪᠣᠯᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃

ᠶᠡᠷᠦᠩᠬᠡᠢ ᠱᠦᠵᠢ᠎ᠰᠢ᠎ᠶᠢᠨ ᠫᠢᠩ᠎ᠤᠨ ᠲᠤᠰ ᠤᠳᠠᠭ᠎ᠠ ᠰᠢᠨᠵᠢᠯᠡᠨ ᠪᠠᠢᠴᠠᠭᠠᠭᠰᠠᠨ ᠭᠢᠬᠢᠷᠢ ᠵᠢᠨ ᠨᠠᠭᠤᠷ ᠪᠤᠯ ᠤᠯᠠᠭᠠᠨᠴᠠᠪ ᠬᠤᠳᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠪᠠᠢᠷᠢᠯᠠᠭ᠎ᠠ᠂ ᠳᠣᠲᠣᠭᠠᠳᠤ ᠬᠠᠭᠤᠷᠠᠢ᠎ᠶᠢᠨ ᠪᠢᠲᠡᠭᠦᠮᠵᠢᠯᠡᠭᠰᠡᠨ ᠮᠠᠶᠢᠭ᠋᠎ᠤᠨ ᠨᠠᠭᠤᠷ ᠪᠣᠯᠣᠨ᠎ᠠ᠂ ᠠᠭᠤᠷ ᠠᠮᠢᠰᠬᠤᠯ ᠵᠡᠷᠭᠡ᠎ᠶᠢᠨ ᠨᠥᠯᠥᠭᠡ᠎ᠪᠡᠷ ᠨᠢᠭᠡ ᠦᠶ᠎ᠡ ᠬᠠᠳᠠᠵᠤ ᠰᠢᠷᠭᠢᠬᠦ᠎ᠰᠢᠬᠠᠵᠠᠢ᠃ ᠬᠤᠵᠢᠮ ᠨᠢ ᠤᠯᠠᠨ ᠵᠢᠯ᠎ᠦᠨ ᠶᠡᠷᠦᠩᠬᠡᠢᠯᠡᠭᠰᠡᠨ ᠵᠠᠰᠠᠯᠲᠠ᠎ᠪᠠᠷ ᠳᠠᠮᠵᠢᠭᠠᠳ ᠤᠰᠤᠨ ᠴᠠᠷᠠᠭ᠎ᠠ ᠵᠢᠨ ᠲᠠᠯᠠᠪᠠᠢ ᠨᠢ ᠠᠯᠬᠤᠮ ᠠᠯᠬᠤᠮ᠎ᠢᠶᠠᠷ ᠰᠡᠷᠭᠦᠨ ᠥᠷᠭᠡᠳᠴᠡᠢ᠃

《ᠶᠡᠷᠦᠩᠬᠡᠢ ᠱᠦᠵᠢ ᠰᠢ᠎ᠶᠢᠨ ᠫᠢᠩ ᠤᠰᠤᠨ᠎ᠤ ᠬᠦᠪᠡᠬᠡ ᠭᠤᠤᠯ᠎ᠤᠨ ᠰᠠᠢᠷᠭᠠᠯ᠎ᠤᠨ ᠠᠮᠢ ᠠᠬᠤᠢ᠂ ᠣᠷᠣᠰᠢᠨ ᠠᠮᠢᠳᠤᠷᠠᠵᠤ ᠪᠠᠢᠭ᠎ᠠ ᠰᠢᠪᠠᠭᠤᠨ᠎ᠤ ᠲᠦᠷᠦᠯ ᠵᠡᠷᠭᠡ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠨᠤᠭᠤ ᠭᠠᠵᠠᠷ ᠢ᠋ ᠬᠠᠮᠠᠭᠠᠯᠠᠬᠤ ᠳ᠋ᠤ ᠬᠠᠮᠤᠭ᠎ᠤᠨ ᠴᠢᠬᠤᠯᠠ ᠨᠢ ᠤᠩᠭᠤᠨ ᠪᠠᠢᠭᠠᠯᠢᠯᠢᠭ ᠠᠮᠢ ᠠᠬᠤᠢ ᠵᠢ ᠪᠠᠲᠤᠯᠠᠬᠤ᠎ᠳᠤ ᠪᠠᠢᠨ᠎ᠠ ᠭᠡᠵᠦ ᠴᠢᠬᠤᠯᠠᠴᠢᠯᠠᠪᠠ᠃ ᠡᠬᠦᠨ ᠡᠴᠡ ᠪᠢ ᠶᠡᠷᠦᠩᠬᠡᠢ ᠱᠦᠵᠢ ᠠᠮᠢ ᠠᠬᠤᠢ᠎ᠣᠷᠴᠢᠨ ᠲᠣᠭᠣᠷᠢᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠬᠦᠨᠵᠡᠭᠡᠢ ᠤᠬᠠᠪᠤᠷᠢᠯᠠᠪᠠ》 ᠬᠡᠵᠦ ᠲᠤᠬᠠᠢ᠎ᠶᠢᠨ ᠲᠠᠯᠠᠪᠤᠷ᠎ᠲᠤ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ᠎ᠶᠢ ᠰᠤᠨᠤᠰᠤᠭᠰᠠᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠠᠮ᠎ᠤᠨ ᠬᠤᠷᠢᠶ᠎ᠠ ᠵᠢᠨ ᠱᠦᠵᠢ ᠪᠠᠨ ᠰᠢᠸ᠋ ᠫᠢᠩ᠂ ᠪᠥᠬᠥ ᠬᠣᠰᠢᠭᠤᠨ᠎ᠤ ᠳᠡᠬᠡᠷ᠎ᠡ ᠳᠤᠤᠷ᠎ᠠ ᠱᠠᠲᠤᠨ᠎ᠤ ᠬᠢᠨ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠪᠠᠢᠭᠠᠯᠢ᠎ᠶᠢ ᠬᠦᠨᠳᠦᠳᠭᠡᠬᠦ᠂ ᠪᠠᠢᠭᠠᠯᠢ ᠲᠠᠢ ᠵᠤᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠨ᠂ 《ᠵᠤᠷᠢᠭᠤᠳᠠ ᠬᠠᠷᠰᠢᠯᠠᠬᠤ ᠵᠢ  ᠪᠠᠭᠠᠰᠬᠠᠵᠤ᠂ ᠠᠶᠠᠨᠳᠠᠭᠠᠨ ᠰᠡᠷᠬᠦᠬᠦ ᠵᠢ ᠠᠬᠢᠭᠤᠯᠬᠤ》 ᠵᠠᠷᠴᠢᠮ ᠶᠣᠰᠣᠭᠠᠷ ᠡᠨᠡ ᠬᠦ᠌ ᠨᠠᠭᠤᠷ ᠴᠥᠭᠥᠷᠥᠮ ᠪᠠ ᠨᠤᠭᠤ ᠭᠠᠵᠠᠷ᠎ᠢ ᠦᠷᠭᠦᠯᠵᠢᠯᠡᠨ ᠰᠠᠢᠲᠤᠷ ᠰᠠᠬᠢᠨ ᠬᠠᠮᠠᠭᠠᠯᠠᠨ᠎ᠠ ᠭᠡᠵᠡᠢ᠃

ᠥᠪᠥᠷ ᠮᠣᠩᠭᠣᠯ᠎ᠤᠨ ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠤᠯᠠᠭᠠᠨᠰᠤᠬᠠᠢ ᠨᠠᠭᠤᠷ ᠨᠡᠯᠦᠭᠡᠷ ᠲᠤᠩᠭᠠᠯᠠᠭ ᠪᠠᠢᠵᠤ᠂ ᠬᠤᠯᠤᠰᠤ ᠵᠡᠬᠡᠰᠦ ᠵᠢᠨ ᠳᠤᠮᠳᠠ ᠤᠰᠤᠨ᠎ᠤ ᠰᠢᠪᠠᠭᠤᠳ ᠵᠢᠭᠦᠷ᠎ᠢᠶᠡᠨ ᠳᠡᠯᠬᠡᠨ ᠠᠬᠢᠨ ᠲᠠᠬᠢᠨ ᠨᠢᠰᠤᠨ᠎ᠡ᠃ 《ᠶᠡᠷᠦᠩᠬᠡᠢ ᠱᠦᠵᠢ ᠰᠢ᠎ᠶᠢᠨ ᠫᠢᠩ 3 ᠵᠢᠯ ᠭᠠᠷᠤᠢ᠎ᠶᠢᠨ ᠡᠮᠦᠨ᠎ᠡ ᠮᠠᠨ᠎ᠤ ᠡᠨᠳᠡ ᠰᠢᠨᠵᠢᠯᠡᠨ ᠪᠠᠢᠴᠠᠭᠠᠬᠤ᠎ᠪᠠᠷ ᠢᠷᠡᠵᠠᠢ᠂ ᠡᠨᠡ ᠤᠳᠠᠭ᠎ᠠ ᠭᠢᠬᠢᠷᠢ ᠵᠢᠨ ᠨᠠᠭᠤᠷ᠎ᠲᠤ᠌ ᠰᠢᠨᠵᠢᠯᠡᠨ ᠪᠠᠢᠴᠠᠭᠠᠬᠤ ᠳ᠋ᠠᠭᠠᠨ ᠪᠠᠰᠠ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠢ ᠠᠬᠤᠢ᠎ᠶᠢᠨ ᠰᠢᠰᠲ᠋ᠧᠮ ᠤ᠋ᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠬᠡᠷᠡᠭᠲᠡᠢ ᠭᠡᠵᠦ ᠳᠠᠬᠢᠨᠳᠠ ᠴᠢᠬᠤᠯᠠᠴᠢᠯᠠᠵᠠᠢ᠂ ᠡᠨᠡ ᠨᠢ ᠮᠠᠨ᠎ᠤ ᠦᠨᠳᠦᠰᠦᠨ ᠱᠠᠲᠤᠨ᠎ᠤ ᠵᠠᠰᠠᠯᠲᠠ᠎ᠶᠢᠨ ᠠᠵᠢᠯ᠎ᠳᠤ ᠴᠢᠬᠤᠯᠠ ᠵᠢᠷᠤᠮᠯᠠᠯ ᠬᠠᠩᠭᠠᠪᠠ》 ᠬᠡᠵᠦ ᠤᠯᠠᠭᠠᠨᠰᠤᠬᠠᠢ ᠵᠢᠨ ᠠᠮᠢ ᠠᠬᠤᠢ᠎ᠶᠢᠨ ᠬᠠᠮᠠᠭᠠᠯᠠᠯᠲᠠ᠎ᠶᠢᠨ ᠲᠥᠪ᠎ᠦᠨ ᠳᠡᠳ᠋ ᠡᠷᠬᠢᠯᠡᠭᠴᠢ ᠭᠤᠤ ᠵᠠᠨ ᠹᠧᠢ ᠬᠡᠯᠡᠭᠰᠡᠨ ᠵᠢᠡᠨ᠂ ᠳᠠᠷᠠᠭᠠᠴᠢ᠎ᠶᠢᠨ ᠠᠯᠬᠤᠮ᠎ᠳᠤ ᠵᠠᠰᠠᠯᠲᠠ᠎ᠶᠢᠨ ᠦᠷ᠎ᠡ ᠪᠦᠲᠦᠭᠡᠯ᠎ᠢᠶᠡᠨ ᠦᠷᠭᠦᠯᠵᠢᠯᠡᠨ ᠪᠡᠬᠢᠵᠢᠭᠦᠯᠵᠦ᠂ ᠠᠮᠢ ᠠᠬᠤᠢ᠎ᠶᠢᠨ ᠰᠢᠰᠲ᠋ᠧᠮ᠎ᠤᠨ ᠲᠣᠭᠲᠠᠪᠤᠷᠢᠲᠤ ᠴᠢᠨᠠᠷ ᠪᠣᠯᠣᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠭᠠᠨᠰᠤᠬᠠᠢ ᠵᠢᠨ ᠡᠨᠡ᠎ᠬᠦ 《ᠪᠣᠭᠣᠮᠲᠠ᠎ᠶᠢᠨ ᠭᠠᠳᠠᠨᠠᠬᠢ ᠬᠡᠷᠡᠯᠳᠦ ᠰᠤᠪᠤᠳ》 ᠢ᠋ ᠰᠠᠢᠲᠤᠷ ᠰᠠᠬᠢᠨ ᠬᠠᠮᠠᠭᠠᠯᠠᠨ᠎ᠠ ᠬᠡᠪᠡ᠃

ᠰᠠᠢᠨ ᠰᠠᠢᠬᠠᠨ ᠠᠮᠢ ᠠᠬᠤᠢ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠠᠰᠢᠭ᠋ ᠬᠦᠷᠲᠡᠭᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠥᠨ᠃ ᠣᠷᠣᠢ᠎ᠶᠢᠨ ᠬᠣᠭᠣᠯᠠᠨ᠎ᠤ ᠳᠠᠷᠠᠭ᠎ᠠ  ᠶᠦᠨᠨᠠᠨ᠎ᠤ ᠺᠦᠨᠮᠢᠩ᠎ᠦᠨ ᠳ᠋ᠢᠶᠠᠨ ᡂᠢ ᠨᠠᠭᠤᠷ᠎ᠤᠨ ᠬᠥᠪᠡᠭᠡᠨ᠎ᠳᠡᠬᠢ ᠵᠦᠯᠭᠡᠨ ᠵᠠᠮ ᠬᠥᠷ ᠬᠥᠭᠵᠢᠶᠡᠨ᠎ᠵᠢᠡᠷ ᠪᠢᠯᠬᠠᠵᠤ᠂ ᠳᠤᠭᠤᠢ ᠤᠨᠤᠵᠤ ᠪᠠᠢᠭ᠎ᠠ ᠵᠠᠯᠠᠭᠤᠴᠤᠳ᠂ ᠰᠡᠯᠡᠭᠦᠴᠡᠨ ᠠᠯᠬᠤᠵᠤ ᠪᠠᠢᠭ᠎ᠠ ᠨᠠᠰᠤᠲᠠᠢᠴᠤᠳ᠂ ᠬᠠᠨᠢᠯᠠᠨ ᠵᠤᠷᠴᠢᠵᠤ ᠪᠠᠢᠭ᠎ᠠ ᠬᠣᠲᠠ᠎ᠶᠢᠨ ᠠᠷᠠᠳ ᠲᠠᠰᠤᠷᠠᠯᠲᠠ ᠦᠭᠡᠢ ᠣᠯᠠᠰᠢᠷᠠᠨ᠎ᠠ᠃

《ᠶᠡᠷᠦᠩᠬᠡᠢ ᠱᠦᠵᠢ ᠰᠢ᠎ᠶᠢᠨ ᠫᠢᠩ ᠨᠤᠭᠤ ᠭᠠᠵᠠᠷ ᠵᠡᠷᠭᠡ ᠠᠮᠢ ᠠᠬᠤᠢ᠎ᠶᠢᠨ ᠰᠢᠰᠲ᠋ᠸᠮ᠎ᠢ ᠰᠡᠷᠭᠦᠭᠡᠨ ᠬᠠᠮᠠᠭᠠᠯᠠᠬᠤ ᠠᠵᠢᠯ᠎ᠢ ᠲᠤᠢᠯ᠎ᠢᠶᠠᠷ ᠬᠠᠯᠠᠮᠵᠢᠯᠠᠵᠤ ᠪᠠᠢᠭ᠎ᠠ᠎ᠳᠤ ᠪᠢᠳᠡ ᠮᠠᠰᠢ ᠲᠤᠭᠳᠤᠯᠵᠤ ᠪᠠᠢᠨ᠎ᠠ》᠃ ᠣᠶ᠋ᠢᠷ᠎ᠠ ᠬᠠᠪᠢ ᠵᠢᠨ ᠰᠠᠭᠤᠭᠠᠯᠢ ᠠᠷᠠᠳ ᠯᠢ ᠳ᠋ᠦᠩ ᠱᠧᠩ ᠬᠡᠯᠡᠬᠦ᠎ᠳᠡᠭᠡᠨ᠂ ᠳ᠋ᠢᠶᠠᠨ ᡂᠢ ᠨᠠᠭᠤᠷ᠎ᠤᠨ ᠨᠤᠭᠤ ᠭᠠᠵᠠᠷ ᠴᠤ᠌ ᠪᠣᠬᠢᠷᠲᠤᠵᠤ ᠥᠩᠭᠡᠷᠡᠵᠡᠢ᠂ ᠲᠡᠷᠡ ᠦᠶ᠎ᠡ᠎ᠳᠦ ᠣᠶ᠋ᠢᠷᠠᠯᠴᠠᠭᠠᠬᠢ ᠭᠣᠣᠯ᠎ᠤᠨ ᠵᠠᠮ ᠨᠢ ᠪᠤᠵᠠᠷ ᠮᠥᠷᠲᠡᠭᠡᠨ ᠦᠮᠡᠬᠡᠢ ᠪᠠᠢᠪᠠ᠃ ᠣᠢᠷ᠎ᠠ᠎ᠶᠢᠨ ᠵᠢᠯ᠎ᠳᠦ ᠲᠤᠬᠠᠢ᠎ᠶᠢᠨ ᠭᠠᠵᠠᠷ᠎ᠤᠨ ᠬᠢᠨ ᠡᠷᠭᠢ ᠳᠠᠭᠠᠤ᠎ᠶᠢᠨ ᠬᠠᠤᠯᠢ ᠪᠤᠰᠤ ᠪᠠᠢᠭᠤᠯᠤᠭᠰᠠᠨ ᠪᠠᠷᠢᠯᠭ᠎ᠠ᠎ᠶᠢ ᠨᠤᠷᠠᠭᠠᠬᠤ ᠪᠠ ᠨᠠᠭᠤᠷ᠎ᠤᠨ ᠬᠥᠪᠡᠭᠡ᠎ᠶᠢ ᠰᠡᠯᠪᠢᠨ ᠵᠠᠰᠠᠬᠤ᠎ᠶᠢ ᠦᠷᠭᠦᠯᠵᠢᠯᠡᠨ ᠠᠬᠢᠭᠤᠯᠤᠭᠰᠠᠨ ᠵᠢᠡᠷ ᠳ᠋ᠢᠶᠠᠨ ᡂᠢ ᠨᠠᠭᠤᠷ᠎ᠤᠨ ᠤᠰᠤᠨ᠎ᠤ ᠴᠢᠨᠠᠷ ᠢᠯᠡᠳᠲᠡ ᠰᠠᠢᠵᠢᠷᠠᠪᠠ ᠭᠡᠯ᠎ᠡ᠃ 《ᠢᠷᠡᠭᠡᠳᠦᠢ᠎ᠳᠦ ᠪᠢᠳᠡ ᠪᠠᠰᠠ ᠴᠢᠳᠠᠯ᠎ᠤᠨ ᠵᠢᠡᠨ ᠬᠢᠷᠢ᠎ᠪᠡᠷ  ᠭᠣᠣᠯ᠎ᠤᠨ ᠵᠠᠮ᠎ᠤᠨ ᠠᠷᠢᠭᠤᠨ ᠴᠡᠪᠡᠷ᠎ᠢ ᠰᠠᠢᠲᠤᠷ ᠪᠠᠳᠤᠯᠠᠵᠤ᠂ ᠡᠷᠬᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ᠎ᠢ ᠬᠠᠢᠷᠠᠯᠠᠨ ᠬᠠᠮᠠᠭᠠᠯᠠᠵᠤ᠂ ᠵᠣᠯ ᠵᠢᠷᠭᠠᠯᠲᠤ ᠠᠮᠢᠳᠤᠷᠠᠯ᠎ᠵᠢᠡᠨ ᠰᠠᠢᠲᠤᠷ ᠰᠠᠬᠢᠨ ᠬᠠᠮᠠᠭᠠᠯᠠᠨ᠎ᠠ》 ᠭᠡᠵᠦ ᠯᠢ ᠳ᠋ᠦᠩ ᠱᠧᠩ ᠬᠡᠯᠡᠪᠡ᠃

ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠲᠤᠯᠭᠠᠭᠤᠷᠢᠯᠠᠯ ᠮᠥᠨ᠂ ᠴᠢᠨᠠᠷ ᠰᠠᠢᠲᠠᠢ ᠬᠥᠭᠵᠢᠯᠲᠡ ᠨᠢ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠳᠤ ᠲᠦᠰᠢᠭᠯᠡᠪᠡᠯ ᠰᠠᠶᠢ ᠪᠡᠶᠡᠯᠡᠭᠳᠡᠵᠦ ᠴᠢᠳᠠᠨ᠎ᠠ᠃

《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠲᠠ᠎ᠶᠢᠨ ᠬᠦᠴᠦᠨ᠎ᠶ᠋ᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ᠎ᠶᠢᠨ ᠬᠦᠴᠦᠨ᠎ᠦ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠪᠠᠢᠷᠢᠯᠠᠭᠤᠯᠤᠯᠲᠠ ᠪᠣᠯᠣᠨ᠎ᠠ᠃ 《ᠶᠡᠷᠦᠩᠬᠡᠢ ᠱᠦᠵᠢ ᠰᠢ᠎ᠶᠢᠨ ᠫᠢᠩ 〈ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠬᠦ᠂ ᠡᠯᠧᠮᠧᠨ᠋ᠲ᠎ᠢᠶᠡᠷ ᠲᠤᠯᠭᠠᠭᠤᠷᠢᠯᠠᠭᠤᠯᠬᠤ᠂ ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ〉 ᠭᠡᠵᠦ ᠴᠢᠬᠤᠯᠠᠴᠢᠯᠠᠭᠰᠠᠨ ᠨᠢ ᠪᠢᠳᠡᠨ᠎ᠦ ᠠᠵᠤ ᠦᠢᠯᠡᠰ᠎ᠦᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ ᠬᠤᠸᠠᠨᠭ᠌ ᠸᠸᠨ ᠴᠤᠸᠠᠨ᠂ ᠤᠯᠤᠰ᠎ᠤᠨ ᠨᠠᠢ᠍ᠮᠠᠨ ᠶᠡᠬᠡ ᠪᠣᠳᠣᠯᠳᠡ᠎ᠶᠢᠨ ᠬᠦᠴᠦᠨ᠎ᠦ ᠵᠠᠩᠭᠢᠯᠠᠭ᠎ᠠ᠎ᠶᠢᠨ ᠨᠢᠭᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠪᠡᠭᠡᠵᠢᠩ ᠲᠢᠶᠠᠨᠵᠢᠨ ᠡᡁᠸᠪᠸᠢ ᠲᠠᠢ ᠬᠦᠷᠰᠢᠯᠡᠵᠦ᠂ ᠪᠤᠬᠢᠷᠳᠤᠯ ᠦᠭᠡᠢ ᠴᠠᠬᠢᠯᠭᠠᠨ ᠬᠦᠢᠴᠡᠳ ᠵᠡᠷᠭᠡ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ ᠡᡁᠸᠪᠸᠢ᠎ᠳᠤ ᠦᠢᠯᠡᠴᠢᠯᠡᠬᠦ᠂ ᠪᠦᠬᠦ ᠤᠯᠤᠰ᠎ᠢ ᠨᠥᠯᠥᠭᠡᠯᠡᠬᠦ ᠴᠢᠬᠤᠯᠠ ᠪᠣᠳᠣᠯᠳᠡ᠎ᠶᠢᠨ ᠬᠦᠴᠦᠨ᠎ᠦ ᠪᠠᠲᠤᠯᠠᠭ᠎ᠠ᠎ᠶᠢᠨ ᠰᠠᠭᠤᠷᠢᠨ᠎ᠢ ᠪᠦᠲᠦᠭᠡᠨ ᠪᠠᠢᠭᠤᠯᠵᠤ ᠪᠤᠢ᠃ ᠳᠠᠷᠠᠭᠠᠴᠢ᠎ᠶᠢᠨ ᠠᠯᠬᠤᠮ᠎ᠳᠤ ᠦᠪᠡᠷᠮᠢᠴᠡ ᠳᠠᠪᠠᠭᠤᠯᠢᠭ᠋᠎ᠲᠠᠭᠠᠨ ᠰᠠᠭᠤᠷᠢᠯᠠᠵᠤ᠂ ᠡᠨᠧᠷᠭᠢ᠎ᠶᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ ᠪᠣᠯᠣᠨ ᠪᠣᠳᠣᠯᠳᠡ᠎ᠶᠢᠨ ᠬᠦᠴᠦᠨ᠎ᠦ ᠲᠥᠬᠦᠭᠡᠷᠦᠮᠵᠢ᠎ᠶᠢ  ᠬᠠᠮᠵᠢᠯᠴᠠᠭᠤᠯᠤᠨ ᠪᠠᠢᠷᠢᠰᠢᠭᠤᠯᠬᠤ᠂ ᠪᠣᠳᠣᠯᠳᠡ᠎ᠶᠢᠨ ᠬᠦᠴᠦᠨ᠎ᠦ ᠬᠡᠪᠴᠢᠶ᠎ᠡ᠎ᠶᠢ ᠡᠮᠬᠢ ᠵᠢᠷᠤᠮ᠎ᠲᠠᠢ ᠨᠡᠮᠡᠭᠳᠡᠬᠦᠯᠬᠦ᠎ᠶᠢ ᠠᠬᠢᠭᠤᠯᠵᠤ᠂ ᠪᠦᠬᠦ ᠤᠯᠤᠰ᠎ᠤᠨ ᠪᠣᠬᠢᠷᠲᠤᠯ ᠦᠭᠡᠢ ᠪᠣᠳᠣᠯᠳᠡ᠎ᠶᠢᠨ ᠬᠦᠴᠦᠨ᠎ᠦ ᠥᠨᠳᠥᠷᠯᠢᠭ᠎ᠢ ᠴᠢᠷᠮᠠᠢᠨ ᠪᠠᠢᠭᠤᠯᠤᠨ᠎ᠠ ᠬᠡᠪᠡ᠃

ᠣᠳᠣᠬᠠᠨ᠎ᠳᠤ᠂ ᠪᠣᠳᠣᠯᠳᠡ᠎ᠶᠢᠨ ᠬᠦᠴᠦᠨ᠎ᠦ ᠠᠵᠤ ᠦᠢᠯᠡᠰ ᠶᠠᠭ ᠲᠦᠷᠭᠡᠨ ᠬᠥᠭᠵᠢᠯᠲᠡ᠎ᠶᠢᠨ ᠱᠠᠲᠤᠨ ᠎ᠳᠠᠭᠠᠨ ᠣᠷᠣᠰᠢᠵᠤ᠂ ᠢᠷᠡᠭᠡᠳᠦᠢ ᠰᠠᠷᠠᠭᠤᠯ ᠠᠭᠤᠳᠠᠮ ᠪᠤᠢ᠃ 《ᠶᠡᠷᠦᠩᠬᠡᠢ ᠱᠦᠵᠢ ᠰᠢ᠎ᠶᠢᠨ ᠫᠢᠩ ᠪᠢᠳᠡᠨ᠎ᠢ ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠠᠮᠤᠷ ᠲᠦᠪᠰᠢᠨ ᠪᠠᠢᠬᠤ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 〈ᠪᠣᠳᠣᠯᠳᠡ ᠵᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ〉᠂ 〈ᠪᠣᠳᠣᠯᠳᠡ ᠵᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ᠎ᠬᠠᠮᠵᠢᠯᠴᠠᠭ᠎ᠠ〉 ᠶ᠋ᠢ ᠴᠢᠬᠤᠯᠠᠴᠢᠯᠠᠵᠤ᠂ ᠪᠣᠳᠣᠯᠳᠡ᠎ᠶᠢᠨ ᠬᠦᠴᠦᠨ᠎ᠦ ᠲᠥᠪ᠎ᠦᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠠ ᠡᠵᠡᠩᠨᠡᠯᠲᠡ᠎ᠶᠢ ᠰᠠᠢᠲᠤᠷ ᠬᠢᠬᠦ᠎ᠶᠢ ᠬᠦᠰᠡᠪᠡ᠂ ᠡᠨᠡ ᠨᠢ ᠬᠥᠮᠥᠰ᠎ᠢ ᠮᠠᠰᠢ ᠤᠷᠮᠠᠰᠢᠭᠤᠯᠤᠨ ᠵᠣᠷᠢᠭ᠍ᠵᠢᠭᠤᠯᠤᠨ᠎ᠠ》 ᠭᠡᠵᠦ ᠤᠯᠠᠭᠠᠨᠴᠠᠪ᠎ᠤᠨ ᠪᠣᠳᠣᠯᠳᠡ ᠶ᠋ᠢᠨ ᠬᠦᠴᠦᠨ᠎ᠦ ᠰᠠᠭᠤᠷᠢᠨ᠎ᠤ ᠡᠬᠢ ᠪᠠᠶᠠᠯᠢᠭ᠋᠎ᠤᠨ ᠶᠡᠷᠦᠩᠬᠡᠢ ᠬᠢᠨᠠᠭ᠍ᠴᠢ ᠵᠧᠦ ᠢ ᠭᠤᠸᠠᠨᠭ᠌ ᠬᠡᠯᠡᠪᠡ᠃ ᠲᠡᠷᠡ᠄ 《ᠢᠷᠡᠭᠡᠳᠦᠢ᠎ᠳᠦ ᠪᠢᠳᠡ ᠦᠷᠭᠦᠯᠵᠢᠯᠡᠨ ᠰᠠᠯᠬᠢ  ᠭᠡᠷᠡᠯ ᠎ᠤᠨ ᠰᠢᠨ᠎ᠡ ᠡᠨᠧᠷᠭᠢ᠎ᠶᠢᠨ ᠨᠡᠭᠡᠭᠡᠨ ᠠᠰᠢᠭ᠍ᠯᠠᠯᠲᠠ᠂ ᠡᠨ᠋ᠸᠷᠬᠢ ᠲᠤᠤᠷ ᠲᠠᠭᠠᠭᠠᠴᠠ ᠨᠥᠭᠡᠴᠡ᠎ᠶᠢ ᠨᠢᠭᠡ ᠴᠣᠭᠴᠠᠵᠢᠭᠤᠯᠤᠭᠰᠠᠨ ᠲᠦᠷᠦᠯ ᠵᠦᠢᠯ ᠪᠣᠯᠣᠨ ᠪᠣᠳᠣᠯᠳᠡ᠎ᠶᠢᠨ ᠬᠦᠴᠦᠨ᠎ᠦ ᠲᠥᠪ᠎ᠦᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠪᠠᠢᠭᠠᠯᠢᠯᠢᠭ ᠬᠥᠷᠥᠭᠡᠯᠲᠡ᠂ ᠰᠢᠩᠭᠡᠨ ᠬᠥᠷᠥᠭᠡᠯᠲᠡ ᠪᠣᠯᠣᠨ ᠳᠠᠬᠢᠨ ᠠᠰᠢᠬᠯᠠᠵᠤ ᠪᠤᠯᠬᠤ ᠤᠰᠤ᠎ᠶᠢ ᠡᠷᠬᠢᠯᠳᠦᠬᠦᠯᠦᠨ ᠠᠰᠢᠭ᠍ᠯᠠᠬᠤ ᠵᠡᠷᠭᠡ᠎ᠶᠢ ᠳᠡᠯᠭᠡᠷᠡᠭᠦᠯᠵᠦ᠂ ᠪᠣᠳᠣᠯᠳᠡ᠎ᠶᠢᠨ ᠬᠦᠴᠦᠨ᠎ᠦ ᠲᠥᠪ᠎ᠦᠨ ᠲᠦᠷᠦᠯ ᠵᠦᠢᠯ ᠶᠠᠰᠤ ᠴᠢᠨᠠᠷ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠪᠣᠳᠣᠯᠳᠡ ᠶ᠋ᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠴᠢᠷᠮᠠᠢᠨ ᠠᠬᠢᠭᠤᠯᠤᠨ᠎ᠠ》 ᠭᠡᠯ᠎ᠡ᠃

ᠭᠤᠸᠠᠨᠭᠳᠦ᠋ᠩ᠎ᠦᠨ ᠱᠧᠨᠵᠧᠨ᠎ᠳᠦ ᠫᠸᠩ ᠴᠧᠩ ᠲᠤᠷᠰᠢᠯᠲᠠ᠎ᠶᠢᠨ ᠲᠠᠰᠤᠭ ᠡᠴᠡ ᠲᠦᠷᠦᠭᠦᠯᠡᠨ ᠪᠠᠢᠭᠤᠯᠤᠭᠰᠠᠨ ᠲᠣᠮᠣ᠌ ᠰᠢᠨᠵᠢᠯᠡᠬᠦ ᠤᠬᠠᠭᠠᠨ᠎ᠤ ᠲᠥᠬᠦᠭᠡᠷᠦᠮᠵᠢ 《ᠫᠸᠩ ᠴᠧᠩ᠎ᠦᠨ ᠡᠭᠦᠯᠡᠨ ᠲᠠᠷᠢᠬᠢⅢ》 ᠰᠢᠨ᠎ᠡ ᠠᠬᠢᠴᠠ᠎ᠲᠠᠢ ᠪᠣᠯᠵᠤ᠂  ᠤᠯᠤᠰ᠎ᠲᠠᠭᠠᠨ ᠦᠢᠯᠡᠳᠪᠦᠷᠢᠯᠡᠭᠰᠡᠨ ᠪᠤᠳᠤᠯᠳᠠ ᠵᠢᠨ ᠴᠢᠳᠠᠪᠤᠷᠢ ᠨᠢ ᠨᠢᠭᠡᠨᠲᠡ 1 ᠲᠦᠮᠡᠨ PFLOPS (ᠰᠧᠺᠦ᠋ᠨ᠋ᠳ᠋ ᠪᠦᠷᠢ ᠮᠢᠩᠭᠠᠨ ᠲᠦᠮᠡᠨ ᠳ᠋ᠦᠩᠰᠢᠭᠤᠷ ᠤᠳᠠᠭ᠎ᠠ᠎ᠶᠢᠨ ᠬᠥᠪᠥᠮᠡᠯ ᠴᠡᠭ᠎ᠦᠨ ᠪᠣᠳᠣᠯᠭ᠎ᠠ) ᠲᠤ᠌ ᠬᠦᠷᠴᠡᠢ᠃

《ᠶᠡᠷᠦᠩᠬᠡᠢ ᠱᠦᠵᠢ᠎ᠶᠢᠨ ᠪᠣᠳᠣᠯᠳᠡ᠎ᠶᠢᠨ ᠬᠦᠴᠦᠨ᠎ᠦ ᠠᠵᠤ ᠦᠢᠯᠡᠰ᠎ᠦᠨ ᠲᠤᠬᠠᠢ ᠬᠠᠯᠠᠮᠵᠢᠯᠠᠯ ᠨᠢ ᠮᠠᠨ᠎ᠤ ᠲᠤᠬᠠᠢᠯᠠᠭᠰᠠᠨ ᠠᠵᠢᠯᠲᠠᠳ᠎ᠤᠨ  ᠡᠭᠦᠷᠭᠡ ᠬᠠᠷᠢᠭᠤᠴᠠᠯᠭ᠎ᠠ᠎ᠬᠦᠨᠳᠦ ᠭᠡᠳᠡᠭ᠎ᠢ ᠭᠦᠨ ᠮᠡᠳᠡᠷᠡᠭᠦᠯᠵᠡᠢ》᠃ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠂ ᠫᠸᠩ ᠴᠧᠩ ᠲᠤᠷᠰᠢᠯᠲᠠ᠎ᠶᠢᠨ ᠲᠠᠰᠤᠭ᠎ᠤᠨ ᠡᠷᠬᠢᠯᠡᠭᠴᠢ ᠭᠤᠤ ᠸᠸᠨ ᠬᠡᠯᠡᠬᠦ᠎ᠳᠡᠭᠡᠨ᠂ ᠣᠢᠷ᠎ᠠ᠎ᠶᠢᠨ ᠵᠢᠯ᠎ᠡᠴᠡ ᠲᠤᠷᠰᠢᠯᠲᠠ᠎ᠶᠢᠨ ᠲᠠᠰᠤᠭ᠎ᠤᠨ ᠬᠢᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠪᠣᠳᠣᠯᠳᠡ᠎ᠶᠢᠨ ᠬᠦᠴᠦᠨ᠎ᠤ ᠲᠣᠣᠷ᠎ᠤᠨ ᠮᠡᠷᠭᠡᠵᠢᠯ᠂ ᠪᠠᠷᠢᠮᠵᠢᠶ᠎ᠠ᠎ᠶᠢᠨ ᠰᠢᠰᠲ᠋ᠸᠮ ᠪᠣᠯᠣᠨ ᠲᠣᠭᠠᠴᠢᠯᠠᠭᠰᠠᠨ ᠠᠵᠤ ᠠᠬᠤᠢ᠎ᠶᠢᠨ ᠪᠣᠳᠣᠯᠳᠡ᠎ᠶᠢᠨ ᠬᠦᠴᠦᠨ᠎ᠤ ᠰᠠᠭᠤᠷᠢ ᠲᠥᠬᠦᠭᠡᠷᠦᠮᠵᠢ᠎ᠶᠢᠨ ᠲᠣᠭᠣᠷᠢᠨ᠎ᠳᠤ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ ᠥᠷᠨᠢᠭᠦᠯᠦᠭᠰᠠᠨ ᠪᠠᠢᠨ᠎ᠠ᠃ ᠲᠠᠷᠠᠭᠠᠴᠢ᠎ᠶᠢᠨ ᠠᠯᠬᠤᠮ᠎ᠳᠤ ᠠᠳᠠᠯᠢ ᠪᠤᠰᠤ ᠪᠤᠲᠤᠯᠲᠠ ᠵᠢᠨ ᠬᠦᠴᠤᠨ ᠤ᠋ ᠲᠥᠪ᠎ᠦᠨ ᠬᠣᠭᠣᠷᠣᠨᠳᠣᠬᠢ ᠴᠢᠮᠡᠭᠡ ᠬᠣᠯᠪᠣᠭᠠᠨ᠎ᠤ ᠵᠥᠪᠯᠡᠯᠴᠡᠭᠡᠷ᠎ᠬᠢᠬᠦ ᠡᠨᠡ ᠬᠦ᠌ ᠬᠦᠴᠢᠷ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠵᠦ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠬᠦᠨ᠎ᠡ ᠭᠡᠪᠡ᠃

ᠪᠤᠳᠤᠯᠲᠠ ᠵᠢᠨ ᠬᠦᠴᠤᠨ ᠤ᠋ ᠦᠷᠳᠡᠭ ᠨᠢ ᠬᠡᠷᠡᠭᠯᠡᠭᠡᠨ ᠳ᠋ᠤ ᠴᠢᠳᠠᠪᠤᠷᠢ ᠣᠯᠭᠣᠬᠤ ᠳ᠋ᠤ  ᠪᠤᠢ᠃ ᠶᠡᠷᠦᠩᠬᠡᠢ ᠱᠦᠵᠢ ᠰᠢ ᠵᠢᠨ ᠫᠢᠩ᠂ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠲᠠ ᠵᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

《ᠣᠢᠷ᠎ᠠ᠎ᠶᠢᠨ ᠵᠢᠯ᠎ᠳᠦ ᠱᠠᠩᠬᠠᠢ᠎ᠶᠢᠨ ᠣᠶᠤᠨᠲᠤ ᠪᠤᠳᠤᠯᠲᠠ ᠵᠢᠨ ᠬᠦᠴᠦᠨ᠎ᠦ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠨ᠂ ᠪᠢᠳᠡ ᠤᠭᠤᠷᠠᠭ᠎ᠤᠨ ᠵᠢᠷᠤᠭ ᠲᠥᠯᠥᠪᠯᠡᠭᠡ᠎ᠶᠢᠨ ᠵᠠᠭᠪᠤᠷ᠎ᠢ ᠲᠠᠬᠢᠨ ᠳᠠᠪᠲᠠᠨ ᠰᠢᠨᠡᠳᠬᠡᠵᠦ᠂ ᠲᠤᠷᠰᠢᠯᠲᠠ᠎ᠶᠢᠨ ᠲᠠᠰᠤᠭ᠎ᠤᠨ ᠣᠶᠤᠨᠴᠢᠯᠠᠬᠤ ᠥᠭᠡᠷᠡᠴᠢᠯᠡᠯᠲᠡ᠎ᠶᠢ ᠠᠬᠢᠭᠤᠯᠵᠤ᠂ ᠰᠤᠳᠤᠯᠤᠨ ᠨᠡᠭᠡᠭᠡᠵᠦ ᠦᠢᠯᠡᠳᠪᠦᠷᠢᠯᠡᠬᠦ ᠠᠵᠢᠯ᠎ᠤᠨ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ》᠃ ᠱᠠᠩᠬᠠᠢ ᠎ᠶᠢᠨ ᠲᠢᠶᠠᠨ ᠡᠸ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ  ᠵᠣᠬᠢᠶᠠᠮᠠᠯ  ᠤᠶᠤᠨᠲᠤ  ᠲᠤᠷᠰᠢᠯᠲᠠ ᠎ᠶᠢᠨ  ᠲᠠᠰᠤᠭ ᠎ᠤᠨ  ᠲᠡᠷᠢᠭᠦᠨ  ᠰᠢᠨᠵᠢᠯᠡᠬᠦ  ᠤᠬᠠᠭᠠᠨᠲᠠᠨ  ᠯᠢ ᠮᠢᠩ ᠴᠧᠨ ᠬᠡᠯᠡᠬᠥ ᠎ᠳ᠋ᠡᠬᠡᠨ᠂ ᠢᠷᠡᠭᠡᠳᠦᠢ ᠎ᠳᠦ  ᠶᠡᠷᠦᠩᠬᠡᠢ  ᠱᠦᠵᠢ  ᠰᠢ ᠵᠢᠨ ᠫᠢᠩ᠎ᠦᠨ ᠵᠢᠯᠣᠭᠣᠳᠤᠯᠭ᠎ᠠ ᠶᠣᠰᠣᠭᠠᠷ  ᠪᠣᠳᠠᠲᠤ ᠲᠣᠭᠠᠨ᠎ᠤ ᠠᠭᠤᠰᠤᠯᠴᠠᠨ ᠬᠥᠭᠵᠢᠬᠦ᠎ᠶᠢ ᠢᠳᠡᠪᠬᠢᠲᠡᠢ ᠠᠬᠢᠭᠤᠯᠵᠤ᠂ ᠤᠭᠤᠷᠠᠭ᠎ᠤᠨ ᠵᠢᠷᠤᠭ ᠲᠥᠯᠥᠪᠯᠡᠭᠡ᠎ᠶᠢᠨ ᠵᠠᠭᠪᠤᠷ᠎ᠢ ᠭᠦᠨ ᠰᠤᠳᠤᠯᠵᠤ᠂ ᠨᠡᠩ ᠤᠯᠠᠨ ᠤᠭᠤᠷᠠᠭ᠎ᠤᠨ ᠦᠢᠯᠡᠳᠬᠦᠨ ᠪᠣᠯᠣᠨ ᠲᠦᠭᠦᠬᠡᠢ ᠮᠠᠲᠧᠷᠢᠶᠠᠯ᠎ᠤᠨ ᠵᠠᠬ᠎ᠠ ᠳᠡᠯᠭᠡᠭᠦᠷ᠎ᠲᠦ ᠭᠠᠷᠬᠤ᠎ᠶᠢ ᠠᠬᠢᠭᠤᠯᠵᠤ᠂ ᠪᠤᠳᠤᠯᠲᠠ ᠵᠢᠨ ᠬᠦᠴᠤᠨ ᠤ᠋ ᠳᠠᠪᠠᠭᠤᠯᠢᠭ᠋᠎ᠢ ᠦᠨᠡᠨ ᠬᠦ᠌ ᠠᠵᠤ ᠠᠬᠤᠢ᠎ᠶᠢᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃

ᠠᠵᠢᠯ ᠬᠢᠵᠦ ᠦᠢᠯᠡᠰ ᠪᠣᠰᠬᠠᠬᠤ᠎ᠳᠤ ᠰᠠᠢᠨ ᠰᠠᠢᠬᠠᠨ ᠣᠷᠴᠢᠨ ᠲᠣᠭᠣᠷᠢᠨ ᠡᠴᠡ ᠰᠠᠯᠵᠤ ᠴᠢᠳᠠᠬᠤ ᠦᠭᠡᠢ᠃ ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠨ ᠬᠥᠭᠵᠢᠭᠦᠯᠦᠯᠲᠡ᠎ᠶᠢᠨ ᠲᠣᠭᠣᠷᠢᠭ᠋᠎ᠤᠨ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ᠂ ᠬᠠᠮᠢᠶᠠᠷᠤᠯᠲᠠ᠎ᠶᠢᠨ ᠵᠥᠪᠯᠡᠯ᠎ᠦᠨ ᠡᠷᠬᠢᠯᠡᠭᠴᠢ ᠡᡁᠦ᠋ᠸᠸ ᠵᠢᠶᠠᠨ ᠵᠦᠩ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠯᠢᠳᠡᠭ ᠬᠠᠩᠭᠠᠯᠭ᠎ᠠ ᠨᠢ ᠣᠷᠣᠨ ᠪᠦᠰᠡ᠎ᠶᠢᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠴᠢᠬᠤᠯᠠ ᠲᠤᠤᠬᠠᠢ ᠪᠣᠯᠵᠤ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠤᠨ ᠭᠡᠰᠢᠭᠦᠨ᠎ᠦ ᠵᠢᠱ᠌ᠢᠶᠡᠴᠢ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠂ ᠬᠦᠴᠦᠨ ᠵᠦᠢᠯ᠎ᠢ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭ᠍ᠯᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠦᠯᠡᠳᠡᠭᠡᠨ ᠬᠡᠷᠡᠭᠯᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠠᠵᠢᠯ ᠬᠢᠵᠦ ᠦᠢᠯᠡᠰ ᠪᠣᠰᠬᠠᠬᠤ ᠰᠠᠢᠨ ᠰᠠᠢᠬᠠᠨ ᠣᠷᠴᠢᠨ ᠲᠣᠭᠣᠷᠢᠨ᠎ᠢ ᠦᠷᠭᠦᠯᠵᠢᠯᠡᠨ ᠪᠤᠢ ᠪᠣᠯᠭᠠᠬᠤ᠎ᠪᠠᠷ ᠳᠠᠮᠵᠢᠨ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠂ ᠴᠢᠳᠠᠪᠤᠷᠢᠲᠠᠨ᠎ᠤ ᠵᠣᠷᠢᠭ᠍ᠲᠠᠢ᠎ᠪᠠᠷ ᠰᠢᠨ᠎ᠡ᠎ᠶᠢ ᠡᠬᠦᠳᠬᠦ ᠵᠢ ᠠᠬᠢᠭᠤᠯᠵᠤ᠂ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠠᠮᠠᠭᠠᠯᠠᠨ᠎ᠠ ᠬᠡᠵᠦ ᠢᠯᠡᠳᠭᠡᠪᠡ᠃

ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ ᠰᠠᠭᠤᠷᠢ᠎ᠶᠢ ᠪᠡᠬᠢᠵᠢᠭᠦᠯᠦᠨ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠃ ᠡᠭᠦᠷᠭᠡ ᠤᠯᠠᠮ ᠬᠦᠨᠳᠦ ᠪᠣᠯᠬᠤ ᠲᠤᠳᠤᠮ  ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠤᠯᠠᠮ ᠪᠤᠢ ᠪᠣᠯᠭᠠᠨ ᠦᠢᠯᠡᠳᠦᠯᠭᠡᠵᠢᠭᠦᠯᠬᠦ ᠬᠡᠷᠡᠭᠳᠡᠢ᠃ ᠵᠢᠶᠠᠩᠰᠢ ᠮᠤᠵᠢ᠎ᠶᠢᠨ ᠰᠢᠨ ᠹᠸᠩ ᠰᠢᠶᠠᠨ᠎ᠤ ᠴᠠᠩ ᠠᠨ ᠲᠣᠰᠬᠣᠨ᠎ᠤ ᠵᠦᠷᠵᠢ᠎ᠶᠢᠨ ᠬᠦᠷᠢᠶᠡᠯᠡᠩ᠎ᠳᠦ ᠪᠤᠯᠪᠠᠰᠤᠷᠠᠭᠰᠠᠨ ᠵᠦᠷᠵᠢ ᠰᠠᠯᠠᠭ᠎ᠠ ᠨᠠᠮᠠᠭ᠎ᠠ ᠪᠠᠨ ᠲᠠᠭᠠᠭ᠎ᠠ ᠶᠠᠳᠠᠳᠠᠯ᠎ᠠ ᠲᠡᠬᠦᠵᠢᠩᠨᠡᠨ᠎ᠡ᠃ 《ᠶᠡᠷᠦᠩᠬᠡᠢ ᠱᠦᠵᠢ ᠰᠢ ᠵᠢᠨ ᠫᠢᠩ ᠰᠢᠨᠵᠢᠯᠡᠨ ᠪᠠᠢᠴᠠᠭᠠᠬᠤ᠎ᠳᠠᠭᠠᠨ ᠮᠠᠯᠴᠢᠨ ᠲᠠᠷᠢᠶᠠᠴᠢᠨ᠎ᠤ ᠣᠷᠣᠯᠭ᠎ᠠ᠎ᠵᠢ ᠨᠡᠮᠡᠭᠳᠡᠭᠦᠯᠦᠨ ᠪᠠᠶᠠᠵᠢᠭᠤᠯᠬᠤ ᠲᠤᠬᠠᠢ ᠬᠠᠯᠠᠮᠵᠢᠯᠠᠠ᠂ ᠮᠠᠨ᠎ᠤ  ᠡᠷᠴᠢ ᠵᠣᠷᠢᠭ᠋ ᠎ᠢ ᠬᠥᠪᠴᠢᠯᠡᠪᠡ》 ᠭᠡᠵᠦ ᠴᠠᠩ ᠠᠨ ᠲᠣᠰᠬᠣᠨ᠎ᠤ ᠨᠠᠮ᠎ᠤᠨ ᠡᠭᠦᠷ᠎ᠦᠨ ᠱᠦᠵᠢ ᠴᠧᠨ ᠮᠧᠢ ᠰᠢᠶᠠᠨ ᠬᠡᠯᠡᠪᠡ᠃ ᠲᠡᠷᠡ᠂ ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ᠎ᠶᠢ ᠪᠠᠲᠤ ᠴᠡᠭᠡᠵᠢᠯᠡᠵᠦ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠵᠦ᠂ ᠲᠤᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠠ᠂ ᠬᠠᠷᠢᠴᠠᠡᠭᠭᠤᠢ ᠳᠠᠪᠠᠭᠤᠯᠢᠭ᠋᠎ᠢᠶᠠᠨ ᠪᠠᠳᠠᠷᠠᠭᠤᠯᠵᠤ᠂ ᠬᠦᠢᠰᠦᠲᠤ ᠵᠦᠷᠵᠢ᠎ᠶᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠦᠨ᠎ᠡ᠃ ᠡᠭᠦᠨ᠎ᠦ ᠬᠠᠮᠲᠤ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠲᠠᠷᠢᠶᠠᠴᠢᠳ ᠪᠣᠯᠣᠨ ᠠᠵᠤ ᠦᠢᠯᠡᠰ᠎ᠦᠨ ᠠᠰᠢᠭ᠋ ᠲᠤᠰᠠ᠎ᠶᠢᠨ ᠬᠣᠯᠪᠣᠭᠠᠨ᠎ᠤ ᠲᠣᠭᠲᠠᠴᠠ᠎ᠶᠢ ᠪᠠᠢᠭᠤᠯᠵᠤ᠂ ᠲᠣᠰᠬᠣᠨ᠎ᠤ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠎ᠪᠡᠷ ᠴᠢᠷᠮᠠᠢᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ ᠬᠡᠵᠦ ᠢᠯᠡᠳᠭᠡᠪᠡ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 16 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠤᠷᠢᠶ᠎ᠠ
兼容浏览器的HTML页面