ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-11 11:31:31

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠤᠯᠤᠰ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠬᠠᠮᠲᠤᠷᠠᠨ ᠪᠥᠬᠥ ᠤᠯᠤᠰ᠎ᠤᠨ 119 ᠭᠠᠯ ᠰᠡᠷᠬᠡᠢᠯᠡᠵᠦ ᠭᠠᠯ ᠤᠨᠲᠠᠷᠠᠭᠠᠬᠤ ᠲᠡᠷᠢᠭᠦᠨ᠎ᠦ ᠬᠠᠮᠲᠤ᠂ ᠲᠡᠷᠢᠭᠦᠨ᠎ᠦ ᠬᠤᠪᠢ ᠬᠥᠮᠥᠨ᠂ ᠳᠤᠮᠳᠠᠳᠦ ᠤᠯᠤᠰ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠰᠢᠳᠤᠷᠭᠤ ᠬᠠᠮᠠᠭᠠᠯᠠᠬᠴᠢ᠎ᠵᠢ ᠬᠥᠬᠢᠭᠦᠯᠦᠨ ᠰᠠᠢᠰᠢᠶᠠᠬᠤ ᠠᠵᠢᠯᠯᠠᠭ᠎ᠠ ᠥᠷᠨᠢᠭᠦᠯᠵᠦ᠂ ᠮᠠᠨ᠎ᠤ ᠣᠷᠣᠨ᠎ᠤ 3 ᠲᠡᠷᠢᠭᠦᠨ᠎ᠦ ᠬᠠᠮᠲᠤ ᠪᠠ 5 ᠲᠡᠷᠢᠭᠦᠨ᠎ᠦ ᠬᠤᠪᠢ ᠬᠥᠮᠥᠨ ᠲᠤᠰ ᠨᠡᠷᠡᠰ᠎ᠦᠨ ᠵᠢᠭ᠍ᠰᠠᠭᠠᠯᠲᠠ᠎ᠳᠤ ᠲᠤᠳᠤᠷᠠᠵᠦ᠂ ᠤᠯᠤᠰ᠎ᠤᠨ ᠲᠠᠰ᠎ᠤᠨ ᠢᠷᠠᠭᠤ ᠠᠯᠳᠠᠷ᠎ᠢ ᠭᠥᠷᠳᠡᠪᠡ᠃

ᠲᠣᠰ ᠤᠳᠠᠭ᠎ᠠ᠎ᠵᠢᠨ ᠪᠥᠬᠥ ᠤᠯᠤᠰ᠎ᠤᠨ 119 ᠭᠠᠯ ᠰᠡᠷᠬᠡᠢᠯᠡᠵᠦ ᠭᠠᠯ ᠤᠨᠲᠠᠷᠠᠭᠠᠬᠤ ᠲᠡᠷᠢᠭᠦᠨ᠎ᠦ ᠬᠦᠬᠢᠬᠦᠯᠦᠯ᠎ᠢ ᠬᠦᠷᠲᠡᠭᠰᠡᠨ ᠮᠠᠨ᠎ᠤ ᠤᠷᠤᠨ᠎ᠤ ᠲᠡᠷᠢᠭᠦᠨ᠎ᠦ ᠬᠠᠮᠲᠤ᠎ᠳᠦ᠄ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠸᠠᠨ ᠲᠦᠩ ᠵᠠᠮ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠂ ᠲᠦᠩᠯᠢᠶᠣᠣ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠰᠢᠨ᠎ᠡ ᠬᠣᠲᠠ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠽᠠᠨᠳᠠᠨ ᠵᠡᠭᠡᠯᠢ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠪᠣᠢ; ᠲᠡᠷᠢᠬᠦᠨ᠎ᠤ ᠬᠤᠪᠢ ᠬᠦᠮᠦᠨ᠎ᠳᠦ᠄ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠳᠡᠳ᠋ ᠳᠠᠷᠤᠭ᠎ᠠ ᠴᠧᠨ ᠵᠢᠶᠠᠨ ᠸᠸᠨ (ᠮᠠᠨᠵᠤ ᠦᠨᠳᠦᠰᠦᠲᠡᠨ)᠂ ᠬᠢᠩᠭᠠᠨ ᠠᠢᠮᠠᠭ᠎ᠤᠨ ᠤᠯᠠᠭᠠᠨᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠠᠵᠢᠯᠲᠠᠨ ᠶᠤᠸᠠᠨ ᠴᠤᠤ᠂ ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠰᠤᠳᠠᠯ᠎ᠤᠨ ᠬᠤᠳᠳᠤᠭ ᠪᠠᠯᠭᠠᠰᠤᠨ᠎ᠤ ᠰᠠᠢᠨ ᠳᠤᠷ᠎ᠠ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠩᠭᠢ᠎ᠶᠢᠨ ᠳᠠᠷᠤᠭ᠎ᠠ ᠲᠢᠶᠠᠨ ᠶᠦᠩ ᠬᠦᠶ᠂ ᠥᠪᠥᠷ ᠮᠣᠩᠭᠣᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠠᠩᠭᠢ᠎ᠶᠢᠨ ᠶᠡᠬᠡ ᠬᠢᠩᠭᠠᠨ ᠳᠠᠪᠠᠭ᠎ᠠ᠎ᠶᠢᠨ ᠰᠠᠯᠪᠤᠷᠢ ᠠᠩᠭᠢ᠎ᠶᠢᠨ ᠮᠤᠷᠳᠠᠭ᠎ᠠ ᠶᠡᠬᠡ ᠠᠩᠭᠢ᠎ᠶᠢᠨ ᠬᠣᠶᠠᠳᠤᠭᠠᠷ ᠳᠤᠮᠳᠠ ᠠᠩᠭᠢ᠎ᠶᠢᠨ ᠳᠠᠷᠤᠭ᠎ᠠ ᠸᠠᠩ ᠴᠢᠶᠠᠩ ᠪᠣᠢ᠃ ᠡᠭᠦᠨ᠎ᠡᠴᠡ ᠭᠠᠳᠠᠨ᠎ᠠ ᠥᠪᠥᠷ ᠮᠣᠩᠭᠣᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠶᠡᠷᠦᠩᠬᠡᠢ ᠠᠩᠭᠢ᠎ᠶᠢᠨ ᠶᠡᠬᠡ ᠬᠢᠩᠭᠠᠨ ᠳᠠᠪᠠᠭ᠎ᠠ᠎ᠶᠢᠨ ᠰᠠᠯᠪᠤᠷᠢ ᠠᠩᠭᠢ᠎ᠶᠢᠨ ᠪᠠᠴᠢᠮ ᠪᠠᠢᠳᠠᠯ᠎ᠢ ᠠᠷᠭᠠᠴᠠᠭᠠᠬᠤ ᠴᠢᠮᠡᠭᠡ ᠬᠣᠯᠪᠣᠭ᠎ᠠ ᠪᠠ ᠲᠡᠷᠭᠡ ᠬᠥᠰᠬᠡ᠎ᠶᠢᠨ ᠦᠢᠯᠡᠴᠢᠯᠡᠭᠡᠨ᠎ᠦ ᠳᠤᠮᠳᠠ ᠠᠩᠭᠢ᠎ᠶᠢᠨ ᠨᠢᠭᠡᠳᠦᠭᠡᠷ ᠳᠡᠰ᠎ᠤᠨ ᠭᠠᠯ ᠤᠨᠲᠠᠷᠠᠭᠠᠬᠤ ᠳᠠᠷᠤᠭ᠎ᠠ ᠮᠢᠶᠣᠣ ᠵᠥᠩ ᠵᠢᠶᠦ᠋ᠨ 《ᠳᠤᠮᠳᠠᠳᠤ ᠤᠯᠤᠰ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠰᠢᠳᠤᠷᠭᠤ ᠬᠠᠮᠠᠭᠠᠯᠠᠭ᠍ᠴᠢ》 ᠪᠠᠷ ᠦᠨᠡᠯᠡᠭᠳᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面