ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-09 08:58:30

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

 ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠡ ᠬᠤᠷᠠᠯ᠎ᠡᠴᠡ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠢ 2027 ᠣᠨ᠎ᠤ ᠳᠣᠣᠷ᠎ᠠ ᠬᠠᠭᠠᠰ ᠵᠢᠯ᠎ᠳᠦ ᠪᠡᠭᠡᠵᠢᠩ᠎ᠳᠦ ᠬᠤᠷᠠᠯᠳᠤᠭᠤᠯᠬᠤ᠎ᠪᠠᠷ ᠲᠣᠭᠲᠠᠪᠠ᠃ ᠣᠢᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠵᠢᠯ᠎ᠤᠨ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠵᠢᠯ᠎ᠳᠤ ᠪᠦᠬᠦ ᠲᠠᠯ᠎ᠠ᠎ᠶᠢᠨ ᠪᠠᠢᠷᠢᠯᠠᠭᠤᠯᠤᠯᠲᠠ ᠬᠢᠪᠡ᠃ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ ᠣᠢᠷ᠎ᠠ᠎ᠳᠤ ᠬᠤᠷᠠᠯ ᠬᠤᠷᠠᠯᠳᠤᠭᠤᠯᠵᠤ᠂ ᠡᠨᠡ ᠬᠦ᠌ ᠠᠵᠢᠯ᠎ᠳᠤ ᠪᠣᠳᠠᠲᠠᠢ ᠲᠣᠬᠢᠷᠠᠭᠤᠯᠤᠯᠲᠠ ᠬᠢᠪᠡ᠃

ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ ᠪᠣᠯ ᠮᠠᠨ᠎ᠤ ᠨᠠᠮ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠴᠠᠭ ᠦᠶ᠎ᠡ᠎ᠳᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ ᠲᠡᠢᠰᠢ ᠤᠷᠤᠭᠰᠢᠯᠠᠬᠤ ᠰᠢᠨ᠎ᠡ ᠠᠶᠠᠨ᠎ᠳᠤ ᠬᠤᠷᠠᠯᠳᠤᠭᠤᠯᠬᠤ ᠨᠢᠭᠡᠨ ᠤᠳᠠᠭᠠᠨ᠎ᠤ ᠲᠤᠢᠯ᠎ᠤᠨ ᠴᠢᠬᠤᠯᠠ ᠲᠥᠯᠥᠭᠡᠯᠡᠭᠴᠢᠳ᠎ᠦᠨ ᠶᠡᠬᠡ ᠬᠤᠷᠠᠯ ᠪᠠᠢᠵᠤ᠂ ᠨᠠᠮ ᠪᠠ ᠤᠯᠤᠰ᠎ᠤᠨ ᠤᠯᠤᠰ ᠲᠦᠷᠦ᠎ᠶᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠮᠥᠨ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠵᠢᠯ᠎ᠢ ᠬᠢᠨᠠᠮᠠᠭᠠᠢ ᠰᠠᠢᠲᠤᠷ ᠬᠢᠬᠦ ᠪᠣᠯ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ᠎ᠶᠢᠨ ᠴᠢᠬᠤᠯᠠ ᠰᠠᠭᠤᠷᠢ ᠮᠥᠨ᠃ ᠨᠠᠮ᠎ᠤᠨ ᠲᠥᠪ ᠬᠣᠷᠢᠶ᠎ᠠ᠎ᠡᠴᠡ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠶᠡᠷᠦᠩᠬᠡᠢ ᠱᠦᠵᠢ ᠰᠢ᠎ᠶᠢᠨ ᠫᠢᠩ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠬᠣᠷᠢᠶ᠎ᠡ ᠵᠢᠨ ᠬᠤᠷᠠᠯ ᠪᠠ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠤᠰᠬᠠᠢᠯᠠᠨ ᠰᠤᠳᠤᠯᠵᠦ᠂ ᠡᠨᠡ ᠬᠦ᠌ ᠠᠵᠢᠯ᠎ᠢ ᠰᠠᠢᠲᠤᠷ ᠬᠢᠬᠦ᠎ᠶᠢᠨ ᠶᠡᠷᠦᠩᠬᠡᠢ ᠱᠠᠭᠠᠷᠳᠠᠯᠭ᠎ᠠ ᠪᠠ ᠬᠠᠷᠠᠯᠲᠠ ᠡᠭᠦᠷᠭᠡ᠎ᠶᠢ  ᠲᠣᠭᠲᠠᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠬᠡᠵᠦ᠂ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠲᠥᠯᠥᠭᠡᠯᠡᠭᠴᠢ᠎ᠶᠢ ᠰᠣᠩᠭᠣᠬᠤ ᠠᠵᠢᠯ᠎ᠤᠨ ᠲᠡᠭᠦᠰ ᠠᠮᠵᠢᠯᠲᠠ᠎ᠲᠠᠢ ᠪᠡᠶᠡᠯᠡᠭᠳᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

ᠨᠠᠮ᠎ᠤᠨ ᠲᠥᠪ ᠬᠣᠷᠢᠶ᠎ᠠ ᠡᠴᠡ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ ᠨᠡᠢ᠍ᠢᠳᠡ 2360 ᠬᠥᠮᠥᠨ ᠪᠠᠢᠵᠤ᠂ ᠪᠦᠬᠦ ᠤᠯᠤᠰ᠎ᠤᠨ 38 ᠰᠣᠩᠭᠣᠭᠤᠯᠢ᠎ᠶᠢᠨ ᠨᠢᠭᠡᠴᠢ᠎ᠡᠴᠡ ᠰᠣᠩᠭᠣᠨ ᠭᠠᠷᠭᠠᠨ᠎ᠠ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠵᠢᠯ᠎ᠢ ᠰᠠᠢᠲᠤᠷ ᠬᠢᠬᠥ ᠎ᠳᠤ ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠳᠦᠷᠢᠮ᠎ᠢᠶᠡᠷ ᠦᠨᠳᠦᠰᠦ ᠪᠣᠯᠭᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠤ ᠲᠠᠯᠪᠢᠬᠤ᠎ᠶᠢ ᠪᠠᠷᠢᠮᠲᠠᠯᠠᠵᠤ᠂ ᠪᠠᠷᠢᠮᠵᠢᠶ᠎ᠠ ᠨᠥᠬᠥᠴᠡᠯ᠎ᠢ ᠴᠢᠨᠭᠭᠠᠳᠬᠠᠵᠤ᠂ ᠰᠣᠩᠭᠣᠭᠤᠯᠢ᠎ᠶᠢᠨ ᠲᠡᠰ ᠳᠠᠷᠠᠭᠠᠯᠠᠯ᠎ᠢ ᠴᠢᠨᠭᠳᠠᠯᠠᠵᠤ᠂ ᠰᠣᠩᠭᠣᠭᠤᠯᠢ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠰᠣᠩᠭᠣᠵᠤ ᠭᠠᠷᠭᠠᠭᠰᠠᠨ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢᠨ ᠬᠡᠪ ᠴᠢᠨᠠᠷ ᠰᠢᠯᠢᠳᠡᠭ ᠰᠠᠢᠨ᠂ ᠪᠦᠲᠦᠴᠡ ᠵᠦᠢ ᠵᠣᠬᠢᠰᠲᠠᠢ᠂ ᠲᠠᠷᠬᠠᠯᠲᠠ ᠥᠷᠭᠡᠨ ᠳᠡᠯᠭᠡᠷ᠂ ᠨᠠᠮ᠎ᠤᠨ ᠭᠡᠰᠢᠭᠦᠨ᠎ᠤ ᠬᠦᠷᠢᠶᠡᠯᠡᠯ᠎ᠢ ᠤᠯᠬᠤ ᠵᠢ ᠦᠨᠡᠨ ᠬᠦ᠌ ᠪᠠᠲᠤᠯᠠᠬᠤ ᠭᠡᠷᠡᠭᠲᠡᠢ ᠭᠡᠵᠦ ᠲᠤᠭᠳᠠᠭᠠᠵᠠᠢ᠃

ᠨᠠᠮ᠎ᠤᠨ ᠲᠥᠪ ᠬᠣᠷᠢᠶ᠎ᠠ ᠡᠴᠡ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ ᠪᠣᠯ ᠡᠪ ᠬᠠᠮᠲᠤ ᠨᠠᠮ᠎ᠤᠨ ᠭᠡᠰᠢᠭᠦᠳ᠎ᠤᠨ ᠳᠣᠲᠣᠷᠠᠬᠢ ᠰᠢᠯᠢᠳᠡᠭ ᠬᠥᠮᠥᠰ ᠪᠠᠢᠬᠤ ᠬᠡᠷᠡᠭᠲᠡᠢ᠂ ᠨᠠᠮ᠎ᠤᠨ ᠳᠦᠷᠢᠮ᠎ᠢ ᠵᠢᠱ᠌ᠢᠶᠡᠴᠢ ᠪᠡᠷ ᠵᠢᠷᠤᠮᠯᠠᠨ ᠰᠠᠬᠢᠵᠤ᠂ ᠨᠠᠮ᠎ᠤᠨ ᠭᠡᠰᠢᠭᠦᠨ᠎ᠦ ᠪᠠᠷᠢᠮᠵᠢᠶ᠎ᠠ᠎ᠶᠢ ᠴᠢᠩᠭ᠎ᠠ ᠵᠢᠷᠤᠮᠯᠠᠨ ᠥᠪᠡᠷ᠎ᠢ᠎ᠪᠡᠨ ᠱᠠᠭᠠᠷᠳᠠᠵᠤ᠂ ᠡᠪ ᠬᠠᠮᠲᠤ ᠨᠠᠮ᠎ᠤᠨ ᠭᠡᠰᠢᠭᠦᠨ᠎ᠦ ᠲᠡᠷᠢᠭᠦᠨ᠎ᠦ ᠴᠢᠨᠠᠷ᠎ᠲᠠᠢ ᠪᠠᠢᠬᠤ ᠬᠡᠷᠡᠭᠲᠡᠢ᠃ ᠵᠢᠱ᠌ᠢᠭᠳᠡᠭᠴᠢ᠎ᠶᠢᠨ ᠤᠯᠤᠰ ᠲᠥᠷᠥ᠎ᠶᠢᠨ ᠪᠣᠭᠣᠮᠲᠠ᠎ᠶᠢ ᠴᠢᠩᠭ᠎ᠠ ᠠᠳᠬᠤᠵᠤ᠂ ᠤᠯᠤᠰ ᠲᠥᠷᠥ᠎ᠶᠢᠨ ᠬᠡᠪ ᠴᠢᠨᠠᠷ᠎ᠤᠨ ᠪᠠᠢᠴᠠᠭᠠᠯᠲᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠨᠠᠮᠴᠢ ᠴᠢᠨᠠᠷ᠎ᠢ ᠢᠯᠭᠠᠨ ᠲᠣᠳᠣᠯᠠᠬᠤ᠎ᠶᠢ ᠴᠢᠩᠭᠠᠳᠬᠠᠵᠤ᠂ ᠵᠢᠱ᠌ᠢᠭᠳᠡᠭᠴᠢ᠎ᠶᠢᠨ ᠤᠯᠤᠰ ᠲᠦᠷᠦ᠎ᠶᠢᠨ ᠵᠣᠭᠰᠣᠯᠲᠠ᠂ ᠤᠯᠤᠰ ᠲᠦᠷᠦ᠎ᠶᠢᠨ ᠣᠪᠣᠷ᠂ ᠤᠯᠤᠰ ᠲᠦᠷᠦ᠎ᠶᠢᠨ ᠤᠬᠠᠮᠰᠠᠷ ᠪᠣᠯᠣᠨ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶᠢᠨ ᠬᠦᠢᠴᠡᠳᠬᠡᠬᠦ ᠴᠢᠳᠠᠪᠤᠷᠢ᠂ 《ᠬᠣᠶᠠᠷ᠎ᠢ ᠲᠣᠭᠲᠠᠭᠠᠬᠰᠠᠨ》 ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠢ᠋ ᠴᠢᠩᠭᠠᠳᠬᠠᠵᠤ᠂ 《ᠲᠦᠷᠪᠡᠨ ᠢᠲᠡᠭᠡᠯ》 ᠢ᠋ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠬᠦᠯᠬᠦ ᠵᠡᠷᠭᠡ ᠲᠠᠯ᠎ᠠ᠎ᠶᠢᠨ ᠢᠯᠡᠷᠡᠯ᠎ᠦᠨ ᠪᠠᠢᠳᠠᠯ ᠎ᠢ ᠭᠤᠤᠯᠳᠠᠯᠭ᠎ᠠ ᠲᠠᠢ ᠰᠢᠯᠭᠠᠨ ᠪᠠᠢᠴᠠᠭᠠᠵᠦ᠂ ᠤᠯᠤᠰ ᠲᠦᠷᠦ᠎ᠶᠢᠨ ᠲᠠᠯ᠎ᠠ᠎ᠪᠠᠷ ᠬᠢᠷᠢ ᠲᠡᠩᠴᠡᠭᠰᠡᠨ ᠦᠭᠡᠢ᠎ᠶᠢ ᠨᠢ ᠨᠢᠭᠡ ᠪᠢᠯᠧᠲ ᠵᠢᠡᠷ ᠦᠭᠡᠢᠰᠬᠡᠨ᠎ᠡ᠃ ᠵᠢᠱ᠌ᠢᠭᠳᠡᠭᠴᠢ᠎ᠶᠢᠨ ᠠᠷᠢᠭᠤᠨ ᠴᠢᠬᠡᠴᠢ᠎ᠶᠢᠨ ᠪᠣᠭᠣᠮᠲᠠ᠂ ᠰᠤᠷᠲᠠᠯ᠎ᠤᠨ ᠪᠣᠭᠣᠮᠲᠠ᠎ᠶᠢ ᠴᠢᠩᠭ᠎ᠠ ᠠᠳᠬᠤᠵᠤ᠂ ᠠᠷᠢᠭᠤᠨ ᠴᠢᠬᠡᠴᠢ᠎ᠶᠢᠨ ᠪᠣᠭᠣᠮᠲᠠ᠎ᠶᠢ ᠰᠠᠬᠢᠬᠤ ᠡᠯ᠎ᠡ ᠵᠦᠢᠯ᠎ᠦᠨ ᠲᠣᠭᠲᠠᠭᠠᠯ᠎ᠢ ᠨᠠᠢᠳᠠᠪᠤᠷᠢᠵᠢᠭᠤᠯᠤᠨ᠂ ᠢᠯᠭᠠᠨ ᠲᠣᠳᠣᠯᠠᠵᠤ ᠬᠢᠨᠠᠨ ᠪᠠᠢᠴᠠᠭᠠᠬᠤ᠎ᠶᠢ ᠴᠢᠩᠳᠠᠯᠠᠵᠤ᠂ ᠶᠣᠰᠣ᠌ ᠮᠣᠷᠠᠯ ᠵᠠᠩ ᠰᠤᠷᠲᠠᠯ᠂ ᠣᠪᠣᠷ ᠰᠤᠷᠲᠠᠯ ᠳᠦᠷᠢ ᠲᠥᠷᠬᠦ ᠵᠡᠷᠭᠡ ᠪᠠᠢᠳᠠᠯ᠎ᠢ ᠴᠢᠬᠤᠯᠠᠴᠢᠯᠠᠨ ᠣᠢᠯᠠᠭᠠᠵᠤ᠂ 《ᠠᠰᠠᠭᠤᠳᠠᠯ᠎ᠲᠠᠢ ᠪᠠᠢᠳᠠᠯ᠎ᠠ ᠨᠡᠷ᠎ᠡ ᠳᠤᠷᠠᠳᠬᠤ》 ᠂ 《ᠠᠰᠠᠭᠤᠳᠠᠯ᠎ᠲᠠᠢ ᠪᠠᠢᠳᠠᠯ᠎ᠠ ᠰᠣᠩᠭᠣᠭᠳᠠᠬᠤ》 ᠶ᠋ᠢ ᠡᠷᠡᠰ ᠰᠡᠷᠭᠡᠢᠯᠡᠨ᠎ᠡ᠃ ᠲᠥᠯᠥᠭᠡᠯᠡᠭᠴᠢ᠎ᠶᠢᠨ ᠪᠦᠲᠦᠴᠡ᠎ᠶᠢ ᠵᠦᠢ ᠵᠣᠬᠢᠰᠲᠠᠢ ᠡᠵᠡᠮᠳᠡᠵᠦ᠂ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠲᠥᠯᠥᠭᠡᠯᠡᠭᠴᠢ᠎ᠶᠢᠨ ᠬᠠᠷᠢᠴᠠᠯ᠎ᠢ ᠪᠠᠲᠤᠯᠠᠵᠤ᠂ ᠠᠵᠢᠯᠴᠢᠨ᠂ ᠲᠠᠷᠢᠶᠠᠴᠢᠨ ᠪᠠ ᠲᠤᠰᠬᠠᠢ ᠮᠡᠷᠭᠡᠵᠢᠯ᠎ᠦᠨ ᠠᠵᠢᠯᠲᠠᠨ ᠨᠠᠮ᠎ᠤᠨ ᠭᠡᠰᠢᠭᠦᠨ᠎ᠦ ᠳᠣᠲᠣᠷᠠᠬᠢ ᠲᠡᠷᠢᠭᠦᠨ᠎ᠦ ᠵᠢᠱ᠌ᠢᠶᠡᠴᠢ ᠬᠥᠮᠥᠰ᠎ᠢ ᠲᠥᠯᠥᠭᠡᠯᠡᠭᠴᠢ᠎ᠶᠢᠨ ᠵᠢᠱ᠌ᠢᠭᠳᠡᠭᠴᠢ᠎ᠪᠡᠷ ᠲᠠᠨᠢᠯᠴᠠᠭᠤᠯᠬᠤ᠎ᠶᠢ ᠴᠢᠬᠤᠯᠠᠴᠢᠯᠠᠬᠤ ᠬᠡᠷᠡᠭᠲᠡᠢ; ᠡᠮᠡᠭᠲᠡᠢ ᠨᠠᠮ᠎ᠤᠨ ᠭᠡᠰᠢᠭᠦᠨ ᠪᠠ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ ᠲᠥᠯᠥᠭᠡᠯᠡᠭᠴᠢ ᠵᠣᠬᠢᠬᠤ ᠬᠠᠷᠢᠴᠠᠯ᠎ᠢ ᠡᠵᠡᠯᠡᠬᠦ ᠬᠡᠷᠡᠭᠲᠡᠢ᠃ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠂ ᠤᠯᠤᠰ ᠲᠦᠷᠦ ᠬᠠᠤᠯᠢ ᠴᠠᠭᠠᠵᠠ᠂ ᠰᠤᠷᠭᠠᠨ ᠬᠥᠮᠦᠵᠢᠯ᠂ ᠰᠤᠷᠳᠠᠯ ᠤᠬᠠᠭᠤᠯᠭ᠎ᠠ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ᠎ᠶᠢᠨ ᠲᠠᠮᠢᠷ᠂ ᠨᠡᠢᠭᠡᠮ᠎ᠦᠨ ᠬᠠᠮᠢᠶᠠᠷᠤᠯᠲᠠ ᠪᠠ ᠰᠢᠨ᠎ᠠ ᠬᠡᠯᠪᠡᠷᠢ ᠵᠢᠨ ᠠᠵᠢᠯ ᠤᠯᠤᠬᠰᠠᠳ ᠵᠡᠷᠭᠡ ᠡᠯ᠎ᠡ ᠲᠠᠯ᠎ᠠ᠎ᠶᠢᠨ ᠲᠥᠯᠥᠭᠡᠯᠡᠭᠴᠢ᠎ᠲᠠᠢ ᠪᠠᠢᠬᠤ ᠬᠡᠷᠡᠭᠲᠡᠢ ᠭᠡᠵᠦ ᠳᠤᠳᠤᠷᠬᠠᠢ ᠳᠤᠬᠳᠠᠭᠠᠵᠠᠢ᠃

ᠨᠠᠮ᠎ᠤᠨ ᠲᠥᠪ ᠬᠣᠷᠢᠶ᠎ᠠ ᠡᠴᠡ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ ᠵᠢ ᠰᠣᠩᠭᠣᠵᠤ ᠭᠠᠷᠭᠠᠬᠤ᠎ᠳᠠᠭᠠᠨ ᠳᠣᠣᠷ᠎ᠠ ᠡᠴᠡ ᠳᠡᠭᠡᠭᠰᠢ᠂ ᠳᠡᠭᠡᠷ᠎ᠡ ᠳᠣᠣᠷᠠᠬᠢ᠎ᠶᠢ ᠤᠶᠠᠯᠳᠤᠭᠤᠯᠬᠤ᠂ ᠳᠠᠭᠢᠨ ᠳᠠᠪᠲᠠᠨ ᠪᠣᠳᠣᠯᠬᠢᠯᠠᠬᠤ᠂ ᠱᠠᠲᠤ ᠳᠠᠷᠠᠭᠠᠯᠠᠨ ᠰᠢᠯᠢᠨ ᠰᠣᠩᠭᠣᠬᠤ ᠠᠷᠭ᠎ᠠ᠎ᠪᠠᠷ ᠶᠠᠪᠤᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠰᠢᠭᠦᠨ᠎ᠢ ᠥᠷᠭᠡᠨ᠎ᠢᠶᠡᠷ ᠲᠠᠢ᠍ᠢᠴᠢᠯᠠᠨ ᠲᠥᠯᠥᠭᠡᠯᠡᠭᠴᠢ᠎ᠶᠢᠨ ᠵᠢᠱ᠌ᠢᠭᠳᠡᠭᠴᠢ᠎ᠶᠢ ᠲᠠᠨᠢᠯᠴᠠᠭᠤᠯᠵᠤ ᠨᠡᠷ᠎ᠡ ᠳᠤᠷᠠᠳᠬᠤ ᠠᠵᠢᠯ᠎ᠳᠤ ᠢᠳᠡᠪᠬᠢᠲᠡᠢ ᠣᠷᠣᠯᠴᠠᠭᠤᠯᠵᠤ᠂ ᠣᠯᠠᠩᠬᠢ ᠲᠣᠭᠠᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠰᠢᠭᠦᠨ᠎ᠦ ᠰᠠᠨᠠᠯ᠎ᠢ ᠦᠨᠳᠦᠰᠦᠯᠡᠨ᠂ ᠱᠠᠲᠤ ᠳᠠᠷᠠᠭᠠᠯᠠᠨ ᠰᠢᠯᠢᠳᠡᠭ᠎ᠢ ᠨᠢ ᠰᠢᠯᠢᠨ ᠰᠣᠩᠭᠣᠬᠤ ᠬᠡᠷᠡᠭᠲᠡᠢ᠃ ᠵᠤᠬᠢᠶᠠᠨ ᠪᠠᠢᠭᠤᠯᠤᠯᠲᠠ ᠵᠢᠨ ᠬᠢᠨᠠᠨ ᠪᠠᠢᠴᠠᠭᠠᠯᠲᠠ ᠎ᠶᠢ ᠴᠢᠨᠭᠲᠠᠯᠠᠵᠤ᠂  ᠲᠣᠭᠠᠨ᠎ᠤ ᠵᠥᠷᠢᠶᠡᠲᠦ ᠰᠢᠯᠭᠠᠨ ᠪᠠᠢᠴᠠᠭᠠᠯᠲᠠ ᠬᠢᠬᠦ ᠪᠠ ᠬᠢᠨᠠᠨ ᠪᠠᠢᠴᠠᠭᠠᠯᠲᠠ᠎ᠶᠢᠨ ᠤᠷᠢᠳᠴᠢᠯᠠᠨ ᠮᠡᠳᠡᠭᠳᠡᠬᠦ᠎ᠶᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠰᠠᠨᠠᠯ᠎ᠢ ᠭᠦᠢᠴᠡᠳ ᠰᠣᠨᠣᠰᠬᠤ ᠬᠡᠷᠡᠭᠲᠡᠢ᠃ ᠬᠤᠷᠠᠯ᠎ᠤᠨ ᠰᠣᠩᠭᠣᠭᠤᠯᠢ᠎ᠶᠢ ᠰᠠᠢᠲᠤᠷ ᠬᠢᠵᠦ᠂ ᠲᠥᠯᠥᠭᠡᠯᠡᠭᠴᠢ ᠵᠢ ᠵᠥᠷᠢᠶᠡᠲᠦ ᠳᠤᠭᠠᠨ ᠤ᠋ ᠰᠣᠩᠭᠣᠭᠤᠯᠢ᠎ᠪᠠᠷ ᠰᠣᠩᠭᠣᠵᠤ᠂ ᠵᠥᠷᠢᠶᠡᠲᠦ ᠲᠣᠭᠠᠨ᠎ᠤ ᠰᠣᠩᠭᠣᠭᠤᠯᠢ᠎ᠶᠢᠨ ᠬᠠᠷᠢᠴᠠᠯ᠎ᠢ 15% ᠡᠴᠡ ᠢᠯᠡᠭᠦᠦ ᠪᠠᠢᠯᠭᠠᠬᠤ ᠬᠡᠷᠡᠭᠲᠡᠢ ᠭᠡᠵᠦ ᠱᠠᠭᠠᠷᠳᠠᠪᠠ᠃

ᠨᠠᠮ᠎ᠤᠨ ᠲᠥᠪ ᠬᠣᠷᠢᠶ᠎ᠠ᠎ᠡᠴᠡ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠳᠤᠷᠢᠳᠤᠯᠭ᠎ᠠ᠎ᠪᠠᠨ ᠥᠨᠡᠨᠬᠥ ᠴᠢᠩᠭᠠᠳᠬᠠᠨ᠂ ᠨᠠᠷᠢᠨ ᠨᠢᠮᠪᠠᠢ ᠪᠠᠢᠷᠢᠯᠠᠭᠤᠯᠤᠨ᠂ ᠳᠡᠭᠡᠳᠦ ᠬᠡᠮᠵᠢᠶᠡᠨ᠎ᠦ ᠤᠯᠤᠰ ᠲᠥᠷᠥ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠨᠠᠷᠢᠨ ᠨᠢᠮᠪᠠᠢ ᠠᠵᠢᠯ᠎ᠤᠨ ᠰᠤᠷᠲᠠᠯ᠎ᠢᠶᠠᠷ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ ᠵᠢ ᠰᠤᠨᠭᠭᠤᠬᠤ ᠠᠵᠢᠯ᠎ᠢ ᠰᠠᠢᠲᠤᠷ ᠬᠢᠬᠦ ᠬᠡᠷᠡᠭᠲᠡᠢ᠃ ᠤᠯᠤᠰ ᠲᠥᠷᠥ᠎ᠶᠢᠨ ᠰᠠᠬᠢᠯᠭ᠎ᠠ ᠪᠠᠲᠤ᠂ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ ᠪᠣᠯᠣᠨ ᠰᠣᠩᠭᠣᠭᠤᠯᠢ᠎ᠶᠢᠨ ᠰᠠᠬᠢᠯᠭ᠎ᠠ ᠪᠠᠲᠤ᠎ᠶᠢ ᠴᠢᠩᠭ᠎ᠠ ᠠᠳᠬᠤᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠪᠠᠷᠢᠮᠲᠠᠯᠠᠨ᠂ ᠬᠤᠨᠠᠨ᠎ᠤ ᠡᠾᠸᠩᠶᠠᠩ᠂ ᠰᠸᠴᠤᠸᠠᠨ᠎ᠤ ᠨᠠᠨᠴᠦ᠋ᠩ᠂ ᠯᠢᠶᠣᠤᠨᠢᠩ ᠵᠡᠷᠭᠡ ᠭᠠᠵᠠᠷ᠎ᠤᠨ ᠰᠣᠩᠭᠣᠭᠤᠯᠢ᠎ᠶᠢᠨ ᠪᠢᠯᠸᠲ ᠲᠠᠲᠠᠵᠤ ᠬᠠᠬᠤᠤᠯᠢᠲᠤ ᠰᠣᠩᠭᠣᠭᠤᠯᠢ ᠬᠢᠭᠰᠡᠨ᠂ ᠰᠣᠩᠭᠣᠭᠤᠯᠢ᠎ᠶᠢ ᠡᠪᠳᠡᠭᠰᠡᠨ ᠬᠡᠷᠡᠭ᠎ᠲᠦ ᠰᠡᠷᠡᠮᠵᠢᠯᠡᠭᠦᠯᠬᠦ ᠬᠥᠮᠦᠵᠢᠯ ᠬᠢᠵᠦ᠂ ᠰᠤᠷᠭᠠᠮᠵᠢ ᠠᠪᠴᠤ᠂ ᠴᠡᠭᠡᠷᠯᠡᠯ ᠪᠣᠯᠭᠠᠬᠤ ᠬᠡᠷᠡᠭᠲᠡᠢ᠃ ᠲᠥᠯᠥᠭᠡᠯᠡᠭᠴᠢ ᠵᠢ ᠰᠣᠩᠭᠣᠬᠤ ᠠᠵᠢᠯ᠎ᠤᠨ ᠪᠦᠬᠦ ᠶᠠᠪᠤᠴᠠ᠎ᠳᠤ ᠬᠢᠨᠠᠯᠲᠠ ᠲᠠᠯᠪᠢᠬᠤ᠎ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠠᠰᠠᠭᠤᠳᠠᠯ᠎ᠢ《ᠤᠭᠲᠤ ᠠᠭᠤᠴᠢᠯᠠᠬᠤ ᠦᠭᠡᠢ》᠂ ᠣᠯᠵᠤ ᠮᠡᠳᠡᠪᠡᠯ ᠡᠷᠡᠰ ᠪᠠᠢᠴᠠᠭᠠᠨ ᠰᠢᠢᠳᠪᠦᠷᠢᠯᠡᠵᠦ᠂ ᠰᠤᠷᠲᠠᠯ ᠴᠢᠬᠡᠴᠢ ᠤᠪᠤᠷ ᠲᠥᠪ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠲᠥᠯᠥᠭᠡᠯᠡᠭᠴᠢ ᠵᠢ ᠰᠣᠩᠭᠣᠨ ᠭᠠᠷᠭᠠᠬᠤ ᠶᠠᠪᠤᠴᠠ᠎ᠶᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠠᠪᠤᠴᠠ ᠪᠣᠯᠭᠠᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠨᠠᠮ᠎ᠤᠨ ᠲᠡᠦᠬᠡ᠎ᠶᠢᠨ ᠬᠥᠮᠦᠵᠢᠯ ᠪᠣᠯᠣᠨ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠠᠮᠢᠳᠤᠯᠢᠭ᠋ ᠦᠢᠯᠡᠳᠦᠯᠭᠡ᠎ᠶᠢᠨ ᠶᠠᠪᠤᠴᠠ ᠪᠣᠯᠭᠠᠵᠤ᠂  ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠬᠤ᠂ ᠠᠵᠢᠯ ᠬᠢᠵᠦ ᠦᠢᠯᠡᠰ ᠪᠣᠰᠬᠠᠬᠤ᠎ᠶᠢ ᠵᠣᠷᠢᠭ᠍ᠵᠢᠭᠤᠯᠬᠤ ᠶᠠᠪᠤᠴᠠ ᠪᠣᠯᠭᠠᠵᠤ᠂ ᠨᠠᠮ᠎ᠤᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ᠂ ᠲᠠᠢ᠍ᠢᠴᠢᠨ ᠬᠦᠴᠦᠨ᠎ᠢ ᠴᠢᠨᠠᠭᠰᠢᠳᠠ ᠴᠢᠩᠭᠠᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠢ ᠲᠠᠢ᠍ᠢᠴᠢᠯᠠᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠭᠦᠯᠵᠦ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠴᠦ᠂ ᠡᠷᠡᠮᠡᠭᠡᠢᠯᠡᠨ ᠤᠷᠤᠭᠰᠢᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢᠨ ᠲᠥᠯᠥᠭᠡ ᠬᠠᠮᠲᠤ᠎ᠪᠠᠷ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠡᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠳᠠᠯ᠎ᠠ ᠪᠡᠷ ᠠᠬᠢᠭᠤᠯᠬᠤ ᠰᠢᠨ᠎ᠡ ᠪᠠᠢᠳᠠᠯ᠎ᠢ ᠳᠠᠰᠤᠷᠠᠯᠳᠠ ᠦᠬᠡᠢ ᠡᠬᠦᠳᠬᠦ ᠬᠡᠷᠡᠭᠳᠡᠢ ᠭᠡᠵᠦ ᠴᠢᠬᠤᠯᠠᠴᠢᠯᠠᠪᠠ᠃

ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠵᠢᠯ ᠤᠳᠤ᠎ᠡᠴᠡ ᠡᠬᠢᠯᠡᠵᠦ᠂ ᠢᠷᠡᠬᠦ ᠵᠢᠯ᠎ᠦᠨ 6 ᠰᠠᠷ᠎ᠠ᠎ᠶᠢᠨ ᠰᠡᠭᠦᠯᠴᠢ᠎ᠡᠴᠡ ᠡᠮᠦᠨ᠎ᠡ ᠳᠠᠭᠤᠰᠤᠨ᠎ᠠ᠃

           (ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 7 ᠎ᠤ᠋ ᠴᠠᠬᠢᠯᠭᠠᠨ ᠮᠡᠳᠡᠭᠡ)  

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面