ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-09 09:00:29

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠳᠤ ᠰᠠᠭᠤᠭ᠎ᠠ ᠲᠥᠪ᠎ᠦᠨ ᠰᠣᠨᠢᠨ ᠮᠡᠳᠡᠭᠡᠨ᠎ᠦ ᠠᠵᠢᠯᠲᠠᠳ᠂ ᠪᠥᠬᠥ᠌ ᠣᠷᠣᠨ᠎ᠤ ᠰᠣᠨᠢᠨ ᠮᠡᠳᠡᠭᠡᠨ᠎ᠦ ᠠᠵᠢᠯᠲᠠᠳ ᠲᠤ᠌᠄

ᠣᠷᠣᠨ ᠳᠠᠶᠠᠭᠠᠷ᠎ᠢᠶᠡᠨ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠠᠶ᠋ᠢᠭ᠎ᠠ ᠲᠠᠰᠢᠷᠠᠮ᠎ᠳᠤ᠂ ᠪᠢᠳᠡ ᠬᠤᠷᠢᠨ ᠲᠤᠯᠤᠳ᠋ᠠᠬᠢ ᠳᠤᠮᠳᠠᠳᠤ ᠤᠯᠤᠰ᠎ᠤᠨ ᠰᠣᠷᠪᠣᠯᠵᠢᠯᠠᠭᠴᠢ ᠵᠢᠨ ᠪᠠᠶᠠᠷ᠎ᠢᠶᠠᠨ ᠤᠭᠲᠤᠯ᠎ᠠ᠃ ᠡᠨᠡ ᠬᠦ᠌ ᠢᠷᠠᠭᠤ ᠠᠯᠳᠠᠷᠲᠤ᠌ ᠴᠠᠭ ᠮᠥᠴᠡ᠎ᠳᠦ᠂ ᠥᠪᠥᠷ ᠮᠣᠩᠭᠣᠯ᠎ᠳᠤ ᠰᠠᠭᠤᠭ᠎ᠠ ᠲᠥᠪ᠎ᠦᠨ ᠰᠣᠨᠢᠨ ᠮᠡᠳᠡᠭᠡᠨ᠎ᠦ ᠠᠵᠢᠯᠲᠠᠳ᠂ ᠪᠦᠬᠦ᠌ ᠣᠷᠣᠨ᠎ᠤ ᠰᠣᠨᠢᠨ ᠮᠡᠳᠡᠭᠡᠨ᠎ᠦ ᠠᠵᠢᠯᠲᠠᠳ᠎ᠲᠤ᠌ ᠪᠠᠶᠠᠷ᠎ᠤᠨ ᠡᠳᠦᠷ᠎ᠦᠨ ᠮᠡᠨᠳᠦᠴᠢᠯᠡᠯ ᠪᠠ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠵᠦ᠍ ᠪᠠᠶ᠋ᠢᠨ᠎ᠠ! ᠥᠪᠥᠷ ᠮᠣᠩᠭᠣᠯ᠎ᠤᠨ ᠰᠣᠨᠢᠨ ᠮᠡᠳᠡᠭᠡᠨ᠎ᠦ ᠦᠢᠯᠡᠰ᠎ᠦᠨ ᠬᠥᠭᠵᠢᠯᠲᠡ᠎ᠶᠢ ᠤᠷᠳᠤ ᠬᠤᠭᠤᠴᠠᠭ᠎ᠠ᠎ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶ᠋ᠢᠭᠡᠮ᠎ᠦᠨ ᠡᠯ᠎ᠡ ᠡᠲᠡᠭᠡᠳ᠎ᠦᠨ ᠬᠥᠮᠦᠰ᠎ᠲᠦ᠍ ᠴᠢᠩ ᠰᠡᠳᠬᠢᠯ᠎ᠦᠨ ᠲᠠᠯᠠᠷᠬᠠᠯ᠎ᠢᠶᠠᠨ ᠳᠡᠪᠰᠢᠭᠦᠯᠵᠦ᠍ ᠪᠠᠶ᠋ᠢᠨ᠎ᠠ!

ᠡᠨᠡ  ᠵᠢᠯ ᠎ᠡᠴᠡ ᠨᠠᠭᠠᠰᠢ ᠂ ᠣᠷᠣᠨ  ᠲᠠᠶᠠᠭᠠᠷ ᠎ᠢᠶᠡᠨ   ᠶᠡᠷᠦᠩᠬᠡᠶ  ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠂ ᠢᠯᠠᠩᠭᠤᠶ᠎ᠠ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠤᠤᠯ ᠰᠢᠵᠢᠮ᠎ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠥᠶ ᠬᠠᠮᠠᠭᠠᠯᠠᠯᠲᠠ᠎ᠶᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠵᠤ᠂ ᠪᠥᠬᠥ᠌ ᠣᠷᠣᠨ᠎ᠤ ᠠᠵᠤ ᠠᠬᠤᠶ ᠨᠡᠶ᠋ᠢᠭᠡᠮ᠎ᠤᠨ ᠲᠠᠯ᠎ᠠ ᠪᠡᠷ ᠰᠢᠨ᠎ᠡ ᠲᠡᠢᠰᠢ ᠰᠢᠯᠢᠳᠡᠭ ᠲᠡᠶ᠋ᠢᠰᠢ ᠰᠠᠶ᠋ᠢᠵᠢᠷᠠᠬᠤ ᠬᠠᠨᠳᠤᠰᠢ ᠢᠯᠡᠷᠡᠪᠡ᠃ ᠥᠷᠭᠡᠨ ᠤᠯᠠᠨ ᠰᠣᠨᠢᠨ ᠮᠡᠳᠡᠭᠡᠨ᠎ᠦ ᠠᠵᠢᠯᠳᠠᠨ ᠶᠠᠷᠢᠶ᠎ᠠ ᠬᠡᠯᠡᠯᠴᠡᠭᠡᠨ᠎ᠦ ᠭᠣᠣᠯ ᠵᠢᠭᠰᠠᠭᠠᠯ᠎ᠤᠨ ᠭᠠᠵᠠᠷ᠎ᠢ ᠪᠠᠲᠤ᠌ ᠰᠠᠬᠢᠵᠦ᠂ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠵᠦ᠂《ᠡᠮᠦᠨ᠎ᠡ ᠹᠷᠣᠨᠲ᠎ᠲᠤ ᠭᠦᠨᠵᠡᠭᠡᠢᠷᠡᠵᠦ  ᠵᠣᠬᠢᠶᠠᠯ᠎ᠤᠨ ᠰᠤᠷᠲᠠᠯ᠎ᠢᠶᠠᠨ ᠰᠠᠶ᠋ᠢᠵᠢᠷᠠᠭᠤᠯᠤᠶ᠎ᠡ》 ᠭᠡᠬᠦ ᠠᠵᠢᠯᠯᠠᠭ᠎ᠠ᠎ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢᠨ ᠠᠬᠢᠴᠠ ᠦᠷ᠎ᠡ ᠪᠦᠲᠦᠮᠵᠢ᠂ ᠥᠪᠡᠷᠮᠢᠴᠡ ᠲᠤᠷᠰᠢᠯᠭ᠎ᠠ᠂ ᠨᠡᠶ᠋ᠢᠲᠡᠯᠢᠭ ᠠᠮᠵᠢᠯᠲᠠ ᠪᠦᠲᠦᠮᠵᠢ ᠵᠢ ᠪᠦᠬᠦ᠌ ᠲᠠᠯ᠎ᠠ ᠪᠡᠷ᠂ ᠠᠮᠢᠳᠤᠯᠢᠭ᠎ᠢᠶᠡᠷ ᠮᠡᠳᠡᠭᠡᠯᠡᠵᠦ᠂ ᠨᠢᠭᠡ ᠪᠦᠯᠦᠭ ᠦᠵᠡᠯ ᠰᠠᠨᠠᠭ᠎ᠠ᠎ᠲᠠᠶ᠂ ᠬᠠᠯᠠᠭᠤᠨ ᠳᠤᠯᠠᠭᠠᠬᠠᠨ᠂ ᠴᠢᠨᠠᠷ ᠴᠢᠨᠰᠠᠭ᠎ᠠ᠎ᠲᠠᠶ ᠰᠣᠳᠣᠨ ᠪᠦᠲᠦᠭᠡᠯ᠎ᠢ ᠨᠡᠢᠲᠡᠯᠡᠵᠦ᠂ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢᠨ ᠠᠮᠢᠳᠤᠯᠢᠭ ᠦᠢᠯᠡᠳᠦᠯᠭᠡ᠎ᠶᠢ ᠪᠥᠬᠥ᠌ ᠲᠠᠯ᠎ᠠ᠎ᠪᠡᠷ ᠢᠯᠡᠷᠡᠭᠦᠯᠵᠦ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ 《ᠰᠢᠪᠲᠤᠯᠬᠤ》ᠵᠣᠷᠢᠭ ᠰᠠᠨᠠᠭ᠎ᠠ᠂《ᠡᠭᠦᠳᠦᠨ ᠪᠦᠲᠦᠭᠡᠬᠦ᠌》 ᠡᠷᠴᠢ ᠵᠣᠷᠢᠭ᠂《ᠠᠵᠢᠯᠯᠠᠬᠤ》ᠰᠤᠷᠲᠠᠯ᠎ᠢᠶᠡᠷ ᠠᠵᠢᠯ ᠬᠢᠵᠦ᠍ ᠦᠢᠯᠡᠰ ᠪᠤᠰᠬᠠᠬᠤ ᠣᠶᠤᠨ ᠰᠠᠨᠠᠭᠠᠨ᠎ᠤ ᠳᠦᠷᠰᠦ ᠪᠠᠶ᠋ᠢᠳᠠᠯ᠎ᠢ ᠠᠮᠢᠳᠤᠯᠢᠭ᠎ᠢᠶᠡᠷ ᠢᠯᠡᠷᠡᠭᠦᠯᠵᠦ᠂ ᠪᠣᠳᠠᠲᠠᠶ ᠠᠵᠢᠯᠯᠠᠵᠤ ᠲᠡᠷᠢᠭᠦᠨ᠎ᠳᠦ ᠣᠷᠣᠬᠤ᠎ᠪᠠᠷ ᠴᠢᠷᠮᠠᠶ᠋ᠢᠬᠤ᠂ ᠵᠢᠪᠬᠤᠭ᠎ᠠ ᠥᠭᠡᠳᠡᠷᠬᠡᠭ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠦᠬᠦ ᠬᠦᠴᠦᠨ᠎ᠢᠶᠡᠷ᠎ᠢᠶᠡᠨ ᠪᠤᠢ ᠪᠤᠯᠭᠠᠪᠠ᠃

ᠳᠠᠪᠠᠯᠭᠠᠨ᠎ᠢ ᠵᠦᠰᠦᠨ ᠰᠠᠯᠬᠢᠨ᠎ᠤ ᠡᠷᠴᠢᠨ᠎ᠳᠤ᠂ ᠡᠷᠡᠮᠡᠬᠡᠶ᠋ᠢᠯᠡᠨ ᠤᠷᠤᠭᠰᠢᠯᠠᠵᠦ ᠠᠶᠠᠨ᠎ᠳᠠᠭᠠᠨ ᠲᠠᠬᠢᠨ ᠮᠤᠷᠳᠠᠨ᠎ᠠ᠃ ᠥᠷᠭᠡᠨ ᠤᠯᠠᠨ ᠰᠣᠨᠢᠨ ᠮᠡᠳᠡᠭᠡᠨ᠎ᠦ ᠠᠵᠢᠯᠳᠠᠨ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》 ᠢ᠋ ᠪᠠᠭᠲᠠᠭᠠᠵᠤ᠂ ᠵᠥᠪ ᠤᠯᠤᠰ ᠲᠦᠷᠦ᠎ᠶᠢᠨ ᠴᠢᠭᠯᠡᠯ᠂ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠂ ᠰᠣᠨᠢᠨ ᠮᠡᠳᠡᠭᠡᠨ᠎ᠦ ᠵᠣᠷᠢᠯᠲᠠ᠂ ᠠᠵᠢᠯ᠎ᠤᠨ ᠬᠠᠨᠳᠤᠰᠢ᠎ᠶᠢ ᠪᠠᠷᠢᠮᠲᠠᠯᠠᠵᠤ᠂ ᠢᠮᠠᠭᠲᠠ ᠨᠠᠮ᠎ᠤᠨ ᠲᠦᠷᠦ᠎ᠶᠢᠨ ᠪᠤᠳᠤᠯᠭ᠎ᠠ ᠵᠣᠷᠢᠯᠲᠠ᠎ᠶᠢᠨ ᠤᠯᠠᠮᠵᠢᠯᠠᠭᠴᠢ᠂ ᠴᠠᠭ ᠦᠶ᠎ᠡ᠎ᠶᠢᠨ ᠪᠠᠶ᠋ᠢᠳᠠᠯ᠎ᠢ ᠲᠡᠮᠳᠡᠭᠯᠡᠭᠴᠢ᠂ ᠨᠡᠶ᠋ᠢᠭᠡᠮ᠎ᠦᠨ ᠲᠠᠪᠰᠢᠯᠳᠠ᠎ᠶᠢᠨ ᠠᠬᠢᠭᠤᠯᠤᠭᠴᠢ᠂ ᠲᠥᠪ ᠭᠣᠣᠯᠴᠢ ᠰᠢᠳᠤᠷᠭᠤ ᠶᠣᠰᠣᠨ᠎ᠤ ᠰᠠᠬᠢᠨ ᠪᠠᠷᠠᠯᠠᠭᠴᠢ ᠪᠣᠯᠬᠤ᠎ᠶᠢ ᠬᠦᠰᠡᠵᠦ᠍ ᠪᠠᠶ᠋ᠢᠨ᠎ᠠ᠃ ᠰᠣᠨᠢᠨ ᠮᠡᠳᠡᠭᠡᠨ᠎ᠦ 《ᠳᠥᠷᠪᠡᠨ ᠴᠢᠳᠠᠪᠦᠷᠢ》 ᠪᠡᠨ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠭᠤᠤᠯ ᠵᠠᠭᠤᠴᠢᠯᠠᠭᠤᠷ᠎ᠤᠨ ᠰᠢᠰᠲ᠋ᠧᠮ᠎ᠦᠨ ᠴᠢᠨᠠᠷᠲᠠᠶ ᠬᠤᠪᠢᠰᠤᠯᠲᠠ᠎ᠳᠤ ᠰᠠᠨᠠᠭᠠᠴᠢᠯᠠᠭ᠎ᠠ᠎ᠡᠴᠡ᠎ᠪᠠᠨ ᠵᠣᠬᠢᠴᠠᠵᠤ᠂ ᠠᠭᠤᠯᠭ᠎ᠠ ᠭᠤᠤᠯᠳᠠᠭᠤᠯᠤᠭᠰᠠᠨ ᠲᠤᠬᠠᠢᠯᠠᠭᠰᠠᠨ ᠠᠵᠢᠯ ᠵᠢᠡᠨ ᠭᠦᠨᠵᠡᠭᠡᠶ᠋ᠢᠷᠡᠭᠦᠯᠵᠦ᠍᠂ ᠢᠯᠡᠳᠬᠡᠬᠦ᠌ ᠬᠡᠪ ᠮᠠᠶᠢᠭ᠎ᠤᠨ ᠰᠢᠨ᠎ᠡ ᠵᠢ ᠡᠭᠦᠳᠴᠦ᠂ ᠳᠠᠮᠵᠢᠭᠤᠯᠬᠤ ᠦᠵᠡᠭᠳᠡᠯ ᠪᠠᠶ᠋ᠢᠳᠠᠯ᠎ᠢᠶᠠᠨ ᠪᠠᠶᠠᠯᠢᠭᠵᠢᠭᠤᠯᠵᠤ᠂ ᠮᠡᠷᠭᠡᠵᠢᠯ᠎ᠢᠶᠡᠷ ᠡᠨᠧᠷᠬᠢ ᠤᠯᠭᠤᠬᠤ ᠵᠢ ᠴᠢᠩᠭᠠᠳᠬᠠᠵᠤ᠂ ᠥᠷᠭᠡᠨ ᠬᠠᠷᠠᠭᠠᠰᠤ᠎ᠡᠴᠡ ᠤᠷᠤᠭᠰᠢᠯᠠᠯᠲᠠ᠎ᠶᠢᠨ ᠠᠶᠠᠨ᠎ᠢ ᠲᠡᠮᠳᠡᠭᠯᠡᠵᠦ᠍᠂ ᠠᠮᠢᠳᠤᠯᠢᠭ ᠵᠢᠷᠤᠯᠭ᠎ᠠ᠎ᠪᠡᠷ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠳᠠᠮᠵᠢᠭᠤᠯᠵᠤ᠂ ᠣᠯᠠᠨ ᠡᠰᠢᠲᠦ᠍ ᠳᠠᠮᠵᠢᠭᠤᠯᠭ᠎ᠠ᠎ᠪᠠᠷ ᠬᠥᠭᠵᠢᠯᠲᠡ᠎ᠶᠢᠨ ᠦᠷ᠎ᠡ ᠪᠦᠲᠦᠮᠵᠢ᠎ᠶᠢ ᠢᠯᠡᠷᠡᠭᠦᠯᠵᠦ᠍᠂ ᠥᠪᠥᠷ ᠮᠣᠩᠭᠣᠯ᠎ᠤᠨ ᠥᠯᠢᠭᠡᠷ᠎ᠢ ᠰᠡᠳᠬᠢᠯ ᠳᠡᠯᠪᠢᠨ ᠬᠠᠶ᠋ᠢᠷ᠎ᠠ ᠰᠡᠳᠬᠢᠯᠭᠡ᠎ᠲᠡᠶ᠎ᠪᠡᠷ ᠰᠠᠶ᠋ᠢᠲᠤᠷ ᠶᠠᠷᠢᠬᠤ ᠵᠢ ᠬᠦᠰᠡᠵᠦ ᠪᠠᠢᠨ᠎ᠠ᠃ ᠢᠳᠡᠪᠬᠢ ᠬᠦᠴᠦᠨ᠎ᠢᠶᠡᠷ ᠬᠠᠯᠠᠮᠰᠢᠯ ᠪᠠᠢᠳᠠᠯ᠎ᠢ ᠪᠤᠢ ᠪᠤᠯᠭᠠᠵᠤ᠂ ᠭᠣᠣᠯ ᠬᠦᠭ ᠠᠶᠠᠰ᠎ᠢᠶᠠᠷ ᠲᠥᠪᠯᠡᠩᠭᠦᠶ ᠬᠦᠴᠦᠨ᠎ᠢ ᠨᠢᠭᠲᠠᠷᠠᠭᠤᠯᠬᠤ᠎ᠶᠢ ᠢᠮᠠᠭᠲᠠ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠳᠦ ᠰᠦᠷ ᠳᠠᠯᠠᠶ᠋ᠢᠴᠠᠲᠠᠢ ᠬᠦᠴᠦᠨ ᠴᠢᠳᠠᠯ᠎ᠢ ᠨᠢᠭᠲᠠᠷᠠᠭᠤᠯᠬᠤ ᠵᠢ ᠬᠦᠰᠡᠵᠦ ᠪᠠᠢᠨ᠎ᠠ᠃

ᠲᠠ ᠪᠦᠬᠦᠨ ᠪᠠᠶᠠᠷ᠎ᠤᠨ ᠡᠳᠦᠷ ᠲᠡᠭᠡᠨ ᠪᠠᠶᠠᠷ ᠬᠦᠷ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠦᠢᠯᠡᠰ ᠤᠷᠤᠭᠰᠢᠲᠠᠶ᠂ ᠭᠡᠷ ᠬᠣᠲᠠᠯᠠᠭᠠᠷ᠎ᠢᠶᠠᠨ ᠵᠣᠯ ᠵᠢᠷᠭᠠᠯ᠎ᠲᠠᠶ ᠪᠠᠶ᠋ᠢᠬᠤ᠎ᠶᠢ ᠴᠢᠩ ᠰᠡᠳᠬᠢᠯ᠎ᠡᠴᠡ᠎ᠪᠡᠨ ᠬᠦᠰᠡᠨ ᠵᠥᠩᠨᠡᠶ᠎ᠡ!

ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠤᠬᠠᠭᠤᠯᠬᠤ ᠬᠡᠯᠲᠡᠰ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠨᠢᠨ ᠮᠡᠳᠡᠭᠡᠨ᠎ᠦ ᠠᠵᠢᠯᠲᠠᠳ᠎ᠤᠨ ᠨᠡᠶ᠋ᠢᠭᠡᠮᠯᠢᠭ

        2026  ᠣᠨ᠎ᠤ 11 ᠰᠠᠷ᠎ᠠ᠎ᠶᠢᠨ  8 ᠎ᠤ᠋ ᠡᠳᠦᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面