2026-11-06 17:02:20
11 ᠰᠠᠷ᠎ᠠ᠎ᠶᠢᠨ 5᠎ᠤ ᠡᠳᠦᠷ᠂ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ(ᠳᠣᠷᠣᠭ᠍ᠰᠢ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ ᠭᠡᠵᠦ ᠲᠣᠪᠴᠢᠯᠠᠨ᠎ᠠ) ᠤᠯᠤᠰ᠎ᠤᠨ ᠬᠤᠷᠠᠯ ᠦᠵᠡᠰᠬᠦᠯᠡᠩ᠎ᠦᠨ ᠲᠥᠪ (ᠱᠠᠩᠬᠠᠢ)᠎ᠲᠦ ᠡᠬᠢᠯᠡᠪᠡ᠃ ᠥᠪᠥᠷ ᠮᠣᠩᠭᠣᠯ᠎ᠤᠨ 60 ᠭᠠᠷᠤᠢ ᠠᠵᠤ ᠠᠬᠤᠢᠯᠠᠯ ᠦᠵᠡᠰᠬᠦᠯᠡᠩᠳᠦ ᠣᠷᠣᠯᠴᠠᠵᠤ᠂ ᠮᠠᠨ᠎ᠤ ᠣᠷᠣᠨ᠎ᠤ ᠠᠵᠤ ᠦᠢᠯᠡᠰ᠎ᠦᠨ ᠳᠠᠪᠠᠭᠤᠯᠢᠭ᠋ ᠪᠣᠯᠣᠨ ᠥᠪᠡᠷᠮᠢᠴᠡ ᠰᠣᠶᠣᠯ᠎ᠤᠨ ᠷᠢᠳᠢ ᠰᠢᠳᠢ᠎ᠶᠢ ᠲᠥᠪᠯᠡᠷᠡᠭᠦᠯᠦᠨ ᠳᠡᠯᠭᠡᠨ ᠦᠵᠡᠭᠦᠯᠵᠡᠢ᠃

ᠲᠣᠰ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ᠎ᠳᠤ᠂ ᠥᠪᠥᠷ ᠮᠣᠩᠭᠣᠯ᠎ᠤᠨ ᠣᠷᠳᠣᠨ ᠨᠢ 《ᠥᠪᠥᠷ ᠮᠣᠩᠭᠣᠯ᠎ᠤᠨ ᠦᠨᠦᠷ ᠠᠮᠲᠠ》᠎ᠶᠢᠨ ᠦᠵᠡᠭᠦᠯᠭᠡ᠎ᠶᠢᠨ ᠲᠣᠭᠣᠷᠢᠭ᠋᠎ᠢᠶᠠᠷ ᠭᠣᠣᠯ ᠴᠣᠭᠴᠠ ᠪᠣᠯᠭᠠᠵᠤ᠂ 《ᠥᠪᠥᠷ ᠮᠣᠩᠭᠣᠯ᠎ᠳᠤ ᠪᠡᠯᠡ ᠣᠷᠣᠭᠤᠯᠬᠤ》 ᠲᠤᠰᠬᠠᠢ ᠲᠣᠭᠣᠷᠢᠭ᠋᠎ᠢ ᠢᠵᠢ ᠪᠦᠷᠢᠳᠦᠭᠦᠯᠦᠨ ᠲᠣᠬᠢᠷᠠᠭᠤᠯᠵᠤ᠂ 《ᠬᠥᠬᠡᠮᠥ᠋ᠷᠡᠨ᠎ᠦ ᠭᠤᠷᠪᠠᠯᠵᠢᠨ ᠬᠣᠢᠭ᠋᠎ᠲᠤ ᠰᠠᠭᠤᠷᠢᠯᠠᠵᠤ᠂ ᠪᠥᠬᠥ ᠤᠯᠤᠰ᠎ᠢ ᠬᠠᠮᠤᠷᠤᠨ᠂ ᠳᠡᠯᠡᠬᠡᠢ ᠳ᠋ᠠᠬᠢᠨ᠎ᠳᠤ ᠬᠠᠨᠳᠤᠭᠤᠯᠬᠤ》 ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠥᠷ ᠮᠣᠩᠭᠣᠯ ᠬᠢᠭᠡᠳ ᠬᠤᠸᠠᠳᠦ᠋ᠩ ᠣᠷᠣᠨ᠂ ᠴᠢᠨᠠᠭᠰᠢᠯᠠᠪᠠᠯ ᠪᠥᠬᠥ ᠪᠥᠮᠪᠥᠷᠴᠡᠭ᠎ᠦᠨ ᠵᠠᠬ᠎ᠠ ᠳᠡᠯᠭᠡᠭᠦᠷ᠎ᠦᠨ ᠭᠦᠨᠵᠡᠭᠡᠢ ᠬᠤᠯᠪᠤᠯᠳᠤᠬᠤ ᠳᠤ ᠬᠦᠴᠦᠨ ᠨᠡᠮᠡᠷᠢᠯᠡᠪᠡ᠃

《ᠥᠪᠥᠷ ᠮᠣᠩᠭᠣᠯ᠎ᠤᠨ ᠦᠨᠦᠷ ᠠᠮᠲᠠ》᠎ᠶᠢᠨ ᠦᠵᠡᠭᠦᠯᠭᠡ᠎ᠶᠢᠨ ᠲᠣᠭᠣᠷᠢᠭ᠋ ᠨᠢ 《ᠠᠮᠤ ᠵᠢᠨ ᠰᠠᠩ》᠂ 《ᠮᠢᠬᠠᠨ᠎ᠤ ᠬᠥᠮᠥᠷᠭᠡ》᠂ 《ᠨᠣᠤᠯᠤᠭᠤᠷ᠎ᠤᠨ ᠬᠣᠲᠠ》᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠵᠤ᠂ ᠦᠢᠯᠡᠳᠬᠦᠨ᠎ᠦ ᠳᠡᠯᠭᠡᠨ ᠪᠣᠷᠤᠯᠠᠭᠤᠯᠭ᠎ᠠ᠂ ᠠᠮᠲᠠᠲᠤ ᠢᠳᠡᠭᠡᠨ᠎ᠢ ᠠᠮᠲᠠᠯᠠᠬᠤ᠂ ᠲᠤᠬᠠᠢ᠎ᠶᠢᠨ ᠲᠠᠯᠠᠪᠠᠢ ᠳ᠋ᠦ ᠪᠡᠶᠡᠴᠢᠯᠡᠨ ᠣᠢᠯᠠᠭᠠᠬᠤ᠂ ᠰᠣᠶᠣᠯ᠎ᠤᠨ ᠦᠵᠡᠭᠦᠯᠭᠡ᠎ᠶᠢᠨ ᠣᠯᠠᠨ ᠳᠠᠪᠬᠤᠷ ᠴᠢᠳᠠᠮᠵᠢ ᠶᠢ ᠠᠭᠤᠰᠤᠯᠴᠠᠭᠤᠯᠤᠨ᠂ ᠦᠵᠡᠭᠦᠰᠢᠲᠡᠢ᠂ ᠪᠡᠶᠡᠴᠢᠯᠡᠨ ᠣᠢᠯᠠᠭᠠᠵᠤ ᠪᠣᠯᠬᠤ᠂ ᠵᠥᠪᠳᠡᠨ ᠶᠠᠷᠢᠯᠴᠠᠵᠤ ᠪᠣᠯᠬᠤ ᠨᠡᠪᠴᠢᠯᠲᠡ᠎ᠶᠢᠨ ᠮᠠᠶᠢᠭ᠋᠎ᠤᠨ ᠳᠡᠯᠭᠡᠷᠡᠭᠦᠯᠦᠯᠲᠡ᠎ᠶᠢᠨ ᠪᠠᠢᠳᠠᠯ᠎ᠢ ᠪᠣᠶ ᠪᠣᠯᠭᠠᠵᠤ᠂ 12 ᠠᠢᠮᠠᠭ ᠬᠣᠲᠠ᠎ᠶᠢᠨ ᠣᠨᠴᠠᠯᠢᠭ᠍ᠲᠤ ᠤᠬᠢ ᠪᠣᠳᠠᠰ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠳᠤ ᠬᠦᠴᠦᠨ ᠨᠡᠮᠡᠷᠢᠯᠡᠪᠡ᠃ 《ᠥᠪᠥᠷ ᠮᠣᠩᠭᠣᠯ᠎ᠳᠤ ᠪᠡᠯᠡ ᠣᠷᠣᠭᠤᠯᠬᠤ》 ᠲᠤᠰᠬᠠᠢ ᠲᠤᠭᠤᠷᠢᠭ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠮᠡᠳᠡᠷᠡᠮᠵᠢ ᠬᠦᠢᠴᠡᠳ ᠪᠠᠢᠯ᠎ᠠ᠃ ᠲᠤᠰᠬᠠᠢ ᠲᠤᠭᠤᠷᠢᠭ ᠨᠢ 《ᠬᠦᠷᠦᠯᠴᠡᠯ ᠳᠡᠯᠭᠡᠴᠡ + ᠲᠤᠰᠬᠠᠯ ᠳᠦᠷᠰᠦ》ᠵᠢᠨ ᠬᠣᠣᠰ ᠳᠡᠯᠭᠡᠴᠡ᠎ᠶᠢᠨ ᠬᠣᠷᠰᠢᠯᠴᠠᠬᠤ ᠮᠡᠷᠭᠡᠵᠢᠯ᠎ᠢ ᠠᠰᠢᠭ᠍ᠯᠠᠨ ᠥᠪᠥᠷ ᠮᠣᠩᠭᠣᠯ᠎ᠤᠨ ᠠᠵᠤ ᠦᠢᠯᠡᠰ᠎ᠦᠨ 《ᠪᠦᠬᠦ ᠦᠵᠡᠮᠵᠢ᠎ᠶᠢᠨ ᠭᠠᠵᠠᠷ᠎ᠤᠨ ᠵᠢᠷᠤᠭ》᠎ᠢ ᠪᠠᠢᠭᠤᠯᠵᠤ᠂ ᠬᠠᠷᠢᠯᠴᠠᠨ ᠦᠢᠯᠡᠳᠦᠯᠴᠡᠬᠦ᠎ᠳᠤ ᠳᠥᠭᠥᠮ᠂ ᠮᠡᠳᠡᠭᠡ ᠵᠠᠩᠭᠢ ᠲᠣᠳᠣᠷᠬᠠᠢ ᠪᠠᠢᠬᠤ ᠣᠶᠤᠨᠲᠤ ᠯᠠᠪᠯᠠᠨ ᠣᠢᠯᠠᠭᠠᠯᠲᠠ᠎ᠶᠢ ᠪᠤᠢ ᠪᠣᠯᠭᠠᠪᠠ᠃

ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠭᠡᠬᠦ ᠡᠨᠡ ᠬᠦ᠌ ᠭᠠᠳᠠᠭᠠᠳᠤ ᠨᠡᠭᠡᠭᠡᠯᠲᠡ᠎ᠶᠢᠨ ᠤᠯᠠᠨ ᠤᠯᠤᠰ᠎ᠤᠨ ᠲᠠᠪᠴᠠᠩ᠎ᠢ ᠠᠰᠢᠭ᠍ᠯᠠᠨ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ ᠳᠡᠯᠡᠬᠡᠢ ᠯᠦ᠍ᠭᠡ ᠠᠭᠤᠰᠤᠯᠴᠠᠨ ᠨᠡᠪᠲᠡᠷᠡᠯᠴᠡᠬᠦ ᠬᠥᠭᠥᠷᠭᠡ᠎ᠶᠢ ᠪᠣᠰᠬᠠᠪᠠ᠃ ᠵᠠᠯᠭᠠᠭ᠎ᠠ᠎ᠪᠠᠷ ᠶᠢᠰᠦᠨ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠦᠨ ᠴᠤᠭᠯᠠᠭᠠᠨ᠎ᠳᠤ ᠣᠷᠣᠯᠴᠠᠭᠰᠠᠨ ᠢᠯᠢ ᠪᠦᠯᠦᠭᠯᠡᠯ᠎ᠳᠦ ᠠᠪᠴᠤ ᠬᠡᠯᠡᠪᠡᠯ᠂ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠨᠢ ᠵᠥᠪᠬᠡᠨ ᠦᠵᠡᠭᠦᠯᠭᠡ᠎ᠶᠢᠨ ᠲᠠᠪᠴᠠᠩ ᠲᠡᠳᠦᠢ ᠪᠢᠰᠢ᠂ ᠨᠡᠩ ᠴᠤ᠌ ᠳᠤᠮᠳᠠᠳᠤ ᠤᠯᠤᠰ᠎ᠤᠨ ᠰᠦ᠎ᠶᠢᠨ ᠦᠢᠯᠡᠰ᠎ᠦᠨ 《ᠬᠡᠯᠬᠢᠶ᠎ᠡ》 ᠵᠢ ᠳᠡᠯᠡᠬᠡᠢ ᠳ᠋ᠠᠬᠢᠨ᠎ᠳᠤ ᠵᠣᠯᠭᠠᠭᠤᠯᠬᠤ ᠴᠣᠩᠬᠣᠪᠴᠢ ᠪᠣᠯᠣᠨ᠎ᠠ᠃ 《ᠡᠨᠡ ᠬᠦ᠌ ᠤᠯᠠᠨ ᠤᠯᠤᠰ᠎ᠤᠨ ᠲᠠᠪᠴᠠᠩ᠎ᠳᠤ ᠲᠦᠰᠢᠭᠯᠡᠨ ᠪᠦᠬᠦ ᠪᠥᠮᠪᠥᠷᠴᠡᠭ᠎ᠦᠨ ᠰᠠᠢᠨ ᠰᠦ᠎ᠶᠢ 〈ᠣᠷᠣᠭᠤᠯᠤᠨ ᠠᠪᠴᠢᠷᠠᠬᠤ〉 ᠪᠡᠷ ᠪᠠᠷᠠᠬᠤ ᠦᠭᠡᠢ᠂ ᠨᠡᠩ ᠴᠤ᠌ ᠳᠤᠮᠳᠠᠳᠤ ᠤᠯᠤᠰ᠎ᠤᠨ ᠰᠦ᠎ᠶᠢᠨ ᠦᠢᠯᠡᠰ᠎ᠦᠨ 〈ᠭᠠᠳᠠᠭ᠍ᠰᠢ ᠭᠠᠷᠬᠤ〉 ᠶ᠋ᠢ ᠬᠥᠲᠥᠯᠥᠨ ᠳᠠᠭᠠᠭᠤᠯᠵᠤ ᠪᠠᠢᠨ᠎ᠠ᠃ ᠪᠢᠳᠡ ᠡᠨᠳᠡ 〈ᠪᠦᠬᠦ ᠪᠥᠮᠪᠥᠷᠴᠡᠭ᠎ᠡᠴᠡ ᠬᠤᠳᠠᠯᠳᠤᠨ ᠠᠪᠬᠤ〉 ᠡᠴᠡ 〈ᠪᠦᠬᠦ ᠪᠥᠮᠪᠥᠷᠴᠡᠭ᠎ᠲᠤ ᠪᠤᠷᠤᠯᠠᠭᠤᠯᠬᠤ〉 ᠬᠦᠷᠲᠡᠯᠡᠬᠢ ᠳᠠᠪᠠᠯᠲᠠ᠎ᠶᠢ ᠪᠡᠶᠡᠯᠡᠭᠦᠯᠵᠦ᠂ ᠪᠦᠬᠦ ᠪᠥᠮᠪᠥᠷᠴᠡᠭ᠎ᠦᠨ ᠰᠦ᠎ᠶᠢᠨ ᠡᠬᠢ ᠰᠤᠷᠪᠤᠯᠵᠢ᠎ᠶᠢᠨ ᠲᠣᠣᠷ᠂ ᠣᠶᠤᠨᠴᠢ ᠲᠣᠣᠷ᠂ ᠰᠢᠨ᠎ᠡ᠎ᠶᠢ ᠡᠭᠦᠳᠬᠦ ᠲᠣᠣᠷ᠎ᠢ ᠰᠦᠯᠵᠢᠵᠦ᠂ ᠪᠦᠬᠦ ᠪᠥᠮᠪᠥᠷᠴᠡᠭ᠎ᠦᠨ ᠡᠬᠢ ᠪᠠᠶᠠᠯᠢᠭ ᠵᠢᠡᠷ ᠬᠡᠷᠡᠭᠯᠡᠭᠴᠢᠳ᠎ᠲᠦ ᠨᠢᠭᠡ ᠴᠣᠮᠣ᠌ ᠰᠠᠢᠨ ᠰᠦᠬᠦᠷᠭᠡᠬᠦ ᠪᠠᠷ ᠴᠢᠷᠮᠠᠢᠨ᠎ᠠ》 ᠭᠡᠵᠦ ᠢᠯᠢ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠯᠢ ᠰᠢᠤᠸᠠᠢ ᠬᠡᠯᠡᠨ᠎ᠡ᠃

ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ᠎ᠤ ᠤᠯᠤᠰ᠎ᠤᠨ ᠲᠠᠰ᠎ᠤᠨ ᠨᠡᠭᠡᠭᠡᠯᠲᠡᠲᠤ ᠲᠠᠪᠴᠠᠩ᠎ᠢ ᠠᠰᠢᠭ᠍ᠯᠠᠨ᠂ ᠥᠪᠥᠷ ᠮᠣᠩᠭᠣᠯ ᠳᠡᠯᠭᠡᠨ ᠦᠵᠡᠭᠦᠯᠭᠡ᠎ᠪᠡᠷ ᠵᠠᠭᠤᠴᠢ ᠪᠣᠯᠭᠠᠵᠤ᠂《ᠬᠡᠯᠬᠢᠶ᠎ᠡ》 ᠪᠡᠷ ᠳᠡᠯᠡᠬᠡᠢ ᠳ᠋ᠠᠬᠢᠨ᠎ᠲᠠᠢ ᠬᠤᠯᠪᠤᠯᠳᠤᠬᠤ᠎ᠶᠢ ᠪᠠᠷᠢᠮᠲᠠᠯᠠᠵᠤ᠂ ᠲᠠᠯ᠎ᠠ ᠨᠤᠲᠤᠭ᠎ᠤᠨ ᠦᠨᠦᠷ ᠠᠮᠲᠠ᠂ ᠣᠨᠴᠠᠯᠢᠭ᠍ᠲᠤ ᠰᠣᠶᠣᠯ᠎ᠢ ᠨᠠᠩ ᠶᠡᠬᠡ ᠵᠠᠬ᠎ᠠ ᠳᠡᠯᠭᠡᠭᠦᠷ᠎ᠲᠦ ᠭᠠᠷᠭᠠᠵᠤ ᠪᠠᠢᠨ᠎ᠠ᠃ ᠡᠭᠦᠨ᠎ᠦ ᠬᠠᠮᠲᠤ᠂ ᠪᠡᠯᠡ ᠣᠷᠣᠭᠤᠯᠤᠯᠲᠠ᠎ᠶᠢᠨ ᠠᠵᠠ ᠲᠣᠬᠢᠶᠠᠯ᠎ᠢ ᠰᠠᠨᠠᠭᠠᠴᠢᠯᠠᠭ᠎ᠠ ᠡᠴᠠ᠎ᠪᠠᠨ ᠵᠣᠯᠭᠠᠭᠤᠯᠵᠤ᠂ ᠠᠵᠤ ᠠᠬᠤᠢ ᠠᠷᠠᠯᠵᠢᠶᠠᠨ᠎ᠤ 《ᠨᠠᠢᠵᠠ᠎ᠶᠢᠨ ᠲᠣᠭᠣᠷᠢᠭ᠋》 ᠵᠢᠡᠨ ᠥᠷᠭᠡᠳᠬᠡᠵᠦ᠂ ᠥᠨᠳᠥᠷ ᠲᠦᠪᠰᠢᠨ ᠪᠦᠬᠦᠢ ᠨᠡᠭᠡᠭᠡᠯᠲᠡ᠎ᠪᠡᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ᠃
ᠲᠤᠰ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ᠎ᠳᠤ 162 ᠤᠯᠤᠰ᠂ ᠭᠠᠵᠠᠷ ᠣᠷᠣᠨ ᠪᠣᠯᠣᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠂ 4142 ᠬᠢᠯᠢ᠎ᠶᠢᠨ ᠭᠠᠳᠠᠨᠠᠬᠢ ᠠᠵᠤ ᠠᠬᠤᠢᠯᠠᠯ ᠣᠷᠣᠯᠴᠠᠵᠤ᠂ ᠪᠦᠬᠦᠶ᠋ᠢᠯᠡ ᠲᠠᠯᠠᠪᠠᠢ ᠨᠢ ᠠᠩᠬ᠎ᠠ ᠤᠳᠠᠭ᠎ᠠ 44 ᠲᠦᠮᠡᠨ ᠲᠡᠭᠰᠢ ᠳᠥᠷᠪᠡᠯᠵᠢᠨ ᠮᠧᠲᠷ᠎ᠢ ᠳᠠᠪᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃