2026-11-12 11:30:38
ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠶᠢᠰᠦᠨ ᠵᠢᠯ ᠶᠠᠪᠤᠭᠳᠠᠵᠤ᠂ ᠳᠤᠮᠳᠠᠳᠤ ᠤᠯᠤᠰ᠎ᠤᠨ ᠲᠤᠮᠤ ᠵᠠᠬ᠎ᠠ ᠳᠡᠯᠭᠡᠭᠦᠷ᠎ᠦᠨ ᠬᠦᠭᠵᠢᠶᠡᠨᠲᠦ ᠬᠡᠷᠡᠭᠯᠡᠭᠡᠨ᠎ᠦ ᠬᠦᠴᠦᠨ ᠨᠢᠳᠦᠨ᠎ᠳᠦ ᠦᠵᠡᠭᠳᠡᠵᠦ᠍ ᠭᠠᠷ᠎ᠲᠤ᠌ ᠪᠠᠷᠢᠭᠳᠠᠨ᠎ᠠ᠃
《ᠦᠵᠡᠭᠦᠯᠭᠡ᠎ᠶᠢᠨ ᠪᠠᠷᠠᠭ᠎ᠠ ᠨᠢ ᠲᠠᠸᠠᠷ ᠪᠣᠯᠵᠤ᠂ ᠲᠠᠸᠠᠷ ᠨᠢ ᠪᠤᠷᠤᠯᠠᠭᠤᠯᠭ᠎ᠠ ᠰᠠᠢᠳᠠᠢ ᠪᠤᠯᠤᠭᠰᠠᠨ》 ᠦᠯᠢᠭᠡᠷ ᠨᠢ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ ᠨᠢᠭᠡᠨᠲᠡ ᠰᠢᠨ᠎ᠡ ᠰᠡᠪᠡᠭᠦᠨ ᠶᠠᠪᠤᠳᠠᠯ ᠪᠢᠰᠢ ᠪᠣᠯᠵᠠᠢ᠃ ᠲᠦᠷᠦᠭᠦᠦ ᠬᠡᠳᠦᠨ ᠵᠢᠯ ᠰᠢᠨ᠎ᠡ ᠦᠢᠯᠡᠳᠬᠦᠨ᠎ᠢᠶᠡᠨ ᠠᠪᠴᠤ᠌ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ 《 ᠲᠤᠷᠰᠢᠵᠤ ᠦᠵᠡᠭᠰᠡᠨ》 ᠡᠴᠡ᠂ ᠡᠳᠦᠭᠡ ᠬᠠᠩᠭᠠᠯᠭ᠎ᠠ᠎ᠶᠢᠨ ᠬᠡᠯᠬᠢᠢ᠎ᠡ᠎ᠳᠦ ᠭᠦᠨ ᠠᠭᠤᠰᠤᠯᠴᠠᠵᠤ᠂ ᠠᠷᠭ᠎ᠠ ᠵᠠᠮ᠎ᠢ ᠥᠷᠭᠡᠨ᠎ᠢᠶᠡᠷ ᠨᠡᠪᠲᠡᠷᠡᠭᠦᠯᠵᠦ᠍᠂ ᠡᠵᠡᠩᠨᠡᠯᠲᠡ ᠪᠣᠷᠣᠯᠠᠭᠤᠯᠭ᠎ᠠ᠎ᠪᠠᠨ ᠬᠤᠪᠢᠷᠠᠭᠤᠯᠤᠭᠰᠠᠨ ᠬᠦᠷᠲᠡᠯ᠎ᠡ᠂ ᠪᠦᠬᠦ᠌ ᠪᠥᠮᠪᠥᠷᠴᠡᠭ᠎ᠦᠨ ᠦᠵᠡᠰᠬᠦᠯᠡᠩ᠎ᠦᠨ ᠬᠤᠳᠠᠯᠳᠤᠭᠠᠴᠢᠳ ᠭᠠᠳᠠᠭᠠᠳᠤ ᠣᠷᠣᠭᠤᠯᠤᠯᠲᠠ᠎ᠶᠢᠨ ᠭᠦᠢᠯᠭᠡᠭᠡ᠎ᠶᠢ ᠡᠵᠡᠮᠳᠡᠵᠦ᠍᠂ ᠳᠤᠮᠳᠠᠳᠤ ᠤᠯᠤᠰ᠎ᠤᠨ ᠬᠡᠷᠡᠭᠯᠡᠭᠡᠨ᠎ᠦ ᠰᠢᠨ᠎ᠡ ᠬᠠᠨᠳᠤᠰᠢ᠎ᠶᠢ ᠨᠡᠪᠲᠡᠷᠬᠡᠢ ᠣᠶ᠋ᠢᠯᠠᠭᠠᠬᠤ ᠪᠣᠯᠤᠭᠰᠠᠨ ᠪᠠᠶ᠋ᠢᠨ᠎ᠠ᠃ ᠡᠨᠡ ᠵᠢᠯ᠎ᠦᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ᠎ᠢ ᠠᠵᠢᠭᠯᠠᠪᠠᠯ᠂ ᠦᠵᠡᠰᠬᠦᠯᠡᠩ᠎ᠦᠨ ᠬᠤᠳᠠᠯᠳᠤᠭᠠᠴᠢᠳ᠎ᠤᠨ ᠬᠡᠳᠦᠨ《ᠪᠣᠯᠵᠣᠭᠰᠠᠨ ᠶᠤᠮ ᠰᠢᠭ᠋》 ᠰᠣᠩᠭᠣᠯᠲᠠ ᠨᠢ ᠶᠠᠭ ᠡᠶ᠋ᠢᠮᠦᠷᠬᠦᠦ ᠬᠤᠪᠢᠷᠠᠯᠲᠠ᠎ᠶᠢᠨ ᠠᠮᠢᠳᠤᠯᠢᠭ ᠵᠡᠭᠦᠯᠲᠡ ᠲᠠᠶ᠋ᠢᠯᠪᠤᠷᠢ ᠪᠣᠯᠤᠨ᠎ᠠ᠃
— ᠨᠠᠰᠤᠳᠠᠢᠴᠤᠳ ᠲᠦ᠍ ᠲᠤᠬᠢᠷᠠᠬᠤ ᠦᠢᠯᠡᠳᠭᠦᠨ᠎ᠤ ᠪᠤᠷᠤᠯᠠᠭᠤᠯᠭ᠎ᠠ ᠰᠠᠢᠳᠠᠢ ᠪᠠᠢᠨ᠎ᠠ᠃
ᠰᠠᠭᠤᠵᠤ ᠪᠠᠢᠭᠠᠳ ᠪᠡᠶ᠎ᠡ᠎ᠪᠡᠨ ᠤᠬᠢᠶᠠᠵᠤ ᠪᠣᠯᠤᠨ᠎ᠠ᠂ ᠪᠣᠰᠪᠠᠯ ᠲᠦᠰᠢᠬᠦ ᠲᠦᠰᠢᠯᠭᠡ ᠲᠠᠢ;ᠤᠰᠤᠨ᠎ᠤ ᠬᠡᠮᠵᠢᠶ᠎ᠡ ᠨᠢ ᠪᠠᠭᠠᠰᠤᠭᠠᠳ ᠲᠤᠭᠳᠠᠭᠠᠭᠰᠠᠨ ᠪᠠᠷᠢᠮᠵᠢᠶᠠᠳᠦ ᠬᠦᠷᠪᠡᠯ ᠰᠡᠷᠡᠮᠵᠢ᠎ᠶᠢᠨ ᠳᠣᠬᠢᠶ᠎ᠠ ᠳᠤᠤᠭᠠᠷᠤᠨ᠎ᠠ;ᠠᠶᠤᠯ ᠲᠦᠭᠰᠢᠭᠦᠷᠢ᠎ᠳᠦ ᠲᠤᠯᠭᠠᠷᠠᠪᠠᠯ ᠪᠠᠰᠠ ᠲᠤᠰᠠᠯᠠᠮᠵᠢ ᠭᠤᠶᠤᠵᠤ ᠪᠣᠯᠤᠨ᠎ᠠ ᠁
《ᠪᠤᠭᠤᠷᠤᠯᠴᠤᠳ᠎ᠤᠨ ᠠᠵᠤ ᠠᠬᠤᠢ》ᠬᠠᠯᠠᠮᠰᠢᠯ ᠪᠤᠯᠵᠤ᠂ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ᠂ ᠭᠠᠭᠴᠠ ᠬᠦ᠌ ᠫᠠᠢᠨᠰᠤᠨᠢᠺᠧ ᠬᠠᠯᠠᠮᠰᠢᠯ ᠪᠤᠯᠵᠤ ᠪᠠᠢᠬᠤ ᠪᠢᠰᠢ —ᠪᠦᠬᠦ᠌ ᠪᠥᠮᠪᠥᠷᠴᠡᠭ᠎ᠦᠨ ᠠᠨᠭᠬ᠎ᠠ ᠲᠡᠯᠭᠡᠨ ᠦᠵᠡᠭᠦᠯᠦᠭᠰᠡᠨ ᠨᠠᠰᠤᠳᠠᠢᠴᠤᠳ ᠲᠦ᠍ ᠳᠤᠬᠢᠷᠠᠬᠤ ᠴᠠᠬᠢᠯᠭᠠᠨ ᠱᠠᠳᠤ᠂ ᠠᠽᠢᠶ᠎ᠠ ᠲᠢᠪ᠎ᠦᠨ ᠠᠨᠭᠬ᠎ᠠ ᠲᠡᠯᠭᠡᠨ ᠦᠵᠡᠭᠦᠯᠦᠭᠰᠡᠨ ᠤᠶᠤᠨᠲᠤ᠌ ᠰᠣᠨᠣᠷ ᠲᠤᠳᠤᠳᠬᠠᠭᠤᠷ᠂ ᠭᠣᠣᠯᠳᠠᠭᠤ ᠭᠡᠷ᠎ᠲᠡᠬᠡᠨ ᠪᠣᠯᠪᠠᠰᠤᠷᠠᠵᠤ ᠪᠤᠯᠬᠤ ᠨᠠᠰᠤᠳᠠᠢᠴᠤᠳ ᠲᠦ᠍ ᠳᠤᠬᠢᠷᠠᠬᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠎ᠢ ᠳᠡᠯᠭᠡᠨ ᠦᠵᠡᠭᠦᠯᠪᠡ᠃ ᠦᠵᠡᠰᠬᠦᠯᠡᠩᠳᠦ ᠣᠷᠣᠯᠴᠠᠭᠰᠠᠨ ᠬᠡᠳᠦᠨ ᠠᠵᠤ ᠠᠬᠤᠶ᠋ᠢᠯᠠᠯ《ᠪᠤᠭᠤᠷᠤᠯᠴᠤᠳ᠎ᠤᠨ ᠠᠵᠤ ᠠᠬᠤᠢ》 ᠪᠤᠯ ᠳᠤᠮᠳᠠᠳᠤ ᠤᠯᠤᠰ᠎ᠲᠤ᠌ 《ᠯᠤᠲᠤ᠌ ᠶᠡᠬᠡ ᠲᠠᠯᠲᠠ ᠵᠠᠬ᠎ᠠ ᠳᠡᠯᠭᠡᠭᠦᠷ》 ᠪᠣᠯᠤᠨ᠎ᠠ᠂ ᠡᠷᠬᠡᠪᠰᠢ ᠡᠷᠲᠡᠬᠡᠨ ᠪᠠᠶ᠋ᠢᠷᠢᠯᠠᠭᠤᠯᠬᠤ ᠬᠡᠷᠡᠭᠲᠡᠢ ᠭᠡᠵᠦ ᠦᠵᠡᠵᠡᠭᠡᠨᠡ᠃
《ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠬᠡᠷᠡᠭᠴᠡᠭᠡ ᠶᠠᠪᠤᠬᠤ ᠲᠤᠲᠤᠮ ᠨᠠᠷᠢᠯᠢᠭ ᠣᠨᠣᠴᠠᠲᠠᠶ ᠪᠣᠯᠵᠣ᠂ ᠮᠠᠨ᠎ᠤ ᠳᠤᠮᠳᠠᠳᠤ ᠤᠯᠤᠰ᠎ᠲᠠᠬᠢ ᠦᠢᠯᠡᠳᠬᠦᠨ᠎ᠦ ᠱᠤᠭᠤᠮ ᠴᠤ᠌ ᠳᠠᠭᠠᠯᠳᠤᠨ ᠣᠷᠳᠣ ᠪᠣᠯᠵᠠᠶ》 ᠭᠡᠵᠦ᠍ ᠪᠠᠢ ᠡᠯ ᠪᠦᠯᠦᠭᠯᠡᠯ ᠵᠢᠴᠢ ᠡᠷᠡᠭᠦᠯ ᠮᠡᠨᠳᠦ᠎ᠶᠢᠨ ᠬᠡᠷᠡᠭᠯᠡᠭᠡᠨ᠎ᠦ ᠵᠦᠢᠯ᠎ᠦᠨ ᠠᠵᠢᠯ ᠦᠢᠯᠡᠰ᠎ᠦᠨ ᠶᠠᠮᠤᠨ᠎ᠤ ᠲᠠᠮᠵᠢᠭᠤᠯᠭ᠎ᠠ ᠵᠢᠨ ᠬᠠᠷᠢᠭᠤᠴᠠᠯᠭᠠᠲᠠᠨ ᠰᠦᠨ ᠵᠢᠩ ᠪᠥᠸᠧ ᠬᠡᠯᠡᠪᠡ᠃
— 《ᠤᠷᠮ᠎ᠠ ᠰᠡᠳᠭᠢᠯᠭᠡ᠎ᠶᠢᠨ ᠬᠡᠷᠡᠭᠯᠡᠭᠡ》 ᠶᠠᠭ ᠬᠦᠭᠵᠢᠶᠡᠨᠳᠠᠢ ᠪᠠᠢᠨ᠎ᠠ᠃
ᠣᠳᠣᠬᠠᠨ᠎ᠤ《ᠤᠷᠮᠠᠰᠡᠳᠭᠢᠯᠭᠡᠶᠢᠨ ᠬᠡᠷᠡᠭᠯᠡᠭᠡ》᠎ᠨᠢ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ ᠴᠦ᠍ ᠮᠠᠰᠢ ᠬᠦᠭᠵᠢᠶᠡᠨ ᠲᠠᠢ ᠪᠠᠢᠨ᠎ᠠ᠃
ᠥᠨᠥ᠍ ᠵᠢᠯ ᠯᠧ ᠭᠤᠤ ᠦᠵᠡᠭᠦᠯᠭᠡ᠎ᠶᠢᠨ ᠲᠠᠪᠴᠠᠩ᠎ᠤᠨ ᠪᠠᠢᠳᠠᠯ ᠢᠯᠡᠷᠬᠡᠶ ᠬᠤᠪᠢᠷᠠᠵᠠᠶ᠃ ᠣᠷᠣᠬᠤ ᠭᠠᠵᠠᠷ᠎ᠤᠨ 26400 ᠰᠠᠭᠤᠷᠢ ᠵᠡᠷᠭᠡᠯᠡᠬᠦ ᠮᠣᠳᠣ᠎ᠪᠠᠷ ᠦᠷᠦᠵᠦ ᠪᠦᠳᠦᠭᠡᠭᠰᠡᠨ《ᠴᠡᠴᠡᠭ᠎ᠦᠨ ᠳᠠᠪᠠᠯᠭᠠᠨ》 ᠤ᠋ ᠡᠮᠦᠨ᠎ᠡ ᠰᠡᠭᠦᠳᠡᠷ ᠲᠠᠲᠠᠵᠤ ᠲᠤᠷᠠᠰᠬᠠᠯ ᠦᠯᠡᠳᠡᠭᠡᠬᠦ ᠦᠵᠡᠭᠴᠢᠳ᠎ᠢᠶᠡᠷ ᠳᠦᠭᠦᠷᠴᠦ᠍᠂ ᠡᠨᠡ ᠵᠢᠯ ᠯᠧ ᠭᠤᠤ ᠠᠩᠬ᠎ᠠ ᠤᠳᠠᠭ᠎ᠠ ᠦᠵᠡᠭᠦᠯᠭᠡ᠎ᠶᠢᠨ ᠲᠠᠪᠴᠠᠩ᠎ᠳᠤ ᠣᠷᠣᠵᠤ ᠨᠠᠰᠤᠨ᠎ᠳᠤ ᠬᠦᠷᠦᠭᠰᠡᠨ ᠬᠡᠷᠡᠭᠯᠡᠭᠡᠨ᠎ᠦ ᠬᠥᠮᠦᠰ᠎ᠲᠦ᠍ ᠠᠩᠬᠠᠷᠤᠯ᠎ᠢᠶᠠᠨ ᠲᠥᠪᠯᠡᠷᠡᠭᠦᠯᠬᠦ᠌ ᠪᠣᠯᠤᠨ᠎ᠠ᠃《ᠪᠢᠳᠡ ᠥᠩᠭᠡᠷᠡᠭᠰᠡᠨ᠎ᠦ ᠪᠣᠷᠣᠯᠠᠭᠤᠯᠭ᠎ᠠ᠎ᠶᠢᠨ ᠲᠣᠭ᠎ᠠ ᠪᠠᠷᠢᠮᠲᠠ᠎ᠡᠴᠡ ᠠᠵᠢᠭᠯᠠᠵᠤ ᠦᠵᠡᠪᠡᠯ᠂ ᠣᠲᠣ ᠨᠠᠰᠤᠨ᠎ᠳᠤ ᠭᠦᠷᠦᠭᠰᠡᠳᠲᠦ᠍ ᠴᠦ᠍ ᠤᠯᠠᠮ᠎ᠡᠴᠡ ᠤᠯᠠᠮ ᠤᠷᠮ᠎ᠠ ᠰᠡᠳᠬᠢᠯᠭᠡ᠎ᠶᠢᠨ ᠦᠨ᠎ᠡ ᠥᠷᠲᠡᠭ ᠱᠠᠭᠠᠷᠳᠠᠭᠳᠠᠵᠤ ᠪᠠᠶ᠋ᠢᠨ᠎ᠠ᠂ ᠡᠨᠡ ᠨᠢ ᠨᠠᠰᠤ ᠵᠢᠯ᠎ᠳᠦ ᠬᠢᠵᠠᠭᠠᠷᠯᠠᠭᠳᠠᠬᠤ ᠦᠭᠡᠢ》 ᠭᠡᠵᠦ ᠦᠵᠡᠭᠦᠯᠭᠡ᠎ᠶᠢᠨ ᠲᠠᠯᠠᠪᠠᠢ᠎ᠶᠢᠨ ᠠᠵᠢᠯᠲᠠᠠ ᠬᠡᠯᠡᠪᠡ᠃
— ᠳᠡᠯᠡᠬᠡᠶ᠎ᠶᠢᠨ ᠲᠦᠷᠦᠯ ᠲᠡᠮᠳᠡᠭᠲᠦ《ᠳᠤᠮᠳᠠᠳᠤ ᠤᠯᠤᠰ᠎ᠢ ᠣᠶ᠋ᠢᠯᠠᠭᠠᠬᠤᠢ》ᠵᠢ ᠬᠥᠭᠡᠭᠡᠴᠡᠯᠳᠦᠵᠦ᠍ ᠪᠠᠢᠨ᠎ᠠ᠃
ᠶᠧᠦ ᠢ ᠺᠦ᠋ ᠵᠢᠨ ᠦᠵᠡᠭᠦᠯᠭᠡ᠎ᠶᠢᠨ ᠲᠠᠪᠴᠠᠩ᠎ᠳᠦ᠂ 12 ᠵᠠᠬ᠎ᠠ ᠲᠠᠨᠢᠯ ᠲᠠᠰᠤᠯ ᠪᠣᠯᠤᠭᠰᠠᠨ ᠪᠣᠯᠪᠠᠴᠤ᠌ ᠨᠠᠷᠢᠯᠢᠭ ᠵᠦᠢᠯᠡᠰ᠎ᠢ ᠳᠡᠰ ᠳᠡᠪᠰᠢᠭᠦᠯᠦᠭᠰᠡᠨ 《ᠬᠠᠭᠤᠴᠢᠨ ᠶᠠᠨᠭᠵᠤ ᠵᠢᠨ ᠪᠠᠷᠠᠭ᠎ᠠ》ᠵᠢ ᠲᠤᠰᠬᠠᠶ᠋ᠢᠯᠠᠨ ᠳᠡᠯᠭᠡᠨ᠎ᠡ — ᠰᠠᠯᠬᠢᠨ᠎ᠡᠴᠡ ᠰᠡᠷᠭᠡᠶ᠋ᠢᠯᠡᠬᠦ᠌ ᠪᠡᠭᠡᠯᠡᠢ᠎ᠶᠢᠨ ᠬᠤᠷᠤᠭᠤᠨ ᠦᠵᠦᠭᠦᠷ ᠳᠡᠭᠡᠷ᠎ᠡ ᠨᠢ ᠬᠦᠷᠦᠯᠴᠡᠭᠦᠷ ᠳᠡᠯᠭᠡᠴᠡ᠎ᠶᠢᠨ ᠮᠠᠲ᠋ᠧᠷᠢᠶᠠᠯ᠎ᠢ ᠨᠡᠮᠡᠵᠡᠢ ᠁ ᠥᠭᠡᠷᠡᠴᠢᠯᠡᠯᠲᠡ᠎ᠶᠢᠨ ᠠᠷᠤ᠎ᠳᠤ᠂ ᠪᠦᠷ ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠦᠯᠡᠳᠡᠭᠡᠭᠰᠡᠨ ᠦᠭᠡ ᠪᠤᠢ᠃
ᠺᠠ ᠯᠦᠸᠧ ᡂᠢ ᠦᠵᠡᠭᠦᠯᠭᠡ᠎ᠶᠢᠨ ᠲᠠᠪᠴᠠᠩ᠎ᠢ ᠱᠠᠩᠬᠠᠶ᠎ᠶᠢᠨ ᠱ᠌ᠢ ᠺᠦ᠋ ᠮᠧᠨᠤ ᠶᠠᠩᠵᠤ ᠲᠠᠢ ᠠᠳᠠᠯᠢ ᠪᠣᠯᠭᠠᠵᠤ᠂ ᠡᠨᠡ ᠵᠢᠯ᠎ᠦᠨ ᠭᠤᠤᠯ ᠪᠣᠯᠬᠤ ᠨᠠᠮᠤᠷ ᠡᠪᠦᠯ᠎ᠦᠨ ᠰᠢᠨ᠎ᠡ ᠵᠠᠭᠪᠤᠷ ᠨᠢ ᠱᠠᠩᠬᠠᠶ᠎ᠶᠢᠨ ᠳᠦᠷᠢ ᠲᠥᠷᠬᠦ᠌᠎ᠪᠡᠷ ᠵᠢᠷᠤᠭ ᠲᠥᠯᠥᠪᠯᠡᠭᠡ᠎ᠶᠢᠨ ᠣᠩᠭᠣᠳ ᠪᠣᠯᠭᠠᠪᠠ᠃
ᠦᠵᠡᠰᠬᠦᠯᠡᠩᠳᠦ ᠠᠩᠬ᠎ᠠ ᠣᠷᠣᠯᠴᠠᠭᠰᠠᠨ ᠠᠺᠽᠤ᠋ ᠨᠤᠪᠸᠯ ᠪᠦᠬᠦ᠌ ᠪᠥᠮᠪᠥᠷᠴᠡᠭ᠎ᠦᠨ ᠠᠩᠬᠠᠳᠠᠭᠴᠢ ᠤᠷᠭᠤᠮᠠᠯ᠎ᠤᠨ ᠰᠢᠷᠢ ᠠᠪᠴᠢᠷᠠᠵᠤ᠂ ᠨᠠᠷᠭᠢᠯ᠎ᠤᠨ ᠲᠤᠰᠤ᠂ ᠡᠷᠳᠡᠨᠢ ᠰᠢᠰᠢ ᠪᠡᠷ ᠲᠦᠭᠦᠬᠡᠢ ᠮᠠᠲ᠋ᠧᠷᠢᠶᠠᠯ ᠪᠣᠯᠭᠠᠵᠤ᠂ ᠠᠮᠢᠳᠤ ᠪᠣᠳᠠᠰ᠎ᠤᠨ ᠰᠠᠭᠤᠷᠢ ᠠᠭᠤᠯᠤᠭᠳᠠᠴᠠ 96%᠎ᠳᠤ ᠬᠦᠷᠴᠦ᠍᠂ ᠳᠤᠮᠳᠠᠳᠤ ᠤᠯᠤᠰ᠎ᠤᠨ ᠭᠡᠷ ᠪᠦᠯᠢ᠎ᠶᠢᠨ ᠣᠷᠴᠢᠨ ᠲᠣᠭᠣᠷᠢᠨ᠎ᠢ ᠬᠠᠮᠠᠭᠠᠯᠠᠬᠤ ᠭᠡᠷ ᠪᠦᠯᠢ᠎ᠶᠢᠨ ᠵᠠᠰᠠᠯ ᠴᠢᠮᠡᠭᠯᠡᠯ᠎ᠦᠨ ᠬᠡᠷᠡᠭᠴᠡᠭᠡ᠎ᠳᠦ ᠣᠶ᠋ᠢᠷᠠᠲᠤᠪᠠ᠃
— ᠳᠤᠮᠳᠠᠳᠤ ᠭᠠᠳᠠᠭᠠᠳᠤ᠎ᠶᠢᠨ ᠲᠦᠷᠦᠯ ᠲᠡᠮᠳᠡᠭᠲᠦ ᠬᠠᠮᠲᠤ ᠪᠠᠷ ᠡᠭᠦᠳᠴᠦ᠍ ᠬᠠᠮᠲᠤ ᠪᠠᠷ ᠠᠰᠢᠭ ᠬᠦᠷᠲᠡᠨ᠎ᠡ᠃
ᠬᠡᠷᠡᠭᠴᠡᠭᠡ᠎ᠶᠢ ᠤᠢᠯᠠᠭᠠᠭᠰᠠᠨ᠎ᠤ ᠳᠠᠷᠠᠭ᠎ᠠ ᠶᠠᠭᠠᠬᠢᠵᠤ ᠬᠢᠬᠦ᠌ ᠪᠤᠢ?ᠴᠥᠭᠡᠨ ᠪᠤᠰᠤ ᠦᠵᠡᠰᠭᠦᠯᠡᠩ᠎ᠤᠨ ᠬᠤᠳᠠᠯᠳᠤᠭᠠᠴᠢᠨ᠎ᠤ ᠬᠠᠷᠢᠭᠤᠯᠲᠠ ᠪᠣᠯ 《ᠳᠤᠮᠳᠠᠳᠤ ᠤᠯᠤᠰ᠎ᠲᠠᠶ ᠬᠠᠮᠲᠤ᠌ ᠦᠢᠯᠡᠳᠭᠦᠨ᠎ᠢᠶᠡᠨ ᠦᠢᠯᠡᠳᠦᠨ᠎ᠡ 》᠃
ᠤᠯᠠᠮ ᠨᠢᠭᠡ ᠠᠯᠬᠤᠮ ᠰᠠᠢᠵᠢᠷᠠᠭᠤᠯᠤᠭᠰᠠᠨ ᠨᠢ᠂ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ ᠦ᠋ᠨ ᠴᠤᠭᠯᠠᠭᠠᠨ ᠳᠡᠭᠡᠷ᠎ᠡ ᠬᠠᠮᠲᠤ᠌ ᠦᠢᠯᠡᠳᠭᠦᠨ ᠦᠢᠯᠡᠳᠴᠦ ᠴᠢᠳᠠᠬᠤ ᠬᠥᠮᠦᠨ᠎ᠢ ᠡᠷᠢᠵᠦ᠍ ᠣᠯᠪᠠ᠃ ᠡᠸᠤ ᠯᠠᠶ ᠶᠠ ᠳᠥᠷᠪᠡᠳᠦᠭᠡᠷ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ ᠳᠤᠮᠳᠠᠳᠤ ᠤᠯᠤᠰ᠎ᠤᠨ ᠠᠩᠬ᠎ᠠ ᠡᠭᠦᠳᠦᠨ ᠪᠠᠶ᠋ᠢᠭᠤᠯᠤᠭᠰᠠᠨ ᠺᠣᠮᠫᠠᠨᠢ᠎ᠲᠠᠶ ᠲᠠᠨᠢᠯᠴᠠᠵᠤ᠂ ᠬᠣᠶᠠᠷ ᠲᠠᠯ᠎ᠠ᠎ᠪᠠᠷ᠎ᠢᠶᠠᠨ ᠬᠠᠮᠲᠤᠷᠠᠨ ᠬᠢᠭᠰᠡᠨ ᠲᠣᠯᠣᠭᠠᠶ᠎ᠶᠢᠨ ᠠᠷᠠᠰᠤ᠎ᠶᠢ ᠰᠢᠯᠭᠠᠨ ᠪᠠᠶ᠋ᠢᠴᠠᠭᠠᠬᠤ ᠬᠡᠮᠵᠢᠭᠦᠷᠯᠢᠭ᠎ᠨᠢ ᠣᠲᠣ ᠨᠢᠭᠡᠨᠲᠡ ᠪᠥᠬᠥ᠌ ᠳᠡᠯᠡᠬᠡᠶ᠎ᠶᠢᠨ 9000 ᠦᠰᠦ ᠭᠣᠶᠣᠯᠠᠬᠤ ᠱᠠᠯᠤᠢ᠍ᠨᠳᠤ ᠨᠤᠲᠤᠭᠰᠢᠪᠠ;ᠪᠠᠢ ᠡᠯ ᠡᠭᠦᠨ᠎ᠡᠴᠡ ᠡᠮᠦᠨ᠎ᠡ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ ᠳᠤᠮᠳᠠᠳᠤ ᠤᠯᠤᠰ᠎ᠤᠨ ᠨᠤᠲᠤᠭ᠎ᠤᠨ ᠡᠳᠦᠷ ᠲᠤᠳᠤᠮ᠎ᠤᠨ ᠵᠠᠰᠠᠯ ᠴᠢᠮᠡᠭᠯᠡᠯ᠎ᠤᠨ ᠡᠳ᠋ ᠦᠢᠯᠡᠳᠬᠦ ᠠᠵᠤ ᠠᠬᠤᠶ᠋ᠢᠯᠠᠯ᠎ᠲᠠᠶ ᠬᠠᠮᠲᠤᠷᠠᠨ ᠠᠵᠢᠯᠯᠠᠵᠤ᠂ ᠵᠠᠯᠠᠭᠤᠴᠤᠳ ᠪᠠᠭᠠᠴᠤᠳ᠎ᠤᠨ ᠲᠣᠯᠣᠭᠠᠶ᠎ᠶᠢᠨ ᠠᠷᠠᠰᠤ ᠵᠢᠨ ᠰᠤᠪᠢᠯᠠᠯᠲᠠ᠂ ᠨᠢᠯᠬ᠎ᠠ ᠬᠡᠦᠬᠡᠳ᠎ᠦᠨ ᠠᠷᠠᠰᠤ ᠬᠠᠮᠠᠭᠠᠯᠠᠬᠤ ᠵᠡᠷᠭᠡ ᠠᠯᠢ ᠣᠯᠠᠨ ᠰᠢᠨ᠎ᠡ᠎ᠶᠢ ᠡᠭᠦᠳᠦᠭᠰᠡᠨ ᠦᠢᠯᠡᠳᠬᠦᠨ᠎ᠢ ᠰᠤᠳᠤᠯᠤᠨ ᠭᠠᠷᠭᠠᠵᠤ᠂ ᠬᠡᠰᠡᠭ ᠦᠢᠯᠡᠳᠬᠦᠨ᠎ᠨᠢ ᠪᠠᠰᠠ ᠪᠥᠬᠥ᠌ ᠳᠡᠯᠡᠬᠡᠶ᠎ᠶᠢᠨ ᠵᠠᠬ᠎ᠠ ᠳᠡᠯᠭᠡᠭᠦᠷ᠎ᠲᠦ ᠪᠤᠷᠤᠯᠠᠭᠤᠯᠤᠭᠳᠠᠵᠤ ᠪᠠᠶ᠋ᠢᠪᠠ᠃
ᠡᠭᠦᠨ᠎ᠡᠴᠡ ᠦᠵᠡᠪᠡᠯ᠂ ᠦᠵᠡᠰᠬᠦᠯᠡᠩ᠎ᠦᠨ ᠬᠤᠳᠠᠯᠳᠤᠭᠠᠴᠢᠳ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ 《ᠳᠤᠮᠳᠠᠳᠤ ᠤᠯᠤᠰ᠎ᠢ ᠣᠶ᠋ᠢᠯᠠᠭᠠᠬᠤᠢ》 ᠵᠢᠨ ᠬᠠᠮᠲᠤ᠌᠂ ᠪᠠᠰᠠ ᠪᠥᠬᠥ᠌ ᠪᠥᠮᠪᠥᠷᠴᠡᠭ᠎ᠦᠨ ᠬᠡᠷᠡᠭᠯᠡᠭᠡᠨ᠎ᠦ ᠬᠠᠨᠳᠤᠰᠢ᠎ᠶᠢᠨ ᠲᠠᠷᠠᠭᠠᠴᠢ᠎ᠶᠢᠨ ᠥᠷᠲᠡᠭᠡ᠎ᠶᠢ ᠤᠷᠢᠳ᠎ᠢᠶᠡᠷ ᠣᠯᠵᠤ ᠬᠠᠷᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃