ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-10 10:30:03

ᠵᠣᠬᠢᠶᠠᠭ᠍ᠴᠢ᠄ ᠪᠢᠯᠢᠭᠪᠡᠭᠠᠲᠤᠷ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 3᠎ᠤ᠋ ᠡᠳᠦᠷ᠂ ᠮᠠᠰᠢᠨ ᠲᠡᠷᠭᠡᠨ᠎ᠦ ᠰᠡᠯᠪᠢᠭ ᠲᠣᠨᠣᠭ᠂ ᠡᠳᠦᠷ ᠲᠤᠲᠤᠮ᠎ᠤᠨ ᠪᠦᠷᠢᠨ ᠪᠠᠷᠠᠭ᠎ᠠ ᠵᠡᠷᠭᠡ ᠲᠤᠮᠳᠠᠳᠤ ᠵᠢᠨ ᠦᠢᠯᠡᠳᠬᠦᠨ᠎ᠢ ᠲᠦᠭᠦᠷᠡᠳᠡᠯ᠎ᠠ ᠠᠴᠢᠭᠰᠠᠨ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ᠌ ᠲᠡᠷᠭᠡ ᠡᠷᠢᠶᠡᠨ᠎ᠤ ᠲᠡᠮᠦᠷ ᠵᠠᠮ᠎ᠤᠨ ᠪᠣᠭᠣᠮᠲᠠ ᠪᠡᠷ ᠬᠢᠯᠢ ᠦᠡᠭᠭᠡᠷᠡᠭᠡᠳ ᠧᠦ᠋ᠷᠣᠫᠠ ᠵᠢᠨ ᠤᠯᠤᠰ ᠤᠷᠤᠨ᠎ᠢ ᠵᠤᠷᠢᠨ ᠤᠳᠤᠯ᠎ᠠ᠃ ᠢᠡᠭᠭᠢᠭᠡᠳ ᠡᠨᠡ ᠵᠢᠯ᠎ᠦᠨ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ᠌ ᠲᠡᠷᠭᠡ ᠵᠢᠨ 《ᠳᠤᠮᠳᠠ ᠵᠠᠮ》 ᠤ᠋ᠨ ᠠᠶᠠᠯᠠᠯ᠎ᠤᠨ ᠬᠡᠮᠵᠢᠶ᠎ᠡ 4000 ᠴᠤᠪᠤᠭ᠎ᠠ ᠵᠢ ᠲᠠᠪᠠᠭᠰᠠᠨ ᠪᠠᠢᠨ᠎ᠠ᠃

ᠡᠷᠢᠶᠡᠨ᠎ᠤ ᠲᠡᠮᠦᠷ ᠵᠠᠮ᠎ᠤᠨ ᠪᠣᠭᠣᠮᠲᠠ ᠪᠣᠯ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ᠌ ᠲᠡᠷᠭᠡ᠎ᠶᠢᠨ ᠳᠤᠮᠳᠠ ᠵᠠᠮ᠎ᠤᠨ ᠵᠠᠩᠭᠢᠯᠠᠭ᠎ᠠ᠎ᠶᠢᠨ ᠪᠣᠭᠣᠮᠲᠠ ᠪᠣᠯᠤᠨ᠎ᠠ᠃ ᠡᠨᠡ ᠵᠢᠯ ᠲᠤᠰ ᠬᠢᠯᠢ᠎ᠶᠢᠨ ᠪᠣᠭᠣᠮᠲᠠ《ᠤᠷᠤᠰ᠎ᠤᠨ ᠰᠣᠯᠣᠮᠪᠠᠷᠺᠠ ᠡᠴᠡ ᠱᠠᠨ ᠰᠢ᠎ᠶᠢᠨ ᠸᠧᠢᠽᠢ ᠪᠠᠯᠭᠠᠰᠤ ᠬᠦᠷᠬᠦ᠌》᠂ 《ᠾᠸᠪᠸᠢ ᠮᠤᠵᠢ᠎ᠶᠢᠨ ᠳ᠋ᠠᠴᠠᠩ ᠰᠢᠶᠠᠨ᠎ᠠᠴᠠ ᠤᠷᠤᠰ᠎ᠤᠨ ᠠᠢᠯᠢᠶᠸᠺᠸᠲ ᠬᠦᠷᠬᠦ》 ᠲᠡᠮᠦᠷ ᠵᠠᠮ᠎ᠤᠨ ᠵᠦᠭᠡᠭᠡᠪᠦᠷᠢ ᠵᠢᠨ ᠱᠤᠭᠤᠮ᠎ᠢ ᠨᠡᠪᠳᠡᠷᠡᠭᠦᠯᠵᠦ᠂ ᠠᠶᠠᠯᠠᠯ᠎ᠤᠨ ᠵᠠᠮ᠎ᠤᠨ ᠶᠡᠷᠦᠩᠬᠡᠢ ᠲᠣᠭ᠎ᠠ ᠨᠢ 76 ᠵᠤᠷᠪᠤᠰ ᠲᠤ᠌ ᠬᠦᠷᠴᠦ᠍᠂ ᠭᠸᠷᠮᠠᠨ᠂ ᠫᠤᠯᠠᠨᠳ᠋ ᠵᠡᠷᠭᠡ 10 ᠭᠠᠷᠤᠢ ᠤᠯᠤᠰ᠎ᠤᠨ 70 ᠭᠠᠷᠤᠢ ᠵᠠᠩᠭᠢᠯᠠᠭ᠎ᠠ᠎ᠶᠢᠨ ᠦᠷᠳᠡᠭᠡᠨ᠎ᠳᠤ ᠨᠡᠪᠲᠡᠷᠡᠵᠦ᠂ ᠤᠯᠤᠰ᠎ᠤᠨ ᠳᠣᠲᠣᠭᠠᠳᠤ ᠵᠢᠨ ᠵᠣᠩᠬᠢᠯᠠᠬᠤ ᠲᠣᠭᠠᠨ᠎ᠤ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ᠌ ᠲᠡᠷᠭᠡ ᠵᠢᠨ ᠡᠬᠢᠯᠡᠯᠳᠡ ᠵᠢᠨ ᠦᠷᠳᠡᠭᠡ ᠵᠢ ᠪᠦᠷᠬᠦᠪᠡ᠃

ᠡᠨᠡ ᠵᠢᠯ᠎ᠡᠴᠡ ᠲᠡᠮᠦᠷ ᠵᠠᠮ᠎ᠤᠨ ᠰᠠᠯᠠᠭ᠎ᠠ ᠮᠥᠴᠢᠷ᠎ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡᠨ᠎ᠦ ᠠᠵᠢᠯᠯᠠᠭᠠᠨ᠎ᠤ ᠦᠷ᠎ᠡ ᠪᠦᠲᠦᠮᠵᠢ ᠪᠣᠯᠤᠨ ᠠᠶᠠᠯᠠᠯ ᠨᠡᠪᠲᠡᠷᠡᠬᠦ ᠪᠦᠷᠬᠦᠴᠡ ᠵᠢᠨ ᠲᠠᠰ᠎ᠢ ᠦᠷᠭᠦᠯᠵᠢᠯᠡᠨ ᠳᠡᠭᠡᠭᠰᠢᠯᠡᠭᠦᠯᠵᠦ᠍᠂ ᠤᠯᠤᠰ᠎ᠤᠨ ᠬᠢᠯᠢ᠎ᠶᠢᠨ ᠥᠷᠲᠡᠭᠡᠨ᠎ᠤ 《ᠬᠣᠶᠠᠷ ᠥᠷᠲᠡᠭᠡ᠎ᠶᠢ ᠨᠢᠭᠡ ᠴᠣᠭᠴᠠᠵᠢᠭᠤᠯᠬᠤ》 ᠲᠡᠭᠡᠭᠡᠪᠦᠷᠢ᠎ᠶᠢᠨ ᠵᠣᠬᠢᠶᠠᠨ ᠪᠠᠶ᠋ᠢᠭᠤᠯᠤᠯᠲᠠ᠎ᠶᠢᠨ ᠵᠠᠭᠪᠤᠷ᠎ᠢ ᠭᠦᠨᠵᠡᠭᠡᠶ᠋ᠢᠷᠡᠭᠦᠯᠤᠨ᠂ ᠤᠯᠤᠰ᠎ᠤᠨ ᠬᠤᠭᠤᠷᠤᠨᠳᠤᠬᠢ  《ᠡᠳᠦᠷ ᠪᠦᠷᠢ ᠬᠠᠷᠢᠯᠴᠠᠵᠦ᠂ ᠰᠠᠷ᠎ᠠ᠎ᠳᠤ ᠨᠢᠭᠡ ᠠᠭᠤᠯᠵᠠᠬᠤ》 ᠨᠡᠪᠲᠡᠷᠡᠯᠴᠡᠬᠦ᠌ ᠲᠣᠭᠲᠠᠴᠠ᠎ᠶᠢ ᠲᠡᠭᠦᠯᠳᠡᠷᠵᠢᠭᠦᠯᠵᠦ᠂ ᠭᠠᠵᠠᠷ ᠤᠷᠤᠨ᠎ᠤ ᠬᠤᠭᠤᠷᠤᠨᠳᠤᠬᠢ ᠲᠡᠷᠭᠡᠨ᠎ᠦ ᠴᠤᠪᠤᠷᠠᠯ᠂ ᠥᠷᠲᠡᠭᠡᠨ᠎ᠳᠦ ᠬᠠᠳᠠᠭᠠᠯᠠᠵᠤ ᠪᠠᠶ᠋ᠢᠭ᠎ᠠ ᠮᠡᠳᠡᠭᠡ ᠵᠠᠩᠭᠢ᠎ᠶᠢ ᠰᠠᠨᠠᠭᠠᠴᠢᠯᠠᠭ᠎ᠠ ᠡᠴᠡ᠎ᠵᠣᠯᠭᠠᠭᠤᠯᠤᠨ᠂ ᠲᠦᠭᠵᠢᠷᠡᠯ ᠪᠠ ᠬᠦᠴᠢᠷᠳᠡᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠢᠳᠪᠦᠷᠢᠯᠡᠵᠦ᠍᠂ ᠬᠢᠯᠢ᠎ᠪᠡᠷ ᠣᠷᠣᠵᠤ ᠭᠠᠷᠬᠤ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ᠌ ᠲᠡᠷᠭᠡ ᠵᠢᠨ ᠲᠤᠰᠬᠠᠶ《ᠰᠠᠭᠠᠳ ᠥᠬᠡᠶ ᠨᠡᠪᠲᠡᠷᠡᠬᠦ᠌ ᠵᠠᠮ》ᠤ᠋ᠨ ᠢᠯᠭᠤᠮ ᠤᠷᠤᠭᠰᠢᠳᠠᠢ ᠪᠠᠢᠬᠤ ᠵᠢ ᠪᠠᠲᠤᠯᠠᠨ᠂ ᠵᠢᠱᠢᠶᠠᠨ᠎ᠤ ᠭᠠᠯᠲᠤ᠌ ᠲᠡᠷᠭᠡ ᠵᠢᠨ ᠬᠢᠯᠢ᠎ᠶᠢᠨ ᠪᠣᠭᠣᠮᠲᠠ᠎ᠳᠤ ᠥᠨᠳᠥᠷ ᠪᠦᠲᠦᠮᠵᠢᠲᠡᠶ᠎ᠲᠡᠷᠭᠡ ᠰᠣᠯᠢᠬᠤ᠂ ᠲᠦᠷᠭᠡᠨ ᠨᠡᠪᠲᠡᠷᠡᠬᠦ᠌᠎ᠶᠢ ᠪᠠᠲᠤᠯᠠᠭᠰᠠᠨ ᠪᠠᠢᠨ᠎ᠠ᠃

ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠡᠷᠢᠶᠡᠨ ᠥᠷᠲᠡᠭᠡᠨ᠎ᠤ ᠪᠠᠷᠠᠭᠠᠨ᠎ᠤ ᠲᠡᠭᠡᠭᠡᠪᠦᠷᠢ᠎ᠶᠢᠨ ᠲᠤᠰᠢᠶᠠᠬᠤ ᠪᠠ ᠭᠥᠯᠢᠶᠡᠨ ᠠᠪᠬᠤ ᠭᠠᠵᠠᠷ᠎ᠤᠨ ᠡᠷᠬᠢᠯᠡᠭᠴᠢ ᠡᠣ ᠱᠦ᠍ ᠵᠢᠶᠦ᠋ᠨ᠄ 《ᠪᠢᠳᠡ 95306 ᠲᠣᠭᠠᠴᠢᠯᠠᠭᠰᠠᠨ ᠪᠣᠭᠣᠮᠲᠠ᠎ᠶᠢᠨ ᠰᠢᠰᠲ᠋ᠧᠮ᠂ ᠲᠡᠮᠦᠷ ᠵᠠᠮ᠎ᠤᠨ ᠲᠦᠷᠭᠡᠨ ᠨᠡᠪᠲᠡᠷᠡᠬᠦ᠌ ᠵᠠᠭᠪᠤᠷ᠎ᠤᠨ ᠪᠠᠶ᠋ᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠲᠡᠮᠦᠷ ᠵᠠᠮ᠂ ᠪᠣᠭᠣᠮᠲᠠ᠂ ᠬᠢᠯᠢ᠎ᠶᠢᠨ ᠪᠠᠶ᠋ᠢᠴᠠᠭᠠᠯᠲᠠ ᠵᠡᠷᠭᠡ ᠰᠠᠯᠠᠭ᠎ᠠ ᠮᠥᠴᠢᠷ᠎ᠦᠨ ᠮᠡᠳᠡᠭᠡ ᠵᠠᠩᠭᠢ᠎ᠶᠢ ᠬᠠᠷᠢᠯᠴᠠᠨ ᠨᠡᠪᠲᠡᠷᠡᠬᠦᠯᠵᠦ᠂ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ᠌ ᠲᠡᠷᠭᠡ ᠵᠢᠨ ᠠᠶᠠᠯᠠᠯ᠎ᠤᠨ ᠦᠷ᠎ᠡ ᠪᠦᠲᠦᠮᠵᠢ᠎ᠶᠢ ᠢᠯᠡᠳᠳᠡ ᠳᠡᠭᠡᠭᠰᠢᠯᠡᠭᠦᠯᠵᠠᠢ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠭᠰᠠᠨ ᠪᠠᠢᠨ᠎ᠠ᠃

ᠵᠢᠱᠢᠶᠠᠨ᠎ᠤ ᠭᠠᠯᠲᠤ᠌ ᠲᠡᠷᠭᠡ ᠵᠢᠨ ᠨᠡᠪᠲᠡᠷᠡᠬᠦ᠌ ᠬᠡᠪᠴᠢᠶ᠎ᠡ᠎ᠶᠢᠨ ᠲᠣᠭᠲᠠᠭᠤᠨ᠎ᠢᠶᠠᠷ ᠥᠷᠭᠡᠳᠬᠦ᠌᠎ᠶᠢ ᠳᠠᠭᠠᠯᠳᠤᠨ ᠭᠠᠳᠠᠭᠠᠳᠤ᠎ᠡᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭᠠᠨ᠎ᠤ ᠲᠥᠷᠥᠯ ᠵᠦᠢᠯ ᠦᠷᠭᠦᠯᠵᠢᠯᠡᠨ ᠠᠷᠪᠢᠵᠢᠵᠦ᠂ ᠭᠠᠳᠠᠭᠠᠳᠤ ᠡᠴᠡ ᠣᠷᠣᠭᠤᠯᠵᠦ ᠪᠤᠢ ᠶᠡᠬᠡ ᠬᠡᠮᠵᠢᠶᠡᠨ᠎ᠦ ᠠᠭᠤᠷᠬᠠᠢ ᠵᠢᠨ ᠭᠠᠷᠤᠯᠳᠠ᠂ ᠭᠠᠳᠠᠭᠠᠳᠤ᠎ᠳᠤ ᠭᠠᠷᠭᠠᠵᠦ ᠪᠤᠢ ᠮᠠᠨ᠎ᠤ ᠤᠯᠤᠰ᠎ᠤᠨ ᠦᠢᠯᠡᠳᠬᠦᠨ᠎ᠦ ᠬᠤᠤᠰ ᠴᠢᠭᠯᠡᠯ᠎ᠤᠨ ᠵᠦᠭᠡᠭᠡᠪᠦᠷᠢ ᠵᠢᠨ ᠬᠠᠷᠢᠯᠴᠠᠨ ᠨᠥᠬᠥᠪᠥᠷᠢᠯᠡᠬᠦ᠌ ᠪᠠᠶ᠋ᠢᠷᠢᠰᠢᠯ᠎ᠢ ᠪᠦᠷᠢᠯᠳᠦᠭᠦᠯᠪᠡ᠃ ᠭᠠᠳᠠᠭᠠᠳᠤ᠎ᠡᠴᠡ ᠣᠷᠣᠭᠤᠯᠵᠦ ᠪᠤᠢ ᠪᠦᠲᠦᠭᠡᠭᠳᠡᠬᠦᠨ᠎ᠳᠤ ᠭᠤᠤᠯᠳᠠᠭᠤ ᠪᠤᠯᠤᠳ ᠬᠠᠪᠲᠠᠰᠤ᠂ ᠬᠥᠩᠭᠡᠨᠴᠠᠭᠠᠨ᠎ᠤ ᠲᠡᠪᠬᠡ ᠵᠡᠷᠭᠡ ᠪᠠᠢᠵᠦ᠂ ᠭᠠᠳᠠᠭᠠᠳᠤ᠎ᠭᠠᠷᠭᠠᠯᠲᠠ᠎ᠨᠢ ᠰᠢᠨ᠎ᠡ ᠡᠨᠧᠷᠭᠢ᠎ᠶᠢᠨ ᠮᠠᠰᠢᠨ ᠲᠡᠷᠭᠡ᠂ ᠬᠡᠷ᠎ᠦᠨ ᠴᠠᠬᠢᠯᠭᠠᠨ ᠬᠡᠷᠡᠭᠰᠡᠯ᠂ ᠡᠳᠦᠷ ᠲᠤᠲᠤᠮ᠎ᠤᠨ ᠬᠡᠷᠡᠭᠯᠡᠭᠡᠨ᠎ᠦ ᠪᠦᠷᠢᠨ ᠪᠠᠷᠠᠭ᠎ᠠ ᠵᠡᠷᠭᠡ ᠵᠢ ᠬᠠᠮᠤᠷᠴᠤ᠌᠂ ᠥᠨᠳᠥᠷ ᠨᠡᠮᠡᠯᠲᠡ ᠥᠷᠲᠡᠭ᠂ ᠳᠡᠭᠡᠳᠦ ᠮᠡᠷᠭᠡᠵᠢᠯ᠎ᠦᠨ ᠠᠭᠤᠯᠤᠭᠳᠠᠴᠠ ᠪᠦᠬᠦᠢ ᠪᠠᠷᠠᠭᠠᠨ᠎ᠤ ᠡᠵᠡᠯᠡᠬᠦ᠌ ᠬᠠᠷᠢᠴᠠᠯ ᠦᠷᠭᠦᠯᠵᠢᠯᠡᠨ ᠨᠡᠮᠡᠭᠳᠡᠨ᠂ ᠭᠠᠳᠠᠭᠠᠳᠤ ᠠᠷᠠᠯᠵᠢᠶᠠᠨ᠎ᠤ ᠬᠡᠪᠴᠢᠶ᠎ᠡ᠎ᠶᠢ ᠲᠣᠭᠲᠠᠪᠤᠷᠢᠵᠢᠭᠤᠯᠬᠤ᠂ ᠪᠦᠲᠦᠴᠡ᠎ᠶᠢ ᠰᠢᠯᠢᠳᠡᠭᠵᠢᠭᠦᠯᠬᠦ᠎ᠳᠤ ᠬᠦᠴᠦᠲᠦ ᠪᠠᠲᠤᠯᠠᠭ᠎ᠠ ᠬᠠᠡᠭᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面