ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-11 11:28:40

ᠵᠣᠬᠢᠶᠠᠭ᠍ᠴᠢ᠄ ᠯᠢᠦ ᠬᠤᠩ ᠵᠠᠩ ᠠᠨᠠᠷ ᠠᠨ ᠶᠢᠨ ᠳ᠋ᠦᠩ ᠯᠢᠦ ᡁᠢ ᠰᠢᠶᠠᠨ ᠴᠧᠨ ᠴᠦᠨ ᠶᠠᠨ ᠣᠩᠱᠢᠭ᠍ᠰᠠᠨ ᠣᠳᠠᠭ᠎ᠠ᠄ 3

︱  ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ

    

ᠣᠢᠷ᠎ᠠ᠎ᠶᠢᠨ ᠡᠳᠦᠷ᠎ᠦᠳ᠎ᠲᠦ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠠᠯᠲᠠ᠎ᠪᠠᠨ ᠪᠠᠲᠤ ᠡᠵᠡᠮᠳᠡᠨ᠂ ᠰᠢᠨᠵᠢᠯᠡᠬᠦ ᠤᠬᠠᠭᠠᠨᠴᠢ᠎ᠪᠠᠷ ᠤᠬᠠᠭᠠᠯᠠᠨ ᠲᠦᠯᠦᠪᠯᠡᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠂ ᠨᠡᠩ ᠬᠦᠴᠦᠲᠡᠢ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠡᠷ ᠶᠡᠷᠦᠩᠬᠡᠢ ᠱᠦᠵᠢ ᠰᠢ᠎ᠶᠢᠨ ᠫᠢᠩ᠎ᠤᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠤᠯᠠᠷᠢᠭᠤᠯᠵᠤ ᠪᠤᠢ᠃

10 ᠰᠠᠷ᠎ᠠ᠎ᠶᠢᠨ 21᠎ᠤ᠋ ᠡᠳᠦᠷ᠂ ᠠᠯᠠᠱᠠ ᠠᠢᠮᠠᠭ᠎ᠤᠨ ᠨᠠᠮ᠎ᠤᠨ ᠬᠣᠷᠢᠶ᠎ᠠ ᠭᠡᠰᠢᠭᠦᠳ᠎ᠦᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ᠎ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ ᠪᠦᠬᠦ ᠠᠢᠮᠠᠭ᠎ᠤᠨ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠯᠠᠱᠠ᠎ᠶᠢᠨ ᠪᠣᠳᠠᠲᠠᠢ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠬᠤᠬᠤ ᠬᠡᠷᠡᠭᠲᠡᠢ᠃ ᠠᠮᠢ ᠠᠬᠤᠢ᠎ᠶᠢᠨ ᠬᠠᠮᠠᠭᠠᠯᠠᠯᠲᠠ ᠪᠣᠯᠣᠨ ᠪᠣᠬᠢᠷᠲᠤᠯ ᠦᠭᠡᠢ ᠬᠥᠭᠵᠢᠯᠲᠡ᠎ᠶᠢ ᠭᠦᠨᠵᠡᠭᠡᠢ ᠠᠬᠢᠭᠤᠯᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠲᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠸᠮ ᠲᠠᠢ ᠵᠠᠰᠠᠬᠤ᠎ᠶᠢ ᠪᠠᠷᠢᠮᠲᠠᠯᠠᠵᠤ᠂ 《ᠤᠮᠠᠷᠠᠲᠤ᠎ᠶᠢᠨ ᠭᠤᠷᠪᠠᠨ ᠣᠷᠣᠨ》ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ ᠪᠣᠯᠣᠨ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠭᠰᠠᠨ ᠪᠠ ᠠᠮᠢ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠨᠡᠭᠦᠷᠡᠰᠦᠲᠥ᠋ᠷᠥᠭᠴᠢ᠎ᠶᠢ ᠪᠠᠭᠠᠰᠬᠠᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠦᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ ᠬᠡᠷᠡᠭᠲᠡᠢ᠃ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠤ ᠠᠵᠤ ᠦᠢᠯᠡᠰ᠎ᠦᠨ ᠠᠰᠠᠭᠤᠳᠠᠯ᠎ᠢ ᠰᠢᠢᠳᠪᠦᠷᠢᠯᠡᠬᠦ ᠬᠠᠨᠳᠤᠰᠢ᠎ᠶᠢ ᠪᠤᠢ ᠪᠤᠯᠭᠠᠬᠤ ᠵᠢ ᠲᠦᠷᠭᠡᠨ ᠠᠬᠢᠭᠤᠯᠵᠤ᠂ ᠪᠣᠬᠢᠷᠲᠤᠯ ᠦᠭᠡᠢ ᠴᠠᠬᠢᠯᠭᠠᠨ ᠭᠦᠢᠴᠡᠳ᠂ ᠭᠠᠵᠠᠷ ᠰᠢᠷᠣᠢ ᠥᠷᠭᠡᠨ ᠵᠡᠷᠭᠡ ᠡᠬᠢ ᠪᠠᠶᠠᠯᠢᠭ᠋᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ 《ᠪᠤᠳᠤᠯᠳᠠ ᠵᠢᠨ ᠬᠦᠴᠦᠨ ᠪᠠ  ᠴᠠᠬᠢᠯᠭᠠᠨ ᠬᠦᠴᠦᠨ᠎ᠤ ᠬᠠᠮᠵᠢᠯᠴᠠᠭ᠎ᠠ》᠂ 《ᠪᠤᠳᠤᠯᠳᠠ ᠵᠢᠨ ᠬᠦᠴᠦᠨ ᠪᠠ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ》᠂ 《ᠪᠤᠳᠤᠯᠳᠠ ᠵᠢᠨ ᠬᠦᠴᠦᠨ ᠪᠠ ᠮᠡᠳᠡᠬᠡ ᠬᠤᠯᠪᠤᠭ᠎ᠠ ᠰᠦᠯᠵᠢᠶ᠎ᠠ ᠵᠢᠨ ᠠᠭᠤᠰᠤᠯᠴᠠᠯ》 ᠢ᠋ ᠪᠠᠷᠢᠮᠲᠠᠯᠠᠵᠤ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠂ ᠡᠯᠧᠮᠧᠨ᠋ᠲ᠎ᠦᠨ ᠪᠠᠲᠤᠯᠠᠭ᠎ᠠ᠂ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶᠢ ᠲᠦᠷᠭᠡᠨ ᠠᠬᠢᠭᠤᠯᠵᠤ᠂ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠲᠥᠪᠯᠡᠷᠡᠭᠰᠡᠨ ᠬᠠᠨᠳᠤᠰᠢ᠎ᠶᠢ ᠪᠦᠬᠦ ᠬᠦᠴᠦᠨ᠎ᠢᠶᠡᠷ ᠠᠬᠢᠭᠤᠯᠬᠤ ᠬᠡᠷᠡᠭᠲᠡᠢ᠃ ᠣᠨᠴᠠᠯᠢᠭ᠍ᠲᠤ ᠮᠠᠯ ᠠᠵᠤ ᠠᠬᠤᠢ ᠲᠠᠷᠢᠶᠠᠯᠠᠩ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ᠂ ᠭᠠᠷᠤᠯᠲᠠ ᠦᠢᠯᠡᠳᠪᠦᠷᠢᠯᠡᠯ᠎ᠦᠨ ᠴᠢᠳᠠᠪᠤᠷᠢ᠂ ᠦᠢᠯᠡᠳᠪᠦᠷᠢᠯᠡᠯ ᠠᠮᠢ ᠠᠬᠤᠢ᠂ ᠤᠨᠠᠯᠳᠠ ᠵᠢᠨ ᠨᠡᠮᠡᠭᠳᠡᠯ ᠣᠷᠣᠯᠭ᠎ᠠ ᠵᠢᠨ ᠨᠡᠮᠡᠭᠳᠡᠯ᠎ᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠤᠳᠤ ᠦᠶ᠎ᠡ᠎ᠶᠢᠨ ᠲᠡᠮᠡᠭᠡᠨ᠎ᠦ ᠠᠵᠤ ᠦᠢᠯᠡᠰ ᠪᠣᠯᠣᠨ ᠠᠮᠢ ᠠᠬᠤᠢ ᠡᠯᠡᠰᠦᠨ᠎ᠦ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠶᠠᠰᠤ ᠴᠢᠨᠠᠷ᠎ᠤᠨ ᠠᠮᠤᠷ ᠲᠦᠪᠰᠢᠨ᠎ᠦ ᠬᠠᠮᠢᠶᠠᠷᠤᠯᠲᠠ ᠡᠵᠡᠮᠳᠡᠯ᠎ᠢ ᠴᠢᠩᠭ᠎ᠠ ᠰᠠᠢᠲᠤᠷ ᠠᠳᠬᠤᠵᠤ᠂ ᠮᠠᠯ ᠠᠵᠤ ᠠᠬᠤᠢ ᠲᠠᠷᠢᠶᠠᠯᠠᠩ᠎ᠤᠨ ᠭᠠᠷᠤᠯᠲᠠ ᠦᠷ᠎ᠡ ᠠᠰᠢᠭ᠋᠎ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢ ᠨᠡᠩ ᠰᠠᠢᠲᠤᠷ ᠠᠬᠢᠭᠤᠯᠬᠤ ᠬᠡᠷᠡᠭᠲᠡᠢ᠃ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠠᠵᠤ ᠠᠬᠤᠢ᠎ᠶᠢᠨ ᠡᠷᠭᠢᠯᠲᠡ᠎ᠶᠢᠨ ᠲᠣᠬᠢᠷᠠᠭᠤᠯᠤᠯᠲᠠ᠎ᠶᠢ ᠴᠢᠩᠭᠠᠳᠬᠠᠵᠤ᠂ ᠢᠷᠡᠬᠦ ᠵᠢᠯ᠎ᠦᠨ ᠠᠵᠢᠯ᠎ᠢ ᠱᠠᠯᠠᠪᠳᠠᠨ ᠲᠥᠯᠥᠪᠵᠢᠭᠦᠯᠵᠦ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠠᠶᠤᠯ ᠲᠦᠭᠰᠢᠭᠦᠷᠢ᠎ᠶᠢ ᠰᠡᠷᠭᠡᠢᠯᠡᠬᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ 《ᠠᠷᠪᠡᠨ ᠳᠠᠪᠤᠳᠤᠭᠠᠷ ᠳᠠᠪᠤᠨ ᠵᠢᠯ》  ᠢ᠋ ᠰᠠᠢᠲᠤᠷ ᠡᠬᠢᠯᠡᠭᠦᠯᠬᠦ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 23 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠢᠮᠠᠭᠲᠠ ᠲᠠᠯᠪᠢᠬᠰᠠᠭᠠᠷ ᠢᠷᠡᠭᠰᠡᠨ ᠴᠢᠬᠤᠯᠠ ᠱᠠᠭᠠᠷᠳᠠᠯᠭ᠎ᠠ ᠪᠣᠯᠬᠤ᠎ᠶᠢ ᠭᠦᠨᠵᠡᠭᠡᠢ ᠣᠢᠯᠠᠭᠠᠵᠤ᠂ ᠪᠣᠬᠢᠷᠲᠤᠯ ᠦᠭᠡᠢ ᠠᠷᠠᠯᠵᠢᠶ᠎ᠠ᠂ ᠪᠣᠬᠢᠷᠲᠤᠯ ᠦᠭᠡᠢ ᠬᠢᠯᠢ ᠵᠢᠨ ᠪᠣᠭᠣᠮᠲᠠ᠎ᠶᠢᠨ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ;《ᠵᠡᠬᠦᠨᠳᠡᠬᠢ ᠳᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠤᠨ ᠵᠢᠡᠷ ᠳᠤᠯᠭᠠᠭᠤᠷᠢᠯᠠᠭᠤᠯᠬᠤ》 ᠢᠨᠵᠧᠨᠧᠷᠢᠩ᠂ ᠪᠦᠬᠦ ᠤᠯᠤᠰ᠎ᠤᠨ ᠨᠢᠭᠡ ᠴᠣᠭᠴᠠᠵᠢᠭ᠍ᠰᠠᠨ ᠪᠣᠳᠣᠯᠳᠠ ᠵᠢᠨ ᠬᠦᠴᠦᠨ᠎ᠤ ᠲᠣᠣᠷ᠎ᠢ ᠪᠠᠶ᠋ᠢᠭᠤᠯᠬᠤ ᠡᠨᠡ ᠬᠦ᠌ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠨᠠᠢᠳᠠᠪᠤᠷᠢᠵᠢᠭᠤᠯᠤᠨ ᠬᠡᠷᠡᠭᠵᠢᠬᠦᠯᠵᠦ᠂ ᠤᠨᠤᠴᠠᠳᠠᠢ ᠪᠡᠷ ᠠᠷᠠᠯᠵᠢᠶᠠᠴᠢᠨ ᠤᠷᠢᠬᠤ ᠠᠵᠢᠯ᠎ᠢ ᠢᠳᠡᠪᠬᠢᠲᠡᠢ ᠰᠠᠢᠲᠤᠷ ᠬᠢᠵᠦ᠂ ᠪᠤᠳᠤᠯᠳᠠ ᠵᠢᠨ ᠬᠦᠴᠦᠨ᠎ᠤ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ; ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠦᠨ ᠠᠬᠢᠭᠤᠯᠬᠤ ᠬᠡᠷᠡᠭᠲᠡᠢ; ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠵᠦ᠂ ᠨᠠᠮ᠎ᠤᠨ ᠲᠥᠪ ᠬᠤᠷᠢᠶ᠎ᠠ ᠵᠢᠨ ᠠᠵᠢᠯ᠎ᠤᠨ ᠪᠠᠢᠷᠢᠯᠠᠭᠤᠯᠤᠯᠲᠠ᠎ᠶᠢ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠪᠥᠬᠥ ᠶᠠᠪᠤᠴᠠ᠂ ᠡᠯ᠎ᠡ ᠬᠦᠷᠢᠶᠡᠨ᠎ᠳᠦ ᠪᠥᠬᠥ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠬᠤ ᠬᠡᠷᠡᠭᠲᠡᠢ; ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠱᠠᠭᠠᠷᠳᠠᠯᠭ᠎ᠠ᠎ᠶᠢ ᠴᠢᠨᠠᠭᠰᠢᠳᠠ ᠨᠠᠢᠳᠠᠪᠤᠷᠢᠵᠢᠭᠤᠯᠵᠤ᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠬᠥᠭᠵᠢᠯᠲᠡ᠎ᠳᠦ ᠰᠠᠢᠨ ᠰᠠᠢᠬᠠᠨ ᠣᠷᠴᠢᠨ ᠨᠦᠬᠦᠴᠡᠯ᠎ᠢ ᠪᠤᠢ ᠪᠣᠯᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

10 ᠰᠠᠷ᠎ᠠ᠎ᠶᠢᠨ 21᠎ᠤ᠋ ᠡᠳᠦᠷ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ᠎ᠶᠢᠨ ᠨᠠᠮ᠎ᠤᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ ᠤ᠋ᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ ᠶᠡᠷᠦᠩᠬᠡᠢ ᠱᠦᠵᠢ ᠰᠢ᠎ᠶᠢᠨ ᠫᠢᠩ ᠤ᠋ᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠭᠦᠨ᠎ᠦ ᠭᠣᠣᠯ ᠴᠢᠬᠤᠯᠠ ᠠᠭᠤᠯᠭ᠎ᠠ᠂ ᠵᠣᠷᠢᠭ᠋ ᠰᠠᠨᠠᠭᠠᠨ᠎ᠤ ᠮᠥᠨ ᠴᠢᠨᠠᠷ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠦᠨᠡᠨ᠎ᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠬᠢᠯᠢ᠎ᠶᠢᠨ ᠪᠣᠭᠣᠮᠲᠠ᠎ᠶᠢᠨ ᠠᠮᠤᠷ ᠲᠦᠪᠰᠢᠨ ᠲᠤᠭᠳᠠᠭᠤᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠂ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠎ᠤᠨ ᠪᠠᠢᠭᠤᠯᠤᠯᠲᠠ᠎ᠪᠠᠷ ᠭᠠᠷᠳᠠᠴᠠ ᠪᠤᠯᠭᠠᠵᠤ᠂ ᠠᠮᠢ ᠠᠬᠤᠢ᠎ᠶᠢᠨ ᠬᠠᠮᠠᠭᠠᠯᠠᠯᠲᠠ ᠪᠣᠯᠣᠨ ᠬᠢᠯᠢ᠎ᠶᠢᠨ ᠵᠠᠰᠠᠯᠲᠠ᠎ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠬᠢᠯᠢ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠂ ᠨᠤᠭᠤ ᠭᠠᠵᠠᠷ᠂ ᠬᠢᠯᠢ᠎ᠶᠢᠨ ᠭᠣᠣᠯ ᠬᠢᠯᠢ᠎ᠶᠢᠨ ᠨᠠᠭᠤᠷ ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ ᠪᠦᠰᠡ᠎ᠶᠢ ᠲᠣᠭᠣᠷᠢᠨ ᠬᠠᠮᠠᠭᠠᠯᠠᠬᠤ᠎ᠶᠢ ᠴᠢᠩᠭᠠᠳᠬᠠᠵᠤ᠂ ᠬᠢᠯᠢ᠎ᠶᠢᠨ ᠣᠷᠣᠨ᠎ᠤ ᠬᠤᠯᠠᠭᠠᠢᠯᠠᠨ ᠮᠠᠯᠲᠠᠬᠤ ᠬᠤᠯᠠᠭᠠᠢᠯᠠᠨ ᠠᠭᠤᠳᠠᠯᠬᠤ᠂ ᠬᠠᠤᠯᠢ ᠪᠤᠰᠤ᠎ᠪᠠᠷ ᠠᠩᠨᠠᠵᠤ ᠱᠦᠭᠦᠬᠦ ᠵᠡᠷᠭᠡ ᠣᠷᠴᠢᠨ ᠲᠣᠭᠣᠷᠢᠨ ᠡᠬᠢ ᠪᠠᠶᠠᠯᠢᠭ᠋᠎ᠢ ᠡᠪᠳᠡᠭᠰᠡᠨ ᠬᠠᠤᠯᠢ ᠡᠴᠡ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠢᠯᠢ᠎ᠶᠢᠨ ᠪᠣᠭᠣᠮᠲᠠ᠎ᠶᠢᠨ ᠠᠮᠤᠷ ᠲᠦᠪᠰᠢᠨ᠎ᠦ ᠬᠠᠮᠢᠶᠠᠷᠤᠨ ᠡᠵᠡᠮᠳᠡᠬᠦ ᠰᠡᠷᠭᠡᠢᠯᠡᠯᠲᠡ᠎ᠶᠢᠨ ᠱᠤᠭᠤᠮ᠎ᠢ ᠴᠢᠩᠳᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠡᠷᠡᠰ ᠪᠠᠲᠤ ᠪᠠᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠨᠠᠮ᠎ᠤᠨ ᠶᠡᠷᠦᠩᠬᠡᠢ ᠡᠭᠦᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ ᠤ᠋ᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠨ᠎ᠳᠠᠬᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠪᠠᠢᠷᠢᠯᠠᠭᠤᠯᠤᠯᠲᠠ ᠲᠠᠢ ᠦᠨᠡᠨ᠎ᠬᠦ ᠨᠢᠭᠡᠳᠬᠡᠵᠦ᠂ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠰᠠᠭᠤᠷᠢᠯᠠᠵᠤ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠋᠎ᠮᠦᠨ ᠭᠡᠳᠡᠭ᠎ᠤᠨ ᠠᠭᠤᠯᠤᠭᠳᠠᠬᠤᠨ ᠪᠠ ᠠᠴᠢ ᠬᠣᠯᠪᠣᠭᠳᠠᠯ᠎ᠲᠠᠢ ᠨᠢᠭ᠍ᠲᠠ ᠤᠶᠠᠯᠳᠤᠭᠤᠯᠵᠤ᠂ ᠴᠢᠳᠠᠪᠤᠷᠢᠲᠠᠨ᠎ᠢ ᠰᠢᠯᠢᠨ ᠰᠣᠩᠭᠣᠬᠤ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠬᠤᠵᠤ᠂ ᠴᠢᠳᠠᠪᠤᠷᠢᠲᠠᠨ᠎ᠤ ᠪᠠᠲᠤᠯᠠᠭ᠎ᠠ᠎ᠶᠢᠨ ᠰᠠᠭᠤᠷᠢ᠎ᠶᠢ ᠪᠠᠲᠤᠳᠬᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠴᠢᠳᠠᠪᠤᠷᠢᠲᠠᠨ᠎ᠤ ᠬᠡᠷᠡᠭᠴᠡᠭᠡ᠎ᠳᠦ ᠤᠨᠢᠨ ᠳᠡᠭᠡᠷ᠎ᠡ ᠨᠢ ᠦᠢᠯᠡᠴᠢᠯᠡᠬᠦ ᠬᠡᠷᠡᠭᠲᠡᠢ᠃ ᠰᠢᠯᠭᠠᠯᠲᠠ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠡᠷᠬᠡ ᠲᠡᠭᠰᠢ ᠲᠥᠪ ᠭᠣᠣᠯᠴᠢ᠎ᠶᠢᠨ ᠠᠮᠢ ᠨᠠᠰᠤᠨ᠎ᠤ ᠱᠤᠭᠤᠮ᠎ᠢ ᠪᠠᠲᠤ ᠰᠠᠬᠢᠵᠤ᠂ ᠰᠤᠷᠴᠤ ᠬᠡᠷᠡᠭᠯᠡᠬᠦ᠎ᠶᠢ ᠲᠤᠭᠤᠰᠢᠳᠠᠢ ᠨᠡᠪᠲᠡᠷᠡᠭᠦᠯᠬᠦ᠂ ᠤᠷᠳᠤ ᠬᠤᠭᠤᠴᠠᠭ᠎ᠠ ᠪᠠᠷ ᠵᠢᠤᠨᠬᠦᠨ ᠴᠢᠷᠮᠠᠢᠬᠤ ᠵᠢ ᠪᠠᠷᠢᠮᠲᠠᠯᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠰᠢᠯᠭᠠᠯᠲᠠ ᠵᠢ ᠵᠤᠬᠢᠶᠠᠨ ᠪᠠᠢᠭᠤᠯᠬᠤ ᠵᠢ ᠳᠦᠷᠢᠮᠵᠢᠭᠦᠯᠬᠦ᠂ ᠴᠢᠳᠠᠪᠤᠷᠢᠲᠠᠨ᠎ᠢ ᠰᠢᠯᠢᠨ ᠰᠣᠩᠭᠣᠬᠤ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠡᠴᠡ ᠡᠯ᠎ᠡ ᠨᠠᠮ᠎ᠤᠨ ᠡᠭᠦᠷ ᠵᠡᠷᠭᠡ ᠪᠡᠷ ᠲᠠᠭᠠᠨ ᠰᠤᠷᠤᠯᠴᠠᠵᠦ᠂ ᠲᠡᠷᠡ ᠳᠠᠷᠤᠢ ᠳ᠋ᠤᠨᠢ ᠤᠯᠠᠮᠵᠢᠯᠠᠨ ᠰᠤᠷᠤᠯᠴᠠᠵᠦ᠂ ᠰᠤᠷᠤᠯᠴᠠᠬᠰᠠᠨ ᠵᠣᠷᠢᠭ᠋ ᠰᠠᠨᠠᠭ᠎ᠠ᠎ᠶᠢ ᠨᠠᠮ᠎ᠤᠨ ᠭᠡᠰᠢᠭᠦᠨ ᠺᠠᠳ᠋ᠷ ᠨᠢᠭᠡᠪᠦᠷᠢ᠎ᠳᠦ ᠰᠢᠭᠤᠳ ᠬᠦᠷᠭᠡᠬᠦ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面