2026-11-10 09:31:46
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠪᠰᠢᠯᠲᠠ᠎ᠶᠢᠨ ᠳᠦᠷᠢᠮ 》
ᠵᠠᠰᠠᠪᠤᠷᠢ ᠤᠷᠤᠭᠤᠯᠤᠬᠰᠠᠨ 《ᠳᠦᠷᠢᠮ》 ᠳ᠋ᠤ ᠶᠡᠷᠦᠩᠬᠡᠢ ᠵᠠᠷᠴᠢᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶᠢᠨ ᠲᠦᠷᠦᠯ ᠵᠤᠢᠯ᠂ ᠰᠠᠭᠤᠷᠢ ᠰᠤᠳᠤᠯᠭᠠᠨ ᠬᠢᠭᠡᠳ ᠬᠡᠷᠡᠭᠯᠡᠭᠡᠨ᠎ᠦ ᠰᠤᠳᠤᠯᠭᠠᠨ᠂ ᠦᠷ᠎ᠡ ᠪᠦᠲᠦᠭᠡᠯ᠎ᠢ᠋ ᠤᠨᠳᠤᠤᠰᠢᠭᠤᠯᠬᠤ᠂ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ ᠪᠠᠢᠭᠤᠯᠤᠮᠵᠢ ᠬᠢᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ ᠬᠢᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ ᠬᠢᠭᠡᠳ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ ᠂ ᠳᠠᠭᠠᠯᠳᠤᠭᠤᠯᠤᠯ ᠵᠡᠷᠭᠡ 11 ᠪᠦᠯᠦᠭ 78 ᠵᠦᠢᠯ ᠲᠠᠢ᠃
《ᠳᠦᠷᠢᠮ》 ᠳ᠋ᠤ᠂《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ 》 ᠶᠢ ᠬᠠᠤᠯᠢ ᠲᠣᠭᠲᠠᠭᠠᠬᠤ ᠭᠣᠣᠯ ᠬᠠᠷᠠᠯᠲᠠ ᠪᠣᠯᠭᠠᠵᠤ᠂ ᠪᠥᠬᠥ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠳᠤᠷᠢᠳᠬᠤ ᠪᠠᠢᠭᠤᠯᠤᠮᠵᠢ᠎ᠶᠢ ᠵᠤᠬᠢᠴᠠᠭᠤᠯᠪᠠ᠃ ᠦᠨᠳᠦᠰᠦᠨ ᠱᠠᠲᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠮᠢᠶᠠᠷᠤᠯᠲᠠ᠎ᠶᠢᠨ ᠬᠦᠴᠦᠨ ᠪᠠᠭᠤᠷᠠᠢ ᠪᠠᠢᠬᠤ ᠳᠤᠲᠠᠭᠤᠳᠠᠯ᠎ᠳᠤ ᠴᠢᠭᠯᠡᠭᠦᠯᠦᠨ᠂ 《ᠳᠦᠷᠢᠮ》 ᠳ᠋ᠤ ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠮᠢᠶᠠᠷᠤᠯᠲᠠ᠎ᠶᠢᠨ ᠬᠦᠴᠦᠨ᠎ᠦ ᠲᠤᠯᠭᠠᠭᠤᠷᠢᠯᠠᠯ᠎ᠢ ᠴᠢᠩᠭᠠᠳᠬᠠᠵᠤ᠂ ᠠᠵᠢᠯᠲᠠᠨ᠎ᠤ ᠬᠦᠴᠦᠨ᠎ᠢ ᠲᠡᠭᠦᠯᠳᠡᠷᠵᠢᠭᠦᠯᠦᠨ᠂ ᠦᠢᠯᠡᠴᠢᠯᠡᠭᠡᠨ᠎ᠦ ᠡᠭᠦᠷᠭᠡ ᠴᠢᠳᠠᠪᠬᠢ᠎ᠶᠢ ᠴᠢᠩᠭᠠᠳᠬᠠᠵᠤ᠂ ᠦᠨᠳᠦᠰᠦᠨ ᠱᠠᠲᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠪᠣᠯᠣᠨ ᠦᠢᠯᠡᠴᠢᠯᠡᠭᠡᠨ᠎ᠦ ᠪᠠᠲᠤᠯᠠᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠠ ᠭᠡᠵᠦ ᠲᠤᠳᠤᠷᠬᠠᠢᠯᠠᠪᠠ᠃
《ᠳᠦᠷᠢᠮ》 ᠳ᠋ᠤ᠂ ᠰᠠᠭᠤᠷᠢ ᠰᠤᠳᠤᠯᠭᠠᠨ᠎ᠤ ᠲᠣᠭᠲᠠᠭᠤᠨ ᠣᠷᠣᠭᠤᠯᠤᠯᠲᠠ᠎ᠶᠢᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠰᠠᠭᠤᠷᠢ ᠰᠤᠳᠤᠯᠭᠠᠨ᠎ᠤ ᠵᠠᠷᠤᠳᠠᠯ᠎ᠤᠨ ᠣᠷᠣᠭᠤᠯᠤᠯᠲᠠ᠎ᠶᠢᠨ ᠲᠦᠪᠰᠢᠨ᠎ᠢ ᠠᠯᠭᠤᠷ᠎ᠢᠶᠠᠷ ᠳᠡᠭᠡᠭᠰᠢᠯᠡᠭᠦᠯᠵᠦ᠂ ᠠᠢᠮᠠᠭ ᠬᠤᠳᠠ ᠪᠠ ᠨᠡᠢᠭᠡᠮ᠎ᠦᠨ ᠬᠦᠴᠦᠨ᠎ᠦ ᠪᠡᠯᠡ ᠣᠷᠣᠭᠤᠯᠤᠯᠲᠠ᠎ᠳᠤ ᠣᠷᠣᠯᠴᠠᠬᠤ᠎ᠶᠢ ᠵᠣᠷᠢᠭ᠍ᠵᠢᠭᠤᠯᠤᠨ᠎ᠠ᠃ ᠡᠭᠦᠨ᠎ᠦ ᠬᠠᠮᠲᠤ᠂ ᠰᠠᠭᠤᠷᠢ ᠰᠤᠳᠤᠯᠭᠠᠨ ᠵᠡᠷᠭᠡ ᠲᠠᠯ᠎ᠠ᠎ᠶᠢᠨ ᠴᠢᠳᠠᠪᠤᠷᠢᠲᠠᠨ᠎ᠢ ᠦᠨᠡᠯᠡᠬᠦ ᠦᠶᠡᠯᠡᠯ᠎ᠦᠨ ᠬᠤᠭᠤᠴᠠᠭ᠎ᠠ᠎ᠶᠢ ᠵᠣᠬᠢᠰᠲᠠᠢ ᠪᠡᠷ ᠤᠷᠲᠤᠳᠬᠠᠵᠤ ᠪᠣᠯᠣᠨ᠎ᠠ ᠭᠡᠵᠦ ᠲᠣᠭᠲᠠᠭᠠᠪᠠ᠃
《ᠳᠦᠷᠢᠮ》 ᠳ᠋ᠤ ᠪᠠᠰᠠ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠂ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ᠎ᠶᠢᠨ ᠠᠵᠤ ᠦᠢᠯᠡᠰ᠎ᠦᠨ ᠪᠠᠢᠷᠢᠰᠢᠭᠤᠯᠤᠯᠲᠠ᠎ᠶᠢᠨ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠲᠣᠭᠣᠷᠢᠨ᠎ᠳᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ᠎ᠶᠢᠨ ᠪᠠᠭᠤᠷᠠᠢ ᠭᠣᠭᠴᠣᠭ᠎ᠠ᠎ᠶᠢ ᠬᠦᠴᠦᠯᠡᠨ ᠰᠢᠢᠳᠪᠦᠷᠢᠯᠡᠨ᠎ᠡ ᠭᠡᠵᠦ ᠤᠯᠠᠮ ᠨᠢᠭᠡ ᠠᠯᠬᠤᠮ ᠲᠣᠳᠣᠷᠬᠠᠢᠯᠠᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠳᠠ ᠵᠢᠨ ᠳᠦᠷᠢᠮ 》
《ᠳᠦᠷᠢᠮ》 ᠳ᠋ᠤ ᠶᠡᠷᠦᠩᠬᠡᠢ ᠵᠠᠷᠴᠢᠮ᠂ ᠰᠢᠯᠵᠢᠭᠦᠯᠵᠦ ᠪᠣᠯᠣᠰᠢ ᠦᠭᠡᠢ ᠲᠡᠦᠬᠡ᠎ᠶᠢᠨ ᠳᠤᠷᠠᠰᠬᠠᠯᠲᠤ ᠵᠦᠢᠯᠡᠰ᠂ ᠬᠠᠭᠤᠴᠢ ᠰᠤᠳᠤᠯᠤᠯ ᠤ᠋ᠨ ᠨᠡᠭᠡᠭᠡᠨ ᠮᠠᠯᠲᠠᠬᠤ᠂ ᠮᠦᠽᠧᠢ᠎ᠳᠦ ᠬᠠᠳᠠᠭᠠᠯᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ ᠪᠠ ᠠᠷᠠᠳ᠎ᠤᠨ ᠳᠤᠮᠳᠠ ᠬᠠᠳᠠᠭᠠᠯᠠᠬᠳᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠂ ᠰᠤᠳᠤᠯᠤᠯᠳᠠ ᠪᠠ ᠠᠰᠢᠭ᠍ᠯᠠᠯᠳᠠ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ ᠨᠡᠶ᠋ᠢᠲᠡ 7 ᠪᠦᠯᠦᠭ 53 ᠵᠦᠢᠯ ᠪᠣᠶ᠃
《ᠳᠦᠷᠢᠮ》 ᠳ᠋ᠤ᠌᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠪᠦᠬᠦ ᠨᠡᠢᠭᠡᠮ᠎ᠦᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠤᠬᠠᠮᠰᠠᠷ᠎ᠢ ᠴᠢᠩᠭᠠᠷᠠᠭᠤᠯᠵᠤ᠂ ᠪᠦᠬᠦ ᠨᠡᠢᠭᠡᠮ᠎ᠢᠶᠡᠷ᠎ᠢᠶᠡᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠦᠢᠯᠡᠰ᠎ᠦᠨ ᠬᠥᠭᠵᠢᠯᠲᠡ᠎ᠳᠦ ᠬᠠᠮᠲᠤ᠎ᠪᠠᠷ ᠣᠷᠣᠯᠴᠠᠬᠤ᠂ ᠳᠤᠮᠳᠠᠳᠤ᠎ᠶᠢᠨ ᠦᠨᠳᠦᠰᠦᠲᠡᠨ᠎ᠦ ᠰᠢᠯᠢᠳᠡᠭ ᠲᠡᠦᠬᠡ ᠰᠣᠶᠣᠯ᠎ᠤᠨ ᠥᠪ᠎ᠢ ᠤᠬᠠᠮᠰᠠᠷ᠎ᠠᠴᠠ᠎ᠪᠠᠨ ᠤᠯᠠᠮᠵᠢᠯᠠᠨ ᠵᠠᠯᠭᠠᠮᠵᠢᠯᠠᠬᠤ ᠰᠠᠢᠨ ᠰᠠᠢᠬᠠᠨ ᠤᠷᠴᠢᠨ ᠠᠬᠤᠢ ᠵᠢ ᠪᠤᠢ ᠪᠣᠯᠭᠠᠨ᠎ᠠ ᠭᠡᠵᠦ ᠲᠤᠬᠳᠠᠭᠠᠵᠠᠢ᠃
《ᠳᠦᠷᠢᠮ》᠎ᠳ᠋ᠤ᠂ ᠡᠯ᠎ᠡ ᠱᠠᠲᠤᠨ ᠤ ᠠᠷᠠᠳ᠎ᠤᠨ ᠵᠠᠰᠠᠭ᠎ᠤᠨ ᠣᠷᠳᠣᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠠᠵᠢᠯ ᠢ ᠴᠢᠬᠤᠯᠠᠴᠢᠯᠠᠵᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠨᠡᠢᠭᠡᠮ᠎ᠦᠨ ᠬᠥᠭᠵᠢᠯᠲᠡ ᠬᠢᠭᠡᠳ ᠲᠡᠦᠬᠡ ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠬᠠᠷᠢᠴᠠᠭ᠎ᠠ᠎ᠶᠢ ᠵᠥᠪ᠎ᠢᠶᠡᠷ ᠰᠢᠢᠳᠪᠦᠷᠢᠯᠡᠵᠦ᠂ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ ᠭᠡᠵᠦ ᠲᠤᠷᠠᠳᠪᠠ᠃
《ᠳᠦᠷᠢᠮ》 ᠳ᠋ᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠯᠢᠪᠠ ᠠᠵᠢᠯ᠎ᠳᠤ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠬᠡᠯ᠎ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ ᠡᠷᠬᠢᠯᠡᠬᠦ ᠪᠠᠢᠭᠤᠯᠭ᠎ᠠ ᠨᠢᠭᠡᠴᠢ ᠲᠦᠷᠦ᠎ᠶᠢᠨ ᠶᠠᠪᠤᠳᠠᠯ᠎ᠤᠨ ᠬᠣᠷᠢᠶ᠎ᠠ ᠵᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠣᠯᠭᠣᠭᠰᠠᠨ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠬᠢᠷᠢ ᠬᠡᠮ᠎ᠤᠨ ᠦᠨᠡᠮᠯᠡᠯ ᠣᠯᠣᠭᠰᠠᠨ ᠪᠠᠢᠬᠤ ᠬᠡᠷᠡᠭᠲᠡᠢ᠃ ᠶᠠᠮᠠᠷᠪᠠ ᠪᠠᠢᠭᠤᠯᠭ᠎ᠠ ᠨᠢᠭᠡᠴᠢ ᠪᠤᠶᠤ ᠬᠤᠪᠢ ᠬᠥᠮᠥᠨ ᠭᠠᠵᠠᠷ ᠳᠣᠣᠷ᠎ᠠ ᠪᠤᠯᠠᠭᠳᠠᠵᠤ ᠪᠠᠢᠭ᠎ᠠ ᠪᠠ ᠤᠰᠤᠨ ᠳᠣᠣᠷ᠎ᠠ ᠦᠯᠡᠳᠡᠭᠳᠡᠵᠦ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠎ᠢ ᠳᠤᠷ᠎ᠠ᠎ᠪᠠᠷ᠎ᠢᠶᠠᠨ ᠮᠠᠯᠲᠠᠵᠤ ᠪᠣᠯᠬᠤ ᠦᠭᠡᠢ ᠭᠡᠵᠦ ᠲᠤᠳᠤᠷᠬᠠᠢᠯᠠᠪᠠ᠃
《 ᠪᠤᠭᠤᠲᠤ ᠬᠣᠲᠠ᠎ᠶᠢᠨ ᠴᠠᠭ ᠠᠭᠤᠷ᠎ᠤᠨ ᠭᠠᠮᠰᠢᠭ᠋᠎ᠤᠨ ᠰᠡᠷᠭᠡᠢᠯᠡᠯᠳᠡ ᠵᠢᠨ ᠳᠦᠷᠢᠮ 》
《ᠳᠦᠷᠢᠮ》 ᠨᠢ ᠶᠡᠷᠦᠩᠬᠡᠢ ᠵᠠᠷᠴᠢᠮ᠂ ᠤᠷᠢᠳᠴᠢᠯᠠᠨ ᠰᠡᠷᠭᠡᠢᠯᠡᠬᠦ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ 5 ᠪᠦᠯᠦᠭ 38 ᠵᠦᠢᠯ ᠪᠤᠢ᠃
《ᠳᠦᠷᠢᠮ》 ᠳ᠋ᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ ᠪᠠ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠴᠠᠭ ᠠᠭᠤᠷ᠎ᠤᠨ ᠭᠠᠮᠰᠢᠭ᠋᠎ᠢ ᠰᠡᠷᠭᠡᠢᠯᠡᠬᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠭᠠᠨ᠂ ᠮᠡᠷᠭᠡᠵᠢᠯ᠎ᠦᠨ ᠰᠢᠨ᠎ᠡ ᠵᠢ ᠡᠭᠦᠳᠬᠦ᠂ ᠮᠡᠷᠭᠡᠵᠢᠯ᠎ᠦᠨ ᠳᠡᠯᠭᠡᠷᠡᠭᠦᠯᠦᠯᠲᠡ ᠵᠢᠴᠢ ᠬᠠᠮᠢᠶ᠎ᠠ ᠪᠦᠬᠦᠢ ᠲᠣᠨᠣᠭ ᠲᠥᠬᠦᠭᠡᠷᠦᠮᠵᠢ᠂ ᠦᠢᠯᠡᠳᠬᠦᠨ᠎ᠢ ᠰᠤᠳᠤᠯᠤᠨ ᠨᠡᠭᠡᠭᠡᠬᠦ᠎ᠳᠦ ᠬᠠᠮᠲᠤ᠎ᠪᠠᠷ ᠣᠷᠣᠯᠴᠠᠬᠤ᠎ᠶᠢ ᠵᠣᠷᠢᠭ᠍ᠵᠢᠭᠤᠯᠤᠨ ᠳᠡᠮᠵᠢᠵᠦ᠂ ᠵᠣᠬᠢᠶᠠᠮᠠᠯ ᠣᠶᠤᠨ ᠴᠢᠳᠠᠪᠤᠷᠢ᠂ ᠲᠣᠮᠣ᠌ ᠳ᠋ᠠᠢᠲ᠋ᠠ ᠵᠡᠷᠭᠡ ᠲᠣᠭᠠᠴᠢᠯᠠᠬᠰᠠᠨ ᠣᠶᠤᠨᠴᠢ ᠪᠠᠢᠭᠤᠯᠤᠯᠲᠠ ᠬᠢᠭᠡᠳ ᠴᠠᠭ ᠠᠭᠤᠷ ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠴᠠᠭ ᠠᠭᠤᠷ᠎ᠤᠨ ᠭᠠᠮᠰᠢᠭ᠋᠎ᠢ ᠰᠡᠷᠭᠡᠢᠯᠡᠬᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ ᠭᠡᠵᠦ ᠲᠤᠷᠠᠳᠪᠠ᠃
《ᠳᠦᠷᠢᠮ》 ᠳ᠋ᠤ᠂ ᠬᠣᠲᠠ᠂ ᠬᠣᠰᠢᠭᠤ ᠰᠢᠶᠠᠨ ᠲᠣᠭᠣᠷᠢᠭ᠋᠎ᠤᠨ ᠠᠷᠠᠳ᠎ᠤᠨ ᠵᠠᠰᠠᠭ᠎ᠤᠨ ᠣᠷᠳᠣᠨ ᠴᠠᠭ ᠠᠭᠤᠷ᠎ᠤᠨ ᠭᠠᠮᠰᠢᠭ᠋᠎ᠢ ᠰᠡᠷᠭᠡᠢᠯᠡᠬᠦ ᠲᠥᠯᠦᠪᠵᠢᠭᠦᠯᠭᠡ᠎ᠶᠢ ᠦᠨᠳᠦᠰᠦᠯᠡᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠪᠠᠢᠭᠠᠳ ᠴᠠᠭ ᠠᠭᠤᠷ᠎ᠤᠨ ᠭᠠᠮᠰᠢᠭ᠋᠎ᠢ ᠬᠢᠨᠠᠨ ᠬᠡᠮᠵᠢᠬᠦ ᠥᠷᠲᠡᠭᠡ ᠴᠡᠭ ᠵᠢᠴᠢ ᠲᠦᠬᠦᠬᠡᠷᠦᠮᠵᠢ᠂ ᠪᠠᠴᠢᠮ ᠪᠠᠢᠳᠠᠯ᠎ᠢ ᠠᠷᠭᠠᠴᠠᠭᠠᠬᠤ ᠨᠡᠭᠦᠳᠡᠯ ᠴᠠᠭ ᠠᠭᠤᠷ᠎ᠤᠨ ᠲᠦᠬᠦᠬᠡᠷᠦᠮᠵᠢ ᠵᠢᠴᠢ ᠴᠠᠭ ᠠᠭᠤᠷ᠎ᠤᠨ ᠭᠠᠮᠰᠢᠭ᠋᠎ᠢ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠭᠥᠯᠢᠶᠡᠨ ᠠᠪᠬᠤ᠂ ᠨᠡᠪᠲᠡᠷᠡᠭᠦᠯᠬᠦ ᠲᠦᠭᠦᠭᠡᠷᠦᠮᠵᠢ ᠵᠡᠷᠭᠡ ᠴᠠᠭ ᠠᠭᠤᠷ᠎ᠤᠨ ᠭᠠᠮᠰᠢᠭ᠋᠎ᠢ ᠰᠡᠷᠭᠡᠢᠯᠡᠬᠦ ᠲᠦᠭᠦᠭᠡᠷᠦᠮᠵᠢ᠎ᠶᠢ ᠲᠥᠯᠥᠪᠯᠡᠭᠡ᠎ᠲᠠᠢ᠎ᠪᠡᠷ ᠪᠦᠲᠦᠭᠡᠨ ᠪᠠᠶ᠋ᠢᠭᠤᠯᠤᠨ᠎ᠠ ᠭᠡᠵᠦ ᠲᠤᠬᠳᠠᠭᠠᠪᠠ᠃
《ᠲᠦᠩᠯᠢᠶᠣᠣ ᠬᠣᠲᠠ᠎ᠶᠢᠨ ᠮᠢᠬᠠᠨ᠎ᠤ ᠦᠬᠡᠷ᠎ᠦᠨ ᠡᠭᠦᠯᠳᠡᠷ᠎ᠦᠨ ᠬᠠᠮᠢᠶᠠᠷᠤᠯᠲᠠ᠎ᠶᠢᠨ ᠳᠦᠷᠢᠮ》 《ᠳᠦᠷᠢᠮ》 ᠨᠢ ᠨᠡᠶ᠋ᠢᠲᠡ 20 ᠵᠤᠢᠯ ᠪᠣᠶ᠃ 《ᠳᠦᠷᠢᠮ》 ᠳ᠋ᠤ᠂ ᠬᠣᠲᠠ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠮᠢᠬᠠᠨ ᠤ᠋ ᠦᠬᠡᠷ᠎ᠦᠨ ᠡᠭᠦᠯᠳᠡᠷ ᠰᠠᠢᠵᠢᠷᠠᠭᠤᠯᠬᠤ ᠦᠢᠯᠡᠴᠢᠯᠡᠭᠡᠨ᠎ᠦ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠮᠢᠬᠠᠨ ᠤ᠋ ᠦᠬᠡᠷ᠎ᠦᠨ ᠡᠭᠦᠯᠳᠡᠷ ᠰᠠᠢᠵᠢᠷᠠᠭᠤᠯᠬᠤ ᠦᠢᠯᠡᠴᠢᠯᠡᠭᠡᠨ᠎ᠦ ᠠᠵᠢᠯᠲᠠᠨ᠎ᠤ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠵᠤ᠂ ᠲᠡᠳᠡᠨ᠎ᠦ ᠲᠤᠬᠠᠢᠯᠠᠬᠰᠠᠨ ᠠᠵᠢᠯ ᠡᠷᠭᠢᠯᠡᠬᠦ ᠦᠶ᠋ᠯᠡ ᠠᠵᠢᠯᠯᠠᠭ᠎ᠠ᠂ ᠬᠠᠳᠠᠭᠠᠯᠠᠬᠤ ᠲᠥᠬᠦᠭᠡᠷᠦᠮᠵᠢ᠂ ᠬᠡᠭᠡᠯᠲᠦᠭᠦᠯᠭᠡ᠎ᠶᠢᠨ ᠲᠡᠮᠳᠡᠭᠯᠡᠯ ᠵᠡᠷᠭᠡ᠎ᠳᠦ ᠪᠠᠢᠴᠠᠭᠠᠯᠲᠠ ᠬᠢᠬᠦ ᠪᠠ ᠮᠡᠷᠭᠡᠵᠢᠯ᠎ᠦᠨ ᠵᠢᠯᠣᠭᠣᠳᠤᠯᠭ᠎ᠠ ᠥᠷᠨᠢᠭᠦᠯᠬᠦ ᠵᠢ ᠱᠠᠭᠠᠷᠳᠠᠵᠠᠢ᠃
《ᠳᠦᠷᠢᠮ》 ᠳ᠋ᠤ ᠪᠠᠰᠠ ᠬᠣᠲᠠ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤᠵᠢᠭ᠍ᠰᠠᠨ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ᠎ᠶᠢ ᠪᠠᠢᠭᠤᠯᠵᠤ᠂ ᠲᠠᠷᠢᠶᠠᠯᠠᠩ ᠮᠠᠯ ᠠᠵᠤ ᠠᠬᠤᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠪᠠ ᠳᠣᠲᠣᠭᠠᠳᠤ᠎ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠪᠠᠢᠭᠠᠳ ᠮᠢᠬᠠᠨ ᠤ᠋ ᠦᠬᠡᠷ᠎ᠦᠨ ᠡᠭᠦᠯᠳᠡᠷ᠎ᠦᠨ ᠢᠷᠡᠯᠲᠡ᠎ᠶᠢᠨ ᠦᠢᠯᠡᠳᠪᠦᠷᠢᠯᠡᠯ᠂ ᠪᠣᠷᠣᠯᠠᠭᠤᠯᠭ᠎ᠠ᠂ ᠳᠡᠯᠭᠡᠷᠡᠭᠦᠯᠦᠯᠳᠡ ᠪᠠ ᠮᠢᠬᠠᠨ ᠤ᠋ ᠦᠬᠡᠷ ᠤ᠋ᠨ ᠡᠬᠦᠯᠳᠡᠷ᠎ᠢ ᠰᠠᠢᠵᠢᠷᠠᠭᠤᠯᠬᠤ ᠦᠢᠯᠡᠴᠢᠯᠡᠭᠡ ᠵᠡᠷᠭᠡ ᠠᠵᠢᠯᠯᠠᠭ᠎ᠠ᠎ᠳᠤ ᠬᠠᠮᠲᠤᠷᠠᠨ ᠬᠠᠤᠯᠢ ᠬᠡᠷᠡᠭᠵᠢᠭᠦᠯᠦᠨ᠎ᠠ ᠭᠡᠵᠦ ᠲᠤᠬᠳᠠᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃