ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-10-19 10:57:27

ᠵᠣᠬᠢᠶᠠᠭ᠍ᠴᠢ᠄ ᠪᠠᠶ ᠳ᠋ᠠᠨ ᠺᠠᠩ ᠯᠢ ᠨᠠ ᠭᠣᠣ ᠬᠤᠢ ᠣᠩᠱᠢᠭ᠍ᠰᠠᠨ ᠣᠳᠠᠭ᠎ᠠ᠄ 3

ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠤᠭᠤᠷᠢᠭ ᠲᠦ᠍᠂ ᠪᠤᠳᠤᠯᠳᠠ ᠵᠢᠨ ᠬᠦᠴᠤᠨ ᠤ᠋ ᠲᠥᠪ ᠵᠢᠬᠳᠡᠷᠡᠨ ᠲᠠᠷᠬᠠᠨ᠎ᠠ᠃ ᠦᠵᠡᠭᠦᠯᠭᠡ᠎ᠶᠢᠨ ᠲᠢᠩᠬᠢᠮ᠎ᠳᠦ ᠣᠷᠣᠬᠤ᠎ᠳᠤ᠂ ᠨᠣᠮᠢᠨ ᠨᠣᠭᠣᠭᠠᠨ ᠡᠯᠡᠰᠦᠨ ᠴᠠᠷ᠎ᠠ ᠬᠠᠷᠠᠭᠠᠨ᠎ᠳᠤ ᠲᠣᠳᠣᠷᠠᠵᠤ᠂ ᠤᠯᠠᠭᠠᠨᠴᠠᠪ᠎ᠤᠨ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠪᠠᠶ᠋ᠢᠷᠢᠰᠢᠯ᠎ᠢ ᠰᠢᠭᠤᠳ ᠳᠡᠯᠭᠡᠨ ᠦᠵᠡᠭᠦᠯᠤᠨ᠎ᠠ᠃

10 ᠰᠠᠷ᠎ᠠ᠎ᠶᠢᠨ 16᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠦᠵᠡᠭᠦᠯᠭᠡ᠎ᠶᠢᠨ ᠲᠢᠩᠬᠢᠮ᠎ᠳᠦ ᠬᠦᠷᠴᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠦᠨ ᠵᠠᠩᠭᠢᠯᠠᠭ᠎ᠠ᠎ᠶᠢᠨ ᠴᠡᠭ᠎ᠦᠨ ᠪᠥᠲᠥᠭᠡᠨ ᠪᠠᠶ᠋ᠢᠭᠤᠯᠤᠯᠲᠠ ᠪᠠ ᠪᠣᠬᠢᠷᠲᠤᠯ ᠥᠬᠡᠶ ᠪᠤᠳᠤᠯᠳᠠ ᠵᠢᠨ ᠬᠦᠴᠤᠨ ᠤ᠋ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠤᠭᠰᠠᠨ ᠵᠡᠷᠭᠡ ᠪᠠᠶ᠋ᠢᠳᠠᠯ᠎ᠢ ᠣᠶ᠋ᠢᠯᠠᠭᠠᠪᠠ᠃

《ᠴᠠᠬᠢᠯᠭᠠᠨ ᠡᠨᠧᠷᠭᠢ᠎ᠶᠢᠨ ᠠᠰᠢᠭᠯᠠᠯᠲᠠ᠎ᠶᠢᠨ ᠨᠣᠷᠮ᠎ᠠ ᠨᠢ ᠬᠡᠳᠦᠶ ᠪᠠᠢᠬᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ᠎ᠶᠢᠨ ᠦᠷ᠎ᠡ ᠪᠦᠲᠦᠮᠵᠢ ᠨᠢ ᠬᠡᠳᠤᠢ ᠪᠠᠢᠬᠤ᠂ ᠬᠤᠯᠪᠤᠬᠳᠠᠯ ᠪᠥᠬᠥᠶ ᠠᠵᠤ ᠦᠢᠯᠡᠰ᠎ᠦᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠦᠭᠰᠡᠨ ᠪᠠᠶ᠋ᠢᠳᠠᠯ ᠨᠢ ᠶᠠᠮᠠᠷ ᠵᠡᠷᠭᠡ᠂ ᠶᠡᠷᠦᠩᠬᠡᠶ ᠱᠦᠵᠢ᠎ᠶᠢᠨ ᠠᠰᠠᠭᠤᠯᠳᠠ ᠨᠢ ᠴᠥᠮ ᠲᠤᠰᠬᠠᠶ ᠮᠡᠷᠭᠡᠵᠢᠯ ᠤ᠋ᠨ ᠪᠠᠢᠵᠤ᠂ ᠪᠢᠳᠡ ᠨᠢᠭᠡᠳ ᠨᠢᠭᠡ᠎ᠪᠡᠷ ᠬᠠᠷᠢᠭᠤ ᠮᠡᠳᠡᠭᠦᠯᠦᠯᠲᠡ ᠬᠢᠵᠡᠶ》᠃ ᠶᠡᠷᠦᠩᠬᠡᠶ ᠱᠦᠵᠢ ᠰᠢ ᠵᠢᠨ ᠫᠢᠩ᠎ᠳᠦ ᠬᠠᠷᠢᠭᠤ ᠮᠡᠳᠡᠭᠦᠯᠬᠦ᠌ ᠦᠶ᠎ᠡ᠎ᠶᠢᠨ ᠪᠠᠶ᠋ᠢᠳᠠᠯ᠎ᠢᠶᠠᠨ ᠡᠷᠭᠢᠴᠡᠭᠦᠯᠬᠦ᠌᠎ᠳᠦ᠂ ᠤᠯᠠᠭᠠᠨᠴᠠᠪ ᠬᠣᠲᠠ᠎ᠶᠢᠨ ᠲᠣᠮᠣ ᠳ᠋ᠠᠶ᠋ᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠳᠠᠷᠤᠭ᠎ᠠ ᠭᠦᠸᠧ ᠰᠢᠶᠤᠤ ᠯᠢᠩ᠎ᠦᠨ ᠰᠡᠳᠬᠢᠯ ᠮᠥᠨ ᠯᠡ ᠮᠠᠰᠢ ᠳᠣᠭᠳᠣᠯᠵᠤ᠂ ᠲᠡᠷᠨ ᠪᠡᠷ  ᠤᠯᠠᠭᠠᠨᠴᠠᠪ ᠬᠣᠲᠠ᠎ᠶᠢᠨ᠎ᠬᠢᠨ 2013 ᠣᠨ᠎ᠡᠴᠡ ᠡᠬᠢᠯᠡᠨ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ ᠪᠠᠶ᠋ᠢᠷᠢᠰᠢᠭᠤᠯᠤᠭᠰᠠᠨ ᠲᠤᠬᠠᠶ ᠲᠠᠨᠢᠯᠴᠠᠭᠤᠯᠬᠤ᠎ᠦᠶ᠎ᠠ ᠳ᠋ᠤ᠂  ᠶᠡᠷᠦᠩᠬᠡᠢ ᠱᠦᠵᠢ ᠰᠢ ᠵᠢᠨ ᠫᠢᠩ ᠪᠠᠰᠠ ᠲᠤᠬᠠᠶ᠎ᠶᠢᠨ ᠦᠶ᠎ᠡ᠎ᠳᠦ ᠤᠯᠤᠰ᠎ᠡᠴᠡ ᠳᠡᠮᠵᠢᠭᠰᠡᠨ ᠬᠤᠯᠪᠤᠬᠳᠠᠯ ᠪᠥᠬᠥᠶ ᠲᠥᠷᠥ᠎ᠶᠢᠨ ᠪᠣᠳᠣᠯᠭ᠎ᠠ ᠪᠠᠶ᠋ᠢᠬᠤ ᠡᠰᠡᠬᠦ᠌᠎ᠶᠢ ᠠᠰᠠᠭᠤᠪᠠ᠃ 《ᠶᠡᠷᠦᠩᠬᠡᠶ ᠱᠦᠵᠢ ᠰᠢ ᠵᠢᠨ ᠫᠢᠩ ᠪᠢᠳᠠᠨ ᠤ᠋ ᠪᠤᠳᠤᠯᠳᠠ ᠵᠢᠨ ᠬᠦᠴᠤᠨ ᠤ᠋ ᠠᠵᠤ ᠦᠢᠯᠡᠰ᠎ᠢ ᠤᠷᠢᠳᠴᠢᠯᠠᠨ ᠪᠠᠶ᠋ᠢᠷᠢᠰᠢᠭᠤᠯᠵᠤ ᠤᠬᠠᠭᠠᠯᠠᠨ ᠲᠥᠯᠥᠪᠯᠡᠭᠰᠡᠨ ᠠᠷᠭ᠎ᠠ ᠬᠢᠳᠡᠯ᠎ᠢ ᠨᠤᠲᠠᠯᠠᠵᠤ ᠪᠠᠶ᠋ᠢᠨ᠎ᠠ》 ᠭᠡᠪᠡ᠃

ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠡᠨᠧᠷᠭᠢ ᠠᠷᠪᠢᠯᠠᠬᠤ ᠤᠰᠤ ᠠᠷᠪᠢᠯᠠᠬᠤ ᠪᠣᠯ ᠭᠣᠣᠯᠳᠠᠯᠭ᠎ᠠ ᠪᠣᠯᠤᠨ᠎ᠠ᠃ ᠦᠵᠡᠭᠦᠯᠭᠡ᠎ᠶᠢᠨ ᠲᠢᠩᠬᠢᠮ᠎ᠳᠦ᠂ ᠶᠡᠷᠦᠩᠬᠡᠢ ᠱᠦᠵᠢ ᠰᠢ ᠵᠢᠨ ᠫᠢᠩ ᠪᠠᠰᠠ ᠪᠤᠳᠤᠯᠳᠠ ᠵᠢᠨ ᠬᠦᠴᠦᠨ᠎ᠦ ᠲᠥᠪ᠎ᠦᠨ ᠲᠦᠷᠦᠯ ᠵᠦᠢᠯ᠎ᠦᠨ ᠬᠠᠪᠲᠠᠭᠠᠢ ᠪᠠᠶ᠋ᠢᠷᠢᠰᠢᠭᠤᠯᠤᠯᠲᠠ᠎ᠶᠢᠨ ᠵᠢᠷᠤᠭ᠂ ᠡᠨ᠋ᠸᠷᠬᠢ ᠲᠤᠤᠷ ᠳᠠᠭᠠᠭᠠᠴᠠ ᠨᠥᠭᠡᠴᠡ᠎ᠶᠢᠨ ᠵᠠᠭᠪᠤᠷ᠂ ᠨᠢᠭᠡ ᠴᠤᠬᠴᠠᠵᠢᠭᠤᠯᠤᠬᠰᠠᠨ ᠬᠤᠷᠠᠮᠠᠯ ᠬᠦᠷᠤᠭᠡᠬᠦ ᠥᠷᠲᠡᠭᠡᠨ᠎ᠦ ᠵᠠᠭᠪᠤᠷ᠂ ᠤᠶᠤᠨᠲᠤ᠌ ᠴᠠᠬᠢᠯᠭᠠᠨ ᠬᠦᠴᠦᠨ᠎ᠦ ᠰᠢᠰᠲ᠋ᠧᠮ᠎ᠦᠨ ᠵᠠᠭᠪᠤᠷ᠎ᠢ ᠨᠢᠭᠡᠳ ᠨᠢᠭᠡ᠎ᠪᠡᠷ ᠪᠠᠶ᠋ᠢᠴᠠᠭᠠᠨ ᠦᠵᠡᠵᠦ᠍᠂ ᠪᠤᠳᠤᠯᠳᠠ ᠵᠢᠨ ᠬᠦᠴᠦᠨ᠎ᠦ ᠲᠥᠪ᠎ᠦᠨ ᠴᠠᠬᠢᠯᠭᠠᠨ ᠡᠨᠧᠷᠭᠢ᠎ᠶᠢᠨ ᠠᠰᠢᠭᠯᠠᠮᠵᠢ ᠪᠣᠯᠤᠨ ᠤᠰᠤᠨ᠎ᠤ ᠡᠬᠢ ᠪᠠᠶᠠᠯᠢᠭ᠎ᠤᠨ ᠠᠰᠢᠭᠯᠠᠮᠵᠢ ᠵᠡᠷᠭᠡ ᠪᠠᠶ᠋ᠢᠳᠠᠯ᠎ᠢ ᠮᠠᠰᠢ ᠬᠠᠯᠠᠮᠵᠢᠯᠠᠵᠤ᠂ ᠬᠣᠯᠪᠣᠭᠳᠠᠯ ᠪᠦᠬᠦᠢ ᠨᠠᠷᠢᠨ ᠵᠦᠢᠯᠡᠰ᠎ᠢ ᠪᠠᠶ᠋ᠢᠨ ᠪᠠᠶ᠋ᠢᠨ ᠠᠰᠠᠭᠤᠵᠤ ᠪᠠᠶ᠋ᠢᠯ᠎ᠠ᠃

ᠰᠢᠨᠵᠢᠯᠡᠨ ᠪᠠᠢᠴᠠᠭᠠᠬᠤ ᠲᠤᠬᠠᠢ ᠵᠢᠨ ᠲᠠᠯᠠᠪᠠᠢ ᠳ᠋ᠤ᠂ ᠶᠡᠷᠦᠩᠬᠡᠢ ᠱᠦᠵᠢ ᠰᠢ ᠵᠢᠨ ᠫᠢᠩ᠂ 《ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠤ᠂ ᠪᠦᠬᠦ ᠤᠯᠤᠰ᠎ᠤᠨ ᠨᠢᠭᠡ ᠴᠣᠭᠴᠠᠵᠢᠭ᠍ᠰᠠᠨ ᠪᠤᠳᠤᠯᠳᠠ᠎ᠶᠢᠨ ᠬᠦᠴᠦᠨ᠎ᠤ ᠴᠢᠳᠠᠪᠤᠷᠢ᠎ᠶᠢᠨ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠪᠠᠢᠷᠢᠯᠠᠭᠤᠯᠤᠯᠲᠠ ᠪᠣᠯᠣᠨ᠎ᠠ᠃ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠬᠦ᠂ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠢᠶᠡᠷ ᠪᠠᠲᠤᠯᠠᠬᠤ᠎ᠶᠢ ᠴᠢᠩᠭᠠᠳᠬᠠᠵᠤ᠂ ᠨᠢᠭᠡᠨᠲᠡ ᠪᠠᠢᠭᠤᠯᠤᠭᠰᠠᠨ ᠲᠦᠷᠦᠯ ᠵᠦᠢᠯ᠎ᠦᠨ ᠥᠨᠳᠥᠷ ᠪᠦᠲᠦᠮᠵᠢᠲᠡᠢ ᠶᠠᠪᠤᠭᠳᠠᠬᠤ᠎ᠶᠢ ᠦᠨᠡᠨ ᠬᠦ᠌ ᠪᠠᠲᠤᠯᠠᠬᠤ᠎ᠶᠢᠨ ᠬᠠᠮᠲᠤ ᠬᠣᠢᠰᠢᠳᠠ᠎ᠶᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠳᠠ᠎ᠶᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠪᠢᠳᠡᠨ᠎ᠦ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠢ ᠬᠥᠭᠵᠢᠭᠦᠯᠬᠦ᠎ᠳᠦ ᠴᠢᠭᠯᠡᠯ᠎ᠢ ᠣᠨᠣᠪᠴᠢᠲᠠᠢ ᠵᠢᠭᠠᠵᠦ ᠥᠭᠴᠡᠢ᠃ ᠪᠢᠳᠡ ᠤᠯᠤᠰ᠎ᠤᠨ ᠪᠤᠳᠤᠯᠳᠠ᠎ᠶᠢᠨ ᠬᠦᠴᠦᠨ᠎ᠤ ᠴᠢᠳᠠᠪᠤᠷᠢ᠎ᠶᠢᠨ ᠵᠠᠩᠭᠢᠯᠠᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠬᠠᠷᠠᠯᠲᠠ᠎ᠶᠢ ᠲᠣᠭᠲᠠᠭᠠᠵᠤ᠂ ᠪᠤᠳᠤᠯᠳᠠ᠎ᠶᠢᠨ ᠬᠦᠴᠦᠨ᠎ᠤ ᠴᠢᠳᠠᠪᠤᠷᠢ᠎ᠶᠢᠨ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠵᠤ᠂ ᠪᠥᠬᠥ ᠤᠯᠤᠰ᠎ᠤᠨ ᠴᠢᠬᠤᠯᠠ ᠪᠣᠬᠢᠷᠲᠤᠯ ᠦᠭᠡᠢ ᠪᠤᠳᠤᠯᠳᠡ᠎ᠶᠢᠨ ᠬᠦᠴᠦᠨ᠎ᠤ ᠴᠢᠳᠠᠪᠤᠷᠢ᠎ᠶᠢᠨ ᠪᠠᠲᠤᠯᠠᠭ᠎ᠠ᠎ᠶᠢᠨ ᠰᠠᠭᠤᠷᠢᠨ᠎ᠢ ᠬᠦᠴᠦᠯᠡᠨ ᠪᠠᠢᠭᠤᠯᠤᠨ᠎ᠠ》 ᠬᠡᠵᠦ ᠠᠯᠤᠰ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠲᠤᠬᠠᠢ ᠶᠠᠷᠢᠬᠤ᠎ᠳᠤ ᠭᠦᠸᠧ ᠰᠢᠶᠣᠣ ᠯᠢᠩ ᠢᠲᠡᠭᠡᠯ ᠲᠡᠭᠦᠯᠳᠡᠷ ᠪᠠᠢᠯ᠎ᠠ᠃

ᠤᠯᠠᠭᠠᠨᠴᠠᠪ ᠬᠣᠲᠠ᠎ᠶᠢᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠎ᠦᠨ ᠳᠡᠳ᠋ ᠡᠷᠬᠢᠯᠡᠭᠴᠢ ᠯᠢᠦ ᠵᠢᠶᠦ᠋ᠨ ᠫᠢᠩ᠎ᠦᠨ ᠭᠠᠷ ᠤᠲᠠᠰᠤᠨ᠎ᠳᠤ ᠨᠢᠭᠡ ᠬᠤᠪᠢ ᠲᠡᠮᠳᠡᠭᠯᠡᠯ ᠬᠠᠳᠠᠭᠠᠯᠠᠭᠳᠠᠵᠤ ᠪᠣᠶ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ ᠦᠵᠡᠬᠦᠯᠬᠡ᠎ᠶᠢᠨ ᠲᠢᠩᠬᠢᠮ᠎ᠡᠴᠡ ᠰᠠᠯᠤᠭᠰᠠᠨ᠎ᠤ ᠳᠠᠷᠠᠭ᠎ᠠ ᠲᠡᠮᠳᠡᠭᠯᠡᠭᠰᠡᠨ ᠶᠡᠷᠤᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ ᠪᠤᠯᠤᠨ᠎ᠠ᠃ 《ᠶᠡᠷᠦᠩᠬᠡᠢ ᠱᠦᠵᠢ ᠰᠢ ᠵᠢᠨ ᠫᠢᠩ ᠪᠢᠳᠡᠨ᠎ᠢ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠡᠯ᠎ᠡ ᠵᠦᠢᠯ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡ ᠪᠣᠯᠣᠨ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶᠢ ᠰᠢᠯᠢᠳᠡᠭᠵᠢᠭᠦᠯᠵᠦ᠂ ᠠᠵᠤ ᠠᠬᠤᠢᠯᠠᠯ ᠪᠣᠯᠣᠨ ᠡᠯ᠎ᠡ ᠲᠦᠷᠦᠯ᠎ᠦᠨ ᠴᠢᠳᠠᠪᠤᠷᠢᠲᠠᠨ᠎ᠤ ᠠᠵᠢᠯ ᠬᠢᠵᠦ ᠦᠢᠯᠡᠰ ᠪᠣᠰᠬᠠᠬᠤ᠎ᠳᠤ ᠰᠠᠢᠨ ᠰᠠᠢᠬᠠᠨ ᠣᠷᠴᠢᠨ ᠲᠣᠭᠣᠷᠢᠨ᠎ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠣᠳᠣᠬᠠᠨ᠎ᠳᠤ᠂ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ 130 ᠭᠠᠷᠤᠢ ᠠᠵᠤ ᠠᠬᠤᠢᠯᠠᠯ᠎ᠳᠤ ᠦᠢᠯᠡᠴᠢᠯᠡᠵᠦ ᠪᠤᠢ᠂ ᠪᠢᠳᠡ ᠶᠡᠷᠦᠩᠬᠡᠢ ᠱᠦᠵᠢ᠎ᠶᠢᠨ ᠱᠠᠭᠠᠷᠳᠠᠯᠭ᠎ᠠ ᠶᠣᠰᠣᠭᠠᠷ᠂ ᠮᠡᠳᠡᠭᠡ ᠵᠠᠩᠭᠢ᠎ᠶᠢᠨ ᠮᠡᠷᠭᠡᠵᠢᠯ᠂ ᠲᠣᠨᠣᠭᠯᠠᠯ ᠦᠢᠯᠡᠳᠬᠦ᠂ ᠬᠢᠮᠢ᠎ᠶᠢᠨ ᠠᠵᠤ ᠦᠢᠯᠡᠳᠪᠦᠷᠢ ᠭᠤᠷᠪᠠᠨ ᠶᠡᠬᠡ ᠭᠣᠣᠯᠯᠠᠭ᠍ᠴᠢ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠲᠦᠷᠦᠯ ᠵᠦᠢᠯ᠎ᠦᠨ ᠦᠢᠯᠡᠴᠢᠯᠡᠭᠡ᠂ ᠠᠵᠤ ᠠᠬᠤᠢᠯᠠᠯ᠎ᠢ ᠪᠣᠢᠵᠢᠭᠤᠯᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ᠂ ᠠᠵᠤ ᠠᠬᠤᠢᠯᠠᠯ᠎ᠢ ᠣᠷᠣᠭᠤᠯᠤᠨ ᠠᠪᠴᠢᠷᠠᠵᠤ ᠳᠡᠶ᠋ᠢᠯᠬᠦ᠂ ᠦᠯᠡᠳᠡᠭᠡᠵᠦ ᠳᠡᠶ᠋ᠢᠯᠬᠦ᠂ ᠰᠠᠢᠲᠤᠷ ᠬᠥᠭᠵᠢᠭᠦᠯᠬᠦ ᠰᠠᠭᠤᠷᠢ᠎ᠶᠢ ᠦᠷᠭᠦᠯᠵᠢᠯᠡᠨ ᠪᠡᠬᠢᠵᠢᠭᠦᠯᠤᠨ᠎ᠠ》 ᠬᠡᠪᠡ᠃

ᠶᠡᠷᠦᠩᠬᠡᠢ ᠱᠦᠵᠢ ᠰᠢ ᠵᠢᠨ ᠫᠢᠩ ᠦᠵᠡᠭᠦᠯᠭᠡ᠎ᠶᠢᠨ ᠲᠢᠩᠬᠢᠮ᠎ᠡᠴᠡ ᠰᠠᠯᠬᠤ ᠦᠶ᠎ᠡ᠎ᠳᠦ᠂ ᠡᠯᠡᠰᠦᠨ ᠴᠠᠷ᠎ᠠ ᠳᠡᠭᠡᠷᠡᠬᠢ ᠬᠥᠬᠡ ᠬᠡᠷᠡᠯ ᠮᠥᠨ ᠬᠦ᠌ ᠠᠯᠭᠤᠷ ᠠᠭᠠᠵᠢᠮ᠎ᠢᠶᠠᠷ 《ᠨᠡᠬᠦᠨ ᠰᠢᠯᠵᠢᠵᠦ》 ᠪᠠᠢᠪᠠ᠃ ᠦᠵᠡᠭᠦᠯᠭᠡ᠎ᠶᠢᠨ ᠲᠢᠩᠬᠢᠮ᠎ᠦᠨ ᠭᠠᠳᠠᠨ᠎ᠠ᠂ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠮᠠᠰᠢᠨ᠎ᠤ ᠰᠡᠷᠭᠢᠷᠠᠭᠤᠯ ᠠᠯᠭᠤᠷᠬᠠᠨ ᠡᠷᠭᠢᠯᠳᠦᠵᠦ᠂ ᠮᠠᠰᠢᠨ ᠦᠷᠦᠬᠡ᠎ᠶᠢᠨ ᠳ᠋ᠧᠩ᠎ᠦᠨ ᠬᠡᠷᠡᠯ ᠳᠠᠬᠢᠨᠲᠠ ᠲᠤᠸᠠᠯᠠᠨ᠂ 《ᠲᠠᠯ᠎ᠠ ᠨᠤᠲᠤᠭ᠎ᠤᠨ ᠡᠭᠦᠯᠡᠨ ᠬᠥᠨᠳᠡᠢ》 ᠭᠡᠬᠦ ᠨᠡᠷ᠎ᠡ᠎ᠶᠢᠨ ᠬᠠᠭᠤᠳᠠᠰᠤ ᠯᠠᠪᠲᠠᠢ ᠤᠯᠠᠮ᠎ᠠᠴᠠ ᠤᠯᠠᠮ ᠭᠡᠷᠡᠯᠲᠦᠬᠦ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面