2026-11-12 09:50:24
ᠤᠢᠷ᠎ᠠ᠎ᠳᠦ ᠰᠤᠷᠪᠤᠯᠵᠢᠯᠠᠭ᠍ᠴᠢ ᠦᠪᠠᠷᠲᠠᠬᠡᠨ ᠵᠠᠰᠠᠬᠤ ᠤᠷᠤᠨ ᠤ᠋ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠣᠢᠯᠠᠭᠠᠭᠰᠠᠨ ᠶ᠋ᠢᠡᠷ᠂ ᠤᠯᠤᠰ ᠤ᠋ᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠪᠥᠬᠥ ᠤᠯᠤᠰ᠎ᠤᠨ ᠫᠤᠰᠲ ᠳ᠋ᠣᠺᠲ᠋ᠣᠷ᠎ᠤᠨ ᠬᠠᠮᠢᠶᠠᠷᠤᠯᠲᠠ᠎ᠶᠢᠨ ᠵᠥᠪᠯᠡᠯ᠎ᠦᠨ ᠵᠥᠪᠰᠢᠶᠡᠷᠡᠯ᠎ᠢᠶᠡᠷ ᠥᠪᠥᠷ ᠮᠣᠩᠭᠣᠯ᠎ᠳᠤ 8 ᠫᠤᠰᠲ ᠳ᠋ᠣᠺᠲ᠋ᠣᠷ᠎ᠤᠨ ᠡᠷᠳᠡᠮ ᠰᠢᠨᠵᠢᠯᠡᠭᠡᠨ᠎ᠦ ᠨᠡᠭᠦᠳᠡᠯ ᠥᠷᠲᠡᠭᠡ ᠵᠢ ᠰᠢᠨ᠎ᠡ᠎ᠪᠡᠷ ᠪᠠᠢᠭᠤᠯᠵᠦ᠂ ᠲᠣᠰ ᠲᠣᠰ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠡᠷᠭᠡ 5 ᠶᠡᠬᠡ ᠳᠡᠭᠡᠳᠦ ᠰᠤᠷᠭᠠᠭᠤᠯᠢ ᠳ᠋ᠤ ᠪᠠᠢᠭᠤᠯᠤᠨ᠎ᠠ᠃
ᠲᠣᠰ ᠤᠳᠠᠭᠠᠨ᠎ᠤ ᠰᠢᠨ᠎ᠡ ᠪᠡᠷ ᠪᠠᠢᠭᠤᠯᠬᠤ ᠥᠷᠲᠡᠭᠡ ᠨᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠂ ᠰᠠᠭᠤᠷᠢ ᠪᠠᠢᠭᠠᠯᠢ᠎ᠶᠢᠨ ᠰᠢᠨᠵᠢᠯᠡᠬᠦ ᠤᠬᠠᠭᠠᠨ᠂ ᠢᠨᠵᠧᠨᠧᠷᠢᠩ ᠬᠢᠭᠡᠳ ᠣᠲᠣ᠌ ᠦᠶ᠎ᠡ᠎ᠶᠢᠨ ᠲᠠᠷᠢᠶᠠᠯᠠᠩ ᠵᠡᠷᠭᠡ ᠰᠢᠨᠵᠢᠯᠡᠭᠡᠨ᠎ᠦ ᠬᠦᠷᠢᠶ᠎ᠡ᠎ᠶᠢ ᠬᠠᠮᠤᠷᠴᠤ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ᠋ ᠰᠢᠨᠵᠢᠯᠡᠭᠡᠨ᠎ᠦ ᠪᠠᠢᠭᠤᠯᠤᠯᠲᠠ ᠪᠠ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠦ᠂ ᠰᠢᠨᠵᠢᠯᠡᠭᠡᠨ᠎ᠦ ᠣᠨᠴᠠᠯᠢᠭ᠋ ᠨᠢ ᠢᠯᠡ ᠲᠣᠳᠣ᠌᠂ ᠲᠤᠯᠭᠠᠭᠤᠷᠢᠯᠠᠬᠤ ᠤᠳᠤᠷᠢᠳᠤᠮᠵᠢ ᠨᠢ ᠲᠣᠪᠣᠢᠮ᠎ᠠ ᠤᠠᠴᠠᠯᠢᠭ ᠲᠠᠢ᠃ ᠡᠭᠦᠨ᠎ᠳᠦ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠠᠷᠢᠶᠠᠯᠠᠩ᠎ᠤᠨ ᠲᠤᠰᠬᠠᠢ ᠮᠡᠷᠭᠡᠵᠢᠯ᠎ᠦᠨ ᠡᠷᠳᠡᠮ᠎ᠦᠨ ᠴᠣᠯᠠ ᠨᠢ ᠪᠥᠬᠥ ᠣᠷᠣᠨ᠎ᠤ ᠠᠩᠬᠠᠳᠠᠭ᠍ᠴᠢ ᠢᠨᠵᠧᠨᠧᠷᠢᠩ᠎ᠦᠨ ᠫᠤᠰᠲ ᠳ᠋ᠣᠺᠲ᠋ᠣᠷ᠎ᠤᠨ ᠡᠷᠲᠠᠮ ᠰᠢᠨᠵᠢᠯᠡᠬᠡᠨ ᠤ᠋ ᠨᠡᠭᠦᠳᠡᠯ ᠥᠷᠲᠡᠭᠡ᠎ᠪᠡᠷ ᠵᠥᠪᠰᠢᠶᠡᠷᠡᠭᠳᠡᠵᠦ᠂ ᠲᠠᠷᠢᠶᠠᠯᠠᠩ᠎ᠤᠨ ᠬᠦᠷᠢᠶᠡᠨ᠎ᠦ ᠳᠠᠪᠠᠭᠤᠯᠢᠭ᠋ ᠠᠵᠤ ᠠᠬᠤᠢᠯᠠᠯ᠎ᠲᠠᠢ ᠬᠠᠮᠲᠤ᠎ᠪᠠᠷ ᠳᠡᠭᠡᠳᠦ ᠲᠠᠰ ᠳᠠᠪᠬᠤᠷᠭ᠎ᠠ᠎ᠶᠢᠨ ᠬᠠᠮ ᠬᠡᠯᠪᠡᠷᠢ᠎ᠶᠢᠨ ᠵᠠᠯᠠᠭᠤ ᠢᠨᠵᠧᠨᠧᠷᠢᠩ᠎ᠦᠨ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠪᠣᠯᠣᠨ᠎ᠠ᠃
ᠣᠯᠠᠨ ᠵᠢᠯ᠎ᠦᠨ ᠬᠥᠭᠵᠢᠯᠲᠡ᠎ᠪᠡᠷ ᠳᠡᠮᠵᠢᠨ ᠥᠪᠥᠷ ᠮᠣᠩᠭᠣᠯ᠎ᠤᠨ ᠫᠤᠰᠲ ᠳ᠋ᠣᠺᠲ᠋ᠣᠷ᠎ᠤᠨ ᠠᠵᠢᠯ ᠯᠠᠪᠳᠠᠭᠤᠨ᠎ᠢᠶᠠᠷ ᠠᠬᠢᠵᠤ᠂ ᠲᠠᠪᠴᠠᠩ᠎ᠤᠨ ᠠᠴᠢᠶᠠᠯᠠᠪᠤᠷᠢ᠎ᠶᠢᠨ ᠪᠠᠢᠭᠤᠯᠤᠯᠲᠠ ᠦᠷᠭᠦᠯᠵᠢᠯᠡᠨ ᠶᠠᠰᠤ ᠴᠢᠨᠠᠷ᠎ᠢᠶᠠᠨ ᠳᠡᠭᠡᠭᠰᠢᠯᠡᠭᠦᠯᠵᠦ ᠦᠷ᠎ᠡ ᠠᠰᠢᠭ᠋᠎ᠢᠶᠠᠨ ᠨᠡᠮᠡᠭᠳᠡᠭᠦᠯᠪᠡ᠃ ᠣᠳᠣᠬᠠᠨ ᠪᠣᠯᠲᠠᠯ᠎ᠠ ᠥᠪᠥᠷ ᠮᠣᠩᠭᠣᠯ ᠨᠢᠭᠡᠨᠲᠡ ᠳᠡᠭᠡᠳᠦ ᠰᠢᠨ᠎ᠡ ᠮᠡᠷᠭᠡᠵᠢᠯ᠎ᠦᠨ ᠰᠤᠳᠤᠯᠭᠠᠨ ᠬᠢᠵᠦ ᠪᠠᠢᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠳᠦ ᠲᠦᠰᠢᠭᠯᠡᠨ ᠫᠤᠰᠲ ᠳ᠋ᠣᠺᠲ᠋ᠣᠷ᠎ᠤᠨ ᠠᠵᠢᠯᠯᠠᠬᠤ ᠥᠷᠲᠡᠭᠡ᠎ᠶᠢ 92 ᠪᠠᠢᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠨᠢᠭᠡᠳᠦᠭᠡᠷ ᠳᠡᠰ᠎ᠤᠨ ᠰᠢᠨᠵᠢᠯᠡᠭᠡᠨ᠎ᠦ ᠰᠠᠯᠠᠭ᠎ᠠ᠎ᠳᠤ ᠲᠦᠰᠢᠭᠯᠡᠨ ᠫᠤᠰᠲ ᠳ᠋ᠣᠺᠲ᠋ᠣᠷ᠎ᠤᠨ ᠨᠡᠭᠦᠳᠡᠯ ᠥᠷᠲᠡᠭᠡ ᠵᠢ 38 ᠪᠠᠢᠭᠤᠯᠵᠤ᠂ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠰᠠᠭᠤᠷᠢᠨ᠎ᠢ 10 ᠪᠠᠢᠭᠤᠯᠵᠤ᠂ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯᠲᠠᠨ᠎ᠢ ᠨᠡᠶ᠋ᠢᠲᠡ 897 ᠬᠥᠮᠥᠨ ᠤᠷᠢᠵᠦ᠂ ᠳᠡᠭᠡᠳᠦ ᠲᠠᠰ᠎ᠤᠨ ᠡᠷᠲᠠᠮ ᠰᠢᠨᠵᠢᠯᠡᠬᠡᠨ ᠤ᠋ ᠴᠢᠳᠠᠪᠤᠷᠢᠲᠠᠨ᠎ᠢ ᠪᠦᠲᠦᠮᠵᠢᠲᠡᠶ ᠲᠥᠪᠯᠡᠷᠡᠭᠦᠯᠤᠨ᠂ ᠵᠠᠩᠭᠢᠯᠠᠭ᠎ᠠ᠎ᠶᠢᠨ ᠬᠦᠷᠢᠶᠡᠨ᠎ᠦ ᠡᠷᠲᠠᠮ ᠰᠢᠨᠵᠢᠯᠡᠬᠡᠨ ᠤ᠋ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠢ ᠤᠯᠠᠷᠢᠭᠤᠯᠬᠤ᠎ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠰᠠᠭᠤᠷᠢ᠎ᠶᠢ ᠪᠡᠬᠢᠵᠢᠭᠦᠯᠪᠡ᠃
ᠲᠠᠷᠠᠭᠠᠴᠢ᠎ᠶᠢᠨ ᠠᠯᠬᠤᠮ᠎ᠳᠤ ᠥᠪᠥᠷ ᠮᠣᠩᠭᠣᠯ ᠤᠯᠤᠰ᠎ᠤᠨ ᠫᠤᠰᠲ ᠳ᠋ᠣᠺᠲ᠋ᠣᠷ᠎ᠤᠨ ᠠᠵᠢᠯ᠎ᠤᠨ ᠰᠢᠨ᠎ᠡ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠫᠤᠰᠲ ᠳ᠋ᠣᠺᠲ᠋ᠣᠷ᠎ᠤᠨ ᠲᠠᠪᠴᠠᠩ᠎ᠤᠨ ᠵᠢᠷᠤᠮᠵᠢᠭ᠍ᠰᠠᠨ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠨ᠎ᠠ᠃ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠂ ᠫᠤᠰᠲ ᠳ᠋ᠣᠺᠲ᠋ᠣᠷ᠎ᠤᠨ ᠬᠠᠮᠢᠶᠠᠷᠤᠯᠲᠠ᠎ᠶᠢᠨ ᠪᠠᠢᠭᠤᠯᠤᠮᠵᠢ ᠪᠣᠯᠣᠨ ᠲᠤᠰᠬᠠᠢ ᠠᠵᠢᠯᠲᠠᠨ᠎ᠢ ᠲᠣᠳᠣᠷᠬᠠᠢᠯᠠᠵᠤ᠂ ᠥᠷᠲᠡᠭᠡ ᠪᠠᠢᠭᠤᠯᠤᠭᠰᠠᠨ ᠨᠢᠭᠡᠴᠢ᠎ᠶᠢ ᠵᠢᠯᠣᠭᠣᠳᠤᠨ ᠫᠤᠰᠲ ᠳ᠋ᠣᠺᠲ᠋ᠣᠷ᠎ᠢ ᠬᠥᠮᠥᠵᠢᠭᠦᠯᠬᠦ ᠵᠢᠴᠢ ᠡᠷᠲᠠᠮ ᠰᠢᠨᠵᠢᠯᠡᠬᠡᠨ ᠤ᠋ ᠵᠠᠷᠤᠳᠠᠯ᠎ᠤᠨ ᠬᠠᠮᠢᠶᠠᠷᠤᠯᠲᠠ᠎ᠶᠢᠨ ᠳᠦᠷᠢᠮ᠎ᠢ ᠲᠣᠭᠲᠠᠭᠠᠨ ᠨᠠᠢᠳᠠᠪᠤᠷᠢᠵᠢᠭᠤᠯᠤᠨ᠎ᠠ᠃ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠫᠤᠰᠲ ᠳ᠋ᠣᠺᠲ᠋ᠣᠷ᠎ᠲᠤ ᠥᠨᠳᠥᠷ ᠬᠢᠷᠢ ᠲᠦᠪᠰᠢᠨ ᠪᠦᠬᠦᠢ ᠡᠷᠲᠠᠮ ᠰᠢᠨᠵᠢᠯᠡᠬᠡᠨ ᠤ᠋ ᠲᠠᠪᠴᠠᠩ ᠪᠠᠢᠭᠤᠯᠵᠦ᠂ ᠰᠢᠨ᠎ᠡ᠎ᠶᠢ ᠡᠭᠦᠳᠬᠦ ᠴᠢᠳᠠᠪᠤᠷᠢ ᠪᠠ ᠪᠣᠳᠠᠲᠠᠢ ᠬᠤᠪᠢ ᠨᠡᠮᠡᠷᠢ᠎ᠪᠡᠷ ᠤᠳᠤᠷᠢᠳᠤᠮᠵᠢ ᠪᠣᠯᠭᠠᠭᠰᠠᠨ ᠦᠨᠡᠯᠡᠬᠦ ᠪᠠ ᠬᠤᠪᠢᠶᠠᠷᠢᠯᠠᠬᠤ ᠪᠠᠷᠢᠮᠵᠢᠶ᠎ᠠ᠎ᠶᠢ ᠲᠡᠭᠦᠯᠳᠡᠷᠵᠢᠭᠦᠯᠵᠦ᠂ ᠫᠤᠰᠲ ᠳ᠋ᠣᠺᠲ᠋ᠣᠷ᠎ᠤᠨ ᠡᠷᠲᠠᠮ ᠰᠢᠨᠵᠢᠯᠡᠬᠡᠨ ᠤ᠋ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠨ᠎ᠡ᠃ ᠬᠠᠮᠲᠤᠷᠠᠨ ᠬᠥᠮᠥᠵᠢᠭᠦᠯᠬᠦ᠎ᠶᠢ ᠴᠢᠩᠭᠠᠳᠬᠠᠨ᠂ ᠦᠢᠯᠡᠳᠪᠦᠷᠢᠯᠡᠬᠦ ᠵᠢᠭᠠᠬᠤ ᠰᠤᠳᠤᠯᠬᠤ᠎ᠶᠢᠨ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠰᠢᠨ᠎ᠡ᠎ᠪᠡᠷ ᠪᠠᠢᠭᠤᠯᠤᠭᠰᠠᠨ ᠨᠠᠬᠦᠲᠠᠯ ᠥᠷᠲᠡᠭᠡ ᠪᠠ ᠠᠵᠤ ᠠᠬᠤᠢᠯᠠᠯ ᠯᠤᠭ᠎ᠠ ᠵᠢᠨ ᠬᠠᠮᠲᠤᠷᠠᠯᠴᠠᠭ᠎ᠠ᠎ᠶᠢ ᠠᠬᠢᠭᠤᠯᠤᠨ᠂ ᠢᠨᠵᠧᠨᠧᠷᠢᠩ᠎ᠦᠨ ᠫᠤᠰᠲ ᠳ᠋ᠣᠺᠲ᠋ᠣᠷ᠎ᠢ ᠬᠠᠮᠲᠤᠷᠠᠨ ᠡᠯᠰᠡᠵᠦ ᠬᠥᠮᠥᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃