ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-05 11:32:45

ᠵᠣᠬᠢᠶᠠᠭ᠍ᠴᠢ᠄ ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠣᠩᠱᠢᠭ᠍ᠰᠠᠨ ᠣᠳᠠᠭ᠎ᠠ᠄ 3

︱ ᠡᠯ᠎ᠡ ᠭᠠᠵᠠᠷ᠎ᠤᠨ ᠺᠠᠳ᠋ᠷ ᠤᠯᠠᠨ ᠲᠦᠮᠡᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ ᠰᠦᠷ ᠳᠠᠯᠠᠢᠴᠠᠲᠠᠢ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭ᠍ᠲᠠᠷᠠᠭᠤᠯᠪᠠ


ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠦᠶ᠎ᠡ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠭᠦᠳᠡ ᠬᠤᠷᠠᠯ᠎ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠲᠤᠬᠠᠢ ᠰᠢᠰᠲᠧᠮ᠎ᠲᠠᠢ ᠪᠠᠢᠷᠢᠯᠠᠭᠤᠯᠤᠯᠲᠠ ᠬᠢᠪᠡ᠃

ᠣᠢᠷ᠎ᠠ᠎ᠶᠢᠨ ᠡᠳᠦᠷ᠎ᠦᠳ᠎ᠲᠦ᠂ ᠡᠯ᠎ᠡ ᠭᠠᠵᠠᠷ᠎ᠤᠨ ᠺᠠᠳ᠋ᠷ ᠤᠯᠠᠨ ᠲᠦᠮᠡᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠤᠯᠠᠨ᠎ᠢᠶᠠᠷ᠎ᠢᠶᠠᠨ᠂ ᠡᠨᠡ ᠤᠳᠠᠭ᠎ᠠ᠎ᠶᠢᠨ ᠬᠤᠷᠠᠯ ᠨᠢ ᠮᠠᠨ᠎ᠤ ᠨᠠᠮ᠎ᠤᠨ ᠲᠤᠰ ᠪᠡᠶ᠎ᠡ᠎ᠶᠢᠨ ᠪᠠᠢᠭᠤᠯᠤᠯᠲᠠ᠎ᠪᠠᠨ ᠦᠷᠭᠦᠯᠵᠢᠯᠡᠨ ᠠᠬᠢᠭᠤᠯᠬᠤ ᠳᠡᠭᠡᠳᠦ ᠬᠡᠮᠵᠢᠶᠡᠨ᠎ᠦ ᠤᠬᠠᠮᠰᠠᠷ᠎ᠢ ᠭᠦᠢᠴᠡᠳ ᠬᠠᠷᠠᠭᠤᠯᠪᠠ᠃ ᠪᠦᠬᠦᠳᠡ ᠬᠤᠷᠠᠯ᠎ᠡᠴᠡ ᠬᠢᠨᠠᠨ ᠵᠥᠪᠯᠡᠵᠦ ᠪᠠᠲᠤᠯᠠᠭᠰᠠᠨ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠢᠯᠡᠷᠡᠭᠦᠯᠪᠡ᠃ ᠰᠢᠯᠭᠠᠯᠲᠠ᠎ᠳᠤ ᠣᠷᠣᠯᠴᠠᠬᠤ ᠰᠢᠨ᠎ᠡ ᠵᠠᠮ᠎ᠳᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠢᠲᠡᠭᠡᠯ ᠪᠢᠰᠢᠷᠡᠯ᠎ᠦᠨ ᠰᠠᠭᠤᠷᠢ᠎ᠪᠠᠨ ᠪᠠᠲᠤᠳᠬᠠᠨ᠂ ᠡᠷᠡᠮᠡᠬᠡᠢᠯᠡᠨ ᠤᠷᠤᠭᠰᠢᠯᠠᠬᠤ ᠵᠣᠷᠢᠭ᠋᠎ᠢᠶᠠᠨ ᠬᠥᠪᠴᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠴᠣ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠲᠡᠦᠬᠡ᠎ᠶᠢᠨ ᠰᠠᠨᠠᠭᠠᠴᠢᠯᠠᠭ᠎ᠠ ᠵᠢ ᠡᠵᠡᠮᠳᠡᠵᠦ  ᠲᠦᠷᠦ ᠪᠠᠷᠢᠬᠤ ᠰᠠᠭᠤᠷᠢ᠎ᠶᠢ ᠵᠤᠵᠠᠭᠠᠳᠬᠠᠨ᠎ᠠ

ᠡᡁᠸᠪᠸᠢ᠎ᠶᠢᠨ ᠰᠢᠶᠦᠢ᠍ᠩ ᠠᠨ ᠰᠢᠨ᠎ᠡ ᠲᠣᠭᠣᠷᠢᠭ ᠲᠦ᠍ ᠵᠣᠬᠢᠶᠠᠮᠠᠯ ᠤᠶᠤᠨ ᠴᠢᠳᠠᠪᠤᠷᠢ᠂ ᠰᠠᠨᠰᠠᠷ ᠤᠭᠲᠠᠷᠭᠤᠢ ᠵᠢᠨ ᠮᠡᠳᠡᠭᠡ ᠵᠠᠩᠭᠢ ᠵᠡᠷᠭᠡ ᠠᠵᠤ ᠦᠢᠯᠡᠰ ᠥᠷᠨᠢᠭᠦᠨ ᠬᠥᠭᠵᠢᠨ᠎ᠡ᠃

ᠪᠦᠬᠦᠳᠡ ᠬᠤᠷᠠᠯ ᠲᠡᠭᠦᠰᠦᠭᠰᠡᠨ᠎ᠦ ᠲᠠᠷᠠᠭ᠎ᠠ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠡᠯ᠎ᠡ ᠰᠠᠯᠠᠭ᠎ᠠ ᠮᠥᠴᠢᠷ᠎ᠦᠨ ᠺᠠᠳ᠋ᠷ ᠠᠵᠢᠯᠲᠠᠨ ᠲᠡᠷᠡ ᠳᠠᠷᠤᠢ ᠳ᠋ᠤᠨᠢ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠪᠠ᠃  《ᠰᠢᠨ᠎ᠡ ᠲᠣᠭᠣᠷᠢᠭ᠋᠎ᠤᠨ ᠬᠥᠭᠵᠢᠯᠲᠡ ᠨᠢ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢᠨ ᠦᠨᠳᠦᠰᠦᠨ ᠪᠠᠲᠤᠯᠠᠭ᠎ᠠ ᠪᠣᠯᠬᠤ᠎ᠶᠢ ᠭᠦᠢᠴᠡᠳ ᠭᠡᠷᠡᠴᠢᠯᠡᠪᠡ》᠃ ᠰᠢᠨ᠎ᠡ ᠲᠣᠭᠣᠷᠢᠭ᠋᠎ᠤᠨ ᠨᠠᠮ᠎ᠤᠨ ᠠᠵᠢᠯ᠎ᠤᠨ ᠬᠣᠷᠢᠶ᠎ᠠ᠎ᠶᠢᠨ ᠭᠡᠰᠢᠭᠦᠨ ᠯᠢᠦ ᡁᠢ ᠯᠢᠶᠠᠩ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠡᠭᠦᠷᠭᠡ᠎ᠶᠢ ᠪᠦᠬᠦ ᠲᠠᠯ᠎ᠠ᠎ᠪᠠᠷ ᠡᠬᠢᠯᠡᠭᠦᠯᠵᠦ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠰᠢᠶᠦᠢ᠍ᠩ ᠠᠨ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠨᠠᠮ᠎ᠤᠨ ᠪᠠᠢᠭᠤᠯᠤᠯᠲᠠ᠎ᠶᠢ ᠪᠠᠷᠢᠮᠲᠠᠯᠠᠵᠤ ᠰᠢᠨ᠎ᠡ ᠲᠣᠭᠣᠷᠢᠭ᠋᠎ᠤᠨ ᠵᠠᠰᠠᠯᠲᠠ᠎ᠶᠢ ᠬᠥᠲᠥᠯᠥᠨ ᠳᠠᠭᠠᠭᠤᠯᠬᠤ ᠲᠤᠬᠠᠢ ᠱᠠᠭᠠᠷᠳᠠᠯᠭ᠎ᠠ᠎ᠶᠢ ᠪᠠᠲᠤ ᠴᠡᠭᠡᠵᠢᠯᠡᠵᠦ᠂ 《ᠢᠷᠡᠭᠡᠳᠦᠢ᠎ᠶᠢᠨ ᠬᠤᠳᠠ》 ᠵᠢᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠤᠨ᠎ᠡ ᠭᠡᠵᠤ ᠢᠯᠡᠳᠭᠡᠪᠡ᠃

ᠪᠦᠬᠦᠳᠡ ᠬᠤᠷᠠᠯ᠎ᠡᠴᠡ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠣᠯᠣᠭᠰᠠᠨ ᠠᠭᠤᠤ ᠶᠡᠬᠡ ᠠᠮᠵᠢᠯᠲᠠ᠎ᠶᠢ ᠳᠡᠭᠡᠳᠦ ᠬᠡᠮᠵᠢᠶ᠎ᠡ᠎ᠪᠡᠷ ᠦᠨᠡᠯᠡᠪᠡ᠃ 《ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠠᠭᠤᠵᠢᠮ ᠰᠤᠯᠠ ᠵᠥᠭᠡᠯᠡᠨ ᠪᠠᠢᠬᠤ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠪᠠ》 ᠭᠡᠬᠦ ᠮᠡᠲᠦ᠎ᠶᠢᠨ ᠴᠢᠩᠭ᠎ᠠ ᠬᠦᠴᠦᠲᠡᠢ ᠨᠤᠲᠠᠯᠠᠯᠲᠠ ᠨᠢ ᠱᠠᠨ ᠰᠢ ᠮᠤᠵᠢ᠎ᠶᠢᠨ ᠲᠢᠶᠠᠨ ᠵᠧᠨ ᠰᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ ᠯᠢ ᠶᠤᠸᠠᠢ ᠫᠸᠩ᠎ᠳᠤ ᠭᠦᠨ ᠲᠥᠷᠥᠭᠳᠡᠯ ᠥᠭᠴᠡᠢ᠃

ᠯᠢ ᠶᠤᠸᠠᠢ ᠫᠸᠩ᠂ ᠰᠢᠨ᠎ᠡ ᠴᠠᠭ ᠦᠶ᠎ᠡ᠎ᠳᠦ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠲᠠᠯ᠎ᠠ᠎ᠪᠠᠷ ᠠᠭᠤᠤ ᠶᠡᠬᠡ ᠠᠮᠵᠢᠯᠲᠠ ᠪᠦᠲᠦᠮᠵᠢ ᠣᠯᠣᠭᠰᠠᠨ᠎ᠤ ᠦᠨᠳᠦᠰᠦ ᠨᠢ ᠶᠡᠷᠦᠩᠬᠡᠢ ᠱᠦᠵᠢ ᠰᠢ᠎ᠶᠢᠨ ᠫᠢᠩ ᠠᠶᠠᠯᠠᠯ᠎ᠢ ᠵᠠᠮᠴᠢᠯᠠᠨ ᠵᠠᠯᠠᠭᠤᠷ᠎ᠢ ᠠᠳᠬᠤᠭᠰᠠᠨ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠎ᠳᠤ ᠪᠠᠢᠵᠤ᠂ ᠪᠦᠬᠦ ᠲᠠᠯ᠎ᠠ᠎ᠡᠴᠡ ᠲᠥᠯᠥᠪᠵᠢᠭᠦᠯᠦᠨ ᠪᠠᠢᠷᠢᠰᠢᠭᠤᠯᠤᠭᠰᠠᠨ᠎ᠢᠶᠠᠷ ᠪᠠᠷᠠᠬᠤ ᠦᠭᠡᠢ ᠪᠠᠰᠠ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢ ᠪᠦᠬᠦ ᠬᠦᠷᠢᠶ᠎ᠡ ᠴᠠᠷᠠᠭ᠎ᠠ᠎ᠳᠦ ᠪᠦᠷᠬᠦᠭᠦᠯᠬᠦ᠂ ᠱᠠᠲᠤ ᠱᠠᠲᠤ᠎ᠪᠠᠷ ᠳᠠᠮᠵᠢᠭᠤᠯᠬᠤ᠎ᠶᠢ ᠠᠬᠢᠭᠤᠯᠵᠤ᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠰᠠᠬᠢᠯᠭ᠎ᠠ ᠪᠠᠲᠤ᠎ᠶᠢ ᠬᠡᠷᠡᠭᠵᠢᠭᠦᠯᠬᠦ᠎ᠳᠦ ᠴᠢᠭᠯᠡᠯ᠎ᠢ ᠲᠣᠭᠲᠠᠭᠠᠵᠤ᠂ ᠵᠢᠷᠤᠮᠯᠠᠯ ᠬᠠᠩᠭᠠᠭᠰᠠᠨ᠎ᠳᠤ ᠪᠠᠢᠨ᠎ᠠ᠃ 《ᠣᠢᠷ᠎ᠠ᠎ᠶᠢᠨ ᠵᠢᠯ᠎ᠡᠴᠡ ᠪᠢᠳᠡ ᠦᠨᠳᠦᠰᠦᠨ ᠱᠠᠲᠤᠨ᠎ᠤ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠠᠭ᠎ᠠ ᠬᠡᠪᠴᠢᠶ᠎ᠡ᠎ᠪᠡᠷ ᠬᠥᠳᠡᠭᠡ ᠲᠣᠰᠬᠣᠨ᠎ᠤ ᠬᠠᠮᠲᠤ᠎ᠶᠢᠨ 〈ᠪᠡᠯᠡ ᠮᠦᠨᠭᠭᠦ ᠡᠳ᠋ ᠬᠦᠷᠦᠨᠭᠭᠡ ᠡᠬᠢ ᠪᠠᠶᠠᠯᠢᠭ〉 ᠤ᠋ᠨ ᠬᠠᠮᠢᠶᠠᠷᠤᠯᠲᠠ᠎ᠶᠢᠨ ᠬᠦᠷᠢᠶᠡᠨ᠎ᠦ ᠲᠣᠪᠣᠢᠮ᠎ᠠ ᠠᠰᠠᠭᠤᠳᠠᠯ᠎ᠢ ᠴᠡᠭᠴᠡᠯᠡᠨ ᠵᠠᠰᠠᠵᠠᠢ᠃ ᠳᠠᠷᠠᠭᠠᠴᠢ᠎ᠶᠢᠨ ᠠᠯᠬᠤᠮ᠎ᠳᠤ ᠪᠦᠭᠦᠳᠡ ᠬᠤᠷᠠᠯ᠎ᠤᠨ ᠪᠠᠢᠷᠢᠯᠠᠭᠤᠯᠤᠯᠲᠠ ᠪᠡᠷ ᠪᠠᠷᠢᠮᠵᠢᠶ᠎ᠡ ᠪᠤᠯᠭᠠᠵᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠭᠰᠡᠨ ᠪᠣᠳᠠᠲᠤ ᠦᠷ᠎ᠡ ᠪᠦᠲᠦᠮᠵᠢ᠎ᠪᠡᠷ ᠣᠷᠣᠨ ᠨᠤᠲᠤᠭ᠎ᠤᠨ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ》 ᠭᠡᠵᠦ ᠢᠯᠡᠳᠭᠡᠪᠡ᠃

ᠣᠳᠣᠬᠠᠨ᠎ᠳᠤ᠂ ᠳᠡᠯᠡᠬᠡᠢ᠎ᠶᠢᠨ ᠪᠠᠢᠳᠠᠯ ᠤᠯᠤᠰ᠎ᠤᠨ ᠪᠠᠢᠳᠠᠯ ᠨᠠᠮ᠎ᠤᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠪᠠ᠃ ᠪᠦᠭᠦᠳᠡ ᠬᠤᠷᠠᠯ᠎ᠡᠴᠡ ᠳᠤᠷᠠᠳᠤᠭᠰᠠᠨ ᠭᠤᠷᠪᠠᠨ 《ᠡᠭᠦᠷᠭᠡ ᠨᠡᠩ ᠬᠦᠨᠳᠦ ᠪᠡᠷᠬᠡ》 ᠨᠢ ᠬᠠᠢᠨᠠᠨ᠎ᠤ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶᠢᠨ ᠲᠠᠯᠠᠪᠤᠷ᠎ᠤᠨ ᠨᠢᠭᠡᠳᠦᠭᠡᠷ ᠬᠠᠷᠪᠤᠯᠲᠠ᠎ᠶᠢᠨ ᠠᠵᠢᠯ᠎ᠤᠨ ᠪᠠᠢᠷᠢ ᠎ᠶᠢᠨ ᠲᠦᠷᠦᠭᠦᠦ ᠵᠢᠯᠣᠭᠣᠳᠤᠭ᠍ᠴᠢ ᠵᠠᠩ ᠰᠢᠶᠣᠣ ᠵᠢᠶᠦ᠋ᠨ᠎ᠳᠦ ᠭᠦᠨ ᠰᠠᠭᠤᠭᠳᠠᠯ ᠥᠭᠴᠡᠢ᠃ 《ᠰᠠᠨᠰᠠᠷ᠎ᠤᠨ ᠠᠶᠠᠯᠠᠯ ᠪᠣᠯ ᠤᠯᠤᠰ ᠣᠷᠣᠨ᠎ᠤ ᠬᠥᠭᠵᠢᠯᠲᠡ ᠪᠣᠯᠣᠨ ᠠᠮᠤᠷ ᠲᠦᠪᠰᠢᠨ᠎ᠳᠦ ᠬᠣᠯᠪᠣᠭᠳᠠᠵᠤ᠂ ᠮᠦᠨ ᠴᠤ᠌ ᠬᠤᠷᠴᠠ ᠰᠢᠷᠦᠭᠦᠨ ᠥᠷᠢᠰᠦᠯᠳᠦᠭᠡᠨ᠎ᠦ ᠵᠠᠮ ᠮᠥᠨ》᠃ ᠲᠡᠷᠡ᠂ ᠮᠠᠨ᠎ᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ ᠳᠠᠰᠤᠷᠠᠯᠳᠠ ᠦᠭᠡᠢ ᠳᠠᠪᠠᠯᠲᠠ᠎ᠲᠠᠢ ᠪᠣᠯᠤᠭᠰᠠᠨ᠎ᠤ ᠦᠨᠳᠦᠰᠦ ᠨᠢ ᠨᠠᠮ᠎ᠤᠨ ᠵᠢᠯᠣᠭᠣᠳᠤᠯᠭ᠎ᠠ᠎ᠶᠢ ᠲᠠᠭᠠᠵᠤ᠂ ᠢᠲᠡᠭᠡᠯ ᠪᠢᠰᠢᠷᠡᠯ ᠡᠷᠡᠰ ᠪᠠᠲᠤ ᠪᠠᠢᠬᠤ᠎ᠳᠤ ᠪᠤᠢ᠃ ᠣᠳᠣᠬᠠᠨ᠎ᠳᠤ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠡᠭᠦᠷᠭᠡ ᠪᠠᠴᠢᠮ ᠲᠤᠯᠭᠠᠮ ᠪᠠᠢᠵᠤ᠂ ᠨᠡᠩ ᠴᠠᠭᠠᠷᠠᠭᠰᠠᠨ ᠡᠩᠨᠡᠭᠡ᠎ᠶᠢ ᠳᠠᠪᠲᠠᠨ ᠪᠣᠯᠪᠠᠰᠤᠷᠠᠭᠤᠯᠵᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠤᠳᠠᠭ᠎ᠠ ᠪᠦᠷᠢ᠎ᠶᠢᠨ ᠯᠠᠪᠳᠠᠭᠤᠨ ᠨᠠᠢᠳᠠᠪᠤᠷᠢᠲᠠᠢ ᠬᠠᠷᠪᠤᠯᠲᠠ᠎ᠶᠢᠨ ᠡᠭᠦᠷᠭᠡ᠎ᠪᠡᠷ ᠰᠠᠨᠰᠠᠷᠴᠢᠳ᠎ᠤᠨ ᠡᠭᠦᠷᠭᠡ ᠬᠠᠷᠢᠭᠤᠴᠠᠯᠭ᠎ᠠ᠎ᠶᠢ ᠦᠢᠯᠡᠳᠦᠯᠭᠡᠵᠢᠭᠦᠯᠤᠨ᠎ᠡ ᠭᠡᠪᠡ᠃

ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠨᠢ ᠲᠡᠦᠬᠡᠨ᠎ᠳᠦ ᠬᠠᠷᠢᠭᠤᠴᠠᠵᠤ ᠪᠠᠢᠭ᠎ᠠ ᠶᠠᠪᠤᠳᠠᠯ ᠪᠣᠯᠬᠤ ᠪᠥᠭᠡᠳ ᠪᠠᠰᠠ ᠴᠤ᠌ ᠠᠷᠠᠳ ᠲᠦᠮᠡᠨ᠎ᠳᠦ ᠬᠠᠷᠢᠭᠤᠴᠠᠵᠤ ᠪᠠᠢᠭ᠎ᠠ ᠶᠠᠪᠤᠳᠠᠯ ᠮᠦᠨ᠃

ᠱᠠᠩᠬᠠᠢ ᠬᠤᠳᠠ᠎ᠶᠢᠨ ᠪᠠᠨ ᠰᠦᠩ ᠶᠤᠸᠠᠨ ᠵᠡᠭᠡᠯᠢ᠎ᠶᠢᠨ ᠬᠤᠳᠠ᠎ᠶᠢᠨ ᠠᠷᠠᠳ᠎ᠤᠨ ᠰᠢᠨ᠎ᠡ ᠲᠤᠰᠬᠤᠨ ᠨᠡᠢᠭᠡᠮ ᠲᠣᠭᠣᠷᠢᠭ᠋᠎ᠤᠨ ᠨᠠᠮ᠎ᠤᠨ ᠭᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠦᠷᠳᠡᠭᠡ᠎ᠳᠦ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠵᠠᠩ ᠸᠧᠢ ᠰᠠᠭᠤᠭᠠᠯᠢ ᠠᠷᠠᠳ᠎ᠲᠠᠢ ᠬᠠᠮᠲᠤ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠪᠠ᠃ ᠡᠨᠡ ᠬᠦ᠌ ᠬᠤᠳᠠ᠎ᠶᠢᠨ ᠰᠢᠨᠡᠴᠢᠯᠡᠯᠲᠡ᠎ᠳᠦ ᠲᠦᠰᠢᠭᠯᠡᠨ ᠪᠠᠢᠭᠤᠯᠤᠭᠰᠠᠨ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠲᠤ ᠰᠢᠨ᠎ᠡ ᠰᠣᠷᠭᠣᠭ ᠢᠳᠡᠭᠡᠨ᠎ᠢ ᠰᠢᠭᠤᠳ ᠬᠠᠩᠭᠠᠬᠤ ᠭᠠᠵᠠᠷ᠂ ᠬᠠᠮᠲᠤ ᠪᠠᠷ ᠡᠳ᠋ᠯᠡᠬᠦ ᠬᠤᠷᠠᠯ᠎ᠤᠨ ᠭᠡᠷ ᠵᠡᠷᠭᠡ᠎ᠶᠢ ᠲᠣᠬᠢᠷᠠᠭᠤᠯᠵᠤ᠂ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡ᠎ᠶᠢ ᠤᠯᠠᠨ ᠲᠦᠮᠡᠨ᠎ᠦ ᠡᠭᠦᠳᠡᠨ᠎ᠳᠦ ᠬᠦᠷᠭᠡᠵᠡᠢ᠃

《ᠡᠨᠡ ᠵᠢᠯ᠎ᠦᠨ 7 ᠰᠠᠷ᠎ᠠ᠎ᠳᠤ ᠶᠡᠷᠦᠩᠬᠡᠢ ᠱᠦᠵᠢ ᠡᠨᠳᠡ ᠢᠷᠡᠵᠦ ᠰᠢᠨᠵᠢᠯᠡᠨ ᠪᠠᠢᠴᠠᠭᠠᠬᠤ᠎ᠳᠠᠭᠠᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ 〈ᠠᠷᠠᠳ ᠤᠯᠠᠨ᠎ᠳᠤ ᠦᠢᠯᠡᠴᠢᠯᠡᠬᠦ ᠶᠠᠪᠤᠳᠠᠯ᠎ᠢ ᠦᠨᠡᠨ ᠬᠦ᠌ ᠰᠠᠢᠲᠤᠷ ᠬᠢᠬᠦ ᠬᠡᠷᠡᠭᠲᠡᠢ〉 ᠭᠡᠵᠦ ᠵᠠᠬᠢᠪᠠ᠃ ᠪᠢᠳᠡ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶᠢ ᠨᠠᠮ᠎ᠤᠨ ᠡᠭᠦᠷ᠎ᠦᠨ ᠪᠠᠢᠭᠤᠯᠤᠯᠲᠠ᠂ ᠨᠠᠮ᠎ᠤᠨ ᠭᠡᠰᠢᠭᠦᠨ᠎ᠦ ᠬᠠᠮᠢᠶᠠᠷᠤᠯᠲᠠ ᠪᠠ ᠠᠷᠠᠳ ᠲᠦᠮᠡᠨ᠎ᠳᠦ ᠦᠢᠯᠡᠴᠢᠯᠡᠬᠦ᠎ᠳᠦ ᠠᠭᠤᠰᠤᠯᠴᠠᠭᠤᠯᠵᠤ᠂ ᠤᠯᠠᠨ ᠲᠦᠮᠡᠨ᠎ᠦ ᠳᠡᠷᠭᠡᠳᠡᠬᠢ ᠶᠠᠪᠤᠳᠠᠯ᠎ᠢ ᠵᠥᠪᠯᠡᠬᠦ ᠬᠥᠮᠥᠨ᠎ᠲᠠᠢ᠂ ᠠᠳᠬᠤᠬᠤ ᠬᠥᠮᠥᠨ᠎ᠲᠠᠢ᠂ ᠰᠢᠢᠳᠪᠦᠷᠢᠯᠡᠬᠦ ᠬᠥᠮᠥᠨ᠎ᠲᠠᠢ ᠪᠣᠯᠭᠠᠨ᠎ᠠ》 ᠭᠡᠵᠦ ᠵᠠᠩ ᠸᠧᠢ ᠬᠡᠯᠡᠪᠡ᠃

ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠰᠤᠷᠤᠯᠴᠠᠵᠤ ᠵᠠᠷᠴᠢᠮ᠎ᠤᠨ ᠴᠢᠬᠤᠯᠠ ᠠᠭᠤᠯᠭ᠎ᠠ᠎ᠶᠢ ᠨᠡᠪᠲᠡᠷᠡᠲᠡᠯ᠎ᠡ ᠣᠢᠯᠠᠭᠠᠨ᠎ᠠ

ᠪᠥᠬᠥᠳᠡ ᠬᠤᠷᠠᠯ᠎ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠵᠢᠨ ᠵᠢᠯᠤᠭᠣᠳᠬᠤ ᠦᠵᠡᠯ ᠰᠠᠨᠠᠭ᠎ᠠ᠎ᠶᠢ ᠲᠣᠳᠣᠷᠬᠠᠢᠯᠠᠵᠤ᠂ ᠵᠢᠷᠤᠮᠯᠠᠬᠤ ᠬᠡᠷᠡᠭᠲᠡᠢ 7 ᠵᠤᠷᠪᠤᠰ ᠵᠠᠷᠴᠢᠮ᠎ᠢ ᠲᠣᠳᠣᠷᠬᠠᠢᠯᠠᠨ ᠥᠭᠦᠯᠡᠪᠡ᠃

ᠪᠥᠬᠥᠳᠡ ᠬᠤᠷᠠᠯ᠎ᠤᠨ ᠠᠯᠪᠠᠨ ᠵᠠᠷᠯᠠᠯ᠎ᠢ ᠨᠡᠢᠲᠡᠯᠡᠭᠰᠡᠨ᠎ᠦ ᠳᠠᠷᠠᠭ᠎ᠠ᠂ ᠭᠢᠷᠢᠨ ᠶᠡᠬᠡ ᠰᠤᠷᠭᠠᠭᠤᠯᠢ᠎ᠶᠢᠨ ᠰᠤᠷᠭᠠᠭᠤᠯᠢ᠎ᠶᠢᠨ ᠶᠠᠪᠤᠳᠠᠯ᠎ᠤᠨ ᠵᠥᠪᠯᠡᠯ᠎ᠦᠨ ᠳᠡᠳ᠋ ᠡᠷᠬᠢᠯᠡᠭᠴᠢ ᠬᠠᠨ ᠰᠢ ᠫᠢᠩ ᠲᠡᠷᠡ ᠳᠠᠷᠤᠢ ᠳ᠋ᠤᠨᠢ ᠪᠦᠯᠬᠦᠮ ᠨᠡᠶ᠋ᠢᠲᠡ᠎ᠶᠢ ᠵᠣᠬᠢᠶᠠᠨ ᠪᠠᠢᠭᠤᠯᠤᠨ ᠰᠤᠷᠤᠯᠴᠠᠵᠤ ᠰᠤᠳᠤᠯᠤᠨ ᠶᠠᠷᠢᠯᠴᠠᠪᠠ᠃ ᠲᠡᠷᠡ᠂ ᠡᠨᠡ ᠬᠦ᠌ 7 ᠵᠠᠷᠴᠢᠮ ᠨᠢ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠷᠬᠢᠮ ᠨᠠᠨᠳᠢᠨ ᠲᠤᠷᠰᠢᠯᠭ᠎ᠠ᠎ᠶᠢ ᠨᠢᠭ᠍ᠲᠠᠷᠠᠭᠤᠯᠪᠠ᠃ 《ᠰᠤᠷᠭᠠᠨ ᠬᠥᠮᠦᠵᠢᠯ᠎ᠦᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠨᠡᠢᠲᠡᠯᠢᠭ ᠵᠢᠱ᠌ᠢᠶ᠎ᠡ ᠵᠢ ᠬᠢᠴᠢᠶᠡᠯ᠎ᠦᠨ ᠲᠠᠩᠬᠢᠮ᠎ᠳᠤ ᠣᠷᠤᠭᠤᠯᠵᠤ᠂ ᠤᠨᠤᠯ᠎ᠤᠨ ᠯᠣᠭᠢᠭ᠋᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠨᠡᠪᠲᠡᠷᠬᠡᠢ ᠶᠠᠷᠢᠵᠤ᠂ ᠵᠠᠯᠠᠭᠤ ᠰᠤᠷᠤᠭ᠍ᠴᠢᠳ᠎ᠲᠦ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠶᠢᠨ ᠭᠦᠨᠵᠡᠭᠡᠢ ᠠᠭᠤᠯᠤᠭᠳᠠᠬᠤᠨ᠎ᠢ ᠣᠢᠯᠠᠭᠠᠭᠤᠯᠬᠤ ᠪᠡᠷ ᠬᠥᠲᠥᠯᠥᠨ ᠵᠢᠯᠤᠭᠣᠳᠤᠨ᠎ᠠ》 ᠭᠡᠵᠤ ᠢᠯᠡᠳᠭᠡᠪᠡ᠃

ᠲᠦᠷᠦᠭᠦᠬᠡᠨ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠲᠤ ᠢᠷᠡᠵᠦ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ ᠵᠡᠷᠭᠡ ᠪᠠᠢᠳᠠᠯ᠎ᠢ ᠰᠢᠨᠵᠢᠯᠡᠨ ᠪᠠᠢᠴᠠᠭᠠᠪᠠ᠃

ᠤᠯᠠᠭᠠᠨᠴᠠᠪ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠣᠷᠣᠨ᠎ᠤ ᠨᠠᠮ᠎ᠤᠨ ᠠᠵᠢᠯ᠎ᠤᠨ ᠬᠤᠷᠢᠶ᠎ᠠ᠎ᠶᠢᠨ ᠱᠦᠵᠢ ᠡᡁᠦ᠋ᠸᠸ ᠵᠢᠶᠠᠨ ᠵᠦᠩ 《ᠲᠣᠭᠲᠠᠭᠠᠯ》᠎ᠢ᠋ ᠰᠤᠳᠤᠯᠤᠨ ᠤᠩᠰᠢᠬᠤ᠎ᠪᠠᠷ ᠳᠠᠮᠵᠢᠨ 《ᠡᠭᠦᠷᠭᠡ ᠬᠠᠷᠢᠭᠤᠴᠠᠯᠭ᠎ᠠ᠎ᠳᠤ ᠦᠢᠯᠡᠴᠢᠯᠡᠬᠦ᠎ᠶᠢ ᠪᠠᠷᠢᠮᠲᠠᠯᠠᠬᠤ》 ᠲᠤᠬᠠᠢ ᠨᠡᠩ ᠭᠦᠨᠵᠡᠭᠡᠢ ᠣᠢᠯᠠᠭᠠᠯᠲᠠ᠎ᠲᠠᠢ ᠪᠣᠯᠵᠠᠢ᠄《ᠶᠡᠷᠦᠩᠬᠡᠢ ᠱᠦᠵᠢ᠂ 〈ᠵᠡᠬᠦᠨᠳᠡᠬᠢ ᠳᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠳᠤᠯᠭᠠᠭᠤᠷᠢᠯᠠᠬᠤ〉 ᠢᠨᠵᠧᠨᠧᠷᠢᠩ᠎ᠢ ᠬᠡᠷᠡᠭᠵᠢᠭᠦᠯᠵᠦ᠂ ᠪᠦᠬᠦ ᠤᠯᠤᠰ᠎ᠤᠨ ᠨᠢᠭᠡ ᠴᠣᠭᠴᠠᠵᠢᠭ᠍ᠰᠠᠨ ᠪᠤᠳᠤᠯᠳᠠ ᠵᠢᠨ ᠬᠦᠴᠦᠨ᠎ᠤ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠤᠷᠢᠶ᠎ᠠ ᠵᠢᠨ ᠴᠢᠬᠤᠯᠠ ᠪᠠᠢᠷᠢᠯᠠᠭᠤᠯᠤᠯᠲᠠ ᠪᠤᠯᠤᠨ᠎ᠠ ᠬᠡᠵᠦ ᠴᠢᠬᠤᠯᠠᠴᠢᠯᠠᠪᠠ᠃ ᠨᠡᠭᠡᠭᠡᠯᠲᠡ᠎ᠶᠢᠨ ᠣᠷᠣᠨ ᠨᠢ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠬᠡᠯᠪᠡᠷᠢ᠎ᠪᠡᠨ ᠬᠤᠪᠢᠷᠠᠭᠤᠯᠤᠨ ᠬᠥᠭᠵᠢᠭᠦᠯᠬᠦ ᠰᠢᠨ᠎ᠡ ᠵᠠᠮ᠎ᠢᠶᠠᠷ ᠰᠠᠢᠲᠤᠷ ᠵᠠᠮᠨᠠᠨ᠎ᠡ》 ᠭᠡᠵᠤ ᠲᠡᠷᠡ ᠬᠡᠯᠡᠪᠡ᠃

《7·1᠎ᠤ᠋ ᠭᠠᠪᠢᠶᠠᠨ ᠲᠡᠮᠳᠡᠭ》᠎ᠢ᠋ ᠬᠦᠷᠲᠡᠭᠰᠡᠨ ᠰᠸᠴᠤᠸᠠᠨ ᠮᠤᠵᠢ᠎ᠶᠢᠨ ᠶᠤᠸᠠᠨ ᠳᠠ ᠰᠢᠶᠠᠨ᠎ᠤ ᠲᠤᠰᠬᠠᠢ ᠤᠷᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ ᠵᠧᠦ ᠶᠦᠩ ᠺᠠᠢ ᠰᠡᠳᠬᠢᠭᠳᠡᠯ ᠦᠨᠳᠤᠷ ᠪᠠᠢᠯ᠎ᠠ᠃ ᠲᠡᠷᠡ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠳᠤ ᠮᠠᠷᠺᠰ᠎ᠤᠨ ᠦᠵᠡᠯ᠎ᠦᠨ ᠵᠣᠭᠰᠣᠯᠲᠠ᠎ᠳᠤ ᠪᠠᠲᠤ ᠵᠣᠭᠰᠣᠵᠤ᠂ ᠨᠠᠮ᠎ᠳᠠᠭᠠᠨ ᠦᠨᠡᠨᠴᠢ ᠪᠠᠢᠬᠤ᠎ᠶᠢ ᠦᠭᠡ ᠶᠠᠷᠢᠶ᠎ᠠ ᠦᠢᠯᠡ ᠠᠵᠢᠯᠯᠠᠭ᠎ᠠ᠎ᠳᠠᠭᠠᠨ ᠨᠠᠢᠳᠠᠪᠤᠷᠢᠵᠢᠭᠤᠯᠬᠤ ᠭᠡᠷᠡᠭᠲᠡᠢ ᠬᠡᠪᠡ᠃

ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ᠂ ᠺᠠᠳ᠋ᠷ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠮᠥᠨ᠂ ᠪᠠᠰᠠ ᠴᠤ᠌ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠬᠦᠴᠦᠨ ᠮᠥᠨ᠃

ᠱᠠᠨᠳᠦ᠋ᠩ᠎ᠦᠨ ᠳ᠋ᠸᠵᠸᠦ ᠵᠢᠨ ᠯᠤᠤᠯᠢᠩ ᠬᠤᠳᠠ ᠨᠢ ᠲᠤᠬᠠᠢ᠎ᠶᠢᠨ ᠭᠠᠵᠠᠷ᠎ᠤᠨ ᠬᠤᠪᠢᠰᠬᠠᠯ᠎ᠤᠨ ᠡᠬᠢ ᠪᠠᠶᠠᠯᠢᠭ᠋᠎ᠲᠤ ᠲᠦᠰᠢᠭᠯᠡᠵᠦ᠂ ᠵᠠᠯᠠᠭᠤ ᠺᠠᠳ᠋ᠷ᠎ᠲᠤ ᠪᠠᠢᠩᠭᠤᠵᠢᠭ᠍ᠰᠠᠨ ᠲᠤᠬᠠᠢ᠎ᠶᠢᠨ ᠲᠠᠯᠠᠪᠠᠢ᠎ᠶᠢᠨ ᠵᠢᠭᠠᠨ ᠰᠤᠷᠭᠠᠯᠲᠠ᠎ᠶᠢ ᠥᠷᠨᠢᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠵᠢ ᠬᠥᠲᠥᠯᠥᠨ ᠵᠢᠯᠤᠭᠣᠳᠴᠤ ᠪᠤᠢ᠃ ᠯᠤᠤᠯᠢᠩ ᠬᠤᠳᠠ᠎ᠶᠢᠨ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠯᠢᠦ ᡁᠢ ᠭᠠᠩ᠂ ᠳᠠᠷᠠᠭᠠᠴᠢ᠎ᠶᠢᠨ ᠠᠯᠬᠤᠮ᠎ᠳᠤ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠩᠭ᠎ᠠ ᠬᠦᠭ ᠠᠶᠠᠰ᠎ᠢ ᠡᠷᠳᠡᠮᠲᠡᠨ᠎ᠢ ᠰᠣᠩᠭᠣᠵᠤ ᠴᠢᠳᠠᠪᠤᠷᠢᠲᠠᠨ᠎ᠢ ᠬᠡᠷᠡᠭᠯᠡᠬᠦ᠂ ᠰᠠᠭᠤᠷᠢ᠎ᠶᠢ ᠴᠢᠩᠭᠠᠳᠬᠠᠨ ᠦᠨᠳᠦᠰᠦ᠎ᠶᠢ ᠪᠡᠬᠢᠵᠢᠭᠦᠯᠬᠦ᠂ ᠴᠢᠳᠠᠪᠤᠷᠢᠲᠠᠨ᠎ᠢ ᠬᠥᠮᠥᠵᠢᠭᠦᠯᠵᠦ ᠴᠢᠳᠠᠪᠤᠷᠢᠲᠠᠨ᠎ᠢ ᠲᠥᠪᠯᠡᠷᠡᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠺᠠᠳ᠋ᠷ᠎ᠢ ᠨᠥᠭᠡᠴᠡᠯᠡᠬᠦ ᠰᠢᠰᠲ᠋ᠸᠮ᠎ᠢ ᠬᠦᠴᠦᠯᠡᠨ ᠪᠠᠢᠭᠤᠯᠤᠨ᠎ᠠ ᠭᠡᠵᠦ ᠢᠯᠡᠳᠬᠡᠪᠡ᠃

ᠵᠦᠩ ᠲᠦᠩ ᠲᠦᠷᠭᠡᠨ ᠬᠦᠷᠭᠡᠯᠲᠡ᠎ᠶᠢᠨ ᠲᠢᠶᠠᠨᠵᠢᠨ ᠬᠤᠳᠠ᠎ᠶᠢᠨ ᠾᠧ ᠳ᠋ᠦᠩ ᠲᠣᠭᠣᠷᠢᠭ᠋᠎ᠤᠨ ᠳᠠ ᡁᠢ ᠭᠦ ᠬᠦᠷᠬᠡᠯᠳᠡ ᠵᠢᠨ ᠴᠡᠭ᠎ᠦᠨ ᠲᠦᠷᠭᠡᠨ ᠬᠦᠷᠭᠡᠭᠴᠢ ᠴᠤᠤ ᠬᠣᠩ ᠶᠢᠨ 《ᠦᠷᠳᠡᠬᠡ ᠵᠢᠨ ᠬᠠᠢᠷ᠎ᠠ ᠬᠠᠯᠠᠮᠵᠢ》 ᠦᠢᠯᠡᠴᠢᠯᠡᠭᠡᠨ᠎ᠦ ᠲᠤᠰᠬᠠᠢ ᠲᠣᠭᠣᠷᠢᠭ᠋᠎ᠲᠤ ᠢᠷᠡᠵᠦ᠂ ᠬᠠᠮᠲᠤ ᠠᠵᠢᠯᠯᠠᠭᠰᠠᠳ᠎ᠲᠠᠭᠠᠨ ᠬᠤᠭᠤᠯᠠ ᠤᠮᠳᠠ ᠪᠡᠯᠡᠳᠪᠡ᠃ ᠪᠦᠬᠦᠳᠡ ᠬᠤᠷᠠᠯ᠎ᠡᠴᠡ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢ ᠲᠣᠪᠣᠢᠮ᠎ᠠ ᠰᠠᠢᠲᠤᠷ ᠠᠳᠬᠤᠬᠤ ᠳᠤᠬᠠᠢ ᠳᠤᠷᠠᠳᠤᠭᠰᠠᠨ ᠨᠢ ᠲᠡᠭᠦᠨ᠎ᠳᠦ ᠮᠠᠰᠢ ᠬᠠᠯᠠᠭᠤᠨ ᠳᠤᠯᠠᠭᠠᠨ ᠰᠠᠨᠠᠭᠳᠠᠵᠠᠢ᠃

《ᠪᠢᠳᠡ ᠪᠣᠯ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠵᠢᠨ ᠣᠷᠣᠯᠴᠠᠭ᠍ᠴᠢ ᠪᠣᠯᠬᠤ᠎ᠪᠠᠷ ᠪᠠᠷᠠᠬᠤ ᠦᠭᠡᠢ ᠪᠠᠰᠠ ᠠᠰᠢᠭ᠋ ᠬᠦᠷᠳᠡᠭᠴᠢ ᠪᠣᠯᠣᠨ᠎ᠠ》᠃ ᠴᠤᠤ ᠬᠣᠩ ᠶᠢᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠩ ᠣᠯᠠᠨ ᠳᠦᠷᠬᠡᠨ ᠬᠦᠷᠬᠡᠭᠴᠢ ᠵᠢ ᠳᠠᠶ᠋ᠢᠴᠢᠯᠠᠨ ᠨᠡᠢᠭᠡᠮ ᠲᠣᠭᠣᠷᠢᠭ᠋᠎ᠤᠨ ᠵᠠᠰᠠᠯᠲᠠ᠎ᠳᠤ ᠠᠭᠤᠰᠤᠯᠴᠠᠭᠤᠯᠵᠤ᠂ ᠨᠠᠮ᠎ᠤᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠣᠯᠠᠨ ᠲᠦᠮᠡᠨ᠎ᠳᠦ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠬᠡᠵᠦ ᠢᠯᠡᠳᠬᠡᠪᠡ᠃

ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ ᠰᠢᠨ᠎ᠠ ᠠᠶᠠᠨ᠎ᠳᠤ ᠡᠷᠡᠯᠬᠡᠭᠯᠡᠨ ᠤᠷᠤᠭᠰᠢᠯᠠᠨ᠎ᠠ

ᠯᠢᠶᠣᠤᠨᠢᠩ᠎ᠤᠨ ᠪᠸᠨᠰᠢ᠎ᠳᠤ᠂ ᠠᠨᠱᠠᠨ᠎ᠤ ᠪᠣᠯᠣᠳ ᠲᠡᠮᠦᠷ᠎ᠦᠨ ᠪᠦᠯᠦᠭᠯᠡᠯ᠎ᠦᠨ ᠪᠸᠨᠰᠢ ᠪᠣᠯᠣᠳ ᠬᠠᠪᠲᠠᠰᠤ᠎ᠶᠢᠨ ᠬᠦᠢᠲᠡᠨ ᠬᠡᠪᠰᠢᠭᠦᠯᠭᠡ᠎ᠶᠢᠨ ᠶᠡᠷᠦᠩᠬᠡᠢ ᠦᠢᠯᠡᠳᠪᠦᠷᠢ᠎ᠶᠢᠨ ᠭᠤᠷᠪᠠᠳᠤᠭᠠᠷ ᠬᠦᠢᠳᠡᠨ ᠵᠢᠡᠷ ᠬᠡᠪᠰᠢᠭᠦᠯᠬᠦ ᠦᠢᠯᠡᠳᠪᠦᠷᠢ᠎ᠶᠢᠨ ᠬᠤᠷᠠᠯ᠎ᠤᠨ ᠭᠡᠷ᠎ᠲᠦ᠂ ᠤᠳᠤᠷᠢᠳᠬᠤ ᠪᠠᠭ᠎ᠤᠨ ᠬᠢᠨ ᠳᠡᠭᠡᠳᠦ ᠲᠡᠰ᠎ᠤᠨ ᠣᠶᠤᠨᠴᠢᠯᠠᠭᠰᠠᠨ ᠪᠣᠬᠢᠷᠲᠤᠯ ᠦᠭᠡᠢ ᠬᠥᠭᠵᠢᠯᠲᠡ ᠥᠭᠡᠷᠡᠴᠢᠯᠡᠯᠲᠡ᠎ᠶᠢᠨ ᠲᠦᠷᠦᠯ ᠵᠦᠢᠯ᠎ᠦᠨ ᠲᠣᠭᠣᠷᠢᠨ᠎ᠳᠤ ᠬᠠᠮᠲᠤ᠎ᠪᠠᠷ ᠰᠤᠳᠤᠯᠤᠨ ᠶᠠᠷᠢᠯᠴᠠᠵᠤ᠂ ᠪᠡᠯᠡ ᠣᠷᠣᠭᠤᠯᠤᠯᠲᠠ ᠪᠣᠯᠣᠨ ᠮᠡᠷᠭᠡᠵᠢᠯ᠎ᠦᠨ ᠠᠶᠤᠯ ᠲᠦᠭᠰᠢᠭᠦᠷᠢ᠎ᠶᠢ ᠨᠢᠭᠡᠳ ᠨᠢᠭᠡ᠎ᠪᠡᠷ ᠰᠤᠳᠤᠯᠤᠨ ᠮᠠᠭᠠᠳᠯᠠᠪᠠ᠃ ᠭᠤᠷᠪᠠᠳᠤᠭᠠᠷ ᠬᠦᠢᠲᠡᠨ᠎ᠢᠶᠡᠷ ᠬᠡᠪᠰᠢᠭᠦᠯᠬᠦ ᠦᠢᠯᠡᠳᠪᠦᠷᠢ᠎ᠶᠢᠨ ᠨᠠᠮ᠎ᠤᠨ ᠬᠤᠷᠢᠶ᠎ᠠ ᠵᠢᠨ ᠱᠦᠵᠢ ᠵᠤᠤ ᠰᠢᠩ ᠲᠤᠤ᠄ 《ᠪᠦᠬᠦᠳᠠ ᠬᠤᠷᠠᠯ᠎ᠡᠴᠡ ᠠᠷᠠᠳᠴᠢᠯᠠᠯ ᠲᠥᠪᠯᠡᠷᠡᠯ᠎ᠦᠨ ᠶᠣᠰᠣᠨ᠎ᠤ ᠡᠯ᠎ᠡ ᠵᠦᠢᠯ᠎ᠦᠨ ᠳᠦᠷᠢᠮ᠎ᠢ ᠡᠷᠬᠡᠪᠰᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠬᠤ᠎ᠶᠢ ᠲᠣᠳᠣᠷᠬᠠᠢᠯᠠᠵᠤ᠂ ᠤᠳᠤᠷᠢᠳᠬᠤ ᠪᠠᠭ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠬᠦ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠪᠠ᠂ ᠪᠢᠳᠡ 〈ᠨᠢᠭᠡᠳᠦᠭᠡᠷ ᠭᠠᠷ〉 ᠪᠣᠯᠣᠨ ᠤᠳᠤᠷᠢᠳᠬᠤ ᠪᠠᠭ᠎ᠲᠤ ᠬᠢᠨᠠᠯᠲᠠ ᠲᠠᠯᠪᠢᠬᠤ᠎ᠶᠢ ᠴᠢᠩᠭ᠎ᠠ ᠠᠳᠬᠤᠵᠤ᠂ ᠳᠦᠷᠢᠮ᠎ᠦᠨ ᠳᠠᠪᠠᠭᠤᠯᠢᠭ᠋᠎ᠢ ᠠᠵᠤ ᠦᠢᠯᠡᠰ᠎ᠦᠨ ᠬᠥᠭᠵᠢᠯᠲᠡ᠎ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠠᠢᠭᠤᠯᠤᠯᠲᠠ᠎ᠳᠤ ᠦᠢᠯᠡᠴᠢᠯᠡᠨ᠎ᠡ》 ᠭᠡᠵᠦ ᠬᠡᠯᠡᠪᠡ᠃

《ᠪᠦᠬᠦᠳᠡ ᠬᠤᠷᠡᠯ ᠡᠴᠡ ᠳᠦᠪ᠎ᠤ᠋ᠨ ᠨᠢ᠋ᠮᠡᠨ ᠳᠤᠭᠳᠠᠭᠠᠯ᠎ᠤᠨ ᠵᠤᠷᠢᠭ ᠰᠠᠨᠠᠭ᠎ᠠ ᠵᠢ ᠡᠷᠬᠡᠪᠰᠢ ᠨᠠᠢᠳᠠᠪᠤᠷᠢᠵᠢᠭᠤᠯᠤᠨ᠂ ᠪᠠᠢᠨᠭᠭᠤᠵᠢᠭᠰᠠᠨ ᠦᠨᠳᠦᠷ ᠪᠦᠳᠦᠮᠵᠢᠭᠰᠡᠨ ᠰᠤᠷᠳᠠᠯ᠎ᠤᠨ ᠪᠠᠢᠭᠤᠯᠤᠯᠳᠠ ᠵᠢ ᠠᠬᠢᠭᠤᠯᠬᠤ ᠬᠡᠷᠡᠭᠲᠡᠢ ᠬᠡᠵᠦ ᠳᠤᠳᠤᠷᠬᠠᠢ ᠱᠠᠭᠠᠷᠳᠠᠪᠠ》᠃ ᠹᠦᠵᠢᠶᠠᠨ ᠮᠤᠵᠢ᠎ᠶᠢᠨ ᠱᠧᠦ ᠨᠢᠩ ᠰᠢᠶᠠᠨ᠎ᠤ ᠨᠠᠮ᠎ᠤᠨ ᠬᠤᠷᠢᠶ᠎ᠠ ᠵᠢᠨ ᠱᠦᠵᠢ ᠵᠠᠩ ᠶᠦᠩ ᠰᠧᠨ᠂ ᠶᠡᠷᠦᠩᠬᠡᠢ ᠱᠦᠵᠢ ᠰᠢ ᠵᠢᠨ ᠫᠢᠩ᠎ᠦᠨ ᠹᠦᠵᠢᠶᠠᠨ᠎ᠳᠤ ᠠᠵᠢᠯᠯᠠᠵᠤ ᠪᠠᠢᠭᠰᠠᠨ ᠦᠶ᠎ᠠ ᠵᠢᠨ 《ᠶᠢᠰᠦ ᠤᠳᠠᠭ᠎ᠠ ᠱᠧᠦ ᠨᠢᠩ᠎ᠳᠤ ᠬᠦᠷᠴᠦ᠂ ᠭᠤᠷᠪᠠ᠎ᠤᠳᠠᠭ᠎ᠠ ᠰᠢᠶᠠ ᠳ᠋ᠠᠩ᠎ᠳᠤ ᠤᠴᠢᠭᠰᠠᠨ》 ᠡᠷᠬᠢᠮ ᠨᠠᠨᠳᠢᠨ ᠦᠵᠡᠯ ᠰᠠᠨᠠᠭ᠎ᠠ᠂ ᠪᠣᠳᠠᠲᠤ ᠠᠵᠢᠯᠯᠠᠭ᠎ᠠ᠎ᠶᠢ ᠡᠷᠬᠢᠮᠯᠡᠬᠦ ᠰᠤᠷᠲᠠᠯ᠎ᠢ ᠰᠠᠢᠲᠤᠷ ᠤᠯᠠᠮᠵᠢᠯᠠᠨ ᠰᠠᠢᠲᠤᠷ ᠠᠰᠢᠭ᠍ᠯᠠᠵᠤ᠂《ᠳᠥᠷᠪᠡ᠎ᠶᠢ ᠦᠨᠳᠦᠰᠦᠨ ᠱᠠᠲᠤᠨ᠎ᠳᠤ ᠬᠦᠷᠭᠡᠬᠦ》 ᠳᠦᠷᠢᠮ᠎ᠢ ᠦᠷᠭᠦᠯᠵᠢᠯᠡᠨ ᠦᠢᠯᠡᠳᠦᠯᠭᠡᠵᠢᠭᠦᠯᠵᠦ᠂ ᠰᠢᠯᠢᠳᠡᠭ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢᠶᠠᠷ ᠨᠡᠢᠭᠡᠮ᠎ᠦᠨ ᠰᠤᠷᠲᠠᠯ ᠠᠷᠠᠳ᠎ᠤᠨ ᠰᠤᠷᠲᠠᠯ᠎ᠢ ᠳᠠᠶ᠋ᠢᠴᠢᠯᠠᠵᠤ᠂ ᠰᠠᠢᠨ ᠰᠠᠢᠬᠠᠨ ᠭᠡᠷ ᠣᠷᠣᠨ᠎ᠢᠶᠠᠨ ᠢᠳᠡᠪᠬᠢᠲᠡᠢ ᠪᠦᠲᠦᠭᠡᠨ ᠪᠠᠢᠭᠤᠯᠤᠨ᠎ᠠ ᠭᠡᠵᠤ ᠢᠯᠡᠳᠬᠡᠪᠡ᠃

ᠶᠦᠨᠨᠠᠨ ᠮᠤᠵᠢ᠎ᠶᠢᠨ ᠰᠢ ᠴᠧᠦ ᠰᠢᠶᠠᠨ᠎ᠤ ᠳ᠋ᠦᠩ ᠱᠧᠩ ᠲᠣᠰᠬᠣᠨ᠎ᠳᠤ᠂ ᠲᠣᠰᠬᠣᠨ᠎ᠤ ᠠᠷᠠᠳ ᠪᠠᠢᠨ ᠪᠠᠢᠨ ᠲᠣᠰᠬᠣᠨ᠎ᠤ ᠶᠠᠪᠤᠳᠠᠯ᠎ᠢ ᠢᠯᠡ ᠪᠣᠯᠭᠠᠬᠤ ᠳᠠᠪᠴᠠᠩ᠎ᠢ ᠪᠠᠢᠴᠠᠭᠠᠨ ᠦᠵᠡᠵᠦ ᠪᠠᠢᠯ᠎ᠠ᠃ ᠣᠢᠷ᠎ᠠ᠎ᠶᠢᠨ ᠵᠢᠯ᠎ᠡᠴᠡ ᠨᠠᠭᠠᠰᠢ ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠲᠣᠭᠲᠡᠴᠡ᠎ᠶᠢ ᠲᠡᠭᠦᠯᠳᠡᠷᠵᠢᠭᠦᠯᠵᠦ᠂ ᠲᠣᠰᠬᠣᠨ᠎ᠤ ᠱᠠᠲᠤᠨ᠎ᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠂ ᠲᠠᠷᠢᠶᠠᠴᠢᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ ᠵᠡᠷᠭᠡ ᠠᠵᠢᠯ᠎ᠢ ᠵᠢᠷᠤᠮᠵᠢᠭᠤᠨ ᠪᠥᠭᠡᠳ ᠢᠯᠡ ᠲᠣᠳᠣ᠌ ᠪᠣᠯᠭᠠᠵᠠᠢ᠃

ᠪᠦᠬᠦᠳᠡ ᠬᠤᠷᠠᠯ᠎ᠡᠴᠡ ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠪᠠ ᠲᠡᠭᠦᠨ᠎ᠳᠦ ᠬᠢᠨᠠᠯᠲᠠ ᠲᠠᠯᠪᠢᠬᠤ᠎ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠤᠭᠰᠠᠠ ᠨᠢ ᠳ᠋ᠦᠩ ᠱᠧᠩ ᠲᠣᠰᠬᠣᠨ᠎ᠤ ᠨᠠᠮ᠎ᠤᠨ ᠬᠤᠷᠢᠶ᠎ᠠ ᠵᠢᠨ ᠱᠦᠵᠢ ᠯᠥᠸᠧ ᠷᠦᠢ ᠼᠠᠢ᠎ᠶᠢᠨ ᠠᠵᠢᠯ᠎ᠤᠨ ᠴᠢᠭᠯᠡᠯ᠎ᠢ ᠨᠡᠩ ᠲᠣᠳᠣᠷᠬᠠᠢ ᠪᠣᠯᠭᠠᠪᠠ᠄ 《ᠪᠢᠳᠡ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠦᠨᠳᠦᠰᠦᠨ ᠱᠠᠲᠤᠨ᠎ᠤ ᠵᠠᠰᠠᠯᠲᠠ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ᠎ᠳᠤ ᠠᠭᠤᠰᠤᠯᠴᠠᠭᠤᠯᠵᠤ᠂ ᠡᠷᠬᠡ᠎ᠶᠢᠨ ᠠᠵᠢᠯᠯᠠᠭᠠᠨ᠎ᠤ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠪᠦᠬᠦ ᠶᠠᠪᠤᠴᠠ᠎ᠳᠤ ᠬᠢᠨᠠᠯᠲᠠ ᠲᠠᠯᠪᠢᠬᠤ᠂ ᠲᠣᠰᠬᠣᠨ᠎ᠤ ᠶᠠᠪᠤᠳᠠᠯ᠎ᠢ ᠢᠯᠡ ᠪᠣᠯᠭᠠᠬᠤ᠎ᠶᠢ ᠪᠠᠢᠩᠭᠤᠵᠢᠭᠤᠯᠵᠤ᠂ ᠦᠨᠳᠦᠰᠦᠨ ᠱᠠᠲᠤᠨ᠎ᠤ ᠴᠡᠪᠡᠷ ᠤᠯᠤᠰ ᠲᠦᠷᠦ᠎ᠶᠢᠨ ᠠᠮᠢ ᠠᠬᠤᠢ᠎ᠪᠠᠷ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠬᠠᠮᠠᠭᠠᠯᠠᠨ᠎ᠠ》 ᠭᠡᠵᠤ ᠲᠡᠷᠡ ᠭᠡᠯᠡᠪᠡ᠃

ᠳᠤᠮᠳᠠᠳᠤ ᠤᠯᠤᠰ (ᠭᠤᠸᠠᠩᠰᠢ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠠᠢᠭᠤᠯᠤᠭᠳᠠᠭᠰᠠᠨ 7 ᠵᠢᠯ᠎ᠦᠨ ᠲᠤᠷᠰᠢ᠂ ᠠᠵᠤ ᠠᠬᠤᠢᠯᠡᠯ᠎ᠳᠤ ᠦᠢᠯᠡᠴᠢᠯᠡᠬᠦ᠎ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠵᠦᠢᠯ᠎ᠦᠨ ᠠᠵᠤ ᠠᠬᠤᠢ᠎ᠶᠢᠨ ᠭᠦᠢᠴᠡᠳᠬᠡᠯ ᠲᠣᠭ᠎ᠠ ᠰᠢᠪᠲᠤᠯᠤᠯᠲᠠ᠎ᠶᠢᠨ ᠴᠢᠨᠠᠷᠲᠠᠢ ᠨᠡᠮᠡᠭᠳᠡᠯ᠎ᠢ ᠪᠡᠶᠡᠯᠡᠭᠦᠯᠪᠡ᠃

ᠪᠦᠬᠦᠳᠡ ᠬᠤᠷᠠᠯ᠎ᠡᠴᠡ ᠳᠦᠷᠢᠮ᠎ᠦᠨ ᠬᠡᠷᠡᠭᠵᠢᠭᠦᠯᠬᠦ ᠬᠦᠴᠦᠨ᠎ᠢ ᠴᠢᠩᠭᠠᠳᠬᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠠᠵᠢᠯ᠎ᠤᠨ ᠠᠯᠪᠠᠨ ᠭᠡᠷ᠎ᠦᠨ ᠲᠤᠰᠬᠠᠢ ᠲᠤᠰᠢᠶᠠᠯᠲᠤ ᠳᠡᠳ᠋ ᠡᠷᠬᠢᠯᠡᠭᠴᠢ ᠸᠠᠩ ᠰᠢᠨ ᠬᠣᠩ ᠦᠢᠯᠡᠴᠢᠯᠡᠭᠡ ᠡᠵᠡᠩᠨᠡᠯᠲᠡ᠎ᠶᠢᠨ ᠭᠣᠣᠯ ᠴᠣᠭᠴᠠ᠎ᠶᠢᠨ ᠢᠲᠡᠭᠡᠯ᠎ᠢ ᠤᠯᠠᠮ ᠨᠢᠭᠡ ᠠᠯᠬᠤᠮ ᠪᠠᠲᠤᠳᠬᠠᠪᠠ᠄ 《ᠪᠢᠳᠡ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠡᠷᠡᠰ ᠲᠤᠭᠤᠰᠢᠯᠠᠭᠤᠯᠵᠤ᠂ ᠰᠠᠬᠢᠯᠭ᠎ᠠ ᠪᠠᠲᠤ ᠣᠪᠣᠷ ᠰᠤᠷᠲᠠᠯ᠂ ᠳᠦᠷᠢᠮ᠎ᠢ ᠪᠣᠳᠠᠲᠠᠢ ᠬᠡᠷᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠡᠮᠬᠢ ᠵᠢᠷᠤᠮ᠎ᠲᠠᠢ ᠠᠬᠢᠭᠤᠯᠬᠤ᠎ᠶᠢ ᠪᠠᠲᠤᠯᠠᠵᠤ᠂ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠣᠯᠭᠠᠵᠤ᠂ ᠨᠡᠭᠡᠭᠡᠯᠲᠡ᠎ᠶᠢᠨ ᠬᠥᠳᠡᠯᠭᠡᠬᠦ ᠡᠨᠧᠷᠭᠢ᠎ᠶᠢ ᠬᠥᠭᠵᠢᠭᠡᠨ᠎ᠡ》 ᠭᠡᠵᠤ ᠲᠡᠷᠡ ᠬᠡᠯᠡᠪᠡ᠃

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠂ ᠨᠠᠮ᠎ᠤᠨ ᠪᠦᠬᠦ ᠠᠵᠢᠯ ᠨᠢ ᠨᠠᠮ᠎ᠤᠨ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠳᠦ ᠲᠦᠰᠢᠭᠯᠡᠨ ᠪᠡᠶᠡᠯᠡᠭᠳᠡᠨ᠎ᠡ᠃ ᠪᠥᠬᠥᠳᠡ ᠬᠤᠷᠠᠯ᠎ᠡᠴᠡ ᠨᠠᠮ᠎ᠤᠨ ᠱᠤᠭᠤᠮ ᠴᠢᠭᠯᠡᠯᠲᠡ ᠲᠥᠷᠥ᠎ᠶᠢᠨ ᠪᠣᠳᠣᠯᠭ᠎ᠠ ᠪᠠ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠳᠡᠭᠡᠳᠦ ᠳᠣᠣᠷᠠᠳᠤ ᠱᠠᠲᠤ᠎ᠪᠠᠷ᠎ᠢᠶᠠᠨ ᠬᠠᠮᠵᠢᠯᠴᠠᠵᠤ᠂ ᠨᠠᠷᠢᠯᠢᠭ᠋ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠳᠤᠷᠠᠳᠪᠠ᠂ ᠰᠢᠨᠵᠢᠶᠠᠩ᠎ᠤᠨ ᠠᠺᠰᠦ᠋ ᠬᠣᠲᠠ᠎ᠶᠢᠨ ᠰᠢᠨᠵᠢᠶᠠᠩ᠎ᠢ ᠲᠤᠰᠠᠯᠠᠬᠤ ᠺᠠᠳ᠋ᠷ ᠶᠠᠩ ᠢ ᠪᠣᠳᠠᠲᠠᠢ ᠠᠵᠢᠯ᠎ᠤᠨ ᠳᠤᠮᠳᠠ᠎ᠪᠠᠨ ᠡᠨᠡ ᠬᠦ᠌ ᠱᠠᠭᠠᠷᠳᠠᠯᠭ᠎ᠠ᠎ᠶᠢ ᠬᠡᠷᠬᠢᠨ ᠨᠠᠢᠳᠠᠪᠤᠷᠢᠵᠢᠭᠤᠯᠬᠤ ᠲᠤᠬᠠᠢ ᠨᠠᠷᠢᠨ ᠬᠢᠨᠠᠮᠠᠭᠠᠢ ᠪᠣᠳᠣᠯᠬᠢᠯᠠᠪᠠ᠃

ᠶᠠᠩ ᠢ ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠲᠡᠷᠢᠭᠦᠨ᠎ᠦ ᠦᠨᠳᠦᠰᠦᠨ ᠱᠠᠲᠤᠨ᠎ᠤ ᠵᠠᠰᠠᠯᠲᠠ᠎ᠶᠢᠨ ᠣᠢᠯᠠᠭᠠᠭᠳᠠᠬᠤᠨ᠎ᠢ ᠲᠤᠬᠠᠢ᠎ᠶᠢᠨ ᠭᠠᠵᠠᠷ᠎ᠲᠤ ᠦᠢᠯᠡᠳᠦᠯᠭᠡᠵᠢᠭᠦᠯᠬᠦ᠎ᠶᠢ ᠢᠳᠡᠪᠬᠢᠲᠡᠢ ᠰᠦᠪᠡᠭᠴᠢᠯᠡᠵᠦ᠂ ᠰᠢᠨᠵᠢᠶᠠᠩ᠎ᠤᠨ ᠡᠮᠦᠨ᠎ᠡ ᠬᠡᠰᠡᠭ᠎ᠤᠨ ᠪᠣᠳᠠᠲᠤ ᠪᠠᠢᠳᠠᠯ᠎ᠲᠠᠢ ᠨᠡᠢᠴᠡᠭᠦᠯᠦᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠰᠠᠢᠲᠤᠷ ᠦᠢᠯᠡᠴᠢᠯᠡᠨ᠎ᠡ ᠭᠡᠵᠦ ᠢᠯᠡᠳᠬᠡᠪᠡ᠃

ᠬᠤᠨᠠᠨ ᠮᠤᠵᠢ᠎ᠶᠢᠨ ᠰᠠᠩ ᡁᠢ ᠰᠢᠶᠠᠨ᠎ᠳᠤ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠬᠣᠶᠠᠳᠤᠭᠠᠷ ᠹᠷᠣᠨᠲ᠎ᠤᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠮᠣᠷᠳᠠᠭᠰᠠᠨ ᠭᠠᠵᠠᠷ᠎ᠤᠨ ᠳᠤᠷᠠᠰᠬᠠᠯ᠎ᠤᠨ ᠣᠷᠳᠣᠨ᠎ᠳᠤ᠂ ᠲᠣᠭᠣᠷᠢᠨ ᠦᠵᠡᠭᠴᠢᠳ ᠲᠠᠰᠤᠷᠠᠯᠳᠠ ᠦᠭᠡᠢ ᠴᠤᠪᠤᠷᠠᠵᠤ ᠪᠠᠢᠯ᠎ᠠ᠃

《ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠭᠰᠠᠨ ᠠᠶᠠᠨ ᠲᠠᠢ᠍ᠢᠨ ᠮᠥᠨ᠂ ᠨᠠᠮ ᠪᠠ ᠠᠷᠠᠳ ᠲᠦᠮᠡᠨ᠎ᠦ ᠰᠢᠨ᠎ᠡ ᠤᠷᠳᠤ ᠵᠠᠮ᠎ᠤᠨ ᠠᠶᠠᠨ ᠲᠠᠢ᠍ᠢᠨ ᠮᠥᠨ》᠃ ᠳᠤᠷᠠᠰᠬᠠᠯ᠎ᠤᠨ ᠣᠷᠳᠣᠨ᠎ᠤ ᠳᠡᠳ᠋ ᠳᠠᠷᠤᠭ᠎ᠠ ᠬᠦ ᠰᠢᠤ ᠴᠢᠨ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠡᠳᠦᠷ ᠲᠤᠳᠤᠮ᠎ᠤᠨ ᠲᠠᠢᠯᠤᠮᠵᠢ᠎ᠳᠠᠭᠠᠨ ᠠᠭᠤᠰᠤᠯᠴᠠᠭᠤᠯᠵᠤ᠂ ᠨᠠᠮ᠎ᠤᠨ ᠰᠢᠯᠢᠳᠡᠭ ᠤᠯᠠᠮᠵᠢᠯᠠᠯ ᠪᠠ ᠰᠤᠷᠲᠠᠯ᠎ᠤᠨ ᠦᠯᠢᠬᠡᠷ᠎ᠢ ᠰᠡᠳᠬᠢᠯ ᠲᠠᠯᠪᠢᠨ ᠰᠠᠢᠲᠤᠷ ᠶᠠᠷᠢᠵᠤ᠂ ᠨᠡᠩ ᠤᠯᠠᠨ ᠬᠥᠮᠥᠰ᠎ᠦᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ᠎ᠶᠢ ᠵᠣᠷᠢᠭ᠍ᠵᠢᠭᠤᠯᠤᠨ᠎ᠡ ᠭᠡᠵᠦ ᠢᠯᠡᠳᠬᠡᠵᠡᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 1᠎ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面