2026-11-12 11:31:21
ᠤᠢ᠌ᠷ᠎ᠠ᠎ᠶᠢᠨ ᠵᠢᠯ᠎ᠳ᠋ᠤ᠂ ᠡᠭᠦᠰᠭᠡᠯ ᠵᠣᠬᠢᠶᠠᠮᠠᠯ ᠤᠶᠤᠨ ᠴᠢᠳᠠᠪᠤᠷᠢ᠎ᠪᠠᠷ ᠲᠥᠯᠥᠭᠡᠯᠡᠭᠦᠯᠦᠭᠰᠡᠨ ᠰᠢᠨ᠎ᠡ ᠨᠢᠭᠡ ᠡᠭᠡᠯᠵᠢ᠎ᠶᠢᠨ ᠮᠡᠷᠭᠡᠵᠢᠯ᠎ᠦᠨ ᠬᠤᠪᠢᠰᠬᠠᠯ ᠨᠢ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠪᠣᠳᠠᠲᠤ᠌ ᠦᠢᠯᠡᠳᠪᠦᠷᠢᠯᠡᠯ᠎ᠦᠨ ᠬᠦᠴᠦᠨ ᠪᠤᠯᠵᠤ ᠲᠦᠷᠭᠡᠨ ᠤᠯᠠᠷᠢᠵᠤ ᠪᠠᠶ᠋ᠢᠨ᠎ᠠ᠃ 11 ᠰᠠᠷ᠎ᠠ᠎ᠶᠢᠨ 5 ᠡᠴᠡ 9 ᠤ᠋ ᠡᠳᠦᠷ ᠪᠣᠯᠲᠠᠯ᠎ᠠ᠂ ᠳᠣᠯᠣᠳᠤᠭᠠᠷ ᠬᠤᠭᠤᠴᠠᠭᠠᠨ᠎ᠤ ᠳᠡᠯᠡᠬᠡᠶ᠎ᠶᠢᠨ ᠵᠠᠭᠤᠴᠢᠯᠠᠭᠤᠷ᠎ᠤᠨ ᠲᠦᠷᠦᠭᠦᠴᠦᠳ᠎ᠦᠨ ᠬᠤᠷᠠᠯ ᠳᠡᠭᠡᠷ᠎ᠡ᠂ ᠰᠢᠨᠬᠤᠸᠠ ᠬᠣᠷᠢᠶ᠎ᠠ ᠵᠢᠨ ᠤᠯᠤᠰ᠎ᠤᠨ ᠳᠡᠭᠡᠳᠦ ᠲᠠᠰ᠎ᠤᠨ ᠣᠶᠤᠨ᠎ᠤ ᠬᠥᠮᠥᠷᠭᠡ᠎ᠡᠴᠡ ᠪᠥᠬᠥ᠌ ᠪᠦᠮᠪᠦᠷᠴᠡᠭ ᠲᠤ᠌ 《〈ᠵᠣᠬᠢᠶᠠᠮᠠᠯ ᠣᠶᠤᠨ ᠴᠢᠳᠠᠪᠤᠷᠢ + ᠵᠠᠭᠤᠴᠢᠯᠠᠭᠤᠷ〉 ᠤ᠋ᠨ ᠪᠥᠬᠥ᠌ ᠪᠥᠮᠪᠥᠷᠴᠡᠭ᠎ᠦᠨ ᠬᠥᠭᠵᠢᠯᠲᠡ᠎ᠶᠢᠨ ᠣᠨ᠎ᠤ ᠬᠥᠬᠡ ᠭᠠᠳᠠᠷᠳᠤ ᠪᠢᠴᠢᠭ (2026)》 ᠢ᠋ ᠨᠡᠶ᠋ᠢᠲᠡᠯᠡᠵᠦ᠍᠂《ᠰᠢᠨ᠎ᠡ ᠦᠭᠡᠳᠡᠯᠡᠯᠳᠡ᠂ ᠰᠢᠨ᠎ᠡ ᠬᠤᠪᠢᠰᠤᠯᠲᠠ᠂ ᠰᠢᠨ᠎ᠡ ᠥᠷᠢᠰᠥᠯᠳᠦᠭᠡᠨ᠂ ᠰᠢᠨ᠎ᠡ ᠬᠦᠰᠡᠯ ᠡᠷᠡᠮᠡᠯᠵᠡᠯ》ᠭᠡᠬᠦ᠌ ᠳᠥᠷᠪᠡᠨ ᠵᠠᠩᠭᠢᠯᠠᠭ᠎ᠠ᠎ᠶᠢᠨ ᠦᠭᠡ᠎ᠶᠢ ᠨᠡᠶ᠋ᠢᠲᠡᠯᠡᠵᠦ᠍᠂ ᠮᠡᠳᠡᠭᠡ ᠵᠠᠩᠭᠢ᠎ᠶᠢᠨ ᠠᠮᠢ ᠠᠬᠤᠶ ᠪᠠ ᠲᠠᠮᠵᠢᠭᠤᠯᠭ᠎ᠠ ᠵᠢᠨ ᠡᠷᠬᠡ᠎ᠶᠢᠨ ᠪᠦᠲᠦᠴᠡ᠎ᠶᠢᠨ ᠪᠥᠬᠥ᠌ ᠪᠥᠮᠪᠥᠷᠴᠡᠭ᠎ᠦᠨ ᠵᠢᠷᠤᠭ ᠲᠥᠰᠦᠪ᠎ᠢ ᠵᠢᠷᠤᠭᠯᠠᠵᠤ᠂ ᠰᠣᠨᠢᠨ ᠮᠡᠳᠡᠭᠡᠨ᠎ᠦ ᠵᠠᠭᠤᠴᠢᠯᠠᠭᠤᠷ ᠬᠡᠷᠬᠢᠨ ᠬᠤᠪᠢᠰᠤᠯᠲᠠ᠎ᠶᠢᠨ ᠳᠤᠮᠳᠠ ᠳᠦᠷᠢ᠎ᠪᠡᠨ ᠬᠠᠷᠭᠤᠭᠤᠯᠬᠤ᠂ ᠳᠠᠯᠳᠠ ᠴᠢᠳᠠᠪᠤᠷᠢ᠎ᠪᠠᠨ ᠪᠠᠳᠠᠷᠠᠭᠤᠯᠬᠤ᠂ ᠥᠷᠢᠰᠥᠯᠳᠦᠭᠡᠨ᠎ᠢ ᠠᠷᠭᠠᠴᠠᠭᠠᠬᠤ᠂ ᠦᠨ᠎ᠡ ᠥᠷᠲᠡᠭ᠎ᠢ ᠳᠣᠪᠣᠶ᠋ᠢᠯᠭᠠᠬᠤ ᠲᠤᠬᠠᠶ ᠲᠣᠳᠣᠷᠬᠠᠶ᠋ᠢᠯᠠᠨ ᠥᠭᠦᠯᠡᠪᠡ᠃
ᠬᠤᠷᠠᠯ᠎ᠳᠤ ᠣᠷᠣᠯᠴᠠᠭᠰᠠᠨ ᠬᠦᠨᠳᠦᠲᠦ᠍ ᠵᠣᠴᠢᠳ᠎ᠤᠨ ᠦᠵᠡᠬᠦ᠌᠎ᠪᠡᠷ᠂ ᠬᠦᠬᠡ ᠭᠠᠳᠠᠷᠳᠤ ᠪᠢᠴᠢᠭ ᠨᠢ ᠶᠣᠰᠣ ᠵᠦᠢ ᠪᠠ ᠦᠢᠯᠡᠳᠦᠯᠭᠡ ᠭᠡᠬᠦ᠌ ᠬᠣᠶᠠᠷ ᠳᠠᠪᠬᠤᠷᠭ᠎ᠠ᠎ᠡᠴᠡ ᠲᠦᠷᠦᠭᠦᠴᠦᠳ᠎ᠦᠨ ᠬᠤᠷᠠᠯ᠎ᠤᠨ 《ᠤᠶᠤᠨᠲᠤ᠌ ᠬᠤᠪᠢᠰᠤᠯᠲᠠ ᠳᠤᠮᠳᠠᠬᠢ ᠵᠠᠭᠤᠴᠢᠯᠠᠭᠤᠷ᠎ᠤᠨ ᠡᠭᠦᠷᠭᠡ ᠬᠠᠷᠢᠭᠤᠴᠠᠯᠭ᠎ᠠ ᠪᠠ ᠬᠠᠮᠲᠤᠷᠠᠯᠴᠠᠭᠠᠨ᠎ᠤ ᠠᠵᠢᠯᠯᠠᠭ᠎ᠠ》ᠭᠡᠬᠦ᠌ ᠭᠣᠣᠯ ᠰᠡᠳᠦᠪ᠎ᠢ ᠴᠤᠤᠷᠢᠶᠠᠲᠤᠨ ᠲᠠᠭᠠᠵᠤ᠂ ᠪᠦᠬᠦ᠌ ᠪᠥᠮᠪᠥᠷᠴᠡᠭ᠎ᠦᠨ ᠵᠠᠭᠤᠴᠢᠯᠠᠭᠤᠷ᠎ᠤᠨ ᠬᠤᠪᠢᠰᠤᠯᠲᠠ ᠳᠤᠮᠳᠠ ᠬᠠᠮᠲᠤ᠎ᠶᠢᠨ ᠲᠠᠨᠢᠯᠲᠠ᠎ᠪᠠᠨ ᠨᠢᠭᠲᠠᠷᠠᠭᠤᠯᠬᠤ᠂ ᠬᠠᠮᠵᠢᠯᠴᠠᠨ ᠠᠵᠢᠯᠯᠠᠬᠤ᠎ᠳᠤ ᠤᠶᠤᠨ᠎ᠤ ᠲᠤᠯᠭᠠᠭᠤᠷᠢᠯᠠᠯ ᠬᠠᠩᠭᠠᠪᠠ᠃
ᠠᠮᠢ ᠠᠬᠤᠶ᠎ᠶᠢᠨ ᠬᠤᠪᠢᠷᠠᠯᠲᠠ᠄ ᠣᠶᠤᠨᠳᠤ ᠮᠡᠷᠭᠡᠵᠢᠯ ᠨᠢ ᠮᠡᠳᠡᠭᠡ ᠵᠠᠩᠭᠢ ᠳᠠᠮᠵᠢᠭᠤᠯᠬᠤ ᠪᠠᠶ᠋ᠢᠷᠢᠰᠢᠯ᠎ᠢ ᠳᠠᠬᠢᠨ ᠴᠣᠭᠴᠠᠯᠠᠨ᠎ᠠ
ᠬᠦᠬᠡ ᠭᠠᠳᠠᠷᠳᠤ ᠪᠢᠴᠢᠭᠲᠦ᠍᠂ ᠲᠦᠮᠡᠨ ᠪᠣᠳᠠᠰ᠎ᠤᠨ ᠤᠶᠤᠨᠳᠤ ᠬᠣᠯᠪᠣᠭ᠎ᠠ᠂ ᠬᠥᠮᠦᠨ ᠮᠠᠰᠢᠨ ᠬᠠᠮᠵᠢᠯᠴᠠᠭᠰᠠᠨ᠂ ᠠᠵᠢᠯ ᠲᠦᠷᠦᠯ ᠠᠯᠤᠰᠯᠠᠨ ᠠᠭᠤᠰᠤᠯᠴᠠᠭᠰᠠᠨ᠂ ᠬᠠᠮᠲᠤ᠎ᠪᠠᠷ ᠡᠭᠦᠳᠴᠦ᠍ ᠬᠠᠮᠲᠤ᠎ᠪᠠᠷ ᠡᠳ᠋ᠯᠡᠬᠦ᠌ ᠤᠶᠤᠨᠲᠤ᠌ ᠮᠡᠷᠭᠡᠵᠢᠯ ᠨᠢ ᠯᠤᠲᠤ᠌ ᠶᠡᠬᠡ ᠡᠨᠧᠷᠭᠢ ᠪᠠᠳᠠᠷᠠᠭᠤᠯᠵᠤ᠂ ᠡᠨᠡ ᠬᠦ᠌ ᠡᠨᠧᠷᠭᠢ ᠨᠢ ᠪᠦᠬᠦ᠌ ᠪᠥᠮᠪᠥᠷᠴᠡᠭ᠎ᠦᠨ ᠮᠡᠳᠡᠭᠡ ᠵᠠᠩᠭᠢ᠎ᠶᠢᠨ ᠠᠮᠢ ᠠᠬᠤᠢ᠎ᠶᠢ ᠭᠦᠨᠵᠡᠭᠡᠢ ᠴᠤᠬᠴᠠᠯᠠᠵᠤ ᠪᠠᠶ᠋ᠢᠨ᠎ᠠ ᠭᠡᠵᠤ ᠵᠢᠭᠠᠵᠤ ᠭᠠᠷᠭᠠᠪᠠ᠃
ᠮᠠᠰᠢᠨ᠎ᠤ ᠭᠤᠤᠯ ᠴᠣᠭᠴᠠ᠎ᠶᠢᠨ ᠴᠢᠨᠠᠷᠲᠠᠶ ᠦᠰᠦᠷᠦᠯᠲᠡ ᠨᠢ ᠮᠡᠳᠡᠭᠡ ᠵᠠᠩᠭᠢ᠎ᠶᠢᠨ ᠦᠢᠯᠡᠳᠪᠦᠷᠢᠯᠡᠯ᠎ᠦᠨ ᠦᠨᠳᠦᠰᠦᠨ ᠪᠠᠶ᠋ᠢᠷᠢᠰᠢᠯ᠎ᠢ ᠵᠠᠰᠠᠪᠠ᠃ ᠬᠦᠭᠡ ᠭᠠᠳᠠᠷᠳᠤ ᠪᠢᠴᠢᠭ ᠨᠢ ᠰᠤᠳᠤᠯᠭᠠᠨ᠎ᠤ ᠪᠠᠶ᠋ᠢᠭᠤᠯᠤᠮᠵᠢ METR ᠵᠢᠨ ᠬᠡᠮᠵᠢᠨ ᠪᠤᠳᠤᠯᠳᠠ᠎ᠶᠢ ᠡᠰᠢᠯᠡᠵᠤ — ᠵᠣᠬᠢᠶᠠᠮᠠᠯ ᠤᠶᠤᠨ ᠴᠢᠳᠠᠪᠤᠷᠢ᠎ᠶᠢᠨ ᠪᠡᠶ᠎ᠡ᠎ᠪᠡᠨ ᠳᠠᠭᠠᠭᠠᠵᠤ ᠪᠡᠶᠡᠯᠡᠭᠦᠯᠬᠦ᠌ ᠡᠭᠦᠷᠭᠡ᠎ᠶᠢ 7 ᠰᠠᠷ᠎ᠠ ᠪᠦᠷᠢᠳᠦ ᠬᠣᠶᠠᠷ ᠲᠠᠬᠢᠨ᠎ᠢᠶᠠᠷ ᠪᠡᠶᠡᠯᠡᠭᠦᠯᠵᠦ᠍᠂ ᠮᠠᠰᠢᠨ ᠨᠢ ᠭᠠᠬᠴᠠ ᠲᠦᠷᠦᠯ᠎ᠦᠨ ᠵᠠᠷᠯᠢᠭ᠎ᠢ ᠬᠡᠷᠡᠭᠵᠢᠭᠦᠯᠬᠦ᠌ ᠪᠠᠭᠠᠵᠢ ᠪᠠᠶ᠋ᠢᠭᠰᠠᠨ᠎ᠡᠴᠡ᠎ᠪᠠᠨ ᠣᠶ᠋ᠢᠯᠠᠭᠠᠯᠲᠠ᠎ᠶᠢᠨ ᠵᠣᠷᠢᠯᠲᠠ᠂ ᠠᠷᠭ᠎ᠠ ᠵᠠᠮ᠎ᠢ ᠲᠥᠯᠥᠪᠵᠢᠭᠦᠯᠬᠦ᠌ ᠴᠢᠳᠠᠪᠤᠷᠢ᠎ᠶᠢ ᠪᠦᠷᠢᠯᠳᠦᠭᠦᠯᠦᠭᠰᠡᠨ ᠠᠵᠢᠯᠯᠠᠭᠠᠨ᠎ᠤ ᠭᠣᠣᠯ ᠴᠣᠭᠴᠠ ᠪᠤᠯᠵᠠᠢ᠃ ᠬᠥᠬᠡ ᠭᠠᠳᠠᠷᠳᠤ ᠪᠢᠴᠢᠭ᠎ᠦᠨ ᠦᠵᠡᠬᠦ᠌᠎ᠪᠡᠷ᠂ ᠣᠶᠤᠨᠳᠤ ᠳᠠᠮᠵᠢᠭᠤᠯᠭ᠎ᠠ᠎ᠶᠢᠨ ᠠᠮᠢ ᠠᠬᠤᠶ᠎ᠳᠤ᠂ ᠬᠥᠮᠦᠨ ᠨᠢ ᠮᠡᠳᠡᠭᠡ ᠵᠠᠩᠭᠢ᠎ᠶᠢᠨ ᠦᠢᠯᠡᠳᠪᠦᠷᠢᠯᠡᠯ ᠪᠠ ᠳᠠᠮᠵᠢᠭᠤᠯᠭ᠎ᠠ᠎ᠶᠢᠨ ᠴᠣᠷ᠎ᠤᠨ ᠭᠠᠭᠴᠠ ᠭᠤᠤᠯ ᠴᠣᠭᠴᠠ ᠪᠢᠰᠢ ᠪᠣᠯᠵᠣ᠂ ᠣᠯᠠᠨ ᠨᠡᠶ᠋ᠢᠲᠡ᠎ᠶᠢᠨ ᠮᠡᠳᠡᠭᠡ ᠵᠠᠩᠭᠢ᠎ᠶᠢᠨ ᠣᠷᠣᠨ ᠵᠠᠶ ᠨᠢ ᠬᠥᠮᠦᠨ ᠲᠥᠷᠥᠯᠬᠢᠲᠡᠨ᠎ᠢᠶᠡᠷ ᠤᠳᠤᠷᠢᠳᠤᠮᠵᠢ ᠪᠣᠯᠭᠠᠵᠤ ᠪᠠᠶ᠋ᠢᠭᠰᠠᠨ᠎ᠡᠴᠡ᠎ᠪᠠᠨ ᠬᠥᠮᠦᠨ ᠮᠠᠰᠢᠨ ᠬᠠᠮᠲᠤ᠎ᠪᠠᠷ ᠪᠠᠶ᠋ᠢᠭᠤᠯᠬᠤ ᠪᠣᠯᠵᠣ ᠬᠤᠪᠢᠷᠠᠪᠠ᠃
ᠤᠶᠤᠨᠲᠤ᠌ ᠮᠡᠷᠭᠡᠵᠢᠯ ᠨᠢ ᠦᠷ᠎ᠡ ᠪᠦᠲᠦᠮᠵᠢ ᠵᠢᠨ ᠳᠡᠭᠡᠭᠰᠢᠯᠡᠯᠳᠡᠲᠡᠳᠤᠢ ᠪᠢᠰᠢ᠂ ᠨᠡᠩ ᠴᠤ᠌ ᠲᠠᠮᠵᠢᠭᠤᠯᠭ᠎ᠠ ᠵᠢᠨ ᠡᠷᠬᠡ᠎ᠶᠢᠨ ᠪᠦᠲᠦᠴᠡ ᠵᠢᠨ ᠲᠠᠬᠢᠨ ᠬᠤᠪᠢᠶᠠᠷᠢᠯᠠᠯᠲᠠ ᠪᠤᠯᠤᠨ᠎ᠠ᠃ ᠥᠩᠭᠡᠷᠡᠭᠰᠡᠨ᠎ᠳᠦ᠂ ᠵᠠᠭᠤᠴᠢᠯᠠᠭᠤᠷ᠎ᠤᠨ ᠪᠠᠶ᠋ᠢᠭᠤᠯᠤᠮᠵᠢ᠎ᠨᠤᠭᠤᠳ ᠠᠭᠤᠯᠭ᠎ᠠ ᠦᠢᠯᠡᠳᠪᠤᠷᠢᠯᠡᠬᠦ ᠪᠠ ᠬᠤᠪᠢᠶᠠᠨ ᠲᠠᠷᠬᠠᠭᠠᠬᠤ ᠣᠷᠣᠬᠤ ᠡᠭᠦᠳᠡ᠎ᠶᠢ ᠡᠵᠡᠮᠰᠢᠵᠦ᠍ ᠪᠠᠶ᠋ᠢᠵᠠᠢ᠂ ᠡᠳᠤᠭᠡ᠂ ᠣᠶᠤᠨᠳᠤ ᠴᠣᠭᠴᠠ ᠨᠢ ᠮᠡᠳᠡᠭᠡ ᠵᠠᠩᠭᠢ ᠬᠠᠶ᠋ᠢᠬᠤ᠂ ᠰᠢᠭᠰᠢᠨ ᠰᠣᠩᠭᠣᠬᠤ᠂ ᠨᠡᠢᠳᠭᠡᠬᠦ ᠪᠠ ᠳᠠᠮᠵᠢᠭᠤᠯᠤᠨ ᠥᠭᠦᠯᠡᠬᠦ᠌ 《ᠰᠢᠨ᠎ᠡ ᠵᠠᠭᠤᠴᠢ》ᠪᠣᠯᠵᠣ᠂ ᠵᠠᠭᠤᠴᠢᠯᠠᠭᠤᠷ᠎ᠤᠨ ᠮᠡᠳᠡᠭᠡ ᠵᠠᠩᠭᠢ ᠳᠠᠮᠵᠢᠭᠤᠯᠬᠤ ᠶᠠᠪᠤᠴᠠ᠎ᠳᠠᠬᠢ ᠳᠦᠷᠢ ᠲᠥᠷᠬᠦ᠌ ᠪᠠ ᠪᠠᠶ᠋ᠢᠷᠢ ᠰᠠᠭᠤᠷᠢ᠎ᠶᠢ ᠭᠦᠨᠵᠡᠭᠡᠶ ᠬᠤᠪᠢᠷᠠᠭᠤᠯᠵᠤ ᠪᠠᠶ᠋ᠢᠨ᠎ᠠ᠃ ᠭᠸᠷᠮᠠᠨ᠎ᠤ 《ᠵᠠᠯᠠᠭᠤᠴᠤᠳ᠎ᠤᠨ ᠳᠡᠯᠡᠬᠡᠢ᠎ᠶᠢᠨ ᠰᠣᠨᠢᠨ》 ᠤ᠋ ᠶᠡᠷᠦᠩᠬᠡᠢ ᠨᠠᠶ᠋ᠢᠷᠠᠭᠤᠯᠤᠭᠴᠢ ᠨᠢᠺᠸ·ᠪᠦᠯᠤᠠᠸᠰ᠂ ᠰᠢᠨᠬᠤᠸᠠ ᠬᠣᠷᠢᠶ᠎ᠠ ᠵᠢᠨ ᠨᠠᠶ᠋ᠢᠷᠠᠭᠤᠯᠤᠨ ᠪᠢᠴᠢᠭᠰᠡᠨ ᠬᠦᠬᠡ ᠭᠠᠳᠠᠷᠳᠤ ᠪᠢᠴᠢᠭ ᠨᠢ ᠮᠠᠰᠢ ᠦᠨ᠎ᠡ ᠦᠷᠳᠡᠭ᠎ᠲᠡᠶ᠂ ᠬᠥᠭᠵᠢᠵᠦ᠍ ᠪᠠᠶ᠋ᠢᠭ᠎ᠠ ᠤᠯᠤᠰ᠎ᠤᠳ᠎ᠤᠨ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠵᠥᠷᠢᠶ᠎ᠡ᠎ᠶᠢ ᠬᠥᠭᠡᠭᠡᠴᠡᠯᠳᠦᠬᠦ᠌᠎ᠳᠦ ᠬᠦᠴᠦᠨ ᠨᠡᠮᠡᠷᠢᠯᠡᠵᠤ ᠪᠤᠯᠤᠨ᠎ᠠ ᠭᠡᠵᠤ ᠦᠵᠡᠪᠡ᠃
ᠮᠡᠳᠡᠭᠡ ᠵᠠᠩᠭᠢ᠎ᠶᠢᠨ ᠠᠮᠢ ᠠᠬᠤᠶ᠎ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠦᠢᠯᠡᠳᠪᠦᠷᠢᠯᠡᠯ᠎ᠦᠨ ᠠᠷᠭ᠎ᠠ ᠮᠠᠶᠢᠭ ᠪᠠ ᠥᠷᠲᠡᠭ᠎ᠦᠨ ᠪᠡᠶᠡᠯᠡᠯ ᠨᠢ ᠡᠨᠡ ᠬᠦ᠌ ᠬᠤᠪᠢᠰᠤᠯᠲᠠ᠎ᠶᠢᠨ ᠳᠤᠮᠳᠠ ᠳᠠᠬᠢᠨ ᠪᠦᠷᠢᠯᠳᠦᠬᠦ᠌ ᠪᠣᠯᠤᠨ᠎ᠠ᠃ ᠪᠷᠠᠽᠢᠯ᠎ᠤᠨ 《ᠬᠤᠳᠠᠯᠳᠤᠭᠠᠨ᠎ᠤ ᠠᠵᠢᠭᠯᠠᠯᠲᠠ ᠰᠣᠨᠢᠨ》᠎ᠤ᠋ ᠶᠡᠷᠦᠩᠬᠡᠢ ᠨᠠᠶ᠋ᠢᠷᠠᠭᠤᠯᠤᠭᠴᠢ ᠮᠠᠺᠸᠰ·ᠤᠤᠯᠢᠸᠢᠯᠠ ᠵᠢᠨ ᠬᠡᠯᠡᠭᠰᠡᠨᠴᠢᠯᠡᠨ᠂ 《ᠪᠦᠬᠦ᠌ ᠪᠥᠮᠪᠥᠷᠴᠡᠭ᠎ᠦᠨ ᠵᠠᠭᠤᠴᠢᠯᠠᠭᠤᠷ ᠶᠠᠭ ᠰᠢᠨ᠎ᠡ ᠨᠢᠭᠡ ᠡᠭᠡᠯᠵᠢ᠎ᠶᠢᠨ ᠰᠢᠰᠲ᠋ᠧᠮᠲᠦ᠍ ᠴᠢᠨᠠᠷᠲᠠᠢ ᠬᠤᠪᠢᠰᠤᠯᠲᠠ᠎ᠶᠢ ᠥᠩᠭᠡᠷᠡᠭᠡᠵᠦ᠍ ᠪᠠᠶ᠋ᠢᠨ᠎ᠠ》᠃ ᠬᠥᠬᠡ ᠭᠠᠲᠠᠷᠲᠤ᠌ ᠪᠢᠴᠢᠭᠲᠦ᠍᠂ ᠵᠠᠭᠤᠴᠢᠯᠠᠭᠤᠷ᠎ᠤᠨ ᠬᠢᠨ ᠠᠵᠤ ᠠᠬᠤᠶ᠋ᠢᠯᠠᠯ ᠪᠣᠯᠤᠨ ᠬᠤᠪᠢ ᠬᠥᠮᠦᠨ᠎ᠳᠦ ᠮᠡᠳᠡᠭᠡ ᠵᠠᠩᠭᠢ ᠬᠠᠩᠭᠠᠬᠤ᠎ᠡᠴᠡ ᠭᠠᠳᠠᠨ᠎ᠠ᠂ ᠣᠶᠤᠨᠳᠤ ᠴᠣᠭᠴᠠ᠎ᠳᠤ ᠵᠣᠷᠢᠭᠤᠯᠤᠭᠰᠠᠨ ᠠᠭᠤᠯᠭ᠎ᠠ ᠬᠠᠩᠭᠠᠵᠠᠶ᠃ ᠡᠭᠦᠨ᠎ᠡᠴᠡ ᠪᠣᠯᠵᠣ᠂ ᠠᠭᠤᠯᠭ᠎ᠠ᠎ᠶᠢᠨ ᠥᠷᠲᠡᠭ ᠨᠢ ᠤᠩᠰᠢᠯᠭ᠎ᠠ᠎ᠶᠢᠨ ᠬᠡᠮᠵᠢᠶ᠎ᠡ᠂ ᠦᠢᠯᠡᠳᠦᠯᠴᠡᠬᠦ᠌ ᠬᠡᠮᠵᠢᠶ᠎ᠡ᠂ ᠵᠣᠭᠰᠣᠬᠤ ᠴᠠᠭ᠎ᠤᠨ ᠣᠷᠳᠣ ᠵᠡᠷᠭᠡ ᠤᠯᠠᠮᠵᠢᠯᠠᠯᠲᠤ᠌ ᠭᠦᠢᠴᠡᠳᠬᠡᠯ ᠲᠣᠭ᠎ᠠ ᠳᠡᠭᠡᠷ᠎ᠡ ᠢᠯᠡᠷᠡᠬᠦ ᠪᠦᠭᠡᠳ ᠪᠠᠰᠠ ᠲᠣᠮᠣ ᠵᠠᠭᠪᠤᠷ ᠬᠢᠭᠡᠳ ᠤᠶᠤᠨᠲᠤ᠌ ᠴᠤᠬᠴᠠ᠎ᠳᠦ ᠰᠢᠯᠵᠢᠭᠦᠯᠦᠨ ᠬᠡᠷᠡᠭᠯᠡᠭᠳᠡᠬᠦ᠌᠂ ᠡᠰᠢᠯᠡᠭᠳᠡᠬᠦ᠌᠂ ᠪᠣᠳᠠᠲᠤ᠌ ᠬᠡᠷᠡᠭ᠎ᠦᠨ ᠦᠨᠳᠦᠰᠦᠯᠡᠯ ᠪᠣᠯᠭᠠᠨ ᠦᠨᠡᠮᠰᠢᠬᠦ᠌ ᠶᠠᠪᠤᠴᠠ᠎ᠳᠤ ᠢᠯᠡᠷᠡᠳᠡᠭ᠃ ᠲᠡᠳᠡᠭᠡᠷ ᠬᠢᠨᠠᠨ ᠬᠠᠷᠭᠤᠭᠤᠯᠬᠤ᠎ᠪᠠᠷ ᠳᠠᠮᠵᠢᠨ᠂ ᠢᠷᠡᠯᠲᠡ ᠨᠢ ᠲᠣᠳᠣᠷᠬᠠᠶ ᠠᠩᠬᠠᠨ᠎ᠤ ᠡᠭᠦᠳᠦᠯᠲᠡ᠎ᠶᠢᠨ ᠠᠭᠤᠯᠭ᠎ᠠ ᠨᠢ ᠡᠯ᠎ᠡ ᠲᠠᠯ᠎ᠠ᠎ᠶᠢᠨ ᠬᠢᠨ᠎ᠦ ᠪᠤᠯᠢᠶᠠᠯᠳᠤᠨ ᠣᠯᠬᠤ ᠬᠣᠪᠣᠷ ᠴᠤᠬᠠᠭ ᠡᠬᠢ ᠪᠠᠶᠠᠯᠢᠭ ᠪᠣᠯᠤᠨ᠎ᠠ ᠭᠡᠵᠤ ᠲᠤᠷᠠᠳᠪᠠ᠃
ᠦᠨᠡᠨ ᠪᠣᠳᠠᠲᠠᠶ ᠠᠰᠠᠭᠤᠯᠲᠠ᠄ ᠤᠶᠤᠨᠴᠢᠯᠠᠯᠲᠠ ᠵᠢᠨ ᠤᠷᠤᠰᠬᠠᠯ ᠨᠢ ᠵᠠᠭᠤᠴᠢᠯᠠᠭᠤᠷ᠎ᠤᠨ ᠥᠷᠲᠡᠭ᠎ᠤᠨ ᠪᠠᠷᠢᠮᠳᠠᠯᠠᠯ᠎ᠢ ᠰᠢᠯᠭᠠᠨ᠎ᠠ
ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠳᠡᠭᠡᠭᠰᠢᠯᠡᠯᠲᠡ᠎ᠨᠢ ᠬᠦᠨᠳᠦ ᠬᠡᠴᠡᠭᠦᠦ ᠥᠷᠢᠰᠥᠯᠳᠦᠭᠡᠨ᠎ᠢ ᠠᠪᠴᠢᠷᠠᠵᠠᠶ᠄ ᠦᠨᠡᠨ ᠬᠤᠳᠠᠯ᠎ᠤᠨ ᠵᠠᠭᠠᠭ ᠬᠢᠵᠠᠭᠠᠷ᠎ᠢ ᠬᠠᠭᠤᠷᠮᠠᠭ᠎ᠢᠶᠡᠷ ᠵᠣᠬᠢᠶᠠᠵᠤ᠂ ᠮᠠᠰᠢᠨ᠎ᠤ ᠬᠡᠶ ᠪᠣᠳᠣᠯ ᠨᠢ ᠦᠨᠡᠨ ᠪᠤᠳᠠᠳᠤ ᠪᠤᠰᠤ ᠮᠡᠳᠡᠭᠡ ᠵᠠᠨᠭᠭᠢ ᠵᠢ ᠲᠤᠮᠤᠷᠠᠭᠤᠯᠵᠤ᠂ ᠢᠲᠡᠭᠡᠮᠵᠢ᠎ᠶᠢᠨ ᠤᠯᠠᠭᠠᠨ ᠲᠣᠭ᠎ᠠ᠎ᠶᠢ ᠨᠡᠶ᠋ᠢᠭᠡᠮ ᠳᠠᠶᠠᠭᠠᠷ᠎ᠲᠤ᠌ ᠳᠡᠯᠭᠡᠷᠡᠭᠦᠯᠦᠨ᠎ᠠ᠃ ᠬᠥᠬᠡ ᠭᠠᠳᠠᠷᠳᠤ ᠪᠢᠴᠢᠭᠲᠦ᠍᠂ ᠮᠡᠳᠡᠭᠡ ᠵᠠᠩᠭᠢ᠎ᠶᠢ ᠬᠡᠷᠬᠢᠨ ᠦᠨᠡᠨ ᠪᠣᠳᠠᠲᠠᠶ᠂ ᠵᠦᠪ ᠣᠨᠣᠪᠴᠢᠲᠠᠶ᠂ ᠢᠯᠡ ᠲᠣᠳᠣ᠂ ᠲᠥᠪ ᠭᠤᠤᠯᠴᠢ᠎ᠪᠠᠷ ᠳᠠᠮᠵᠢᠭᠤᠯᠤᠨ ᠨᠡᠶ᠋ᠢᠭᠡᠮ᠎ᠳᠦ ᠲᠠᠨᠢᠨ ᠮᠡᠳᠡᠬᠦᠶ᠎ᠶᠢᠨ ᠠᠮᠤᠷ ᠲᠦᠪᠰᠢᠨ᠎ᠦ ᠬᠠᠰᠢᠯᠭ᠎ᠠ᠎ᠶᠢ ᠪᠠᠲᠤ᠌ ᠴᠣᠭᠴᠠᠯᠠᠬᠤ ᠪᠣᠯ ᠵᠠᠭᠤᠴᠢᠯᠠᠭᠤᠷ᠎ᠤᠨ ᠲᠤᠰᠬᠠᠶ ᠮᠡᠷᠭᠡᠵᠢᠯ᠎ᠦᠨ ᠴᠢᠳᠠᠪᠤᠷᠢ᠎ᠶᠢᠨ ᠭᠦᠨᠵᠡᠭᠡᠶ ᠰᠢᠯᠭᠠᠯᠲᠠ ᠪᠣᠯᠬᠤ᠎ᠪᠠᠷ ᠪᠠᠷᠠᠬᠤ ᠥᠬᠡᠶ ᠪᠠᠰᠠ ᠴᠤ᠌ ᠰᠣᠨᠢᠨ ᠮᠡᠳᠡᠭᠡᠨ᠎ᠦ ᠦᠨ᠎ᠡ ᠥᠷᠲᠡᠭ ᠪᠠ ᠰᠣᠨᠢᠨ ᠮᠡᠳᠡᠭᠡᠨ᠎ᠦ ᠶᠣᠰᠣ ᠰᠤᠷᠲᠠᠬᠤᠨ᠎ᠤ ᠶᠡᠬᠡ ᠰᠢᠯᠭᠠᠯᠲᠠ ᠮᠥᠨ ᠭᠡᠵᠦ ᠵᠢᠭᠠᠵᠤ ᠭᠠᠷᠭᠠᠪᠠ᠃
ᠬᠥᠬᠡ ᠭᠠᠳᠠᠷᠳᠤ ᠪᠢᠴᠢᠭᠲᠦ᠍ ᠦᠵᠡᠬᠦ᠌᠎ᠪᠡᠷ᠂ ᠦᠨᠡᠨ ᠪᠣᠳᠠᠲᠠᠶ ᠮᠡᠳᠡᠭᠡ ᠵᠠᠩᠭᠢ ᠪᠣᠯᠤᠨ ᠭᠦᠨᠵᠡᠭᠡᠢ ᠬᠠᠭᠤᠷᠮᠠᠭᠯᠠᠨ ᠵᠣᠬᠢᠶᠠᠬᠤ ᠶᠠᠪᠤᠳᠠᠯ ᠵᠡᠷᠭᠡ ᠪᠡᠷ ᠣᠷᠣᠰᠢᠵᠤ᠂ ᠬᠥᠮᠦᠨ ᠲᠥᠷᠥᠯᠬᠢᠲᠡᠨ᠎ᠦ ᠵᠣᠬᠢᠶᠠᠨ ᠪᠦᠲᠦᠭᠡᠯᠭᠡ ᠪᠣᠯᠤᠨ ᠮᠠᠰᠢᠨ᠎ᠤ ᠨᠡᠶ᠋ᠢᠯᠡᠯ ᠰᠣᠯᠪᠢᠴᠠᠭᠰᠠᠨ ᠮᠡᠳᠡᠭᠡ ᠵᠠᠩᠭᠢ᠎ᠶᠢᠨ ᠣᠷᠴᠢᠨ ᠨᠥᠬᠥᠴᠡᠯ ᠨᠢ ᠨᠡᠶ᠋ᠢᠭᠡᠮ᠎ᠦᠨ 《ᠪᠠᠷᠠᠯᠠᠭᠴᠢ》 ᠪᠠ ᠮᠡᠳᠡᠭᠡ ᠵᠠᠩᠭᠢ᠎ᠶᠢᠨ 《ᠪᠣᠭᠣᠮᠲᠠ ᠰᠠᠬᠢᠭᠴᠢ》 ᠪᠣᠯᠤᠭᠰᠠᠨ᠎ᠤ ᠬᠤᠪᠢ᠎ᠳᠤ᠂ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠦᠨ᠎ᠡ ᠥᠷᠲᠡᠭ ᠨᠢ ᠪᠠᠭᠤᠷᠠᠵᠤ ᠪᠠᠶ᠋ᠢᠭ᠎ᠠ ᠪᠢᠰᠢ ᠬᠠᠷᠢᠨ ᠨᠡᠩ ᠲᠣᠪᠣᠶ᠋ᠢᠮ᠎ᠠ ᠪᠣᠯᠵᠤ ᠪᠠᠶ᠋ᠢᠨ᠎ᠠ᠃ ᠵᠠᠭᠤᠴᠢᠯᠠᠭᠤᠷ᠎ᠤᠨ ᠳᠠᠮᠵᠢᠭᠤᠯᠭ᠎ᠠ᠎ᠶᠢᠨ ᠦᠢᠯᠡᠳᠦᠯᠭᠡ ᠳᠤᠮᠳᠠ ᠪᠠᠷᠢᠮᠲᠠᠯᠠᠭᠰᠠᠨ ᠦᠨᠡᠨ ᠪᠣᠳᠠᠲᠠᠢ ᠵᠠᠷᠴᠢᠮ᠂ ᠶᠣᠰᠣ ᠰᠤᠷᠲᠠᠬᠤᠨ᠎ᠤ ᠵᠢᠷᠤᠮᠵᠢᠯ᠂ ᠬᠠᠮᠲᠤ᠎ᠶᠢᠨ ᠦᠷᠳᠡᠭ ᠪᠣᠯ ᠴᠢᠪ ᠬᠡᠮᠡᠨ ᠤᠶᠤᠨᠴᠢᠯᠠᠯᠲᠠ᠎ᠶᠢ ᠰᠠᠢ᠌ᠨ ᠲᠡᠶ᠋ᠢᠰᠢ ᠠᠬᠢᠭᠤᠯᠬᠤ᠎ᠶᠢᠨ ᠴᠢᠬᠤᠯᠠ ᠬᠦᠴᠦᠨ ᠴᠢᠳᠠᠯ᠎ᠤᠨ ᠡᠬᠢ ᠪᠤᠯᠠᠭ ᠪᠣᠯᠤᠨ᠎ᠠ᠃
ᠡᠭᠦᠨ᠎ᠦ ᠲᠤᠬᠠᠶ ᠡᠺᠦ᠋ᠸᠠᠳᠤᠷᠤᠨ ᠣᠯᠠᠨ ᠨᠡᠶ᠋ᠢᠲᠡ᠎ᠶᠢᠨ ᠴᠢᠮᠡᠭᠡ ᠬᠣᠯᠪᠣᠭᠠᠨ᠎ᠤ ᠺᠣᠮᠫᠠᠨᠢ᠎ᠶᠢᠨ ᠶᠡᠷᠦᠩᠬᠡᠶ ᠳᠠᠭᠠᠭᠠᠮᠠᠯ ᠭᠸᠯᠠᠰ·ᠺᠧᠷᠳ᠋ᠧᠷᠤ᠋᠄《ᠰᠣᠨᠢᠨ ᠮᠡᠳᠡᠭᠡᠨ᠎ᠦ ᠦᠢᠯᠡᠳᠪᠦᠷᠢᠯᠡᠯ᠎ᠦᠨ ᠠᠶ᠋ᠢᠵᠠᠮ᠎ᠢ ᠲᠦᠷᠭᠡᠳᠬᠡᠬᠦ᠌ ᠪᠣᠯ ᠮᠠᠨ᠎ᠤ ᠬᠠᠷᠠᠯᠲᠠ ᠮᠥᠨ᠂ ᠭᠡᠪᠡᠴᠦ᠍ ᠮᠡᠷᠭᠡᠵᠢᠯ᠎ᠢᠶᠡᠷ ᠬᠥᠮᠦᠨ ᠬᠥᠮᠦᠨ᠎ᠦ ᠬᠣᠭᠣᠷᠣᠨᠳᠣᠬᠢ ᠦᠨᠡᠨ ᠪᠣᠳᠠᠲᠠᠶ ᠬᠣᠯᠪᠣᠭᠠᠰᠤ᠎ᠶᠢ ᠲᠠᠰᠤᠳᠠᠭᠤᠯᠵᠤ ᠶᠠᠭᠠᠬᠢᠭᠰᠠᠨ ᠴᠤ᠌ ᠪᠣᠯᠬᠤ ᠥᠬᠡᠶ》᠃《ᠬᠢᠨᠠᠨ ᠰᠢᠯᠭᠠᠯᠲᠠ᠎ᠶᠢ ᠥᠩᠭᠡᠷᠡᠭᠡᠭᠰᠡᠨ ᠦᠨᠡᠨ ᠪᠣᠳᠠᠲᠠᠶ ᠮᠡᠳᠡᠭᠡ ᠵᠠᠩᠭᠢ᠎ᠶᠢ ᠣᠯᠠᠨ ᠨᠡᠶ᠋ᠢᠲᠡ᠎ᠳᠦ ᠳᠠᠮᠵᠢᠭᠤᠯᠬᠤ ᠪᠣᠯ ᠵᠠᠭᠤᠴᠢᠯᠠᠭᠤᠷ᠎ᠤᠨ ᠵᠠᠶ᠋ᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠮᠥᠨ》 ᠭᠡᠵᠦ ᠢᠯᠡᠳᠭᠡᠪᠡ᠃ ᠡᠮᠦᠨᠡᠲᠦ᠍ ᠠᠹᠷᠢᠺᠠ᠎ᠶᠢᠨ ᠲᠤᠰᠠᠭᠠᠷ ᠵᠠᠭᠤᠴᠢᠯᠠᠭᠤᠷ᠎ᠤᠨ ᠪᠦᠯᠦᠭᠯᠡᠯ᠎ᠦᠨ ᠲᠡᠷᠢᠭᠦᠨ ᠭᠦᠢᠴᠡᠳᠬᠡᠭᠴᠢ ᠲᠤᠰᠢᠶᠠᠯᠲᠠᠨ ᠸᠢᠢᠢᠶᠠᠰᠸᠨ ᠰᠦᠧᠧᠪᠦᠢ᠍ᠯᠠᠮᠦᠢ᠍ᠨᠢ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠰᠠᠶ᠋ᠢᠲᠤᠷ ᠬᠡᠷᠡᠭᠯᠡᠬᠦ᠌᠎ᠶᠢᠨ ᠬᠠᠮᠲᠤ᠌᠂《ᠰᠣᠨᠢᠨ ᠮᠡᠳᠡᠭᠡᠨ᠎ᠦ ᠠᠵᠢᠯ᠎ᠤᠨ ᠱᠠᠭᠠᠷᠳᠠᠭᠰᠠᠨ ᠨᠠᠶ᠋ᠢᠷᠠᠭᠤᠯᠬᠤ ᠮᠠᠭᠠᠳᠯᠠᠬᠤ ᠴᠢᠳᠠᠪᠤᠷᠢ᠂ ᠰᠣᠶᠣᠯ᠎ᠤᠨ ᠣᠶ᠋ᠢᠯᠠᠭᠠᠬᠤ ᠴᠢᠳᠠᠪᠤᠷᠢ ᠪᠠ ᠠᠵᠢᠯ ᠮᠡᠷᠭᠡᠵᠢᠯ᠎ᠦᠨ ᠰᠠᠬᠢᠯᠭ᠎ᠠ ᠪᠠᠲᠤ᠎ᠶᠢ ᠰᠠᠬᠢᠨ ᠬᠠᠮᠠᠭᠠᠯᠠᠬᠤ ᠬᠡᠷᠡᠭᠲᠡᠶ》ᠭᠡᠵᠦ ᠰᠠᠨᠠᠭᠤᠯᠪᠠ᠃ ᠰᠸᠢᠰ ᠪᠣᠯᠤᠨ ᠯᠢᠺᠲ᠋ᠸᠨ᠋ᠱᠲ᠋ᠠᠢ᠌ᠨᠤ᠋ ᠭᠠᠳᠠᠭᠠᠳᠤ᠎ᠶᠢᠨ ᠰᠤᠷᠪᠤᠯᠵᠢᠯᠠᠭᠴᠢ᠎ᠶᠢᠨ ᠨᠡᠶ᠋ᠢᠭᠡᠮᠯᠢᠭ᠎ᠦᠨ ᠲᠡᠷᠢᠭᠦᠯᠡᠭᠴᠢ ᠷᠠᠩ· ᠮᠦᠴᠢ᠂ ᠵᠠᠭᠤᠴᠢᠯᠠᠭᠤᠷ ᠵᠥᠪᠬᠡᠨ 《ᠬᠡᠯᠡᠨ᠎ᠦ ᠮᠠᠲᠧᠷᠢᠶᠠᠯ ᠬᠠᠩᠭᠠᠭᠴᠢ》 ᠪᠤᠯᠵᠤ ᠪᠣᠯᠬᠤ ᠦᠭᠡᠢ᠂ ᠨᠡᠩ ᠴᠤ᠌ ᠣᠶᠤᠨᠳᠤ ᠳᠠᠮᠵᠢᠭᠤᠯᠭ᠎ᠠ᠎ᠶᠢᠨ ᠠᠮᠢ ᠠᠬᠤᠢ᠎ᠳᠤ ᠡᠷᠬᠡ ᠰᠦᠷᠲᠦ᠍ ᠴᠢᠨᠠᠷ ᠪᠣᠯᠤᠨ ᠢᠲᠡᠭᠡᠭᠦᠯᠬᠦ᠌ ᠬᠦᠴᠦᠨ᠎ᠢ ᠲᠠᠬᠢᠨ ᠰᠢᠨ᠎ᠡ᠎ᠪᠡᠷ ᠪᠤᠢ ᠪᠣᠯᠭᠠᠬᠤ ᠬᠡᠷᠡᠭᠲᠡᠢ ᠭᠡᠵᠦ᠍ ᠳᠤᠷᠠᠳᠪᠠ᠃
ᠵᠠᠰᠠᠯᠲᠠ ᠵᠢᠨ ᠬᠡᠷᠡᠭᠴᠡᠭᠡ᠄ ᠢᠲᠡᠭᠡᠮᠵᠢᠲᠡᠶ ᠲᠥᠪ ᠭᠤᠤᠯᠴᠢ ᠦᠭᠡᠳᠡᠷᠭᠡᠭ ᠵᠦᠪ ᠲᠠᠮᠵᠢᠭᠤᠯᠬᠤ ᠡᠮᠬᠢ ᠵᠢᠷᠤᠮ᠎ᠢ ᠬᠠᠮᠲᠤ᠎ᠪᠠᠷ ᠪᠠᠶ᠋ᠢᠭᠤᠯᠤᠨ᠎ᠠ
ᠬᠦᠭᠡ ᠭᠠᠳᠠᠷᠳᠤ ᠪᠢᠴᠢᠭ ᠲᠦ᠍ ᠦᠵᠡᠬᠦ᠌᠎ᠪᠡᠷ᠂ ᠤᠶᠤᠨᠴᠢᠯᠠᠬᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠳᠤᠮᠳᠠᠬᠢ ᠥᠷᠢᠰᠥᠯᠳᠦᠭᠡᠨ᠎ᠢ ᠠᠯᠢ ᠨᠢᠭᠡ ᠵᠠᠭᠤᠴᠢᠯᠠᠭᠤᠷ᠂ ᠠᠯᠢ ᠨᠢᠭᠡ ᠠᠵᠢᠯ ᠲᠦᠷᠦᠯ᠂ ᠠᠯᠢ ᠨᠢᠭᠡ ᠤᠯᠤᠰ ᠭᠠᠭᠴᠠᠭᠠᠷ᠎ᠢᠶᠠᠨ ᠠᠷᠭᠠᠴᠠᠭᠠᠵᠤ ᠳᠡᠶ᠋ᠢᠯᠬᠦ᠌ ᠦᠭᠡᠢ᠃
ᠬᠡᠷᠡᠭᠯᠡᠯᠲᠡ ᠵᠢᠨ ᠲᠦᠷᠢᠮ᠎ᠢ ᠬᠠᠮᠲᠤ᠎ᠪᠠᠷ ᠪᠠᠶ᠋ᠢᠭᠤᠯᠬᠤ ᠲᠠᠯ᠎ᠠ᠎ᠪᠠᠷ᠂ ᠡᠮᠦᠨᠡᠲᠦ᠍ ᠠᠹᠷᠢᠺᠠ᠎ᠶᠢᠨ ᠲᠤᠰᠠᠭᠠᠷ ᠵᠠᠭᠤᠴᠢᠯᠠᠭᠤᠷ᠎ᠤᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠢᠺᠸᠪᠠᠯ·ᠰᠸᠹᠧᠢ᠂ ᠡᠯ᠎ᠡ ᠤᠯᠤᠰ᠎ᠤᠨ ᠵᠠᠭᠤᠴᠢᠯᠠᠭᠤᠷ᠎ᠤᠨ ᠬᠢᠨ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ ᠵᠡᠷᠭᠡ ᠤᠯᠠᠨ ᠲᠠᠯ᠎ᠠ᠎ᠶᠢᠨ ᠬᠠᠮᠲᠤᠷᠠᠯᠴᠠᠭᠠᠨ᠎ᠤ ᠲᠣᠭᠲᠠᠴᠠ᠎ᠪᠠᠷ ᠲᠤᠯᠢ ᠪᠣᠯᠭᠠᠵᠤ᠂ ᠬᠠᠮᠲᠤ᠎ᠪᠠᠷ ᠵᠢᠷᠤᠮᠯᠠᠬᠤ ᠬᠡᠷᠡᠭᠯᠡᠯᠲᠠ ᠵᠢᠨ ᠪᠠᠷᠢᠮᠵᠢᠶ᠎ᠠ ᠪᠣᠯᠤᠨ ᠬᠠᠮᠲᠤ᠎ᠶᠢᠨ ᠦᠷᠳᠡᠭ᠎ᠢᠶᠡᠷ ᠰᠠᠭᠤᠷᠢ ᠪᠣᠯᠭᠠᠭᠰᠠᠨ ᠠᠵᠢᠯᠯᠠᠭ᠎ᠠ᠎ᠶᠢᠨ ᠵᠢᠷᠤᠮᠵᠢᠯ᠎ᠢ ᠪᠠᠶ᠋ᠢᠭᠤᠯᠬᠤ᠎ᠶᠢᠨ ᠬᠠᠮᠲᠤ᠌ ᠡᠳᠦᠷ ᠲᠤᠳᠤᠮ᠎ᠤᠨ ᠦᠢᠯᠡᠳᠦᠯᠭᠡ ᠳᠤᠮᠳᠠ᠎ᠪᠠᠨ ᠨᠠᠶ᠋ᠢᠳᠠᠪᠤᠷᠢᠵᠢᠭᠤᠯᠵᠤ ᠪᠣᠯᠤᠨ᠎ᠠ ᠭᠡᠵᠦ᠍ ᠦᠵᠡᠪᠡ᠃ ᠤᠶᠤᠨᠴᠢᠯᠠᠯᠲᠠ ᠵᠢᠨ ᠵᠠᠭᠠᠭ᠎ᠢ ᠪᠠᠭᠠᠰᠬᠠᠬᠤ ᠲᠠᠯ᠎ᠠ᠎ᠪᠠᠷ᠂ ᠺᠧᠷᠳ᠋ᠧᠷᠤ᠋ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ ᠨᠡᠩ ᠪᠣᠯᠪᠠᠰᠤᠷᠠᠩᠭᠤᠢ ᠪᠣᠯᠤᠭᠰᠠᠨ ᠤᠯᠤᠰ᠎ᠢ《ᠮᠡᠳᠡᠯᠭᠡ᠂ ᠪᠠᠭᠠᠵᠢ ᠪᠣᠯᠤᠨ ᠦᠢᠯᠡᠳᠦᠯᠭᠡ᠎ᠶᠢᠨ ᠲᠤᠷᠰᠢᠯᠭ᠎ᠠ᠎ᠶᠢ ᠬᠠᠮᠲᠤ᠎ᠪᠠᠷ ᠡᠳ᠋ᠯᠡᠬᠦ᠌ ᠬᠠᠮᠲᠤᠷᠠᠯᠴᠠᠭᠠᠨ᠎ᠤ ᠲᠣᠣᠷ᠎ᠢ ᠪᠠᠶ᠋ᠢᠭᠤᠯᠵᠤ》᠂ ᠮᠡᠷᠭᠡᠵᠢᠯ᠎ᠦᠨ ᠵᠠᠭᠠᠭ᠎ᠢ ᠠᠷᠢᠯᠭᠠᠬᠤ᠎ᠶᠢ ᠤᠷᠢᠶᠠᠯᠠᠪᠠ᠃ᠰᠦᠧᠧᠪᠦᠢ᠍ᠯᠠᠮᠦᠢ᠍ᠨᠢ᠂ ᠰᠢᠨ᠎ᠡ ᠨᠢᠭᠡ ᠦᠶ᠎ᠡ᠎ᠶᠢᠨ ᠵᠠᠭᠤᠴᠢᠯᠠᠭᠤᠷ᠎ᠤᠨ ᠤᠳᠤᠷᠢᠳᠤᠭᠴᠢ ᠡᠷᠬᠡᠪᠰᠢ ᠵᠣᠬᠢᠶᠠᠮᠠᠯ ᠤᠶᠤᠨ ᠴᠢᠳᠠᠪᠤᠷᠢ ᠨᠢ ᠨᠢᠭᠡᠨ ᠬᠥᠭᠥᠷᠭᠡ ᠪᠣᠯᠬᠤ᠎ᠡᠴᠡ ᠪᠢᠰᠢ ᠬᠠᠷᠢᠨ ᠪᠡᠬᠢᠯᠡᠯᠲᠡ ᠪᠢᠰᠢ ᠭᠡᠳᠡᠭ᠎ᠢ ᠪᠠᠲᠤᠯᠠᠵᠤ᠂ ᠪᠠᠭᠲᠠᠭᠠᠮᠵᠢ᠎ᠶᠢ ᠠᠬᠢᠭᠤᠯᠬᠤ᠎ᠡᠴᠡ ᠪᠢᠰᠢ ᠬᠠᠷᠢᠨ ᠭᠠᠳᠠᠨᠠᠬᠢ᠎ᠶᠢ ᠭᠠᠳᠠᠭᠤᠷᠴᠢᠯᠠᠬᠤ ᠬᠦᠴᠦᠨ ᠪᠢᠰᠢ᠂ ᠬᠠᠮᠲᠤ᠎ᠶᠢᠨ ᠲᠠᠪᠰᠢᠯᠳᠠ᠎ᠶᠢ ᠠᠬᠢᠭᠤᠯᠬᠤ᠎ᠡᠴᠡ ᠪᠢᠰᠢ ᠬᠠᠷᠢᠨ ᠡᠷᠬᠡ ᠲᠡᠭᠰᠢ ᠪᠤᠰᠤ᠎ᠶᠢ ᠲᠦᠷᠭᠡᠳᠬᠡᠬᠦ᠌ ᠪᠠᠭᠠᠵᠢ ᠪᠢᠰᠢ ᠭᠡᠵᠦ ᠲᠤᠷᠠᠳᠪᠠ᠃
ᠬᠤᠷᠠᠯ᠎ᠳᠤ ᠣᠷᠣᠯᠴᠠᠭᠰᠠᠨ ᠡᠷᠬᠢᠮ ᠵᠣᠴᠢᠳ᠂ ᠳᠠᠮᠵᠢᠭᠤᠯᠭ᠎ᠠ ᠵᠢᠨ ᠢᠷᠡᠭᠡᠳᠦᠶ᠎ᠶᠢ ᠵᠥᠪᠬᠡᠨ ᠮᠡᠷᠭᠡᠵᠢᠯ᠎ᠢᠶᠡᠷ ᠲᠣᠭᠲᠠᠭᠠᠬᠤ ᠪᠢᠰᠢ᠂ ᠬᠠᠷᠢᠨ ᠬᠡᠨ ᠮᠡᠷᠭᠡᠵᠢᠯ᠎ᠦᠨ ᠡᠵᠡᠮᠰᠢᠯ᠎ᠢ ᠡᠵᠡᠮᠳᠡᠬᠦ᠌ ᠵᠢᠴᠢ ᠮᠡᠷᠭᠡᠵᠢᠯ ᠨᠢ ᠶᠠᠮᠠᠷ ᠨᠡᠶ᠋ᠢᠭᠡᠮ᠎ᠦᠨ ᠬᠠᠷᠠᠯᠲᠠ᠎ᠳᠤ ᠦᠢᠯᠡᠴᠢᠯᠡᠬᠦ᠌᠎ᠪᠡᠷ ᠲᠣᠭᠳᠠᠭᠠᠭᠳᠠᠨ᠎ᠠ ᠭᠡᠵᠦ ᠰᠠᠨᠠᠯ ᠨᠢᠭᠡᠲᠡᠶ ᠦᠵᠡᠵᠡᠭᠡᠪᠡ᠃
ᠬᠦᠭᠡ ᠭᠠᠳᠠᠷᠳᠤ ᠪᠢᠴᠢᠭᠲᠦ᠍᠂ ᠪᠦᠬᠦ᠌ ᠪᠥᠮᠪᠥᠷᠴᠡᠭ᠎ᠦᠨ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠬᠢᠨ ᠬᠥᠭᠵᠢᠯᠲᠡ᠎ᠶᠢᠨ ᠢᠲᠡᠭᠡᠯ᠎ᠢᠶᠡᠨ ᠪᠠᠲᠤᠳᠬᠠᠵᠤ᠂ ᠲᠦᠷᠢ᠎ᠶᠢᠨ ᠪᠠᠶ᠋ᠢᠷᠢ ᠲᠣᠭᠲᠠᠭᠠᠯᠲᠠ᠎ᠪᠠᠨ ᠲᠣᠳᠣᠷᠬᠠᠶ᠋ᠢᠯᠠᠵᠤ᠂ ᠦᠷᠳᠡᠭ᠎ᠦᠨ ᠬᠠᠮᠲᠤ᠎ᠶᠢᠨ ᠲᠠᠨᠢᠯᠲᠠ᠎ᠪᠠᠨ ᠨᠢᠭᠲᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ᠍᠂ ᠮᠡᠷᠭᠡᠵᠢᠯ᠎ᠦᠨ ᠲᠦᠭᠡᠮᠡᠯ ᠬᠠᠷᠠᠭᠠᠯᠵᠠᠯ ᠳ᠋ᠦ《ᠬᠦᠴᠦᠨ ᠣᠯᠭᠣᠭᠴᠢ》᠂ ᠲᠣᠭᠠᠴᠢᠯᠠᠭᠰᠠᠨ ᠡᠰᠢ ᠶᠣᠰᠣᠨ᠎ᠤ《ᠬᠣᠰᠢᠭᠤᠴᠢ》᠂ ᠬᠡᠷᠡᠭᠯᠡᠯᠲᠠ ᠵᠢᠨ ᠲᠦᠷᠢᠮ᠎ᠦᠨ 《ᠬᠠᠮᠲᠤ ᠪᠠᠷ ᠪᠠᠶ᠋ᠢᠭᠤᠯᠤᠭᠴᠢ》᠂ ᠲᠣᠭᠠᠴᠢᠯᠠᠭᠰᠠᠨ ᠡᠷᠬᠡ ᠠᠰᠢᠭ᠎ᠤᠨ 《ᠰᠠᠬᠢᠨ ᠬᠠᠮᠠᠭᠠᠯᠠᠭᠴᠢ》᠂ ᠰᠣᠯᠢᠯᠴᠠᠭ᠎ᠠ ᠬᠢᠵᠦ᠍ ᠬᠠᠷᠢᠯᠴᠠᠨ ᠲᠤᠯᠢ ᠪᠣᠯᠭᠠᠬᠤ 《ᠬᠥᠭᠥᠷᠭᠡ ᠲᠠᠯᠪᠢᠭᠴᠢ》 ᠪᠤᠯᠵᠤ᠂ ᠢᠲᠡᠭᠡᠮᠵᠢᠲᠡᠢ᠂ ᠡᠷᠬᠡ ᠲᠡᠭᠰᠢ᠂ ᠦᠭᠡᠳᠡᠷᠭᠡᠭ ᠵᠦᠪ ᠮᠡᠳᠡᠭᠡ ᠵᠠᠩᠭᠢ᠎ᠶᠢ ᠳᠠᠮᠵᠢᠭᠤᠯᠬᠤ ᠰᠢᠨ᠎ᠡ ᠡᠮᠬᠢ ᠳᠢᠭᠯᠢᠮ᠎ᠢ ᠬᠠᠮᠲᠤ ᠪᠠᠷ ᠪᠠᠶ᠋ᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠪᠠᠷ ᠪᠦᠬᠦ᠌ ᠪᠥᠮᠪᠥᠷᠴᠡᠭ᠎ᠦᠨ ᠬᠥᠭᠵᠢᠯᠲᠡ᠎ᠳᠦ ᠨᠡᠩ ᠰᠠᠶ᠋ᠢᠲᠤᠷ ᠦᠢᠯᠡᠴᠢᠯᠡᠭᠦᠯᠵᠦ᠍᠂ ᠬᠥᠮᠦᠨ ᠲᠥᠷᠥᠯᠬᠢᠲᠡᠨ᠎ᠦ ᠠᠵᠠ ᠵᠢᠷᠭᠠᠯ᠎ᠢ ᠨᠡᠮᠡᠭᠳᠡᠭᠦᠯᠦᠶ᠎ᠡ ᠭᠡᠵᠦ᠍ ᠰᠠᠨᠠᠭᠠᠴᠢᠯᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃