2026-10-17 15:22:33
— ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠤᠯᠠᠭᠠᠨᠴᠠᠪᠲᠦ ᠰᠢᠨᠵᠢᠯᠡᠨ ᠪᠠᠢᠴᠠᠭᠠᠬᠤ ᠦᠶᠠᠶᠢᠨ ᠴᠢᠬᠤᠯᠠ ᠶᠠᠷᠢᠶ᠎ᠠ ᠨᠢ ᠪᠦᠬᠦ ᠣᠷᠣᠨ ᠤ᠋ ᠺᠠᠳ᠋ᠷ ᠤᠯᠠᠨ ᠲᠦᠮᠡᠨ ᠤ᠋ ᠲᠤᠮᠳᠠ ᠬᠠᠯᠠᠭᠤᠨ ᠲᠤᠰᠬᠠᠯ ᠭᠠᠷᠪᠠ
10 ᠰᠠᠷ᠎ᠠ ᠶ᠋ᠢᠨ 16 ᠤ᠋ ᠡᠳᠦᠷ᠂ ᠨᠠᠮ ᠤ᠋ᠨ ᠲᠥᠪ ᠬᠣᠷᠢᠶ᠎ᠠ ᠶ᠋ᠢᠨ ᠶᠡᠷᠦᠩᠬᠡᠢ ᠱᠦᠵᠢ᠂ ᠤᠯᠤᠰ ᠤ᠋ᠨ ᠲᠡᠷᠢᠭᠦᠯᠡᠭᠴᠢ᠂ ᠲᠥᠪ ᠤ᠋ᠨ ᠴᠡᠷᠢᠭ ᠤ᠋ᠨ ᠶᠠᠪᠤᠳᠠᠯ ᠤ᠋ᠨ ᠬᠣᠷᠢᠶ᠎ᠠ ᠶ᠋ᠢᠨ ᠲᠡᠷᠢᠭᠦᠯᠡᠭᠴᠢ ᠰᠢ ᠵᠢᠨ ᠫᠢᠩ ᠤᠯᠠᠭᠠᠨᠴᠠᠪ ᠬᠤᠳᠠ ᠳ᠋ᠦ ᠰᠢᠨᠵᠢᠯᠡᠨ ᠪᠠᠢᠴᠠᠭᠠᠪᠠ᠃
ᠡᠨᠡ ᠪᠣᠯ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠣᠯ ᠳ᠋ᠦ ᠢᠷᠡᠵᠤ ᠰᠢᠨᠵᠢᠯᠡᠨ ᠪᠠᠢᠴᠠᠭᠠᠵᠤ ᠠᠵᠢᠯ ᠵᠢᠯᠤᠭᠤᠳᠴᠦ ᠪᠠᠢᠨ᠎ᠠ᠃

10 ᠰᠠᠷ᠎ᠠ ᠵᠢᠨ 16 ᠤ᠋ ᠡᠳᠤᠷ᠂ ᠤᠯᠠᠭᠠᠨᠴᠠᠪ ᠬᠤᠳᠠ ᠵᠢᠨ ᠴᠠᠬᠠᠷ ᠲᠠᠬᠡᠳᠤ ᠰᠢᠨ᠎ᠠ ᠮᠡᠷᠬᠡᠵᠢᠯ ᠤ᠋ᠨ ᠨᠡᠬᠡᠬᠡᠯᠳᠡ ᠵᠢᠨ ᠲᠤᠭᠤᠷᠢᠭ ᠤ᠋ᠨ ᠺᠠᠳ᠋ᠷ ᠠᠵᠢᠯᠳᠠᠳ ᠪᠤᠯᠤᠨ ᠪᠤᠳᠤᠯᠳᠠ ᠵᠢᠨ ᠬᠦᠴᠦᠨ ᠤ᠋ ᠠᠵᠤ ᠠᠬᠤᠢᠯᠠᠯ ᠤ᠋ᠨ ᠲᠦᠯᠦᠬᠡᠯᠡᠭᠴᠢᠳ ᠲᠦᠪ ᠲᠸᠯᠸᠢᠰᠤᠨ 《ᠰᠤᠨᠢᠨ ᠮᠡᠳᠡᠬᠡᠨ ᠤ᠋ ᠨᠡᠪᠳᠡᠷᠡᠬᠦᠯᠬᠡ》 ᠵᠢ ᠬᠦᠯᠢᠶᠠᠨ ᠠᠪᠴᠦ ᠦᠵᠡᠵᠤ ᠪᠠᠢᠭ᠎ᠠ ᠨᠢ᠃
ᠰᠤᠷᠪᠤᠯᠵᠢᠯᠠᠭᠴᠢ ᠮᠦᠩᠬᠡᠴᠢᠯᠠᠭᠤ ᠰᠡᠬᠦᠳᠡᠷᠯᠡᠪᠡ
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠥᠷᠭᠡᠨ ᠣᠯᠠᠨ ᠨᠠᠮ ᠤ᠋ᠨ ᠭᠡᠰᠢᠭᠦᠨ ᠺᠠᠳ᠋ᠷ ᠣᠯᠠᠨ ᠲᠦᠮᠡᠨ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠤᠯᠠᠭᠠᠨᠴᠠᠪ ᠲᠦ᠍ ᠰᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ᠋ ᠰᠠᠨᠠᠭ᠎ᠠ ᠵᠢ ᠳᠠᠷᠤᠢ ᠳ᠋ᠤᠨᠢ ᠨᠠᠷᠢᠨ ᠬᠢᠨᠠᠮᠠᠭᠠᠢ ᠰᠤᠷᠤᠯᠴᠠᠵᠤ᠂ ᠲᠤᠢᠯ ᠤ᠋ᠨ ᠶᠡᠬᠡ ᠪᠡᠷ ᠤᠷᠮᠠᠰᠢᠨ ᠵᠣᠷᠢᠭ᠍ᠵᠢᠵᠠᠢ᠃ ᠬᠦᠰᠡᠯ ᠨᠠᠢᠳᠠᠯᠭ᠎ᠠ ᠨᠢ ᠬᠥᠮᠥᠰ ᠢ᠋ ᠵᠣᠷᠢᠭ᠍ᠵᠢᠭᠤᠯᠤᠨ ᠤᠷᠤᠭᠰᠢᠯᠠᠭᠤᠯᠤᠨ᠎ᠠ᠃ ᠤᠯᠠᠨ ᠢ᠋ᠶ᠋ᠠᠷ ᠢ᠋ᠶ᠋ᠠᠨ᠂ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠤᠷᠢᠶ᠎ᠠ ᠵᠢᠨ ᠲᠣᠭᠣᠷᠢᠨ ᠳ᠋ᠦ ᠨᠡᠩ ᠨᠢᠭ᠍ᠲᠠᠷᠠᠨ ᠪᠦᠯᠬᠦᠮᠳᠡᠵᠦ᠂ ᠰᠢᠨ᠎ᠡ ᠬᠥᠭᠵᠢᠯᠲᠡ ᠶ᠋ᠢᠨ ᠣᠢᠯᠠᠭᠠᠭᠳᠠᠬᠤᠨ ᠢ᠋ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠤ᠋ ᠬᠠᠯᠬᠠᠪᠴᠢ ᠵᠢ ᠪᠠᠲᠤ ᠴᠣᠭᠴᠠᠯᠠᠬᠤ ᠴᠢᠬᠤᠯᠠ ᠶᠡᠬᠡ ᠬᠠᠷᠢᠭᠤᠴᠠᠯᠭ᠎ᠠ ᠵᠢ ᠡᠭᠦᠷᠭᠡᠯᠡᠵᠦ᠂ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠤᠨ ᠬᠥᠭᠵᠢᠭᠦᠯᠵᠦ᠂ ᠠᠮᠢ ᠠᠬᠤᠢ ᠵᠢ ᠤᠷᠢᠳ ᠢ᠋ᠶ᠋ᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠵᠠᠮ ᠢ᠋ᠶ᠋ᠠᠷ ᠡᠷᠡᠰ ᠭᠤᠢᠪᠢᠰᠢ ᠦᠭᠡᠢ ᠵᠠᠮᠨᠠᠨ᠂ ᠪᠣᠳᠠᠲᠠᠢ ᠠᠵᠢᠯᠯᠠᠬᠤ ᠡᠭᠦᠷᠭᠡᠯᠡᠯ ᠢ᠋ᠶ᠋ᠡᠷ ᠴᠢᠩ ᠰᠡᠳᠬᠢᠯ ᠤ᠋ᠨ ᠬᠦᠰᠡᠯ ᠨᠠᠶ᠋ᠢᠳᠠᠯᠭᠠ ᠵᠢ ᠨᠢ ᠥᠪᠥᠷ ᠮᠣᠩᠭᠣᠯ ᠤ᠋ᠨ ᠡᠬᠡ ᠭᠠᠵᠠᠷ ᠤ᠋ᠨ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃
ᠠᠮᠢ ᠠᠬᠤᠢ ᠶ᠋ᠢᠨ ᠡᠬᠢ ᠪᠠᠶᠠᠯᠢᠭᠢᠶᠡᠨ ᠰᠠᠢᠳᠤᠷ ᠰᠠᠬᠢᠨ ᠬᠠᠮᠠᠭᠠᠯᠠᠨ᠎ᠠ
ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠢᠮᠠᠭᠲᠠ ᠰᠡᠳᠬᠢᠯ ᠳ᠋ᠡᠭᠡᠨ ᠪᠤᠳᠤᠭᠰᠠᠭᠠᠷ ᠢᠷᠡᠵᠠᠢ᠃ ᠶᠡᠷᠦᠩᠬᠡᠢ ᠱᠦᠵᠢ ᠰᠢ ᠵᠢᠨ ᠫᠢᠩ ᠤ᠋ᠨ ᠲᠤᠰ ᠤᠳᠠᠭ᠎ᠠ ᠶ᠋ᠢᠨ ᠰᠢᠨᠵᠢᠯᠡᠨ ᠪᠠᠢᠴᠠᠭᠠᠭᠰᠠᠨ ᠭᠢᠬᠢᠷᠢ ᠶ᠋ᠢᠨ ᠨᠠᠭᠤᠷ ᠪᠤᠯ ᠤᠯᠠᠭᠠᠨᠴᠠᠪ ᠬᠤᠳᠠ ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ ᠳ᠋ᠦ ᠪᠠᠢᠷᠢᠯᠠᠭ᠎ᠠ ᠳᠣᠲᠣᠭᠠᠳᠤ ᠬᠠᠭᠤᠷᠠᠢ ᠶ᠋ᠢᠨ ᠪᠢᠳᠡᠬᠦᠮᠵᠢᠯᠡᠭᠰᠡᠨ ᠮᠠᠶᠢᠭᠤᠨ ᠨᠠᠭᠤᠷ ᠪᠠᠢᠵᠦ᠂ ᠠᠭᠤᠷ ᠠᠮᠢᠰᠬᠤᠯ ᠤ᠋ᠨ ᠨᠥᠯᠥᠭᠡ ᠪᠡᠷ ᠨᠢᠭᠡᠨ ᠦᠶ᠎ᠡ ᠳ᠋ᠤ ᠬᠠᠳᠠᠵᠤ ᠰᠢᠷᠭᠢᠬᠦ ᠰᠢᠬᠠᠵᠠᠢ᠃ ᠬᠤᠵᠢᠮ ᠨᠢ ᠣᠯᠠᠨ ᠵᠢᠯ ᠤ᠋ᠨ ᠶᠡᠷᠦᠩᠬᠡᠢᠯᠡᠭᠰᠡᠨ ᠵᠠᠰᠠᠯᠲᠠ ᠪᠡᠷ ᠳᠠᠮᠵᠢᠨ ᠤᠰᠤᠨ ᠴᠠᠷᠠᠭ᠎ᠠ ᠵᠢᠨ ᠲᠠᠯᠠᠪᠠᠢ ᠨᠢ ᠠᠭᠠᠵᠢᠮ ᠢ᠋ᠶ᠋ᠠᠷ ᠰᠡᠷᠭᠦᠨ ᠥᠷᠭᠡᠵᠢᠪᠡ᠃ 《ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠲᠦ᠍ ᠰᠢᠨᠵᠢᠯᠡᠨ ᠪᠠᠢᠴᠠᠭᠠᠵᠤ᠂ ᠦᠨᠳᠦᠰᠦᠨ ᠱᠠᠲᠤᠨ ᠤ᠋ ᠺᠠᠳ᠋ᠷ ᠤᠯᠠᠨ ᠲᠦᠮᠡᠨ ᠢ᠋ ᠤᠷᠮᠠᠰᠢᠭᠤᠯᠪᠠ᠃ 2023 ᠣᠨ ᠳ᠋ᠦ ᠶᠡᠷᠦᠩᠬᠡᠢ ᠱᠦᠵᠢ ᠪᠠᠶᠠᠨᠨᠠᠭᠤᠷ ᠬᠣᠲᠠ ᠶ᠋ᠢᠨ ᠤᠯᠠᠭᠠᠨᠰᠤᠬᠠᠢ ᠳ᠋ᠦ ᠰᠢᠨᠵᠢᠯᠡᠨ ᠪᠠᠢᠴᠠᠭᠠᠬᠤᠳᠠᠭᠠᠨ᠂ ᠰᠡᠳᠬᠢᠯ ᠲᠠᠯᠪᠢᠨ ᠵᠠᠰᠠᠵᠤ᠂ ᠨᠠᠷᠢᠨ ᠨᠢᠮᠪᠠᠢ ᠬᠠᠢᠷᠠᠯᠠᠨ ᠬᠠᠮᠠᠭᠠᠯᠠᠵᠤ᠂ ᠢᠮᠠᠭᠳᠠ ᠪᠠᠷᠢᠮᠲᠠᠯᠠᠨ᠂ ᠴᠦᠬᠦᠷᠡᠰᠢ ᠦᠬᠡᠢ ᠵᠠᠰᠠᠵᠦ᠂ ᠡᠨᠡ ᠬᠦ᠌ 〈ᠪᠣᠭᠣᠮᠲᠠ ᠶ᠋ᠢᠨ ᠭᠠᠳᠠᠨᠠᠬᠢ ᠬᠡᠷᠡᠯᠳᠦ ᠰᠤᠪᠤᠳ〉 ᠢ᠋ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠯᠠᠨ ᠵᠢᠯ ᠤ᠋ᠨ ᠲᠤᠷᠰᠢ᠂ ᠪᠠᠶᠠᠨᠨᠠᠭᠤᠷ ᠬᠣᠲᠠ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮᠲᠠᠢ ᠵᠠᠰᠠᠬᠤ ᠵᠢ ᠪᠠᠷᠢᠮᠲᠠᠯᠠᠵᠤ᠂ ᠠᠮᠢ ᠠᠬᠤᠢ ᠵᠢ ᠵᠠᠰᠠᠨ ᠰᠡᠷᠭᠦᠭᠡᠬᠦ ᠢᠵᠢ ᠪᠦᠷᠢᠨ ᠬᠠᠮ ᠠᠷᠭ᠎ᠠ ᠬᠡᠮᠵᠢᠶ᠎ᠡ ᠵᠢ ᠦᠷᠭᠦᠯᠵᠢᠯᠡᠨ ᠨᠠᠢᠳᠠᠪᠤᠷᠢᠵᠢᠭᠤᠯᠵᠤ᠂ ᠣᠳᠣᠬᠠᠨ ᠳ᠋ᠦ ᠤᠯᠠᠭᠠᠨᠰᠤᠬᠠᠢᠶᠢᠨ ᠤᠰᠤᠨ ᠴᠠᠷᠠᠭ᠎ᠠ ᠵᠢᠨ ᠲᠠᠯᠠᠪᠠᠶ 293 ᠲᠡᠭᠰᠢ ᠳᠥᠷᠪᠡᠯᠵᠢᠨ ᠺᠢᠯᠣᠮᠧᠲᠷ ᠲᠦ᠍ ᠲᠣᠭᠲᠠᠪᠤᠷᠢᠵᠢᠨ᠂ ᠨᠠᠭᠤᠷ ᠤ᠋ᠨ ᠣᠷᠣᠨ ᠤ᠋ ᠪᠦᠬᠦᠯᠢ ᠴᠣᠭᠴᠠ ᠶ᠋ᠢᠨ ᠤᠰᠤᠨ ᠤ᠋ ᠴᠢᠨᠠᠷ ᠲᠣᠭᠲᠠᠭᠤᠨ ᠢ᠋ᠶ᠋ᠠᠷ V ᠲᠥᠷᠥᠯ ᠳ᠋ᠦ ᠬᠦᠷᠴᠦ᠂ ᠵᠢᠯ ᠪᠦᠷᠢ ᠬᠡᠳᠦᠨ ᠠᠷᠪᠠᠨ ᠲᠦᠮᠡᠨ ᠨᠡᠭᠦᠳᠡᠯ ᠤ᠋ᠨ ᠰᠢᠪᠠᠭᠤ ᠡᠨᠳᠡ ᠬᠦᠯ ᠠᠮᠠᠷᠠᠨ᠂ ᠦᠷᠡᠵᠢᠨ ᠲᠥᠯᠵᠢᠵᠦ᠂ ᠨᠠᠭᠤᠷ ᠤ᠋ᠨ ᠣᠷᠣᠨ ᠤ᠋ ᠵᠢᠭᠠᠰᠤᠨ ᠤ᠋ ᠲᠥᠷᠥᠯ ᠴᠦ᠍ 29 ᠵᠦᠢᠯ ᠪᠣᠯᠵᠤ ᠰᠡᠷᠭᠦᠪᠡ》 ᠭᠡᠵᠦ ᠪᠠᠶᠠᠨᠨᠠᠭᠤᠷ ᠬᠣᠲᠠ ᠶ᠋ᠢᠨ ᠤᠯᠠᠭᠠᠨᠰᠤᠬᠠᠢ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠲᠥᠪ ᠤ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠡᠷᠬᠢᠯᠡᠭᠴᠢ ᠪᠦᠦ ᠸᠧᠢ ᠬᠡᠯᠡᠨ᠎ᠠ᠃
ᠥᠪᠥᠷ ᠮᠣᠩᠭᠣᠯ ᠪᠣᠯ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠴᠢᠳᠠᠮᠵᠢᠲᠤ ᠣᠷᠣᠨ ᠪᠣᠯᠣᠨ᠎ᠠ᠃ ᠣᠢᠷ᠎ᠠ ᠶ᠋ᠢᠨ ᠵᠢᠯ ᠳ᠋ᠦ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠪᠠ ᠬᠠᠮᠠᠭᠠᠯᠠᠯᠲᠠ ᠵᠢ ᠦᠷᠭᠦᠯᠵᠢᠯᠡᠨ ᠴᠢᠩᠭᠠᠳᠬᠠᠵᠤ᠂ ᠢᠯᠡᠳᠲᠡ ᠦᠷ᠎ᠡ ᠪᠦᠲᠦᠮᠵᠢ ᠣᠯᠪᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠶ᠋ᠢᠨ ᠳᠡᠳ᠋ ᠳᠠᠷᠤᠭ᠎ᠠ ᠦ᠋ ᠭᠦᠸᠧ ᠴᠢᠩ ᠢᠯᠡᠷᠬᠡᠢᠯᠡᠬᠦ ᠳ᠋ᠡᠭᠡᠨ᠂ ᠪᠢᠳᠡ ᠶᠡᠷᠦᠩᠬᠡᠢ ᠱᠦᠵᠢ ᠶ᠋ᠢᠨ ᠴᠢᠩ ᠰᠡᠳᠬᠢᠯ ᠤ᠋ᠨ ᠬᠦᠰᠡᠯ ᠨᠠᠶ᠋ᠢᠳᠠᠯᠭᠠ ᠵᠢ ᠪᠠᠲᠤ ᠴᠡᠭᠡᠵᠢᠯᠡᠵᠦ᠂ ᠠᠴᠢ ᠡᠨᠡᠷᠢᠯ ᠳ᠋ᠦ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ 《1571》 ᠠᠵᠢᠯ ᠤ᠋ᠨ ᠪᠠᠢᠷᠢᠯᠠᠭᠤᠯᠤᠯᠲᠠ ᠶᠣᠰᠣᠭᠠᠷ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠤᠭᠴᠠᠶᠢᠨ ᠤᠬᠠᠮᠰᠠᠷ ᠢ᠋ ᠪᠠᠲᠤ ᠴᠣᠭᠴᠠᠯᠠᠬᠤ ᠪᠡᠷ ᠭᠣᠣᠯ ᠰᠢᠵᠢᠮ ᠪᠣᠯᠭᠠᠨ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠤ᠋ ᠬᠠᠯᠬᠠᠪᠴᠢ ᠵᠢ ᠪᠥᠬᠥ ᠲᠠᠯ᠎ᠠ ᠪᠡᠷ ᠰᠠᠢᠲᠤᠷ ᠪᠦᠲᠦᠭᠡᠨ ᠪᠠᠢᠭᠤᠯᠵᠤ᠂ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠪᠥᠬᠥ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠦ ᠢᠯᠠᠯᠲᠠ ᠣᠯᠵᠤ᠂ ᠨᠤᠲᠤᠭ ᠪᠡᠯᠴᠢᠭᠡᠷ᠂ ᠣᠶ ᠰᠢᠭᠤᠢ᠂ ᠨᠤᠭᠤ ᠭᠠᠵᠠᠷ ᠪᠠ ᠬᠡᠭᠡᠷ᠎ᠡ ᠶ᠋ᠢᠨ ᠠᠮᠢᠲᠠᠨ ᠤᠷᠭᠤᠮᠠᠯ ᠤ᠋ᠨ ᠡᠬᠢ ᠪᠠᠶᠠᠯᠢᠭ᠋ ᠤ᠋ᠨ ᠬᠠᠮᠠᠭᠠᠯᠠᠯᠲᠠ ᠵᠢ ᠴᠢᠩᠭᠠᠳᠬᠠᠨ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ ᠢ᠋ ᠪᠦᠲᠦᠭᠡᠨ ᠪᠠᠶ᠋ᠢᠭᠤᠯᠬᠤ ᠳ᠋ᠦ ᠥᠪᠥᠷ ᠮᠣᠩᠭᠣᠯ ᠤ᠋ᠨ ᠬᠤᠪᠢ ᠨᠡᠮᠡᠷᠢ ᠪᠡᠨ ᠦᠵᠡᠭᠦᠯᠦᠨ᠎ᠡ ᠭᠡᠵᠡᠢ᠃
ᠰᠢᠯᠢ ᠢ᠋ᠢᠨ ᠭᠤᠤᠯ ᠠᠶ᠋ᠢᠮᠠᠭ ᠤ᠋ᠨ ᠵᠡᠭᠦᠨ ᠬᠣᠶ᠋ᠢᠲᠤ᠌ ᠬᠡᠰᠡᠭᠲᠡᠬᠢ ᠬᠢᠯᠢ ᠢ᠋ᠢᠨ ᠱᠤᠭᠤᠮ ᠲᠠᠭᠠᠤ ᠪᠡᠷ ᠤᠯᠠᠭᠠᠶ ᠭᠤᠤᠯ ᠮᠤᠷᠤᠯᠵᠠᠨ ᠤᠷᠤᠰᠴᠤ᠌᠂ ᠪᠣᠭᠳᠠ ᠠᠭᠤᠯᠠ ᠣᠶ ᠰᠢᠭᠤᠶ ᠢ᠋ᠢᠨ ᠲᠠᠯᠠᠪᠠᠶ ᠬᠦᠬᠡᠷᠡᠨ ᠨᠤᠭᠤᠭᠠᠷᠠᠵᠤ᠂ ᠮᠠᠨ ᠤ᠋ ᠤᠯᠤᠰ ᠤ᠋ᠨ ᠤᠮᠠᠷᠠᠲᠤ ᠢ᠋ᠢᠨ ᠴᠢᠬᠤᠯᠠ ᠠᠮᠢ ᠠᠬᠤᠶ ᠢ᠋ᠢᠨ ᠠᠮᠤᠷ ᠲᠦᠪᠰᠢᠨ ᠤ᠋ ᠬᠠᠯᠬᠠᠪᠴᠢ ᠢ᠋ᠢᠨ ᠪᠦᠷᠢᠯᠳᠦᠬᠦᠨ ᠬᠡᠰᠡᠭ ᠪᠤᠯᠵᠤ ᠪᠠᠢᠳᠠᠭ᠃ ᠥᠪᠥᠷ ᠮᠣᠩᠭᠣᠯ ᠤ᠋ᠨ ᠬᠢᠯᠢ ᠪᠡᠷ ᠤᠷᠤᠵᠤ ᠭᠠᠷᠬᠤ ᠬᠢᠯᠢ ᠢ᠋ᠢᠨ ᠬᠠᠮᠠᠭᠠᠯᠠᠯᠲᠠ ᠢ᠋ᠢᠨ ᠪᠠᠶ᠋ᠢᠴᠠᠭᠠᠬᠤ ᠶᠡᠷᠦᠩᠬᠡᠶ ᠥᠷᠲᠡᠭᠡ ᠢ᠋ᠢᠨ ᠰᠢᠯᠢ ᠢ᠋ᠢᠨ ᠭᠤᠤᠯ ᠤ᠋ᠨ ᠬᠢᠯᠢ ᠢ᠋ᠢᠨ ᠬᠠᠮᠢᠶᠠᠷᠤᠯᠲᠠ ᠢ᠋ᠢᠨ ᠰᠠᠯᠪᠤᠷᠢ ᠠᠩᠭᠢ ᠢ᠋ᠢᠨ ᠮᠣᠷᠢᠲᠤ᠌ ᠴᠠᠭᠳᠠᠭ᠎ᠠ ᠢ᠋ᠢᠨ ᠠᠩᠭᠢ ᠪᠤᠯ ᠡᠨᠳᠡ ᠪᠠᠶ᠋ᠢᠩᠭᠤ ᠰᠠᠭᠤᠭ᠎ᠠ ᠬᠢᠯᠢ ᠢ᠋ᠢᠨ ᠠᠮᠤᠷ ᠲᠦᠪᠰᠢᠨ ᠤ᠋ ᠬᠠᠮᠠᠭᠠᠯᠠᠭᠴᠢ ᠪᠣᠯᠬᠤ ᠪᠦᠬᠡᠳ ᠨᠤᠲᠤᠭ ᠪᠡᠯᠴᠢᠭᠡᠷ ᠤ᠋ᠨ ᠠᠮᠢ ᠠᠬᠤᠶ ᠢ᠋ᠢᠨ ᠲᠣᠭᠣᠷᠢᠨ ᠬᠠᠮᠠᠭᠠᠯᠠᠭᠴᠢ ᠪᠣᠯᠤᠨ᠎ᠠ᠃ 《ᠶᠡᠷᠦᠩᠬᠡᠢ ᠱᠦᠵᠢ ᠢ᠋ᠢᠨ ᠴᠢᠬᠤᠯᠠ ᠶᠠᠷᠢᠶ᠎ᠠ ᠪᠢᠳᠡᠨ ᠳ᠋ᠤ ᠮᠠᠰᠢ ᠶᠡᠬᠡ ᠵᠣᠷᠢᠭᠵᠢᠭᠤᠯᠤᠯ ᠪᠣᠯᠪᠠ᠃ ᠡᠨᠳᠡᠬᠢ ᠠᠮᠢ ᠠᠬᠤᠢ᠂ ᠠᠮᠤᠷ ᠠᠮᠤᠭᠤᠯᠠᠩ ᠢ᠋ ᠰᠠᠶ᠋ᠢᠲᠤᠷ ᠬᠠᠮᠠᠭᠠᠯᠠᠬᠤ ᠪᠣᠯ ᠨᠡᠭᠦᠳᠡᠯ ᠠᠷᠠᠳ ᠤ᠋ᠨ ᠬᠠᠮᠢᠶᠠᠷᠤᠯᠲᠠ ᠢ᠋ᠢᠨ ᠴᠠᠭᠳᠠᠭ᠎ᠠ ᠢ᠋ᠢᠨ ᠵᠠᠶ᠋ᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠶᠤᠮ》 ᠭᠡᠵᠤ ᠶᠡᠷᠦᠩᠬᠡᠶ ᠱᠦᠵᠢ ᠰᠢ ᠵᠢᠨ ᠫᠢᠩ ᠤ᠋ᠨ ᠤᠯᠠᠭᠠᠨᠴᠠᠪ ᠲᠤ᠌ ᠰᠢᠨᠵᠢᠯᠡᠨ ᠪᠠᠶ᠋ᠢᠴᠠᠭᠠᠭᠰᠠᠨ ᠮᠡᠳᠡᠭᠡᠯᠡᠯ ᠢ᠋ ᠭᠥᠯᠢᠶᠡᠨ ᠠᠪᠴᠤ᠌ ᠦᠵᠡᠭᠰᠡᠨ ᠤ᠋ ᠳᠠᠷᠠᠭ᠎ᠠ ᠮᠣᠷᠢᠲᠤ ᠴᠠᠭᠳᠠᠭ᠎ᠠ ᠢ᠋ᠢᠨ ᠠᠩᠭᠢ ᠢ᠋ᠢᠨ ᠳᠠᠷᠤᠭ᠎ᠠ ᠠᠴᠢᠲᠤ᠌ ᠳᠣᠭᠳᠣᠯᠤᠭᠰᠠᠨ ᠰᠡᠳᠬᠢᠯᠭᠡ ᠪᠡᠨ ᠳᠠᠷᠤᠵᠤ ᠶᠠᠳᠠᠨ ᠶᠠᠷᠢᠨ᠎ᠠ᠃ ᠲᠡᠷᠡ᠄ 《ᠮᠠᠨ ᠤ᠋ ᠪᠦᠬᠦ᠌ ᠠᠩᠭᠢ ᠪᠠᠷ ᠢ᠋ᠢᠡᠨ ᠶᠡᠷᠦᠩᠬᠡᠢ ᠱᠦᠵᠢ ᠰᠢ ᠵᠢᠨ ᠫᠢᠩ ᠤ᠋ᠨ ᠤᠯᠠᠭᠠᠨᠴᠠᠪᠲᠤ᠌ ᠰᠢᠨᠵᠢᠯᠡᠨ ᠪᠠᠶ᠋ᠢᠴᠠᠭᠠᠬᠤ ᠦᠶ᠎ᠡ ᠢ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠢ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠮᠣᠩᠭᠣᠯ ᠮᠤᠷᠢᠨ ᠤ᠋ ᠵᠣᠷᠢᠭ ᠰᠠᠨᠠᠭ᠎ᠠ ᠢ᠋ᠢ ᠶᠡᠬᠡ ᠪᠡᠷ ᠪᠠᠳᠠᠷᠠᠭᠤᠯᠤᠨ᠂ ᠠᠮᠢ ᠠᠬᠤᠢ ᠢ᠋ᠢᠨ ᠴᠠᠭᠳᠠᠭᠠᠨ ᠤ᠋ ᠶᠠᠪᠤᠳᠠᠯ ᠤ᠋ᠨ ᠲᠣᠭᠲᠠᠴᠠ ᠢ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠢ᠋ᠢᠡᠷ ᠪᠦᠬᠦ᠌ ᠣᠷᠣᠨ ᠪᠦᠰᠡ ᠢ᠋ᠢᠨ ᠠᠮᠢ ᠠᠬᠤᠢ ᠢ᠋ᠢᠨ ᠬᠠᠮᠠᠭᠠᠯᠠᠯᠲᠠ ᠢ᠋ᠢᠨ ᠲᠣᠣᠷ ᠢ᠋ ᠨᠢᠭᠲᠠ ᠰᠦᠯᠵᠢᠨ᠂ ᠦᠨᠡᠨᠴᠢ ᠰᠢᠳᠤᠷᠭᠤ ᠪᠡᠷ ᠬᠠᠷᠢᠭᠤᠴᠠᠯᠭ᠎ᠠ ᠡᠭᠦᠷᠭᠡᠯᠡᠵᠤ᠂ ᠡᠬᠡ ᠤᠯᠤᠰ ᠤ᠋ᠨ ᠤᠮᠠᠷᠠᠲᠤ ᠬᠢᠯᠢ ᠢ᠋ᠢᠨ ᠠᠮᠤᠷ ᠲᠦᠪᠰᠢᠨ ᠲᠣᠭᠲᠠᠭᠤᠨ ᠤ᠋ ᠬᠠᠯᠬᠠᠪᠴᠢ ᠪᠤᠯᠤᠨ ᠮᠠᠨ ᠤ᠋ ᠤᠯᠤᠰ ᠤ᠋ᠨ ᠤᠮᠠᠷᠠᠲᠤ ᠢ᠋ᠢᠨ ᠴᠢᠬᠤᠯᠠ ᠠᠮᠢ ᠠᠬᠤᠢ ᠢ᠋ᠢᠨ ᠠᠮᠤᠷ ᠲᠦᠪᠰᠢᠨ ᠤ᠋ ᠬᠠᠯᠬᠠᠪᠴᠢ ᠢ᠋ᠢ ᠪᠠᠲᠤ᠌ ᠴᠣᠭᠴᠠᠯᠠᠨ᠎ᠠ》 ᠭᠡᠪᠡ᠃
ᠥᠪᠥᠷ ᠮᠣᠩᠭᠣᠯ ᠳ᠋ᠤ ᠲᠠᠯ᠎ᠠ ᠨᠤᠲᠤᠭ᠂ ᠣᠶ ᠰᠢᠭᠤᠶ᠂ ᠭᠤᠤᠯ ᠮᠥᠷᠡᠨ ᠨᠠᠭᠤᠷ ᠴᠥᠭᠥᠷᠥᠮ ᠵᠡᠷᠭᠡ ᠪᠠᠶ᠋ᠢᠭᠠᠯᠢ ᠢ᠋ᠢᠨ ᠡᠬᠢ ᠪᠠᠶᠠᠯᠢᠭ ᠲᠠᠢ ᠪᠠᠶ᠋ᠢᠵᠤ᠂ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠵᠢᠡᠷ ᠡᠯᠪᠡᠭ ᠳᠡᠯᠪᠡᠭ ᠶᠤᠮ᠃ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠰᠢᠰᠲ᠋ᠧᠮ ᠤ᠋ᠨ ᠬᠢᠨ ᠣᠯᠠᠨ ᠵᠢᠯ ᠤ᠋ᠨ ᠲᠤᠷᠰᠢ ᠲᠠᠯ᠎ᠠ ᠨᠤᠲᠤᠭ᠂ ᠣᠶ ᠰᠢᠭᠤᠶ᠂ ᠭᠤᠤᠯ ᠮᠥᠷᠡᠨ ᠨᠠᠭᠤᠷ ᠪᠦᠷᠢᠳᠦ᠂ ᠨᠤᠭᠤ ᠭᠠᠵᠠᠷ ᠤ᠋ᠨ ᠠᠮᠢ ᠠᠬᠤᠶ ᠢ᠋ᠢᠨ ᠤᠤᠯ ᠲᠦᠷᠰᠦᠵᠢ ᠰᠠᠬᠢᠨ ᠬᠠᠮᠠᠭᠠᠯᠠᠵᠤ᠂ ᠦᠨᠳᠦᠰᠦᠲᠡᠨ ᠤ᠋ ᠰᠣᠶᠣᠯ ᠤ᠋ᠨ ᠰᠤᠳᠠᠰᠤ ᠢ᠋ᠢ ᠬᠠᠮᠠᠭᠠᠯᠠᠨ ᠤᠯᠠᠮᠵᠢᠯᠠᠵᠤ᠂ ᠲᠦᠬᠡᠮᠡᠯ ᠠᠰᠢᠭ ᠬᠦᠷᠲᠡᠭᠡᠬᠦ᠌ ᠲᠡᠩᠴᠡᠬᠦᠷᠢᠳᠡᠢ ᠣᠯᠠᠨ ᠨᠡᠶ᠋ᠢᠲᠡ ᠢ᠋ᠢᠨ ᠰᠣᠶᠣᠯ ᠤ᠋ᠨ ᠦᠢᠯᠡᠴᠢᠯᠡᠭᠡ ᠢ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠮᠢ ᠠᠬᠤᠶ ᠢ᠋ᠢᠨ ᠳᠠᠪᠠᠭᠤᠯᠢᠭ ᠢ᠋ ᠰᠣᠶᠣᠯ ᠵᠢᠭᠤᠯᠴᠢᠯᠠᠯ ᠤ᠋ᠨ ᠬᠥᠭᠵᠢᠯᠲᠡ ᠢ᠋ᠢᠨ ᠳᠠᠪᠠᠭᠤᠯᠢᠭ ᠪᠣᠯᠭᠠᠨ ᠲᠦᠷᠭᠡᠳᠬᠡᠨ ᠬᠤᠪᠢᠷᠠᠭᠤᠯᠬᠤ ᠢ᠋ᠢ ᠠᠬᠢᠭᠤᠯᠵᠤ᠂ ᠠᠮᠢ ᠠᠬᠤᠶ ᠢ᠋ᠢᠨ ᠬᠠᠮᠠᠭᠠᠯᠠᠯᠲᠠ ᠬᠢᠭᠡᠳ ᠰᠣᠶᠣᠯ ᠵᠢᠭᠤᠯᠴᠢᠯᠠᠯ ᠤ᠋ᠨ ᠨᠡᠭᠡᠭᠡᠨ ᠬᠥᠭᠵᠢᠭᠦᠯᠦᠯᠲᠡ ᠢ᠋ᠢᠨ ᠰᠠᠶ᠋ᠢᠨ ᠨᠥᠬᠥᠴᠡᠯᠳᠦᠯ ᠪᠠ ᠬᠠᠷᠢᠯᠴᠠᠨ ᠠᠬᠢᠭᠤᠯᠵᠤ ᠬᠠᠮᠲᠤ ᠪᠠᠷ ᠠᠬᠢᠬᠤ ᠢ᠋ᠢ ᠪᠡᠶᠡᠯᠡᠭᠦᠯᠵᠡᠢ᠃ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠺᠠᠳ᠋ᠷ ᠠᠵᠢᠯᠲᠠᠳ᠄ 《ᠪᠢᠳᠡ ᠶᠡᠷᠦᠩᠬᠡᠶ ᠱᠦᠵᠢ ᠰᠢ ᠵᠢᠨ ᠫᠢᠩ ᠤ᠋ᠨ ᠬᠦᠰᠡᠯ ᠨᠠᠶ᠋ᠢᠳᠠᠯᠭᠠ ᠢ᠋ᠢ ᠪᠠᠲᠤ᠌ ᠴᠡᠭᠡᠵᠢᠯᠡᠵᠤ᠂ ᠰᠣᠶᠣᠯ ᠵᠢᠭᠤᠯᠴᠢᠯᠠᠯ ᠤ᠋ᠨ ᠠᠵᠢᠯ ᠤ᠋ᠨ ᠡᠭᠦᠷᠭᠡ ᠴᠢᠳᠠᠪᠬᠢ ᠳ᠋ᠤ ᠰᠠᠭᠤᠷᠢᠯᠠᠨ᠂ ᠰᠢᠨ᠎ᠡ ᠬᠥᠭᠵᠢᠯᠲᠡ ᠢ᠋ᠢᠨ ᠣᠶ᠋ᠢᠯᠠᠭᠠᠭᠳᠠᠬᠤᠨ ᠢ᠋ ᠵᠥᠪ ᠣᠨᠣᠪᠴᠢᠲᠠᠶ ᠪᠥᠬᠥ᠌ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠢ᠋ᠢ ᠬᠠᠮᠠᠭᠠᠯᠠᠬᠤ᠂ ᠡᠬᠢ ᠪᠠᠶᠠᠯᠢᠭ ᠢ᠋ ᠠᠮᠢᠯᠠᠭᠤᠯᠬᠤ᠂ ᠣᠯᠠᠨ ᠨᠡᠶ᠋ᠢᠲᠡ ᠢ᠋ᠢᠨ ᠰᠣᠶᠣᠯ ᠤ᠋ᠨ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠂ ᠦᠢᠯᠡᠳᠬᠦᠨ ᠤ᠋ ᠬᠠᠩᠭᠠᠯᠭ᠎ᠠ᠂ ᠠᠵᠢᠯ ᠲᠥᠷᠥᠯ ᠤ᠋ᠨ ᠵᠠᠰᠠᠯᠲᠠ ᠢ᠋ᠢᠨ ᠡᠯ᠎ᠡ ᠵᠦᠢᠯ ᠤ᠋ᠨ ᠠᠵᠢᠯ ᠢ᠋ ᠴᠢᠨᠠᠷ ᠰᠠᠶ᠋ᠢᠲᠠᠢ ᠦᠨᠳᠦᠷ ᠪᠦᠲᠦᠮᠵᠢᠲᠡᠢ ᠪᠡᠷ ᠠᠬᠢᠭᠤᠯᠬᠤ ᠢ᠋ᠢ ᠪᠠᠷᠢᠮᠲᠠᠯᠠᠨ᠂ ᠠᠮᠢ ᠠᠬᠤᠶ ᠢ᠋ᠢᠨ ᠰᠣᠶᠣᠯ ᠵᠢᠭᠤᠯᠴᠢᠯᠠᠯ ᠤ᠋ᠨ ᠬᠦᠷᠢᠶᠡᠨ ᠳ᠋ᠡᠬᠢ ᠲᠣᠪᠣᠶ᠋ᠢᠮᠠ ᠠᠰᠠᠭᠤᠳᠠᠯ ᠢ᠋ ᠴᠢᠩᠭ᠎ᠠ ᠠᠩᠬᠠᠷᠴᠤ᠂ ᠠᠮᠢ ᠠᠬᠤᠶ ᠢ᠋ᠢᠨ ᠬᠠᠮᠠᠭᠠᠯᠠᠯᠲᠠ ᠢ᠋ᠢᠨ ᠤᠯᠠᠭᠠᠨ ᠱᠤᠭᠤᠮ ᠢ᠋ ᠴᠢᠩᠭ᠎ᠠ ᠰᠠᠬᠢᠨ᠂ ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ ᠭᠡᠬᠦ᠌ ᠬᠥᠭᠵᠢᠯᠲᠡ ᠢ᠋ᠢᠨ ᠣᠶ᠋ᠢᠯᠠᠭᠠᠭᠳᠠᠬᠤᠨ ᠢ᠋ ᠦᠢᠯᠡᠳᠦᠯᠭᠡᠵᠢᠭᠦᠯᠵᠤ᠂ ᠰᠠᠯᠠᠭ᠎ᠠ ᠮᠥᠴᠢᠷ ᠠᠯᠤᠰᠯᠠᠬᠰᠠᠨ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠢ᠋ᠢ ᠭᠦᠨᠵᠡᠭᠡᠢᠷᠡᠭᠦᠯᠤᠨ᠂ ᠰᠣᠶᠣᠯ ᠵᠢᠭᠤᠯᠴᠢᠯᠠᠯ ᠤ᠋ᠨ ᠡᠭᠦᠷᠭᠡ ᠲᠤᠰᠢᠶᠠᠯ ᠢ᠋ᠢᠡᠨ ᠭᠦᠢᠴᠡᠳᠬᠡᠵᠤ᠂ ᠨᠤᠲᠤᠭ ᠪᠡᠯᠴᠢᠭᠡᠷ ᠤ᠋ᠨ ᠠᠮᠢ ᠠᠬᠤᠢ᠂ ᠭᠣᠣᠯ ᠮᠥᠷᠡᠨ ᠤ᠋ ᠠᠮᠤᠷ ᠠᠮᠤᠭᠤᠯᠠᠡᠭ᠂ ᠰᠤᠶᠤᠯ ᠤ᠋ᠨ ᠰᠤᠳᠠᠰᠤ ᠢ᠋ᠢᠨ ᠦᠨᠢᠳᠡ ᠢ᠋ᠢᠨ ᠦᠷᠭᠦᠯᠵᠢᠯᠡᠯ ᠢ᠋ ᠰᠠᠢᠲᠤᠷ ᠰᠠᠬᠢᠨ ᠬᠠᠮᠠᠭᠠᠯᠠᠨ᠎ᠠ》 ᠭᠡᠵᠤ ᠢᠯᠡᠷᠭᠡᠢᠯᠡᠵᠡᠭᠡᠪᠠ᠃
ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠤᠢᠵᠢᠭᠤᠯᠤᠨᠠ
ᠵᠣᠬᠢᠶᠠᠮᠠᠯ ᠣᠶᠤᠨ ᠴᠢᠳᠠᠪᠤᠷᠢ ᠪᠣᠯ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠣᠶ᠋ᠢᠵᠢᠭᠤᠯᠤᠨ ᠪᠤᠵᠠᠭᠠᠶ᠋ᠢᠷᠠᠭᠤᠯᠬᠤ ᠵᠠᠩᠭᠢᠯᠠᠭ᠎ᠠ ᠢ᠋ᠢᠨ ᠬᠥᠳᠡᠯᠭᠡᠭᠦᠷ ᠮᠥᠨ᠂ ᠵᠣᠬᠢᠶᠠᠮᠠᠯ ᠣᠶᠤᠨ ᠴᠢᠳᠠᠪᠤᠷᠢ ᠢ᠋ᠢᠨ ᠮᠡᠷᠭᠡᠵᠢᠯ ᠤ᠋ᠨ ᠲᠦᠷᠭᠡᠨ ᠰᠣᠯᠢᠭᠳᠠᠬᠤ ᠢ᠋ᠢ ᠳᠠᠭᠠᠯᠳᠤᠨ ᠪᠤᠳᠤᠯᠲᠠ ᠢ᠋ᠢᠨ ᠬᠦᠴᠦᠨ ᠤ᠋ ᠠᠵᠤ ᠦᠢᠯᠡᠰ ᠦᠷᠨᠢᠭᠦᠨ ᠬᠦᠭᠵᠢᠯᠲᠡ ᠢ᠋ᠢᠨ ᠠᠵᠠ ᠲᠣᠬᠢᠶᠠᠯ ᠢ᠋ ᠤᠭᠲᠤᠨ ᠠᠪᠴᠢᠷᠠᠪᠠ᠃ ᠥᠪᠥᠷ ᠮᠣᠩᠭᠣᠯ 《ᠳᠡᠭᠡᠷ᠎ᠡ ᠪᠡᠨ ᠰᠠᠯᠬᠢᠨ ᠬᠦᠴᠦ ᠭᠡᠷᠡᠯᠴᠢ ᠴᠡᠨᠡᠭ ᠲᠠᠢ᠂ ᠳᠤᠤᠷᠠᠪᠠᠨ ᠨᠡᠭᠦᠷᠡᠰᠦ ᠲᠡᠶ᠂ ᠭᠠᠷ ᠲᠠᠭᠠᠨ ᠴᠠᠬᠢᠯᠭᠠᠨ ᠲᠤᠤᠷ ᠲᠠᠢ ᠶᠤᠮ》᠃ ᠡᠨᠧᠷᠭᠢ ᠢ᠋ᠢᠨ ᠳᠠᠪᠠᠭᠤᠯᠢᠭ ᠲᠠᠭᠠᠨ ᠰᠠᠭᠤᠷᠢᠯᠠᠨ ᠤᠯᠠᠮᠵᠢᠯᠠᠯᠲᠤ᠌ ᠠᠵᠤ ᠦᠢᠯᠡᠰ ᠤ᠋ᠨ ᠬᠡᠯᠪᠡᠷᠢ ᠪᠡᠨ ᠬᠤᠪᠢᠷᠠᠭᠤᠯᠬᠤ ᠢ᠋ᠢ ᠠᠬᠢᠭᠤᠯᠤᠨ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠳ᠋ᠤ ᠡᠨᠧᠷᠭᠢ ᠣᠯᠭᠣᠵᠤ᠂ ᠠᠵᠤ ᠦᠢᠯᠡᠰ ᠤ᠋ᠨ ᠬᠥᠭᠵᠢᠯᠲᠡ ᠢ᠋ᠢᠨ ᠤᠷᠤᠰᠬᠠᠯ ᠤ᠋ᠨ ᠡᠮᠦᠨ᠎ᠡ ᠥᠪᠥᠷ ᠮᠣᠩᠭᠣᠯ ᠶᠠᠭ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ ᠰᠢᠨᠵᠢᠯᠡᠬᠦ᠌ ᠤᠬᠠᠭᠠᠨᠴᠢ ᠪᠠᠷ ᠲᠥᠯᠥᠪᠵᠢᠭᠦᠯᠵᠦ᠍᠂ ᠪᠥᠬᠥ᠌ ᠤᠯᠤᠰ ᠤ᠋ᠨ ᠨᠢᠭᠡ ᠴᠣᠭᠴᠠᠵᠢᠭᠰᠠᠨ ᠪᠤᠳᠤᠯᠲᠠ ᠢ᠋ᠢᠨ ᠬᠦᠴᠦᠨ ᠤ᠋ ᠲᠤᠤᠷ ᠲᠤ᠌ ᠰᠠᠨᠠᠭᠠᠴᠢᠯᠠᠭ᠎ᠠ ᠡᠴᠡ ᠪᠠᠨ ᠠᠭᠤᠰᠤᠯᠴᠠᠵᠤ ᠪᠠᠶ᠋ᠢᠨ᠎ᠠ᠃ 《ᠶᠡᠷᠦᠩᠬᠡᠢ ᠱᠦᠵᠢ ᠰᠢ ᠵᠢᠨ ᠫᠢᠩ ᠮᠠᠨ ᠤ᠋ ᠬᠤᠳᠠ ᠳ᠋ᠤ ᠰᠢᠨᠵᠢᠯᠡᠨ ᠪᠠᠶ᠋ᠢᠴᠠᠭᠠᠬᠤ ᠳ᠋ᠠᠭᠠᠨ 〈ᠵᠠᠭᠦᠨᠳᠡᠬᠢ ᠲᠤᠭ᠎ᠠ ᠪᠠᠷᠢᠮᠲᠠ ᠢ᠋ᠢ ᠪᠠᠷᠠᠭᠤᠨᠳᠠᠬᠢ ᠪᠤᠳᠤᠯᠲᠠ ᠢ᠋ᠢᠨ ᠬᠦᠴᠦᠨ ᠢ᠋ᠢᠡᠷ ᠲᠤᠯᠭᠠᠭᠤᠷᠢᠯᠠᠬᠤ〉 ᠢᠨᠵᠧᠨᠧᠷᠢᠩ ᠢ᠋ ᠬᠡᠷᠡᠭᠵᠢᠭᠦᠯᠵᠦ᠍᠂ ᠪᠦᠬᠦ᠌ ᠤᠯᠤᠰ ᠤ᠋ᠨ ᠨᠢᠭᠡ ᠴᠤᠬᠴᠠᠵᠢᠬᠰᠡᠨ ᠪᠤᠳᠤᠯᠲᠠ ᠢ᠋ᠢᠨ ᠬᠦᠴᠦᠨ ᠤ᠋ ᠲᠣᠣᠷ ᠢ᠋ ᠪᠠᠶ᠋ᠢᠭᠤᠯᠬᠤ ᠪᠣᠯ ᠨᠠᠮ ᠤ᠋ᠨ ᠲᠥᠪ ᠬᠤᠷᠢᠶ᠎ᠠ ᠵᠢᠨ ᠴᠢᠬᠤᠯᠠ ᠪᠠᠶ᠋ᠢᠷᠢᠯᠠᠭᠤᠯᠤᠯᠲᠠ ᠪᠣᠯᠤᠨ᠎ᠠ᠃ ᠰᠢᠨᠵᠢᠯᠡᠬᠦ᠌ ᠤᠬᠠᠭᠠᠨᠴᠢ ᠲᠦᠯᠦᠪᠵᠢᠭᠦᠯᠭᠡ᠂ ᠴᠢᠬᠤᠯᠠ ᠡᠯᠧᠮᠧᠨ᠋ᠲ ᠤ᠋ᠨ ᠲᠤᠯᠭᠠᠭᠤᠷᠢᠯᠠᠯ᠂ ᠠᠮᠤᠷ ᠲᠦᠪᠰᠢᠨ ᠤ᠋ ᠪᠠᠲᠤᠯᠠᠭ᠎ᠠ ᠢ᠋ᠢ ᠴᠢᠩᠭᠠᠳᠬᠠᠵᠤ᠂ ᠨᠢᠭᠡᠨᠲᠡ ᠪᠠᠶ᠋ᠢᠭᠤᠯᠤᠭᠰᠠᠨ ᠲᠦᠷᠦᠯ ᠵᠦᠢᠯ ᠤ᠋ᠨ ᠥᠨᠳᠥᠷ ᠪᠦᠲᠦᠮᠵᠢᠲᠡᠢ ᠶᠠᠪᠤᠭᠳᠠᠬᠤ ᠢ᠋ᠢ ᠦᠨᠡᠨ ᠬᠦ᠌ ᠪᠠᠲᠤᠯᠠᠬᠤ ᠢ᠋ᠢᠨ ᠬᠠᠮᠲᠤ᠌ ᠬᠣᠶ᠋ᠢᠰᠢᠳᠠ ᠢ᠋ᠢᠨ ᠲᠦᠷᠦᠯ ᠵᠦᠢᠯ ᠤ᠋ᠨ ᠪᠦᠳᠦᠭᠡᠨ ᠪᠠᠶ᠋ᠢᠭᠤᠯᠤᠯᠲᠠ ᠢ᠋ᠢ ᠲᠣᠭᠲᠠᠭᠰᠠᠨ ᠬᠤᠭᠤᠴᠠᠭᠠᠨ ᠳ᠋ᠤ ᠪᠡᠶᠡᠯᠡᠭᠦᠯᠬᠦ᠌ ᠬᠡᠷᠡᠭᠲᠡᠢ᠃ ᠠᠵᠤ ᠦᠢᠯᠡᠰ ᠤ᠋ᠨ ᠬᠡᠯᠬᠢᠶ᠎ᠡ ᠢ᠋ᠢ ᠢᠳᠡᠪᠬᠢᠲᠡᠶ ᠤᠷᠲᠤᠳᠬᠠᠵᠤ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ᠌ ᠴᠣᠭᠴᠠ ᠢ᠋ᠢᠨ ᠠᠵᠤ ᠠᠬᠤᠶ ᠢ᠋ᠢᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠪᠤᠳᠤᠯᠲᠠ ᠢ᠋ᠢᠨ ᠬᠦᠴᠦᠨ ᠤ᠋ ᠳᠠᠪᠠᠭᠤᠯᠢᠭ ᠢ᠋ ᠲᠠᠰᠤᠷᠠᠯᠲᠠ ᠥᠬᠡᠶ ᠬᠥᠭᠵᠢᠯᠲᠡ ᠢ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ ᠡᠨᠡ ᠨᠢ ᠮᠠᠨ ᠤ᠋ ᠬᠣᠲᠠ ᠢ᠋ᠢᠨ ᠪᠤᠳᠤᠯᠲᠠ ᠢ᠋ᠢᠨ ᠬᠦᠴᠦᠨ ᠤ᠋ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠵᠦ᠍ ᠳᠡᠰ ᠳᠡᠪᠰᠢᠭᠦᠯᠬᠦ᠌ ᠢ᠋ᠢ ᠠᠬᠢᠭᠤᠯᠬᠤ ᠳ᠋ᠤ ᠴᠢᠭᠯᠡᠯ ᠢ᠋ ᠲᠤᠭᠲᠠᠭᠠᠵᠤ ᠥᠭᠴᠡᠢ》 ᠭᠡᠵᠤ ᠤᠯᠠᠭᠠᠨᠴᠠᠪ ᠬᠣᠲᠠ ᠢ᠋ᠢᠨ ᠲᠣᠮᠣ ᠳ᠋ᠠᠶ᠋ᠢᠲ᠋ᠠ ᠢ᠋ᠢᠨ ᠬᠠᠮᠢᠶᠠᠷᠤᠯᠲᠠ ᠢ᠋ᠢᠨ ᠲᠣᠪᠴᠢᠶ᠎ᠠ ᠢ᠋ᠢᠨ ᠳᠠᠷᠤᠭ᠎ᠠ ᠭᠦᠸᠧ ᠰᠢᠶᠤᠤ ᠯᠢᠩ ᠢᠯᠡᠷᠬᠡᠶ᠋ᠢᠯᠡᠪᠠ᠃ ᠲᠡᠷᠡ᠂ ᠤᠯᠠᠭᠠᠨᠴᠠᠪ ᠬᠣᠲᠠ ᠬᠦᠰᠡᠯ ᠨᠠᠶ᠋ᠢᠳᠠᠯᠭᠠ ᠢ᠋ᠢ ᠪᠠᠲᠤ᠌ ᠴᠡᠭᠡᠵᠢᠯᠡᠵᠦ᠍᠂ ᠠᠴᠢ ᠡᠨᠡᠷᠢᠯ ᠳᠤ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ 《ᠪᠤᠳᠤᠯᠳᠠ ᠵᠢᠨ ᠬᠦᠴᠦᠨ ᠪᠤᠯᠤᠨ ᠴᠠᠬᠢᠯᠭᠠᠨ ᠬᠦᠴᠤᠨᠤ ᠬᠠᠮᠵᠢᠯᠴᠠᠭ᠎ᠠ》᠂ 《ᠪᠤᠳᠤᠯᠳᠠ ᠵᠢᠨ ᠬᠦᠴᠦᠨ ᠪᠤᠯᠤᠨ ᠤᠰᠤᠨ ᠤ᠋ ᠡᠬᠢ ᠪᠠᠶᠠᠯᠢᠭ ᠤᠨ ᠬᠠᠮᠵᠢᠯᠴᠠᠭ᠎ᠠ》 ᠪᠠᠷ ᠭᠠᠷᠳᠠᠴᠠ ᠪᠣᠯᠭᠠᠨ᠂ ᠪᠣᠬᠢᠷᠲᠤᠯ ᠥᠬᠡᠶ ᠪᠤᠳᠤᠯᠲᠠ ᠢ᠋ᠢᠨ ᠬᠦᠴᠦᠨ ᠤ᠋ ᠬᠡᠪᠴᠢᠶ᠎ᠡ ᠢ᠋ᠢ ᠪᠤᠵᠠᠭᠠᠶ᠋ᠢᠷᠠᠭᠤᠯᠵᠤ᠂ ᠠᠵᠤ ᠦᠢᠯᠡᠰ ᠤ᠋ᠨ ᠬᠡᠯᠬᠢᠶ᠎ᠡ ᠢ᠋ᠢ ᠤᠷᠲᠤᠳᠬᠠᠨ᠂ ᠣᠯᠠᠨ ᠡᠰᠢᠲᠦ᠍ ᠬᠡᠷᠡᠭᠯᠡᠭᠡ ᠢ᠋ᠢ ᠥᠷᠭᠡᠳᠬᠡᠵᠦ᠍᠂ ᠪᠥᠬᠥ᠌ ᠤᠯᠤᠰ ᠤ᠋ᠨ ᠴᠢᠬᠤᠯᠠ ᠪᠣᠬᠢᠷᠲᠤᠯ ᠥᠬᠡᠶ ᠪᠤᠳᠤᠯᠲᠠ ᠢ᠋ᠢᠨ ᠬᠦᠴᠦᠨ ᠤ᠋ ᠪᠠᠲᠤᠯᠠᠭ᠎ᠠ ᠢ᠋ᠢᠨ ᠰᠠᠭᠤᠷᠢᠨ ᠢ᠋ ᠬᠦᠴᠦᠯᠡᠨ ᠪᠠᠶ᠋ᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤ᠋ᠨ ᠪᠥᠲᠥᠭᠡᠨ ᠪᠠᠶ᠋ᠢᠭᠤᠯᠤᠯᠲᠠ ᠳ᠋ᠤ ᠦᠢᠯᠡᠴᠢᠯᠡᠬᠦ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭᠵᠢᠭᠦᠯᠬᠦ᠌ ᠳᠤᠮᠳᠠ ᠨᠠᠩ ᠶᠡᠬᠡ ᠡᠭᠦᠷᠭᠡᠯᠡᠯ ᠢ᠋ᠢᠡᠨ ᠢᠯᠡᠷᠡᠭᠦᠯᠦᠨ᠎ᠡ ᠭᠡᠵᠤ ᠢᠯᠡᠷᠬᠡᠢᠯᠡᠪᠡ᠃
ᠥᠪᠦᠷ ᠮᠣᠩᠭᠤᠯ ᠪᠣᠯ ᠪᠥᠬᠦ᠌ ᠤᠯᠤᠰ ᠤ᠋ᠨ ᠨᠠᠢ᠍ᠮᠠᠨ ᠶᠡᠭᠡ ᠪᠣᠳᠤᠯᠲᠠ ᠶ᠋ᠢᠨ ᠬᠦᠴᠦᠨ ᠤ᠋ ᠭᠤᠤᠯ ᠬᠦᠢᠰᠦ ᠶ᠋ᠢᠨ ᠨᠢᠭᠡ ᠪᠠᠢᠵᠤ᠂ ᠦᠪᠦᠷ ᠮᠤᠨᠭᠭᠤᠯ ᠤ᠋ᠨ ᠬᠢᠯᠢ ᠳ᠋ᠤ ᠪᠠᠶ᠋ᠢᠭ᠎ᠠ ᠬᠤᠷᠢᠨᠭᠡᠷ ᠳ᠋ᠠᠶ᠋ᠢᠲ᠋ᠠ ᠶ᠋ᠢᠨ ᠲᠥᠪ ᠤ᠋ᠨ ᠪᠦᠯᠦᠭᠵᠢᠯ ᠤ᠋ᠨ ᠬᠡᠪᠴᠢᠶ᠎ᠡ ᠨᠢ ᠬᠥᠬᠡᠬᠤᠲᠠ ᠪᠠ ᠤᠯᠠᠭᠠᠨᠴᠠᠪ ᠬᠤᠶᠠᠷ ᠭᠠᠵᠠᠷ ᠢ᠋ ᠪᠦᠷᠬᠦᠵᠡᠢ᠃ ᠪᠦᠯᠦᠭᠵᠢᠯ ᠨᠢ ᠪᠡᠭᠡᠵᠢᠩ ᠲᠢᠶᠠᠨᠵᠢᠨ ᠾᠧᠪᠸᠢ ᠡᠴᠡ ᠤᠢᠷᠠᠬᠠᠨ᠂ ᠪᠣᠬᠢᠷᠲᠤᠯ ᠦᠭᠡᠢ ᠴᠠᠬᠢᠯᠭᠠᠨ ᠵᠢᠡᠷ ᠭᠦᠢᠴᠡᠳ᠂ ᠴᠠᠬᠢᠯᠭᠠᠨ ᠤ᠋ ᠦᠨ᠎ᠡ ᠬᠠᠩᠰᠢ ᠨᠢ ᠳᠣᠤᠷ᠎ᠠ ᠪᠠᠢᠵᠤ᠂ ᠪᠦᠬᠦ᠌ ᠤᠯᠤᠰ ᠤ᠋ᠨ ᠪᠣᠬᠢᠷᠲᠤᠯ ᠥᠬᠡᠢ ᠪᠣᠳᠤᠯᠲᠠ ᠶ᠋ᠢᠨ ᠬᠦᠴᠦᠨ ᠤ᠋ ᠰᠠᠭᠤᠷᠢ ᠲᠦᠬᠦᠭᠡᠷᠦᠮᠵᠢ ᠵᠢ ᠪᠠᠶ᠋ᠢᠷᠢᠰᠢᠭᠤᠯᠬᠤ ᠳ᠋ᠤ ᠬᠠᠮᠤᠭ ᠤ᠋ᠨ ᠲᠣᠬᠢᠷᠠᠮᠵᠢᠲᠠᠢ ᠭᠠᠵᠠᠷ ᠣᠷᠤᠨ ᠤ᠋ ᠨᠢᠭᠡ ᠪᠣᠯᠤᠨ᠎ᠠ᠃ ᠥᠪᠦᠷ ᠮᠣᠩᠭᠤᠯ ᠣᠳᠤᠬᠠᠨ ᠳ᠋ᠤ ᠨᠢᠭᠡᠨᠲᠡ 3 ᠶᠡᠭᠡ ᠴᠢᠮᠡᠭᠡ ᠬᠤᠯᠪᠤᠭᠠᠨ ᠤ᠋ ᠡᠵᠡᠩᠨᠡᠯᠲᠡ ᠶ᠋ᠢᠨ ᠬᠤᠳᠠᠯᠳᠤᠭᠠᠴᠢᠨ᠂ ᠬᠤᠸᠠ ᠸᠧᠢ᠂ ᠠ ᠯᠢ ᠪᠠ ᠪᠠ᠂ ᠽᠢ ᠵᠢᠶᠸ ᠲᠢᠶᠤᠤ ᠳ᠋ᠦᠩ ᠵᠡᠷᠭᠡ ᠢᠨᠲᠧᠷ ᠰᠦᠯᠵᠢᠶ᠎ᠡ ᠶ᠋ᠢᠨ ᠳᠠᠭᠠᠭᠤᠯᠤᠬᠴᠢ ᠠᠵᠤ ᠠᠬᠤᠶ᠋ᠢᠯᠠᠯ᠂ ᠳᠤᠮᠳᠠᠳᠤ ᠤᠯᠤᠰ ᠤ᠋ᠨ ᠪᠠᠩᠬᠢ᠂ ᠫᠦ᠋ ᠹᠠ ᠪᠠᠩᠬᠢ ᠵᠡᠷᠭᠡ ᠶᠡᠷᠦᠩᠬᠡᠢ ᠪᠠᠩᠬᠢ ᠶ᠋ᠢᠨ ᠲᠠᠰ ᠤ᠋ᠨ ᠮᠥᠩᠭᠦᠨ ᠭᠦᠢᠯᠭᠡᠭᠡᠨ ᠤ᠋ ᠪᠠᠶ᠋ᠢᠭᠤᠯᠤᠮᠵᠢ᠂ ᠳᠤᠮᠳᠠᠳᠤ ᠤᠯᠤᠰ ᠤ᠋ᠨ ᠤᠯᠠᠨ ᠤᠯᠤᠰ ᠤ᠋ᠨ ᠮᠦᠨᠭᠭᠦᠨ ᠭᠦᠢᠯᠭᠡᠭᠡᠨ᠂ ᠡᠷᠢᠨ ᠵᠠᠭᠤᠨ ᠤ᠋ ᠬᠤᠯᠪᠤᠯᠳᠤᠯ ᠵᠡᠷᠭᠡ ᠭᠤᠷᠪᠠᠳᠠᠬᠢ ᠡᠲᠡᠭᠡᠳ ᠤ᠋ᠨ IDC ᠵᠢᠨ ᠦᠢᠯᠡᠴᠢᠯᠡᠬᠡᠨ ᠤ᠋ ᠠᠷᠠᠯᠵᠢᠶᠡᠴᠢᠳ ᠵᠡᠷᠭᠡ ᠵᠢ ᠲᠦᠪᠯᠡᠷᠡᠭᠦᠯᠵᠦ᠂ ᠪᠡᠭᠡᠵᠢᠩ ᠲᠢᠶᠠᠨᠵᠢᠨ ᠾᠧᠪᠸᠢ ᠳ᠋ᠤ ᠦᠢᠯᠡᠴᠢᠯᠡᠬᠦ᠂ ᠪᠥᠬᠦ᠌ ᠤᠯᠤᠰ ᠢ᠋ ᠨᠥᠯᠦᠭᠡᠯᠡᠬᠦ᠌ ᠴᠢᠬᠤᠯᠠ ᠪᠣᠬᠢᠷᠲᠤᠯ ᠥᠬᠡᠢ ᠪᠣᠳᠤᠯᠲᠠ ᠶ᠋ᠢᠨ ᠬᠦᠴᠦᠨ ᠤ᠋ ᠪᠠᠲᠤᠯᠠᠭ᠎ᠠ ᠶ᠋ᠢᠨ ᠰᠠᠭᠤᠷᠢᠨ ᠪᠣᠯᠵᠠᠢ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠤ᠋ᠨ ᠨᠠᠮ ᠤ᠋ᠨ ᠤᠳᠤᠷᠢᠳᠭᠤ ᠳᠤᠭᠤᠶ᠋ᠢᠯᠠᠩ ᠤ᠋ᠨ ᠪᠦᠷᠢᠯᠳᠦᠬᠦᠨ᠂ ᠳᠡᠳ᠋ ᠡᠷᠬᠢᠯᠡᠭᠴᠢ ᠬᠤᠸᠠᠩ ᠸᠧᠨ ᠴᠤᠸᠠᠨ᠂ ᠪᠢᠳᠡ ᠶᠡᠷᠦᠩᠬᠡᠢ ᠱᠦᠵᠢ ᠪᠣᠯᠤᠨ ᠨᠠᠮ ᠤ᠋ᠨ ᠲᠥᠪ ᠬᠤᠷᠢᠶ᠎ᠠ ᠡᠴᠡ ᠥᠪᠦᠷ ᠮᠣᠩᠭᠤᠯ ᠳ᠋ᠤ ᠣᠯᠭᠤᠭᠰᠠᠨ ᠪᠠᠶ᠋ᠢᠯᠳᠤᠬᠤ ᠪᠣᠳᠤᠯᠭ᠎ᠠ ᠶ᠋ᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠪᠠᠲᠤ᠌ ᠴᠡᠭᠡᠵᠢᠯᠡᠵᠦ᠍᠂ ᠦᠪᠡᠷᠮᠢᠴᠡ ᠳᠠᠪᠠᠭᠤᠯᠢᠭ ᠲᠠᠭᠠᠨ ᠰᠠᠭᠤᠷᠢᠯᠠᠨ᠂ ᠡᠨᠧᠷᠭᠢ ᠶ᠋ᠢᠨ ᠡᠬᠢ ᠪᠠᠶᠠᠯᠢᠭ ᠤ᠋ᠨ ᠲᠣᠬᠢᠷᠠᠭᠤᠯᠤᠯᠲᠠ ᠬᠢᠭᠡᠳ ᠪᠣᠳᠤᠯᠲᠠ ᠶ᠋ᠢᠨ ᠬᠦᠴᠦᠨ ᠤ᠋ ᠲᠦᠬᠦᠭᠡᠷᠦᠮᠵᠢ ᠵᠢ ᠬᠠᠮᠵᠢᠯᠴᠠᠭᠤᠯᠤᠨ ᠪᠠᠶ᠋ᠢᠷᠢᠰᠢᠭᠤᠯᠬᠤ ᠵᠢ ᠠᠬᠢᠭᠤᠯᠵᠤ᠂ ᠬᠤᠷᠢᠨᠭᠡᠷ ᠳ᠋ᠠᠶ᠋ᠢᠲ᠋ᠠ ᠶ᠋ᠢᠨ ᠲᠥᠪ ᠤ᠋ᠨ ᠪᠦᠯᠦᠭᠵᠢᠯ ᠤ᠋ᠨ ᠪᠥᠲᠦᠭᠡᠨ ᠪᠠᠶ᠋ᠢᠭᠤᠯᠤᠯᠲᠠ ᠵᠢ ᠭᠤᠤᠯᠳᠠᠯᠭ᠎ᠠ ᠲᠠᠢ ᠠᠬᠢᠭᠤᠯᠵᠤ᠂ ᠴᠠᠬᠢᠯᠭᠠᠨ ᠬᠦᠴᠦᠨ ᠢ᠋ᠶ᠋ᠡᠷ ᠪᠤᠳᠤᠯᠲᠠ ᠶ᠋ᠢᠨ ᠬᠦᠴᠦᠨ ᠢ᠋ ᠴᠢᠨᠭᠭᠠᠳᠬᠠᠨ᠂ ᠪᠤᠳᠤᠯᠲᠠ ᠶ᠋ᠢᠨ ᠬᠦᠴᠦᠨ ᠢ᠋ᠶ᠋ᠡᠷ ᠴᠠᠬᠢᠯᠭᠠᠨ ᠬᠦᠴᠦᠨ ᠤ᠋ ᠡᠷᠬᠢᠯᠳᠡ ᠵᠢ ᠳᠡᠮᠵᠢᠵᠦ᠂ ᠪᠣᠳᠤᠯᠲᠠ ᠶ᠋ᠢᠨ ᠬᠦᠴᠦᠨ ᠤ᠋ ᠬᠡᠪᠴᠢᠶ᠎ᠡ ᠵᠢᠨ ᠡᠮᠬᠢ ᠵᠢᠷᠤᠮ ᠲᠠᠢ ᠪᠡᠷ ᠨᠡᠮᠡᠭᠳᠡᠬᠦ ᠵᠢ ᠠᠬᠢᠭᠤᠯᠵᠤ᠂ ᠪᠥᠬᠦ᠌ ᠤᠯᠤᠰ ᠤ᠋ᠨ ᠪᠣᠬᠢᠷᠲᠤᠯ ᠥᠬᠡᠢ ᠪᠣᠳᠤᠯᠲᠠ ᠶ᠋ᠢᠨ ᠬᠦᠴᠦᠨ ᠤ᠋ ᠥᠨᠳᠦᠷᠯᠢᠭ ᠢ᠋ ᠴᠤᠭᠴᠠᠯᠠᠨ᠎ᠠ ᠭᠡᠵᠦ ᠢᠯᠡᠳᠭᠡᠪᠡ ᠃
ᠶᠡᠷᠦᠩᠬᠡᠢ ᠱᠦᠵᠢ ᠰᠢ ᠶ᠋ᠢᠨ ᠫᠢᠩ᠂ ᠠᠵᠤ ᠦᠢᠯᠡᠰ ᠤ᠋ᠨ ᠬᠡᠯᠬᠢᠶ᠎ᠡ ᠵᠢ ᠢᠳᠡᠪᠬᠢᠲᠡᠶ ᠤᠷᠲᠤᠳᠬᠠᠨ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ᠌ ᠴᠣᠭᠴᠠ ᠵᠢᠨ ᠠᠵᠤ ᠠᠬᠤᠶ ᠵᠢᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠪᠤᠳᠤᠯᠳᠠ ᠵᠢᠨ ᠬᠦᠴᠦᠨ ᠤ᠋ ᠳᠠᠪᠠᠭᠤᠯᠢᠭ ᠢ᠋ ᠲᠠᠰᠤᠷᠠᠯᠲᠠ ᠥᠬᠡᠶ ᠬᠥᠭᠵᠢᠯᠲᠡ ᠵᠢᠨ ᠳᠠᠪᠠᠭᠤᠯᠢᠭ ᠪᠣᠯᠭᠠᠨ ᠤᠯᠠᠷᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠤᠨ ᠤ᠋ ᠣᠯᠠᠨ ᠨᠡᠶ᠋ᠢᠲᠡ ᠶ᠋ᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠤ᠋ᠨ ᠡᠷᠬᠢᠯᠡᠭᠴᠢ ᠴᠢᠦ ᠶᠤᠸᠠᠨ ᠬᠤᠢ᠄ 《ᠶᠡᠷᠦᠩᠬᠡᠢ ᠱᠦᠵᠢ ᠰᠢ ᠶ᠋ᠢᠨ ᠫᠢᠩ ᠤ᠋ᠨ ᠴᠢᠬᠤᠯᠠ ᠶᠠᠷᠢᠶ᠎ᠠ ᠨᠢ ᠠᠯᠤᠰ ᠬᠡᠳᠦ ᠶ᠋ᠢᠨ ᠵᠤᠷᠢᠯᠲᠠ ᠲᠠᠢ᠂ ᠡᠯᠪᠡᠭ ᠪᠠᠶᠠᠯᠢᠭ ᠠᠭᠤᠯᠤᠬᠳᠠᠬᠤᠨ ᠲᠠᠢ ᠪᠠᠢᠵᠤ᠂ ᠪᠢᠳᠡᠨ ᠤ᠋ 〈ᠵᠣᠬᠢᠶᠠᠮᠠᠯ ᠣᠶᠤᠨ ᠴᠢᠳᠠᠪᠤᠷᠢ + ᠣᠯᠠᠨ ᠨᠡᠶ᠋ᠢᠲᠡ ᠶ᠋ᠢᠨ ᠡᠬᠢ ᠪᠠᠶᠠᠯᠢᠭ ᠤ᠋ᠨ ᠠᠷᠠᠯᠵᠢᠶ᠎ᠠ〉 ᠶ᠋ᠢᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠬᠤ ᠳ᠋ᠤ ᠤᠷᠤᠭᠰᠢᠯᠠᠬᠤ ᠴᠢᠭᠯᠡᠯ ᠢ᠋ ᠲᠣᠳᠤᠷᠬᠠᠢ ᠵᠢᠭᠠᠨ ᠥᠭᠴᠦ᠍᠂ ᠬᠦᠴᠦᠷᠬᠡᠭ ᠶᠡᠭᠡ ᠬᠥᠳᠡᠯᠭᠡᠬᠦ᠌ ᠬᠦᠴᠦᠨ ᠤᠯᠭᠤᠵᠠᠢ᠃ ᠣᠯᠠᠨ ᠨᠡᠶ᠋ᠢᠲᠡ ᠶ᠋ᠢᠨ ᠡᠬᠢ ᠪᠠᠶᠠᠯᠢᠭ ᠤ᠋ᠨ ᠠᠷᠠᠯᠵᠢᠶ᠎ᠠ ᠨᠢ ᠵᠠᠰᠠᠭ ᠤ᠋ᠨ ᠣᠷᠳᠤᠨ ᠬᠢᠭᠡᠳ ᠵᠠᠬ᠎ᠠ ᠳᠡᠯᠭᠡᠭᠦᠷ ᠢ᠋ ᠬᠤᠯᠪᠤᠵᠤ᠂ ᠪᠤᠳᠤᠯᠲᠠ ᠶ᠋ᠢᠨ ᠬᠦᠴᠦᠨ ᠢ᠋ᠶ᠋ᠡᠷ ᠠᠷᠠᠯᠵᠢᠶ᠎ᠠ ᠶ᠋ᠢᠨ ᠦᠢᠯᠡᠴᠢᠯᠡᠭᠡ ᠳ᠋ᠤ ᠡᠨ᠋ᠸᠷᠬᠢ ᠤᠯᠭᠤᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ᠋ ᠰᠢᠯᠢᠳᠡᠭᠵᠢᠭᠦᠯᠬᠦ᠌ ᠬᠤᠰᠢᠭᠤᠷᠠᠯ ᠵᠢᠭᠰᠠᠭᠠᠯ ᠤ᠋ᠨ ᠭᠠᠵᠠᠷ ᠪᠣᠯᠤᠨ᠎ᠠ᠃ ᠣᠯᠠᠨ ᠨᠡᠶ᠋ᠢᠲᠡ ᠶ᠋ᠢᠨ ᠡᠬᠢ ᠪᠠᠶᠠᠯᠢᠭ ᠤ᠋ᠨ ᠠᠷᠠᠯᠵᠢᠶ᠎ᠠ ᠶ᠋ᠢᠨ ᠪᠡᠶᠡᠴᠢᠯᠡᠨ ᠤᠷᠤᠯᠴᠠᠬᠴᠢ ᠪᠠ ᠦᠢᠯᠡᠳᠦᠯᠭᠡᠵᠢᠭᠦᠯᠦᠭᠴᠢ ᠪᠣᠯᠤᠭᠰᠠᠨ ᠤ᠋ ᠬᠤᠪᠢ ᠳ᠋ᠤ᠂ ᠪᠢᠳᠡ ᠰᠢᠨ᠎ᠡ ᠠᠶᠠᠨ ᠵᠠᠮ ᠳ᠋ᠠᠭᠠᠨ ᠶᠡᠷᠦᠩᠬᠡᠢ ᠱᠦᠵᠢ ᠶ᠋ᠢᠨ ᠬᠥᠰᠡᠯ ᠨᠠᠶ᠋ᠢᠳᠠᠯᠭᠠ ᠵᠢ ᠪᠠᠲᠤ᠌ ᠴᠡᠭᠡᠵᠢᠯᠡᠵᠦ᠍᠂ 〈ᠥᠨᠳᠦᠷ ᠪᠦᠲᠦᠮᠵᠢᠲᠡᠢ᠂ ᠪᠣᠬᠢᠷᠲᠤᠯ ᠥᠬᠡᠢ᠂ ᠠᠮᠤᠷ ᠲᠦᠪᠰᠢᠨ〉 ᠤ᠋ ᠱᠠᠭᠠᠷᠳᠠᠯᠭ᠎ᠠ ᠵᠢ ᠪᠠᠷᠢᠮᠲᠠᠯᠠᠨ᠂ ᠪᠤᠳᠤᠬᠤ ᠠᠷᠭ᠎ᠠ ᠵᠢ ᠠᠷᠠᠯᠵᠢᠶᠠᠨ ᠤ᠋ ᠲᠠᠪᠴᠠᠩ ᠳ᠋ᠤ ᠬᠡᠪ ᠤ᠋ᠨ ᠪᠠᠢᠳᠠᠯ ᠢ᠋ᠶ᠋ᠡᠷ ᠠᠵᠢᠯᠯᠠᠭᠤᠯᠵᠤ᠂ ᠪᠣᠳᠤᠯᠲᠠ ᠶ᠋ᠢᠨ ᠬᠦᠴᠦᠨ ᠢ᠋ᠶ᠋ᠡᠷ ᠬᠥᠴᠥᠨ ᠤᠯᠭᠤᠬᠰᠠᠨ ᠪᠠᠢᠳᠠᠯ ᠳᠤᠤᠷ᠎ᠠ ᠠᠷᠠᠯᠵᠢᠶ᠎ᠠ ᠵᠢ ᠨᠠᠩ ᠢᠯᠡ ᠲᠣᠳᠤ ᠥᠨᠳᠦᠷ ᠪᠦᠲᠦᠮᠵᠢᠲᠡᠢ ᠪᠣᠯᠭᠠᠵᠤ᠂ ᠪᠣᠬᠢᠷᠲᠤᠯ ᠥᠬᠡᠢ ᠪᠣᠳᠤᠯᠲᠠ ᠶ᠋ᠢᠨ ᠬᠦᠴᠦᠨ ᠤ᠋ ᠳᠠᠪᠠᠭᠤᠯᠢᠭ ᠢ᠋ ᠣᠯᠠᠨ ᠨᠡᠶ᠋ᠢᠲᠡ ᠶ᠋ᠢᠨ ᠡᠬᠢ ᠪᠠᠶᠠᠯᠢᠭ ᠤ᠋ᠨ ᠠᠷᠠᠯᠵᠢᠶᠠᠨ ᠤ᠋ ᠬᠥᠭᠵᠢᠯᠲᠡ ᠶ᠋ᠢᠨ ᠳᠠᠪᠠᠭᠤᠯᠢᠭ ᠪᠠ ᠵᠠᠰᠠᠯᠲᠠ ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤ᠋ᠨ ᠮᠠᠶ᠍ᠢᠭ ᠤ᠋ᠨ ᠣᠳᠤᠬᠢᠴᠢᠯᠠᠯᠲᠠ ᠶ᠋ᠢᠨ ᠥᠪᠦᠷ ᠮᠣᠩᠭᠤᠯ ᠤ᠋ᠨ ᠰᠢᠨ᠎ᠡ ᠬᠠᠭᠤᠳᠠᠰᠤ ᠵᠢ ᠪᠢᠴᠢᠭᠯᠡᠬᠦ ᠳ᠋ᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠪᠡ᠃
ᠬᠥᠰᠡᠯ ᠨᠠᠶ᠋ᠢᠳᠠᠯᠭᠠ ᠨᠢ ᠬᠥᠮᠦᠰ ᠢ᠋ ᠤᠷᠮᠠᠰᠢᠭᠤᠯᠤᠨ ᠤᠷᠤᠭᠰᠢᠯᠠᠭᠤᠯᠵᠤ᠂ ᠡᠭᠦᠷᠭᠡ ᠬᠠᠷᠢᠭᠤᠴᠠᠯᠭ᠎ᠠ ᠵᠢ ᠪᠠᠲᠤ ᠡᠭᠦᠷᠭᠡᠯᠡᠨ ᠪᠣᠳᠠᠲᠠᠢ ᠠᠵᠢᠯᠯᠠᠵᠤ ᠬᠠᠷᠢᠭᠤᠯᠲᠠ ᠥᠭᠬᠦᠨ᠎ᠠ᠃ ᠰᠢᠨ᠎ᠡ ᠭᠠᠷᠤᠭ᠎ᠠ ᠳᠡᠭᠡᠷ᠎ᠡ ᠥᠪᠦᠷ ᠮᠣᠩᠭᠤᠯ ᠤ᠋ᠨ ᠥᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠶ᠋ᠢᠨ ᠬᠥᠰᠡᠯ ᠨᠠᠶ᠋ᠢᠳᠠᠯᠭᠠ ᠵᠢ ᠡᠷᠡᠮᠡᠬᠡᠶ᠋ᠢᠯᠡᠨ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠡᠬᠡ ᠤᠯᠤᠰ ᠤ᠋ᠨ ᠤᠮᠠᠷᠠᠲᠤ ᠶ᠋ᠢᠨ ᠬᠥᠬᠡᠮᠳᠦᠭ ᠨᠣᠭᠤᠭᠠᠨ ᠥᠩᠭᠡ ᠦᠵᠡᠮᠵᠢ ᠵᠢ ᠰᠠᠶ᠋ᠢᠲᠤᠷ ᠰᠠᠬᠢᠨ ᠬᠠᠮᠠᠭᠠᠯᠠᠵᠤ᠂ ᠪᠣᠬᠢᠷᠲᠤᠯ ᠦᠬᠡᠢ ᠪᠤᠳᠤᠯᠲᠠ ᠶ᠋ᠢᠨ ᠬᠦᠴᠦᠨ ᠵᠡᠷᠭᠡ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠤᠶ᠋ᠢᠵᠢᠭᠤᠯᠤᠨ ᠪᠤᠵᠠᠭᠠᠶ᠋ᠢᠷᠠᠭᠤᠯᠵᠤ᠂ ᠠᠭᠤᠯᠠ ᠤᠰᠤ ᠦᠵᠡᠰᠭᠦᠯᠡᠨᠭᠲᠦ ᠰᠠᠢᠬᠠᠨ᠂ ᠲᠣᠭᠠᠴᠢᠯᠠᠭᠰᠠᠨ ᠠᠵᠤ ᠠᠬᠤᠢ ᠦᠷᠨᠢᠬᠦᠨ ᠬᠥᠭᠵᠢᠩᠬᠦᠢ ᠪᠠᠶ᠋ᠢᠳᠠᠯ ᠢ᠋ᠶ᠋ᠡᠷ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠤ᠋ ᠬᠠᠯᠬᠠᠪᠴᠢ ᠵᠢ ᠯᠠᠪᠳᠠᠭᠤᠨ ᠪᠠᠲᠤᠲᠠᠢ ᠪᠠᠬᠢᠵᠢᠭᠦᠯᠵᠦ᠍᠂ ᠤᠯᠤᠰ ᠤ᠋ᠨ ᠪᠠᠶ᠋ᠢᠯᠳᠤᠬᠤ ᠪᠤᠳᠤᠯᠭ᠎ᠠ ᠳ᠋ᠤ ᠦᠢᠯᠡᠴᠢᠯᠡᠬᠦ᠌ ᠳᠤᠮᠳᠠ ᠥᠪᠦᠷ ᠮᠣᠩᠭᠤᠯ ᠤ᠋ᠨ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶ᠋ᠢᠯᠭᠠ ᠵᠢ ᠢᠯᠡᠷᠡᠭᠦᠯᠬᠦ᠌ ᠪᠣᠯᠤᠨ᠎ᠠ᠃
(ᠰᠤᠷᠪᠤᠯᠵᠢᠯᠠᠭᠴᠢ ᠹᠧᠩ ᠰᠢᠤᠸᠠᠢ ᠢᠦᠢ ᠴᠠᠢ ᠰᠧ ᠶᠤᠸᠠᠨ ᠰᠢᠤᠸᠠᠢ ᠯᠠᠢ ᠬᠠᠨ ᠰᠢᠤᠸᠠᠢ ᠷᠦ ᠠᠨ ᠶᠢᠨ ᠳ᠋ᠦᠩ ᠰᠢᠦᠢ ᠵᠢᠩ ᠺᠠᠩ ᠯᠢ ᠨᠠ ᠯᠢ ᠶᠦᠩ ᠲᠤᠤ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃