ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-12 10:08:05

ᠵᠣᠬᠢᠶᠠᠭ᠍ᠴᠢ᠄ ᠵᠠᠩ ᠺᠦᠢ ᠯᠢᠦ ᡁᠢ ᠰᠢᠶᠠᠨ ᠵᠠᠩ ᠬᠤᠢ ᠯᠢᠩ ᠭᠣᠸ᠋ ᠮᠢᠨ ᠨᠠ ᠣᠩᠱᠢᠭ᠍ᠰᠠᠨ ᠣᠳᠠᠭ᠎ᠠ᠄ 3

︱ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠭᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ


ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠠ ᠬᠤᠷᠠᠯ ᠡᠴᠡ 《ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠭᠠᠳ᠂ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠡᠢ᠃ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠭᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ᠎ᠪᠡᠨ ᠪᠤᠯᠭᠠᠵᠤ᠂ ᠣᠢᠷ᠎ᠠ᠎ᠶᠢᠨ ᠡᠳᠦᠷ᠎ᠦᠳ᠎ᠲᠦ  ᠡᠯ᠎ᠡ ᠵᠦᠢᠯ᠎ᠦᠨ ᠭᠡᠯᠪᠡᠷᠢ᠎ᠪᠡᠷ ᠴᠠᠭ ᠲᠤᠬᠠᠢ ᠳ᠋ᠤᠨᠢ ᠲᠠᠭᠠᠨ ᠰᠤᠷᠤᠯᠴᠠᠵᠤ᠂ ᠰᠤᠷᠤᠯᠴᠠᠯᠭ᠎ᠠ ᠪᠣᠯᠪᠠᠰᠤᠷᠠᠯ᠎ᠢ ᠪᠣᠳᠠᠲᠠᠢ ᠠᠳᠬᠤᠵᠤ᠂ ᠤᠬᠠᠭᠤᠯᠤᠨ ᠲᠠᠢᠯᠪᠤᠷᠢᠯᠠᠬᠤ᠎ᠶᠢ ᠥᠷᠭᠡᠨ᠎ᠢᠶᠡᠷ ᠥᠷᠨᠢᠭᠦᠯᠵᠦ᠂ ᠪᠦᠭᠦᠳᠡ ᠬᠤᠷᠠᠯ᠎ᠤᠨ ᠪᠠᠢᠷᠢᠯᠠᠭᠤᠯᠤᠯᠲᠠ ᠲᠠᠢ ᠬᠠᠷᠭᠤᠭᠤᠯᠵᠦ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠵᠠᠢ᠃     

11 ᠰᠠᠷ᠎ᠠ᠎ᠶᠢᠨ 6 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ᠎ᠶᠢᠨ ᠬᠤᠷᠢᠶᠠᠨ᠎ᠤ ᠠᠯᠪᠠᠨ ᠭᠡᠷ ᠤ᠋ᠨ ᠬᠢᠨ ᠠᠯᠪᠠᠨ ᠬᠡᠷ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠤᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ  ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠦᠭᠦᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠦᠨᠡᠨ᠎ᠬᠦ ᠨᠢᠭᠡᠳᠬᠡᠵᠦ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠡᠷᠡ ᠶᠣᠰᠣᠭᠠᠷ ᠨᠢ ᠰᠠᠢᠲᠤᠷ ᠠᠳᠬᠤᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂《ᠬᠣᠶᠠᠷ᠎ᠢ ᠬᠠᠮᠠᠭᠠᠯᠠᠬᠤ》ᠶ᠋ᠢ ᠡᠷᠡᠰ ᠪᠡᠶᠡᠯᠡᠭᠦᠯᠬᠦ ᠬᠡᠷᠡᠭᠲᠡᠢ᠃ ᠨᠠᠷᠢᠨ ᠨᠢᠮᠪᠠᠢ ᠲᠣᠬᠢᠷᠠᠭᠤᠯᠤᠨ ᠪᠠᠢᠷᠢᠯᠠᠭᠤᠯᠵᠤ᠂ ᠭᠦᠨᠵᠡᠭᠡᠢ ᠤᠯᠠᠮᠵᠢᠯᠠᠨ ᠰᠤᠷᠤᠯᠴᠠᠵᠤ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠦᠨᠡᠨ ᠬᠦ᠌ ᠲᠠᠷᠢᠬᠢ ᠲᠣᠯᠣᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ᠎ᠢᠶᠠᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ᠎ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠦᠭᠦᠳᠠ ᠬᠤᠷᠠᠯ᠎ᠤᠨ 《ᠲᠣᠭᠲᠠᠭᠠᠯ》  ᠢ᠋ ᠰᠦᠯᠵᠢᠶᠡᠨ ᠳᠡᠭᠡᠷ᠎ᠡ ᠤᠬᠠᠭᠤᠯᠬᠤ᠎ᠶᠢ ᠰᠢᠰᠲᠧᠮ ᠲᠠᠢ ᠰᠦᠪᠡᠭᠴᠢᠯᠡᠵᠦ᠂ ᠪᠦᠭᠦ ᠣᠷᠣᠨ᠎ᠤ ᠰᠦᠯᠵᠢᠶᠡᠨ᠎ᠦ ᠵᠠᠭᠤᠴᠢᠯᠠᠭᠤᠷ᠎ᠤᠨ ᠲᠠᠪᠴᠠᠩ᠎ᠤᠨ ᠳᠠᠨᠭᠰᠠᠨ ᠳ᠋ᠤᠭᠠᠷ᠎ᠢ ᠨᠢᠭᠡᠳᠦᠯᠲᠡᠢ ᠲᠥᠯᠥᠪᠵᠢᠭᠦᠯᠦᠨ ᠤᠬᠠᠭᠤᠯᠤᠨ ᠲᠠᠢᠯᠪᠤᠷᠢᠯᠠᠬᠤ᠎ᠶᠢ ᠰᠠᠢᠲᠤᠷ ᠬᠢᠵᠦ᠂ ᠪᠦᠭᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠥᠪᠥᠷ ᠮᠣᠩᠭᠣᠯ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠳᠤ ᠬᠦᠴᠦ ᠨᠡᠮᠡᠷᠢᠯᠡᠬᠦ ᠬᠡᠷᠡᠭᠲᠡᠢ᠃ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠢ ᠱᠦᠵᠢ ᠰᠢ ᠵᠢᠨ ᠫᠢᠩ᠎ᠤᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠠᠢᠳᠠᠪᠤᠷᠢᠵᠢᠭᠤᠯᠤᠯᠲᠠ᠎ᠶᠢ ᠠᠬᠢᠭᠤᠯᠬᠤ ᠰᠡᠳᠬᠢᠮᠵᠢ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠪᠣᠳᠠᠲᠠᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

11 ᠰᠠᠷ᠎ᠠ᠎ᠶᠢᠨ 3 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠰᠤᠷᠤᠯᠴᠠᠨ ᠲᠤᠭᠤᠰᠢᠯᠠᠭᠤᠯᠬᠤ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠶ ᠨᠡᠪᠲᠡᠷᠡᠭᠦᠯᠵᠦ᠍᠂ ᠨᠢᠭᠡ ᠴᠤᠬᠴᠠᠵᠢᠭᠤᠯᠤᠨ ᠰᠤᠷᠤᠯᠴᠠᠵᠦ᠍᠂ ᠨᠢᠭᠡ ᠴᠤᠬᠴᠠᠵᠢᠭᠤᠯᠤᠨ ᠣᠶ᠋ᠢᠯᠠᠭᠠᠵᠤ᠂ ᠨᠢᠭᠡ ᠴᠤᠬᠴᠠᠵᠢᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠢᠶᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠬᠤ ᠬᠡᠷᠡᠭᠲᠡᠢ᠃ ᠦᠨᠳᠦᠰᠦᠲᠡᠨ᠎ᠦ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠲᠠᠶ ᠨᠢᠭᠲᠠ ᠤᠶᠠᠯᠳᠤᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠵᠤ᠂ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠬᠤᠵᠤ᠂ ᠨᠠᠷᠢᠯᠢᠭ ᠬᠢᠬᠦ᠌ ᠬᠡᠷᠡᠭᠲᠡᠢ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭᠠᠳᠬᠠᠨ ᠪᠣᠳᠠᠲᠠᠶ᠋ᠢᠵᠢᠭᠤᠯᠵᠤ᠂ ᠪᠠᠶ᠋ᠢᠭᠤᠯᠭ᠎ᠠ᠎ᠶᠢᠨ ᠤᠯᠤᠰ ᠲᠦᠷᠦ᠎ᠶᠢᠨ ᠠᠮᠢ ᠠᠬᠤᠢ᠎ᠶᠢ ᠦᠷᠭᠦᠯᠵᠢᠯᠡᠨ ᠴᠡᠪᠡᠷᠰᠢᠭᠦᠯᠵᠦ᠍᠂ ᠰᠤᠷᠲᠠᠯ ᠴᠢᠬᠡᠴᠢ ᠣᠪᠣᠷ ᠲᠥᠪ ᠪᠦᠬᠦᠢ ᠠᠵᠢᠯ ᠬᠢᠵᠦ᠍ ᠦᠢᠯᠡᠰ ᠪᠤᠰᠬᠠᠬᠤ ᠣᠷᠴᠢᠨ ᠨᠦᠭᠦᠴᠡᠯ᠎ᠢᠶᠠᠷ ᠦᠨᠳᠦᠰᠦᠲᠡᠨ᠎ᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠬᠠᠮᠠᠭᠠᠯᠠᠬᠤ ᠬᠡᠷᠡᠭᠲᠡᠢ᠃ 《ᠳᠥᠷᠪᠡᠨ ᠣᠨᠴᠠᠭᠠᠢ》 ᠵᠢᠨ ᠱᠠᠭᠠᠷᠳᠠᠯᠭ᠎ᠠ᠎ᠶᠢ ᠺᠠᠳ᠋ᠷ᠎ᠢ ᠰᠣᠩᠭᠣᠨ ᠬᠥᠮᠦᠵᠢᠭᠦᠯᠵᠦ᠍ ᠬᠠᠮᠢᠶᠠᠷᠤᠨ ᠬᠡᠷᠡᠭᠯᠡᠬᠦ᠌ ᠪᠥᠬᠥ᠌ ᠶᠠᠪᠤᠴᠠ᠎ᠳᠤ ᠲᠤᠭᠤᠰᠢᠯᠠᠭᠤᠯᠵᠤ᠂ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠌᠎ᠶᠢ ᠠᠬᠢᠭᠤᠯᠵᠤ᠂ ᠬᠥᠮᠦᠨ ᠬᠡᠷᠡᠭᠯᠡᠬᠦ᠌ ᠵᠥᠪ ᠤᠳᠤᠷᠢᠳᠤᠮᠵᠢ᠎ᠪᠠᠷ ᠠᠵᠢᠯ ᠬᠢᠵᠦ᠍ ᠦᠢᠯᠡᠰ ᠪᠤᠰᠬᠠᠬᠤ ᠤᠳᠤᠷᠢᠳᠤᠮᠵᠢ᠎ᠶᠢ ᠬᠥᠲᠥᠯᠥᠨ ᠳᠠᠭᠠᠭᠤᠯᠬᠤ ᠬᠡᠷᠡᠭᠲᠡᠶ ᠭᠡᠵᠦ᠍ ᠴᠢᠬᠤᠯᠠᠴᠢᠯᠠᠪᠠ᠃

11 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ᠂ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠤᠬᠠᠮᠰᠠᠷ᠎ᠡᠴᠡ᠎ᠪᠠᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠦᠬᠦᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠭᠦᠨᠵᠡᠭᠡᠢ ᠰᠤᠷᠤᠯᠴᠠᠵᠤ ᠨᠠᠷᠢᠨ ᠣᠢᠯᠠᠭᠠᠨ ᠪᠠᠲᠤᠲᠠᠢ ᠦᠢᠯᠡᠳᠦᠯᠭᠡᠵᠢᠭᠦᠯᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭᠠᠨ᠎ᠤ ᠮᠥᠨ ᠴᠢᠨᠠᠷ᠎ᠢ ᠣᠨᠣᠪᠴᠢᠲᠠᠢ ᠡᠵᠡᠮᠳᠡᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠶᠠᠰᠤ ᠴᠢᠨᠠᠷ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠠᠮᠴᠢ ᠴᠢᠨᠠᠷ᠎ᠤᠨ ᠪᠣᠯᠪᠠᠰᠤᠷᠠᠯ᠎ᠢ ᠪᠣᠳᠠᠲᠠᠢᠵᠢᠭᠤᠯᠤᠨ ᠠᠳᠬᠤᠵᠤ᠂ ᠺᠠᠳ᠋ᠷ᠎ᠤᠨ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠵᠦ᠂ ᠳᠦᠷᠢᠮ᠎ᠦᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠴᠢᠩᠭᠠᠳᠬᠠᠵᠤ᠂ ᠡᠷᠬᠡ᠎ᠶᠢᠨ ᠠᠵᠢᠯᠯᠠᠭᠠᠨ᠎ᠢ ᠵᠢᠷᠤᠮᠵᠢᠭᠤᠯᠬᠤ ᠬᠡᠷᠡᠭᠲᠡᠢ᠃ ᠰᠤᠷᠤᠯᠴᠠᠯᠭ᠎ᠠ ᠤᠬᠠᠭᠤᠯᠭ᠎ᠠ᠎ᠶᠢ ᠴᠢᠩᠭᠠᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠳᠠᠢ᠍ᠢᠴᠢᠯᠠᠨ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ᠂ ᠴᠠᠭ ᠲᠤᠬᠠᠢ ᠳ᠋ᠤᠨᠢ ᠳᠠᠭᠠᠨ ᠰᠤᠷᠤᠯᠴᠠᠬᠤ᠂ ᠨᠡᠪᠲᠡᠷᠡᠲᠡᠯ᠎ᠡ ᠤᠢᠯᠠᠭᠠᠨ ᠰᠤᠷᠤᠯᠴᠠᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠢ᠍ᠢᠳᠡ ᠳ᠋ᠦ᠍ᠨᠢ ᠬᠠᠷᠠᠭᠠᠯᠵᠠᠬᠤ᠎ᠶᠢ ᠴᠢᠬᠤᠯᠠᠴᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠰᠠᠭᠤᠷᠢᠯᠠᠵᠤ᠂ ᠤᠯᠠᠨ ᠲᠦᠮᠡᠨ᠎ᠦ ᠳᠡᠷᠭᠡᠳᠡᠬᠢ ᠠᠮᠢ ᠠᠬᠤᠢ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠭᠰᠠᠨ ᠦᠷ᠎ᠡ ᠪᠦᠲᠦᠭᠡᠯ᠎ᠢ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠪᠠᠲᠤ ᠴᠢᠩᠭ᠎ᠠ ᠪᠠᠲᠤᠯᠠᠭ᠎ᠠ ᠪᠣᠯᠭᠠᠨ ᠤᠯᠠᠷᠢᠭᠤᠯᠬᠤ᠎ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃

11 ᠰᠠᠷ᠎ᠠ᠎ᠶᠢᠨ 2 ᠎ᠤ᠋ᠨ ᠡᠳᠦᠷ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠬᠢᠨ ᠠᠢᠮᠠᠭ᠎ᠤᠨ ᠨᠠᠮ᠎ᠤᠨ ᠬᠤᠷᠢᠶ᠎ᠠ ᠵᠢᠨ ᠭᠡᠰᠢᠭᠦᠨ (ᠥᠷᠭᠡᠳᠬᠡᠭᠰᠡᠨ)᠎ᠤ᠋ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠠᠢ᠃ ᠬᠤᠷᠠᠯ᠎ᠡᠴᠡ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭᠡᠳᠬᠡᠵᠦ᠂ ᠪᠣᠳᠠᠲᠠᠢ᠎ᠲᠠᠢ ᠤᠶᠠᠯᠳᠤᠭᠤᠯᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠣᠳᠠᠲᠠᠢ ᠠᠷᠭ᠎ᠠ ᠬᠡᠮᠵᠢᠶ᠎ᠡ᠎ᠶᠢ ᠰᠢᠰᠲᠧᠮ᠎ᠲᠠᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠤᠳᠤᠷᠢᠳᠬᠤ ᠪᠠᠭ ᠪᠣᠯᠣᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠲᠥᠪ᠎ᠦᠨ ᠨᠠᠢ᠍ᠮᠠᠨ ᠲᠣᠭᠲᠠᠭᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠢᠯᠵᠢᠷᠡᠬᠦ᠎ᠡᠴᠡ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ᠎ᠶᠢ ᠰᠢᠪᠲᠤᠯᠬᠤ ᠬᠡᠷᠡᠭᠲᠡᠢ᠃ 《ᠨᠢᠭᠡ ᠠᠵᠢᠯ᠎ᠤᠨ ᠪᠠᠢᠷᠢ᠎ᠳᠤ ᠬᠤᠤᠰ ᠬᠠᠷᠢᠭᠤᠴᠠᠯᠭ᠎ᠠ᠎ᠡᠭᠦᠷᠭᠡᠯᠡᠬᠦ》᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠦᠨᠡᠨ ᠬᠦ᠌ ᠬᠠᠮᠢᠶᠠᠷᠴᠤ ᠦᠨᠡᠨ ᠬᠦ᠌ ᠴᠢᠨᠭᠳᠠᠯᠠᠵᠦ᠂ ᠵᠤᠷᠢᠭᠳᠠᠢ ᠬᠠᠮᠢᠶᠠᠷᠴᠤ ᠵᠤᠷᠢᠭᠳᠠᠢ ᠴᠢᠨᠭᠳᠠᠯᠠᠵᠦ᠂ ᠤᠷᠳᠤ ᠬᠤᠭᠤᠴᠠᠭ᠎ᠠ ᠪᠡᠷ ᠬᠠᠮᠢᠶᠠᠷᠴᠤ ᠤᠷᠳᠤ ᠬᠤᠭᠤᠴᠠᠭ᠎ᠠ ᠪᠡᠷ ᠴᠢᠨᠭᠳᠠᠯᠠᠬᠤ ᠵᠢ ᠪᠡᠶᠡᠯᠡᠬᠦᠯᠬᠦ ᠬᠡᠷᠡᠭᠲᠡᠢ᠃ ᠬᠢᠨᠠᠯᠲᠠ ᠪᠠᠢᠴᠠᠭᠠᠯᠲᠠ᠎ᠪᠠᠨ ᠴᠢᠩᠭᠠᠳᠬᠠᠵᠤ᠂ ᠨᠡᠢᠲᠡᠯᠢᠭ ᠬᠡᠷᠡᠭ᠎ᠦᠨ ᠰᠡᠷᠡᠮᠵᠢᠯᠡᠭᠦᠯᠬᠦ ᠬᠥᠮᠦᠵᠢᠯ᠎ᠦᠨ ᠦᠢᠯᠡᠳᠦᠯ᠎ᠢ ᠪᠠᠳᠠᠷᠠᠭᠤᠯᠵᠤ᠂ ᠴᠢᠩᠭ᠎ᠠ ᠤᠳᠤᠷᠢᠳᠤᠮᠵᠢ᠎ᠶᠢ ᠢᠮᠠᠭᠲᠠ ᠬᠡᠯᠪᠡᠢᠯᠭᠡᠬᠦ ᠦᠭᠡᠢ᠂ ᠡᠷᠴᠢᠮ᠎ᠢᠶᠡᠨ ᠢᠮᠠᠭᠲᠠ ᠰᠤᠯᠠᠷᠠᠭᠤᠯᠬᠤ ᠦᠭᠡᠢ᠂ ᠪᠠᠷᠢᠮᠵᠢᠶ᠎ᠠ᠎ᠶᠢ ᠢᠮᠠᠭᠲᠠ ᠪᠠᠭᠤᠷᠠᠭᠤᠯᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠎ᠶᠢ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠠᠵᠢᠯ᠎ᠲᠠᠢ ᠵᠡᠷᠭᠡ᠎ᠪᠡᠷ ᠲᠥᠯᠥᠪᠵᠢᠭᠦᠯᠵᠦ᠂ ᠵᠡᠷᠭᠡ᠎ᠪᠡᠷ ᠪᠠᠢᠷᠢᠯᠠᠭᠤᠯᠵᠤ᠂ ᠵᠡᠷᠭᠡ᠎ᠪᠡᠷ ᠠᠬᠢᠭᠤᠯᠵᠤ᠂ ᠠᠵᠤ ᠠᠬᠤᠢ᠎ᠶᠢᠨ ᠡᠷᠭᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ᠎ᠦᠨ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠪᠦᠬᠦ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面