ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-11 11:27:10

ᠵᠣᠬᠢᠶᠠᠭ᠍ᠴᠢ᠄ ᠵᠧᠩ ᠰᠢᠤᠸᠠᠢ ᠯᠢᠶᠠᠩ ᠣᠩᠱᠢᠭ᠍ᠰᠠᠨ ᠣᠳᠠᠭ᠎ᠠ᠄ 3

《ᠵᠠ ᠵᠠ᠂ ᠡᠨᠳᠡ ᠰᠠᠭᠤᠭᠠᠳ ᠶᠠᠷᠢᠯᠴᠠᠶ᠎ᠠ᠂ ᠶᠠᠮᠠᠷ ᠰᠠᠨᠠᠯ ᠲᠠᠢ ᠵᠦᠢᠯ᠂  ᠠᠰᠠᠭᠤᠶ᠎ᠠ ᠭᠡᠵᠦ ᠪᠣᠳᠣᠵᠤ ᠪᠠᠢᠭ᠎ᠠ ᠵᠦᠢᠯ᠂ ᠬᠠᠪᠰᠤᠷᠤᠭᠤᠯᠬᠤ ᠴᠢᠬᠤᠯᠠ᠎ᠲᠠᠢ ᠵᠦᠢᠯ᠎ᠵᠢᠡᠨ ᠪᠢᠳᠡ ᠴᠢᠯᠦᠭᠡᠲᠡᠢ ᠶᠠᠷᠢᠯᠴᠠᠶ᠎ᠠ》᠃ ᠬᠥᠬᠡᠬᠣᠲᠠ᠎ᠶᠢᠨ ᠢᠦᠢᠴᠢᠤᠸᠠᠨ ᠲᠣᠭᠣᠷᠢᠭ᠋᠎ᠤᠨ ᠴᠢᠩ ᠴᠢᠤᠸᠠᠨ ᠵᠡᠭᠡᠯᠢ᠎ᠶᠢᠨ ᠨᠡᠢᠭᠡᠮ ᠲᠣᠭᠣᠷᠢᠭ᠋᠎ᠤᠨ《ᠾᠸ ᠰᠢᠶᠠᠩ ᠵᠣᠭᠣᠭ᠎ᠤᠨ ᠦᠷᠦᠭᠡ》 ᠳ᠋ᠦ᠍ ᠰᠠᠭᠤᠭᠠᠯᠢ ᠠᠷᠠᠳ᠎ᠤᠳ ᠲᠣᠭᠣᠷᠢᠨ ᠰᠠᠭᠤᠯᠴᠠᠵᠤ ᠵᠣᠭᠣᠭᠳᠠᠨ ᠰᠡᠳᠭᠢᠯ᠎ᠤᠨ ᠡᠭᠡᠳᠡᠷᠡᠭᠡ ᠪᠠᠨ ᠳᠠᠢᠯᠦᠨ᠎ᠠ᠃

ᠡᠨᠡ ᠪᠣᠯ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠦ᠋ ᠾᠧ ᠰᠢᠶᠠᠩ 40 ᠭᠠᠷᠤᠢ ᠵᠢᠯ᠎ᠦᠨ ᠦᠨᠳᠦᠰᠦᠨ ᠱᠠᠲᠤᠨ᠎ᠤ ᠵᠠᠰᠠᠯᠲᠠ᠎ᠡᠴᠡ ᠣᠯᠣᠭᠰᠠᠨ  ᠰᠠᠢᠨ ᠠᠷᠭ᠎ᠠ ᠪᠣᠯᠣᠨ᠎ᠠ᠃

ᠲᠦᠮᠡᠨ ᠡᠷᠦᠬᠡ ᠪᠡᠷ ᠣᠷᠣᠵᠤ᠂ ᠠᠷᠠᠳ᠎ᠤᠨ ᠪᠠᠢᠳᠠᠯ᠎ᠢ ᠤᠢᠯᠠᠭᠠᠵᠤ᠂ ᠵᠤᠭᠤᠭᠳᠠᠵᠤ ᠦᠨᠡᠨ ᠦᠭᠡ ᠪᠠᠨ ᠳᠡᠯᠭᠡᠨ᠎ᠡ᠃ ᠴᠢᠩ ᠴᠢᠤᠸᠠᠨ ᠵᠡᠭᠡᠯᠢ ᠪᠣᠯ ᠤᠯᠠᠨ ᠦᠨᠳᠦᠰᠦᠲᠡᠨ ᠬᠣᠯᠢᠯᠳᠤᠨ ᠰᠠᠭᠤᠷᠢᠰᠢᠭ᠍ᠰᠠᠨ ᠨᠡᠢᠲᠡᠯᠢᠭ ᠨᠡᠢᠭᠡᠮ ᠲᠣᠭᠣᠷᠢᠭ᠋ ᠪᠠᠢᠵᠦ᠂ ᠬᠢᠲᠠᠳ᠂ ᠮᠣᠩᠭᠣᠯ᠂ ᠰᠣᠯᠣᠩᠭᠣᠰ ᠵᠡᠷᠭᠡ 11 ᠦᠨᠳᠦᠰᠦᠲᠡᠨ᠎ᠤ 9000 ᠭᠠᠷᠤᠢ ᠰᠠᠭᠤᠭᠠᠯᠢ ᠠᠷᠠᠳ ᠰᠠᠭᠤᠷᠢᠰᠢᠵᠤ᠂ ᠴᠥᠭᠡᠨ ᠲᠣᠭᠠᠲᠤ ᠦᠨᠳᠦᠰᠦᠲᠡᠨ᠎ᠦ ᠡᠵᠡᠯᠡᠬᠦ ᠬᠠᠷᠢᠴᠠᠯ 32% ᠲᠦ᠍ ᠬᠦᠷᠴᠦ᠂ ᠬᠥᠮᠥᠰ᠎ᠦᠨ ᠪᠦᠷᠢᠯᠳᠦᠭᠦᠨ ᠪᠤᠳᠤᠯᠢᠶᠠᠨᠲᠠᠢ᠂ ᠭᠡᠷ᠎ᠪᠦᠯᠢ ᠵᠢᠨ ᠬᠦᠰᠡᠯ ᠱᠠᠭᠠᠷᠳᠠᠯᠭ᠎ᠠ ᠨᠤᠭᠤᠳ ᠶᠠᠩᠵᠤ ᠪᠦᠷᠢ᠎ᠶᠢᠨ ᠪᠠᠢᠳᠠᠭ᠃ ᠡᠭᠦᠨ᠎ᠳ᠋ᠦ ᠴᠢᠭᠯᠡᠭᠦᠯᠦᠨ ᠨᠡᠢᠭᠡᠮ ᠲᠣᠭᠣᠷᠢᠭ᠋᠎ᠡᠴᠡ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ᠂ ᠠᠬᠠᠮᠠᠳ ᠪᠠᠭ᠍ᠰᠢ ᠪᠠ ᠨᠡᠢᠭᠡᠮ ᠲᠤᠭᠤᠷᠢᠭ᠎ᠦᠨ ᠠᠵᠢᠯᠲᠠᠨ᠎ᠢ ᠤᠷᠢᠵᠤ᠂ ᠨᠡᠭᠦᠳᠡᠯ 《 ᠾᠧ ᠰᠢᠶᠠᠩ ᠵᠣᠭᠣᠭ᠎ᠤᠨ ᠪᠦᠯᠬᠦᠮ 》 ᠢ᠋ ᠪᠠᠢᠭᠤᠯᠪᠠ᠃

ᠣᠯᠠᠨ᠎ᠢᠶᠠᠷ᠎ᠢᠶᠠᠨ ᠠᠯᠪᠠᠨ ᠭᠡᠷ᠎ᠲᠦ ᠰᠠᠭᠤᠵᠤ ᠣᠯᠠᠨ ᠲᠦᠮᠡᠨ᠎ᠡᠷᠢᠵᠦ ᠢᠷᠡᠬᠦ᠎ᠶᠢ ᠬᠦᠯᠢᠶᠡᠬᠦ ᠦᠭᠡᠢ᠂ ᠬᠠᠷᠢᠨ ᠠᠰᠠᠷ᠎ᠤᠨ ᠳᠣᠣᠷ᠎ᠠ᠂ ᠨᠠᠮ᠎ᠤᠨ ᠪᠠᠢᠭᠤᠯᠤᠯᠲᠠ᠎ᠶᠢᠨ ᠤᠷᠲᠤ ᠬᠣᠩᠭᠢᠯ᠂ ᠰᠠᠭᠤᠭᠠᠯᠢ ᠠᠷᠠᠳ᠎ᠤᠨ ᠲᠤᠭᠤᠷᠢᠭ᠎ᠤᠨ ᠴᠡᠴᠡᠭᠯᠢᠭ᠎ᠦᠨ ᠬᠠᠵᠠᠭᠤ᠎ᠳᠤ ᠴᠤᠭᠯᠠᠷᠠᠵᠠᠭᠠᠨ᠎ᠠ᠃ ᠪᠠᠰᠠ ᠲᠤᠰᠬᠠᠢᠯᠠᠨ ᠤᠷᠤᠢ᠂ ᠭᠠᠷᠠᠭ᠎ᠤᠨ ᠰᠡᠭᠦᠯᠴᠢ᠎ᠪᠡᠷ ᠰᠠᠭᠤᠭᠠᠯᠢ ᠠᠷᠠᠳ᠎ᠤᠨ ᠭᠡᠷ ᠲᠤᠨᠢ ᠬᠦᠷᠴᠦ᠂ ᠬᠠᠮᠲᠦ ᠰᠠᠭᠤᠴᠢᠬᠠᠭᠠᠳ ᠬᠡᠦᠬᠡᠳ᠎ᠦᠨ ᠰᠤᠷᠭᠠᠭᠤᠯᠢ ᠳᠡᠪᠰᠢᠬᠤ᠂ ᠨᠣᠭᠣᠭ᠎ᠠ᠎ᠶᠢᠨ ᠦᠨ᠎ᠡ ᠬᠠᠩᠰᠢ᠎ᠶᠢᠨ ᠥᠰᠦᠯᠲᠡ ᠪᠠᠭᠤᠷᠠᠯᠲᠠ᠎ᠶᠢᠨ ᠲᠤᠬᠠᠢ ᠰᠤᠯᠠ ᠵᠣᠭᠣᠭᠳᠠᠵᠤ᠂ ᠰᠡᠳᠬᠢᠯ᠎ᠵᠢᠡᠨ ᠳᠡᠯᠭᠡᠭᠰᠡᠨ᠎ᠤ ᠳᠠᠷᠠᠭ᠎ᠠ ᠰᠠᠶᠢ ᠵᠢᠨᠭᠬᠢᠨᠢ ᠠᠰᠠᠭᠤᠳᠠᠯ᠎ᠢ ᠶᠠᠷᠢᠵᠤ᠂ 《 ᠳᠥᠷᠪᠡᠨ ᠲᠦᠮᠡᠨ ᠡᠷᠦᠬᠡ》 ᠵᠢᠨ ᠠᠩᠬᠠᠨ᠎ᠤ ᠠᠯᠬᠤᠮ᠎ᠢ ᠯᠠᠪᠳᠠᠭᠤᠨ ᠪᠠᠲᠤᠲᠠᠢ ᠠᠯᠬᠤᠪᠠ᠃

ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠎ᠳᠤ ᠠᠯᠪᠠᠨ᠎ᠤ ᠦᠭᠡ ᠶᠠᠷᠢᠬᠤ ᠦᠭᠡᠢ᠂ ᠪᠦᠬᠦᠨ᠎ᠢ ᠰᠠᠭᠤᠭᠠᠯᠢ ᠠᠷᠠᠳ᠎ᠤᠨ ᠣᠢᠯᠠᠭᠠᠬᠤ ᠡᠩ᠎ᠤᠨ ᠦᠭᠡ ᠶᠠᠷᠢᠵᠤ᠂ ᠴᠥᠭᠡᠨ ᠪᠤᠰᠤ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠣᠯᠠᠨ᠎ᠢᠶᠠᠷ᠎ᠢᠶᠠᠨ ᠶᠠᠷᠢᠬᠤ ᠲᠤᠮᠳᠠ ᠤᠢᠯᠠᠭᠠᠴᠢᠬᠠᠳᠠᠭ᠂ ᠣᠯᠠᠨ᠎ᠤ ᠰᠡᠳᠭᠢᠯ ᠳ᠋ᠦ ᠨᠢᠭᠤᠭᠳᠠᠵᠤ ᠪᠠᠢᠭᠰᠠᠨ ᠭᠣᠮᠣᠳᠠᠯ ᠲᠤᠭᠠᠴᠢᠯᠲᠠ᠎ᠶᠢ ᠴᠤ᠌ ᠪᠦᠷ ᠤᠷᠤᠭᠰᠢᠲᠠᠢ ᠴᠤᠭᠯᠠᠭᠤᠯᠴᠢᠬᠠᠳᠠᠭ᠃

ᠲᠦᠮᠡᠨ ᠡᠷᠦᠬᠡ᠎ᠶᠢᠨ ᠵᠤᠪᠠᠨᠢᠯ᠎ᠢ ᠠᠷᠢᠯᠭᠠᠬᠤ ᠳ᠋ᠦ ᠪᠤᠳᠠᠳᠠᠢ ᠠᠵᠢᠯᠯᠠᠬᠤ ᠪᠡᠷ ᠭᠣᠣᠯ ᠪᠣᠯᠭᠠᠵᠤ᠂ ᠭᠡᠷ᠎ᠤᠨ ᠡᠭᠦᠳᠡᠨ ᠳ᠋ᠤᠨᠢ ᠵᠥᠷᠢᠴᠡᠯ᠎ᠢ ᠰᠢᠢᠳᠪᠦᠷᠢᠯᠡᠨ᠎ᠡ᠃ ᠴᠢᠩ ᠴᠢᠤᠸᠠᠨ ᠵᠡᠭᠡᠯᠢ᠎ᠵᠢᠨ ᠨᠡᠢᠭᠡᠮ ᠲᠣᠭᠣᠷᠢᠭ᠋ 《ᠳᠥᠷᠪᠡᠨ ᠲᠦᠮᠡᠨ ᠡᠷᠦᠬᠡ》ᠵᠢᠨ ᠵᠤᠪᠠᠨᠢᠯ᠎ᠢ ᠠᠷᠢᠯᠭᠠᠬᠤ ᠱᠠᠭᠠᠷᠳᠠᠯᠭ᠎ᠠ᠎ᠶᠢ ᠦᠨᠡᠨ ᠪᠣᠳᠠᠲᠠᠢ ᠨᠠᠢᠳᠠᠪᠤᠷᠢᠵᠢᠭᠤᠯᠵᠤ᠂ ᠶᠠᠮᠠᠷ ᠤᠴᠢᠷ᠎ᠢ ᠴᠤ᠌ ᠳᠠᠷᠤᠢᠬᠠᠨ ᠰᠢᠭᠤᠷᠬᠠᠢ ᠰᠢᠢᠳᠪᠦᠷᠢᠯᠡᠳᠡᠭ᠃

ᠨᠢᠭᠡ ᠤᠳᠠᠭ᠎ᠠ ᠵᠣᠭᠣᠭᠳᠠᠨ ᠶᠠᠷᠢᠯᠴᠠᠬᠤ ᠦᠶ᠎ᠡ᠎ᠳᠦ ᠪᠦᠯᠬᠦᠮ᠎ᠤᠨ ᠭᠡᠰᠢᠭᠦᠳ 78 ᠨᠠᠰᠤᠲᠠᠢ ᠭᠠᠭᠴᠠᠭᠠᠷ ᠰᠠᠭᠤᠭ᠎ᠠ ᠨᠠᠰᠤᠲᠠᠨ᠎ᠤ ᠭᠡᠷ᠎ᠦᠨ ᠤᠰᠤᠨ᠎ᠤ ᠳᠠᠷᠤᠯᠲᠠ ᠲᠣᠭᠲᠠᠪᠤᠷᠢ ᠦᠭᠡᠢ ᠪᠠᠢᠵᠤ᠂ ᠬᠣᠭᠣᠯᠠ ᠬᠢᠬᠦ᠂ ᠤᠬᠢᠶᠠᠵᠤ ᠴᠡᠪᠡᠷᠯᠡᠬᠦ᠎ᠳᠦ ᠴᠦ᠍ ᠬᠦᠴᠢᠷᠳᠡᠵᠦ ᠪᠠᠢᠬᠤ᠎ᠶᠢ ᠣᠯᠵᠤ ᠰᠣᠨᠣᠰᠤᠭᠠᠳ᠂ ᠲᠤᠬᠠᠢ᠎ᠶᠢᠨ ᠡᠳᠦᠷ ᠲᠤᠤᠷᠵᠢᠭᠤᠯᠤᠯᠲᠠ᠎ᠶᠢᠨ ᠠᠵᠢᠯᠲᠠᠨ ᠪᠣᠯᠣᠨ ᠵᠣᠭᠣᠭ᠎ᠤᠨ ᠪᠦᠯᠬᠦᠮ᠎ᠤᠨ ᠬᠢᠨ ᠤᠰᠤ ᠬᠠᠩᠭᠠᠬᠤ ᠺᠣᠮᠫᠠᠨᠢ᠎ᠲᠠᠢ ᠬᠠᠷᠢᠯᠴᠠᠵᠤ ᠭᠡᠷ᠎ᠲᠦᠨᠢ ᠢᠷᠡᠭᠦᠯᠵᠦ᠂ ᠬᠣᠭᠣᠯᠠᠢ ᠲᠣᠣᠷ᠎ᠢ ᠰᠥᠨᠢ᠎ᠪᠡᠷ ᠪᠠᠢᠴᠠᠭᠠᠨ ᠵᠠᠰᠠᠵᠤ᠂ 24 ᠴᠠᠭ ᠪᠣᠯᠤᠭᠰᠠᠨ ᠦᠭᠡᠢ᠎ᠪᠡᠷ ᠨᠠᠰᠤᠲᠠᠨ᠎ᠤ ᠤᠰᠤ ᠬᠡᠷᠡᠭᠯᠡᠬᠦ ᠬᠦᠴᠢᠷᠳᠡᠯ᠎ᠢ ᠰᠢᠢᠳᠪᠦᠷᠢᠯᠡᠵᠦ ᠥᠭᠴᠡᠢ᠃

ᠬᠥᠷᠰᠢ ᠵᠡᠷᠭᠡᠯᠡᠳᠡᠭᠡ᠎ᠶᠢᠨ ᠦᠢᠮᠡᠭᠡᠨ ᠱᠤᠤᠭᠢᠶᠠᠨ᠂ ᠠᠰᠠᠷ᠎ᠤᠨ ᠭᠤᠳᠤᠮᠵᠢ᠎ᠳᠤ ᠶᠠᠭᠤᠮ᠎ᠠ ᠣᠪᠣᠭᠠᠯᠠᠵᠤ ᠲᠠᠯᠪᠢᠬᠤ᠂ ᠲᠡᠷᠭᠡᠨ ᠵᠤᠭᠰᠤᠭᠠᠯ ᠪᠤᠯᠢᠶᠠᠯᠳᠤᠬᠤ ᠵᠡᠷᠭᠡ ᠵᠢᠵᠢᠭ ᠰᠠᠵᠢᠭ᠋ ᠶᠠᠪᠤᠳᠠᠯ᠎ᠳᠤ ᠴᠢᠭᠯᠡᠭᠦᠯᠦᠨ ᠵᠣᠭᠣᠭ᠎ᠤᠨ ᠪᠦᠯᠬᠦᠮ ᠲᠡᠷᠡ ᠳᠣᠣᠷ᠎ᠠ ᠨᠢ ᠡᠶᠡᠳᠡᠭᠦᠯᠵᠦ᠂ ᠵᠢᠵᠢᠭ ᠵᠠᠭᠤᠷᠠᠯᠳᠤᠭᠠᠨ᠎ᠢ ᠬᠡᠳᠦᠨ ᠦᠭᠡ᠎ᠪᠡᠷ ᠢᠳᠬᠠᠵᠤ᠂ ᠬᠠᠷᠢᠯᠴᠠᠨ ᠨᠠᠢᠷ ᠲᠠᠯᠪᠢᠭᠤᠯᠵᠤ ᠰᠢᠢᠳᠪᠦᠷᠢᠯᠡᠴᠢᠬᠡᠨ᠎ᠡ; ᠪᠤᠳᠤᠯᠢᠶᠠᠨᠲᠠᠢ ᠠᠰᠠᠭᠤᠳᠠᠯ ᠲᠤᠯᠭᠠᠷᠠᠪᠠᠯ ᠰᠢᠭᠤᠳ ᠬᠠᠤᠯᠢ᠎ᠶᠢᠨ ᠶᠠᠪᠤᠳᠠᠯ᠎ᠤᠨ ᠲᠠᠰᠤᠭ᠂ ᠬᠠᠤᠯᠢ ᠴᠠᠭᠠᠵᠠ᠎ᠶᠢᠨ ᠭᠠᠵᠠᠷ᠂ ᠲᠣᠮᠢᠯᠠᠭᠰᠠᠨ ᠰᠠᠯᠪᠤᠷᠢ᠎ᠵᠢ ᠬᠦᠳᠡᠯᠭᠡᠵᠦ 《ᠭᠤᠷᠪᠠᠨ ᠡᠶᠡᠳᠡᠭᠦᠯᠭᠡ ᠬᠣᠯᠪᠤᠭᠠᠯᠠᠨ ᠬᠥᠳᠡᠯᠦᠯᠴᠡᠬᠦ》 ᠠᠵᠢᠯᠯᠠᠭ᠎ᠠ ᠥᠷᠨᠢᠭᠦᠯᠳᠡᠭ᠃

ᠣᠳᠣᠬᠠᠨ ᠪᠣᠯᠲᠠᠯ᠎ᠠ 《ᠾᠧ ᠰᠢᠶᠠᠩ ᠵᠣᠭᠣᠭ᠎ᠤᠨ ᠪᠦᠯᠬᠦᠮ》 ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠨᠡᠶ᠋ᠢᠲᠡ 1000 ᠭᠠᠷᠤᠢ ᠤᠳᠠᠭ᠎ᠠ ᠰᠡᠷᠭᠡᠢᠯᠡᠨ ᠰᠢᠢᠳᠪᠦᠷᠢᠯᠡᠪᠡ; ᠪᠥᠬᠥ ᠤᠯᠤᠰ᠎ᠤᠨ ᠠᠩᠬᠠᠳᠠᠭ᠍ᠴᠢ ᠨᠡᠢᠭᠡᠮ ᠲᠣᠭᠣᠷᠢᠭ᠋᠎ᠤᠨ ᠬᠠᠤᠯᠢ᠎ᠶᠢᠨ ᠶᠠᠪᠤᠳᠠᠯ᠎ᠤᠨ ᠲᠠᠰᠤᠭ᠎ᠲᠤ ᠲᠦᠰᠢᠭᠯᠡᠨ ᠣᠯᠠᠨ ᠵᠢᠯ᠎ᠦᠨ ᠲᠤᠷᠰᠢ ᠭᠡᠷ ᠪᠦᠯᠢ᠂ ᠬᠥᠷᠰᠢ ᠵᠡᠷᠭᠡᠯᠡᠳᠡᠭᠡ᠎ᠶᠢᠨ ᠬᠢᠨ᠎ᠤ 3000 ᠭᠠᠷᠤᠢ ᠪᠤᠳᠤᠯᠢᠶᠠᠨᠲᠠᠢ ᠵᠠᠭᠤᠷᠠᠯᠳᠤᠭᠠᠨ᠎ᠢ ᠡᠶᠡᠳᠡᠭᠦᠯᠦᠨ ᠰᠢᠢᠳᠪᠦᠷᠢᠯᠡᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 98% ᠎ᠳ᠋ᠤ ᠬᠦᠷᠴᠦ᠂ ᠣᠲᠣ᠌ ᠪᠣᠯᠲᠠᠯ᠎ᠠ ᠳᠡᠭᠡᠭᠰᠢ ᠰᠤᠷᠪᠤᠯᠵᠢᠯᠠᠬᠤ ᠬᠥᠮᠥᠨ ᠦᠭᠡᠢ ᠪᠠᠢᠬᠤ᠎ᠶᠢ ᠪᠠᠲᠤᠯᠠᠵᠤ᠂ ᠪᠠᠭ᠎ᠠ ᠶᠠᠪᠤᠳᠠᠯ ᠨᠢ ᠠᠰᠠᠷ ᠲᠠᠭᠲᠤ᠎ᠡᠴᠡ ᠭᠠᠷᠬᠤ ᠦᠭᠡᠢ᠂ ᠶᠡᠬᠡ ᠶᠠᠪᠤᠳᠠᠯ ᠨᠢ ᠨᠡᠢᠭᠡᠮ ᠲᠣᠭᠣᠷᠢᠭ᠋᠎ᠡᠴᠡ ᠭᠠᠷᠬᠤ ᠦᠭᠡᠢ ᠪᠠᠢᠬᠤ᠎ᠶᠢ ᠦᠨᠡᠨ ᠬᠦ᠌ ᠪᠡᠶᠡᠯᠡᠭᠦᠯᠵᠦ᠂ ᠵᠥᠷᠢᠴᠡᠯ ᠵᠠᠭᠤᠷᠠᠯᠳᠤᠭᠠᠨ᠎ᠢ ᠭᠡᠷ᠎ᠦᠨ᠎ᠢᠶᠡᠨ ᠡᠭᠦᠳᠡᠨ᠎ᠳᠦ ᠰᠢᠢᠳᠪᠦᠷᠢᠯᠡᠨ ᠠᠷᠢᠯᠭᠠᠪᠠ᠃

ᠲᠦᠮᠡᠨ ᠡᠷᠦᠬᠡ᠎ᠶᠢᠨ ᠶᠠᠪᠤᠳᠠᠯ᠎ᠢ ᠪᠦᠲᠦᠭᠡᠬᠦ᠎ᠳᠦ ᠣᠯᠠᠨ ᠲᠦᠮᠡᠨ᠎ᠲᠠᠢ ᠣᠶ᠋ᠢᠷᠠᠳᠴᠤ᠂ ᠰᠠᠢᠨ ᠲᠤᠷᠰᠢᠯᠭ᠎ᠠ᠎ᠵᠢ ᠲᠦᠭᠡᠮᠡᠯ ᠬᠤᠪᠢᠶᠠᠯᠴᠠᠬᠤ ᠬᠡᠷᠡᠭᠲᠡᠢ᠃ ᠦᠨᠳᠦᠰᠦᠨ ᠱᠠᠲᠤᠨ᠎ᠤ ᠵᠠᠰᠠᠯᠲᠠ᠎ᠳᠤ ᠶᠠᠮᠠᠷ ᠪᠦᠷᠢᠨ ᠴᠢᠳᠠᠪᠬᠢᠳᠤ ᠵᠠᠭᠪᠤᠷ ᠪᠠᠢᠬᠤ ᠪᠤᠢ?

ᠦ᠋ ᠾᠧ ᠰᠢᠶᠠᠩ ᠵᠢᠵᠢᠭ ᠭᠤᠳᠤᠮᠵᠢ᠎ᠶᠢᠨ ᠠᠵᠢᠯᠯᠠᠬᠤ ᠠᠷᠭ᠎ᠠ᠎ᠡᠴᠡ ᠪᠣᠳᠠᠲᠤ ᠬᠡᠷᠡᠭᠯᠡᠭᠡᠨ᠎ᠦ《ᠨᠤᠲᠤᠭ᠎ᠤᠨ ᠠᠷᠭ᠎ᠠ》 ᠶ᠋ᠢ ᠪᠣᠯᠪᠠᠰᠤᠷᠠᠭᠤᠯᠤᠨ ᠭᠠᠷᠭᠠᠵᠤ᠂ ᠪᠠᠰᠠ 58 ᠨᠡᠢᠭᠡᠮ ᠲᠣᠭᠣᠷᠢᠭ᠋᠎ᠤᠨ ᠦᠨᠳᠦᠰᠦᠨ ᠱᠠᠲᠤᠨ᠎ᠤ ᠵᠠᠰᠠᠯᠲᠠ᠎ᠳᠤ ᠰᠢᠨ᠎ᠡ ᠰᠡᠳᠬᠢᠮᠵᠢ ᠬᠠᠩᠭᠠᠪᠠ᠃

ᠵᠢᠱ᠌ᠢᠶᠡᠯᠡᠪᠡᠯ ᠶᠡᠬᠡ ᠡᠮᠦᠨ᠎ᠡ ᠵᠡᠭᠡᠯᠢ᠎ᠶᠢᠨ ᠶᠡᠬᠡ ᠵᠣᠣ ᠨᠡᠢᠭᠡᠮ ᠲᠣᠭᠣᠷᠢᠭ᠋᠎ᠲᠤ 100 ᠭᠠᠷᠤᠢ ᠳᠡᠯᠭᠡᠭᠦᠷ᠎ᠲᠠᠢ ᠪᠠᠢᠵᠤ᠂ ᠡᠭᠦᠨ᠎ᠳᠦ ᠹᠦᠵᠢᠶᠠᠨ᠎ᠤ ᠬᠤᠳᠠᠯᠳᠤᠭᠠᠴᠢᠨ ᠨᠡᠯᠢᠶᠡᠳ ᠣᠯᠠᠨ ᠪᠠᠢᠵᠤ᠂ ᠴᠠᠢ᠎ᠶᠢᠨ ᠰᠣᠶᠣᠯ᠎ᠤᠨ ᠠᠭᠤᠷ ᠠᠮᠢᠰᠬᠤᠯ ᠪᠢᠯᠬᠠᠮ᠎ᠠ ᠪᠠᠢᠳᠠᠭ ᠪᠣᠯᠬᠣᠷ ᠨᠡᠢᠭᠡᠮ ᠲᠣᠭᠣᠷᠢᠭ᠋ ᠨᠢ 《ᠾᠧ ᠰᠢᠶᠠᠩ ᠵᠣᠭᠣᠭ᠎ᠤᠨ ᠥᠷᠥᠭᠡ》᠎ᠢ᠋ᠢᠨ ᠰᠡᠳᠬᠢᠮᠵᠢ᠎ᠪᠡᠷ 《ᠱᠦᠨ ᠰᠢᠨ ᠴᠠᠢ᠎ᠶᠢᠨ ᠮᠤᠬᠤᠯᠠᠭ》 ᠢ᠋ ᠥᠭᠡᠷᠡᠴᠢᠯᠡᠨ ᠭᠠᠷᠭᠠᠭᠰᠠᠨ ᠪᠠᠢᠨ᠎ᠠ᠃ ᠨᠢᠭᠡ ᠴᠣᠮᠣ᠌ ᠬᠠᠯᠠᠭᠤᠨ ᠴᠠᠢ ᠤᠤᠭᠤᠵᠤ᠂ ᠬᠠᠮᠲᠤ ᠶᠠᠷᠢᠯᠴᠠᠵᠤ᠂ ᠴᠥᠭᠡᠨ ᠪᠤᠰᠤ ᠬᠤᠳᠠᠯᠳᠤᠭᠠᠴᠢᠨ ᠪᠠ ᠰᠠᠭᠤᠭᠠᠯᠢ ᠠᠷᠠᠳ᠎ᠤᠨ ᠤᠢᠳᠬᠠᠷ ᠲᠠᠢ ᠤᠴᠢᠷ ᠴᠠᠢ᠎ᠶᠢᠨ ᠠᠩᠬᠢᠯᠤᠮ᠎ᠠ ᠦᠨᠦᠷ ᠰᠤᠯᠠ ᠶᠠᠷᠢᠯᠴᠠᠭᠠᠨ᠎ᠲᠤᠮᠳᠠ ᠰᠢᠢᠳᠪᠦᠷᠢᠯᠡᠭᠳᠡᠪᠡ᠃

ᠵᠤᠤ ᠵᠢᠶᠦ᠋ᠨ ᠵᠠᠮ᠎ᠤᠨ ᠸᠠᠨ ᠵᠢᠨ ᠨᠡᠢᠭᠡᠮ ᠲᠣᠭᠣᠷᠢᠭ᠋ ᠨᠢ ᠣᠷᠣᠨ ᠨᠤᠲᠤᠭ᠎ᠤᠨ᠎ᠢᠶᠠᠨ ᠠᠳᠠᠯ ᠠᠬᠤᠢ᠎ᠶᠢᠨ ᠲᠦᠷᠦᠯ ᠲᠡᠮᠳᠡᠭ — ᠸᠠᠨ ᠵᠢᠨ ᠠᠳᠠᠯ ᠠᠬᠤᠢ᠎ᠳᠦ ᠲᠦᠰᠢᠭᠯᠡᠨ 《ᠵᠢᠨ ᠱᠧᠩ ᠬᠡᠷᠡᠭ ᠵᠥᠪᠯᠡᠬᠦ ᠲᠢᠩᠬᠢᠮ》 ᠢ᠋ ᠪᠠᠢᠭᠤᠯᠵᠤ᠂ ᠰᠠᠭᠤᠭᠠᠯᠢ ᠠᠷᠠᠳ᠂ ᠨᠡᠢᠭᠡᠮ ᠲᠣᠭᠣᠷᠢᠭ᠋᠂ ᠠᠳᠠᠯ ᠠᠬᠤᠢ᠎ᠶᠢᠨ ᠰᠣᠯᠢᠯᠴᠠᠭ᠎ᠠ ᠨᠡᠪᠲᠡᠷᠡᠯᠴᠡᠭᠡ᠎ᠶᠢ ᠨᠠᠩ ᠳᠥᠭᠥᠮ ᠪᠣᠯᠭᠠᠵᠤ᠂ 《ᠵᠢᠨ ᠱᠧᠩ ᠬᠡᠷᠡᠭ ᠵᠥᠪᠯᠡᠬᠦ ᠲᠢᠩᠬᠢᠮ》᠎ᠤ᠋ᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢ 24 ᠴᠠᠭ᠎ᠢᠶᠠᠷ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠬᠦᠰᠡᠯ ᠱᠠᠭᠠᠷᠳᠠᠯᠭ᠎ᠠ ᠲᠠᠢ ᠪᠤᠯ ᠤᠲᠠᠰᠤ᠎ᠵᠢ 5 ᠮᠢᠨᠦ᠋ᠲ᠎ᠦᠨ ᠳᠣᠲᠣᠷ᠎ᠠ ᠬᠦᠯᠢᠶᠡᠨ ᠠᠪᠴᠤ᠂ ᠰᠠᠭᠤᠭᠠᠯᠢ ᠠᠷᠠᠳ᠎ᠤᠨ ᠰᠠᠨᠠᠭᠠᠰᠢᠷᠠᠵᠤ ᠪᠠᠢᠭ᠎ᠠ  ᠶᠠᠪᠤᠳᠠᠯ᠎ᠢ ᠬᠠᠮᠢᠶᠠᠷᠬᠤ ᠬᠦᠮᠦᠨ᠎ᠲᠠᠢ ᠪᠣᠯᠪᠠ᠃

ᠡᠯ᠎ᠡ ᠨᠡᠢᠭᠡᠮ ᠲᠣᠭᠣᠷᠢᠭ᠋᠎ᠤᠨ ᠬᠢᠨ ᠰᠢᠨ᠎ᠡ ᠴᠠᠭ ᠦᠶ᠎ᠡ᠎ᠶᠢᠨ 《ᠹᠸᠩᠴᠢᠶᠣᠤ᠎ᠶᠢᠨ ᠲᠤᠷᠰᠢᠯᠭ᠎ᠠ》 ᠶ᠋ᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ᠎ᠦ ᠵᠣᠭᠰᠣᠯᠲᠠ᠎ᠡᠴᠡ ᠤᠴᠢᠷ ᠶᠠᠪᠤᠳᠠᠯ᠎ᠢ ᠪᠣᠳᠣᠯᠬᠢᠯᠠᠵᠤ᠂ ᠤᠴᠢᠷ ᠶᠠᠪᠤᠳᠠᠯ᠎ᠢ ᠬᠢᠵᠦ᠂ ᠪᠠᠭ᠎ᠠ ᠶᠠᠪᠤᠳᠠᠯ᠎ᠡᠴᠡ ᠭᠠᠷᠳᠠᠨ᠂ ᠨᠠᠷᠢᠨ ᠵᠦᠢᠯᠡᠰ᠎ᠡᠴᠡ ᠬᠦᠴᠦᠯᠡᠵᠦ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠤᠳ᠎ᠢ ᠨᠢᠭᠡᠳ ᠨᠢᠭᠡ᠎ᠪᠡᠷ ᠰᠢᠢᠳᠪᠦᠷᠢᠯᠡᠵᠦ ᠥᠭᠴᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面