ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-13 11:39:31

ᠵᠣᠬᠢᠶᠠᠭ᠍ᠴᠢ᠄ ᠬᠤᠤ ᠵᠢᠶᠠ ᠯᠢ ᠰᠥᠩ ᠵᠢᠶᠠ ᠭᠸᠩ ᠰᠢᠨ ᠮᠠ ᠹᠠᠩ ᠵᠧᠩ ᠰᠢᠤᠸᠠᠢ ᠯᠢᠶᠠᠩ ᠣᠩᠱᠢᠭ᠍ᠰᠠᠨ ᠣᠳᠠᠭ᠎ᠠ᠄ 3

—  ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ

      

ᠤᠢ᠌ᠷ᠎ᠠ᠎ᠶᠢᠨ ᠡᠳᠦᠷ᠎ᠤᠳ ᠲᠤ᠌ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ ᠪᠣᠳᠠᠲᠠᠢ ᠠᠷᠭ᠎ᠠ ᠰᠦᠪᠡᠭᠴᠢᠯᠡᠵᠦ᠍᠂ ᠡᠭᠦᠷᠭᠡ᠎ᠶᠢ ᠴᠢᠩᠭ᠎ᠠ ᠡᠵᠡᠮᠳᠡᠵᠦ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠰᠡᠳᠬᠢᠯ᠎ᠨᠢᠭᠡᠳᠦᠨ ᠬᠦᠴᠦ᠎ᠪᠡᠨ ᠬᠠᠮᠲᠤᠳᠬᠠᠵᠤ ᠬᠥᠭᠵᠢᠯᠲᠡ᠎ᠶᠢ ᠠᠬᠢᠭᠤᠯᠵᠤ᠂ ᠶᠡᠷᠦᠩᠬᠡᠢ ᠱᠦᠵᠢ᠎ᠶᠢᠨ ᠨᠠᠨᠳᠢᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ᠌ ᠠᠵᠢᠯᠯᠠᠭ᠎ᠠ ᠪᠣᠯᠭᠠᠨ ᠤᠯᠠᠷᠢᠭᠤᠯᠵᠤ ᠪᠤᠢ᠃

10 ᠰᠠᠷ᠎ᠠ᠎ᠶᠢᠨ 20 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠠᠵᠢᠯ᠎ᠤᠨ ᠬᠣᠷᠢᠶ᠎ᠠ ᠲᠤᠰᠬᠠᠶ ᠰᠡᠳᠦᠪᠲᠦ᠍ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ ᠪᠠᠶ᠋ᠢᠭᠤᠯᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ 《ᠭᠤᠤᠯᠳᠠᠯᠭ᠎ᠠ᠎ᠶᠢᠨ ᠲᠣᠭᠣᠷᠢᠨ᠎ᠳᠤ᠂ ᠡᠩᠨᠡᠭᠡ᠎ᠶᠢ ᠪᠠᠶ᠋ᠢᠭᠤᠯᠵᠤ᠂ ᠣᠯᠠᠨ ᠲᠦᠮᠡᠨ᠎ᠳᠦ ᠦᠢᠯᠡᠴᠢᠯᠡᠬᠦ᠌》 ᠡᠭᠦᠷᠭᠡ ᠬᠠᠷᠢᠭᠤᠴᠠᠯᠭ᠎ᠠ᠎ᠶᠢᠨ ᠪᠠᠶ᠋ᠢᠷᠢ ᠲᠣᠭᠲᠠᠭᠠᠯᠲᠠ᠎ᠶᠢ ᠪᠠᠲᠤ᠌ ᠡᠵᠡᠮᠳᠡᠵᠦ᠍᠂ ᠤᠯᠤᠰ ᠲᠥᠷᠥ᠎ᠶᠢᠨ ᠪᠠᠶ᠋ᠢᠭᠤᠯᠭ᠎ᠠ᠎ᠶᠢᠨ ᠪᠠᠶ᠋ᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ 《ᠨᠢᠭᠡᠳᠦᠭᠡᠷ ᠵᠥᠪᠯᠡᠬᠦ᠌ ᠵᠦᠢᠯ》 ᠤ᠋ᠨ ᠲᠦᠷᠢᠮ᠎ᠢ ᠴᠢᠩᠭ᠎ᠠ ᠬᠡᠷᠡᠭᠵᠢᠭᠦᠯᠵᠦ᠍᠂ ᠣᠨᠣᠯ᠎ᠢᠶᠠᠷ ᠵᠡᠪᠰᠡᠭᠯᠡᠬᠦ᠌᠎ᠶᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠍᠂ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠨᠠᠮ᠎ᠤᠨ ᠭᠡᠰᠢᠭᠦᠨ ᠺᠠᠳ᠋ᠷ᠎ᠤᠨ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠵᠢ ᠬᠥᠮᠦᠵᠢᠭᠦᠯᠦᠨ ᠵᠢᠯᠣᠭᠣᠳᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢᠨ ᠲᠣᠭᠣᠷᠢᠨ᠎ᠳᠤ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠥᠶ ᠬᠠᠮᠠᠭᠠᠯᠠᠯᠲᠠ᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠨᠠᠮ᠎ᠤᠨ ᠪᠠᠶ᠋ᠢᠭᠤᠯᠤᠯᠲᠠ ᠬᠢᠭᠡᠳ ᠲᠤᠬᠠᠶ᠋ᠢᠯᠠᠭᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠵᠢᠱ᠌ᠢᠶᠡᠴᠢ ᠪᠠᠶ᠋ᠢᠭᠤᠯᠭ᠎ᠠ᠎ᠶᠢ ᠡᠭᠦᠳᠦᠨ ᠪᠠᠶ᠋ᠢᠭᠤᠯᠬᠤ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠪᠠᠲᠤ᠌ ᠴᠢᠩᠭ᠎ᠠ ᠪᠡᠬᠢᠯᠡᠯᠲᠡ 《ᠵᠢᠱ᠌ᠢᠶᠡᠴᠢ》 ᠨᠠᠮ᠎ᠤᠨ ᠡᠭᠦᠷ᠎ᠦᠨ ᠪᠠᠶ᠋ᠢᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤᠨ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠨ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠳᠦ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠬᠦᠴᠦᠨ ᠴᠢᠳᠠᠯ᠎ᠢᠶᠠᠨ ᠡᠷᠭᠦᠬᠦ᠌ ᠵᠢ ᠵᠤᠷᠢᠭᠵᠢᠭᠤᠯᠬᠤ ᠬᠡᠷᠡᠭᠲᠡᠶ ᠭᠡᠵᠦ᠍ ᠴᠢᠬᠤᠯᠠᠴᠢᠯᠠᠪᠠ᠃

10 ᠰᠠᠷ᠎ᠠ᠎ᠶᠢᠨ 23᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ ᠲᠣᠪᠴᠢᠶ᠎ᠠ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠂ ᠨᠠᠮ᠎ᠤᠨ ᠡᠭᠦᠷ᠎ᠦᠨ 《ᠭᠤᠷᠪᠠᠨ ᠬᠤᠷᠠᠯ ᠨᠢᠭᠡ ᠬᠢᠴᠢᠶᠡᠯ》᠂ ᠺᠠᠳ᠋ᠷ᠎ᠤᠨ ᠪᠣᠯᠪᠠᠰᠤᠷᠠᠯ ᠵᠡᠷᠭᠡ ᠠᠴᠢᠶᠠᠯᠠᠪᠤᠷᠢ᠎ᠶᠢ ᠰᠠᠢᠲᠤᠷ ᠠᠰᠢᠭ᠍ᠯᠠᠵᠤ᠂ ᠰᠤᠷᠤᠯᠴᠠᠯᠭ᠎ᠠ ᠰᠤᠳᠤᠯᠤᠨ ᠶᠠᠷᠢᠯᠴᠠᠬᠤ᠎ᠶᠢ ᠲᠡᠰ ᠳᠠᠪᠬᠤᠷᠭ᠎ᠠ ᠬᠤᠪᠢᠶᠠᠨ ᠥᠷᠨᠢᠭᠦᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠶᠤᠨ ᠲᠠᠷᠢᠬᠢᠨ᠎ᠳᠦ ᠪᠡᠨ ᠬᠠᠳᠠᠩᠰᠢᠭᠤᠯᠬᠤ᠎ᠶᠢ ᠠᠬᠢᠭᠤᠯᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠵᠤ᠂ ᠬᠠᠩᠭᠠᠯᠭ᠎ᠠ ᠬᠡᠷᠡᠭᠴᠡᠭᠡᠨ᠎ᠦ ᠪᠠᠢᠷᠢ ᠲᠣᠭᠲᠠᠭᠠᠯᠲᠠ᠎ᠶᠢ ᠣᠨᠣᠪᠴᠢᠲᠠᠶ ᠡᠵᠡᠮᠰᠢᠵᠦ᠂ ᠠᠮᠤ ᠲᠣᠰᠣ᠌ ᠡᠳ᠋ᠰᠢᠭᠦᠯᠬᠦ᠂ ᠨᠥᠭᠡᠴᠡᠯᠡᠬᠦ᠂ ᠠᠷᠠᠯᠵᠢᠶᠠᠯᠠᠬᠤ ᠠᠵᠤ ᠠᠬᠤᠢᠯᠠᠯ ᠵᠢᠴᠢ ᠶᠠᠳᠠᠭᠤ᠎ᠡᠴᠡ ᠠᠩᠭᠢᠵᠢᠷᠠᠭᠰᠠᠨ ᠭᠠᠵᠠᠷ ᠣᠷᠣᠨ᠎ᠤ ᠠᠵᠤ ᠠᠬᠤᠢᠯᠠᠯ᠎ᠤᠨ ᠰᠠᠨᠠᠭᠠᠴᠢᠯᠠᠭ᠎ᠠ᠎ᠡᠴᠡ᠎ᠪᠠᠨ ᠭᠠᠳᠠᠭ᠍ᠰᠢ ᠭᠠᠷᠬᠤ ᠵᠢ ᠵᠤᠬᠢᠶᠠᠨ ᠪᠠᠢᠭᠤᠯᠵᠤ᠂ ᠤᠯᠤᠰ ᠪᠠ ᠮᠤᠵᠢ᠎ᠶᠢᠨ ᠬᠣᠭᠣᠷᠣᠨᠳᠣᠬᠢ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠠᠵᠢᠯᠯᠠᠭ᠎ᠠ᠎ᠶᠢ ᠢᠳᠡᠪᠬᠢᠲᠡᠢ ᠠᠰᠢᠭ᠍ᠯᠠᠨ ᠵᠠᠬ᠎ᠠ ᠳᠡᠯᠭᠡᠭᠦᠷ᠎ᠢ ᠥᠷᠭᠡᠳᠬᠡᠵᠦ᠂ ᠪᠥᠬᠥ ᠠᠮᠤ ᠪᠤᠳᠠᠭᠠᠨ᠎ᠤ ᠦᠢᠯᠡᠳᠬᠦᠨ᠎ᠢ ᠪᠠᠢᠭᠤᠯᠭ᠎ᠠ᠎ᠳᠤ ᠣᠷᠣᠭᠤᠯᠬᠤ᠎ᠶᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ᠍ᠲᠤ ᠠᠮᠤ ᠲᠣᠰᠣᠨ᠎ᠤ ᠠᠵᠤ ᠦᠢᠯᠡᠰ᠂ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭᠲᠦ᠎ᠶᠢᠨ ᠬᠥᠭᠵᠢᠨ ᠪᠤᠵᠠᠭᠠᠢᠷᠠᠬᠤ ᠪᠠ ᠨᠥᠯᠥᠭᠡᠯᠡᠬᠦ ᠬᠦᠴᠦᠨ᠎ᠢᠶᠡᠨ ᠳᠡᠭᠡᠭᠰᠢᠯᠡᠭᠦᠯᠬᠦ᠎ᠶᠢ ᠲᠠᠰᠤᠷᠠᠯᠲᠠ ᠦᠭᠡᠢ ᠠᠬᠢᠭᠤᠯᠵᠤ᠂ ᠰᠢᠯᠢᠳᠡᠭ ᠠᠮᠤ ᠪᠤᠳᠠᠭ᠎ᠠ ᠰᠢᠯᠢᠳᠡᠭ ᠪᠣᠷᠤᠯᠠᠭᠤᠯᠭ᠎ᠠ᠂ ᠰᠢᠯᠢᠳᠡᠭ ᠠᠮᠤ ᠪᠤᠳᠠᠭ᠎ᠠ ᠰᠢᠯᠢᠳᠡᠭ ᠦᠨ᠎ᠡ ᠬᠠᠩᠰᠢ᠎ᠪᠠᠷ ᠣᠯᠠᠨ ᠲᠦᠮᠡᠨ᠎ᠦ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠳᠦ ᠬᠦᠴᠦᠨ ᠨᠡᠮᠡᠷᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠬᠡᠷᠡᠭᠳᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠪᠦᠬᠦ ᠲᠠᠯ᠎ᠠ᠎ᠪᠠᠷ ᠪᠣᠳᠠᠲᠠᠢᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠰᠤᠷᠲᠠᠯ᠎ᠤᠨ ᠪᠠᠢᠭᠤᠯᠤᠯᠲᠠ᠎ᠶᠢ ᠵᠤᠭᠰᠤᠰᠢ ᠦᠭᠡᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠣᠰᠬᠠᠬᠤ ᠣᠷᠴᠢᠨ ᠨᠦᠬᠦᠴᠡᠯ᠎ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ ᠭᠡᠵᠤ ᠱᠠᠭᠠᠷᠳᠠᠪᠠ᠃

10 ᠰᠠᠷ᠎ᠠ᠎ᠶᠢᠨ 21 ᠤ᠋ ᠡᠳᠦᠷ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠭᠢᠨ᠎ᠦ ᠬᠣᠯᠪᠤᠭ᠎ᠠ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠠ ᠪᠦᠭᠦ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠰᠤᠷᠤᠯᠴᠠᠬ᠍ᠰᠠᠨ ᠦᠷ᠎ᠡ ᠪᠦᠲᠦᠭᠡᠯ᠎ᠢᠶᠡᠨ ᠦᠨᠡᠨ᠎ᠬᠦ ᠵᠣᠬᠢᠶᠠᠨ ᠪᠦᠲᠦᠭᠡᠯᠭᠡ᠎ᠶᠢᠨ ᠦᠢᠯᠡᠳᠦᠯᠭᠡ ᠪᠣᠯᠭᠠᠨ ᠤᠯᠠᠷᠢᠭᠤᠯᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ᠎ᠪᠠᠷ ᠭᠣᠣᠯ ᠰᠢᠵᠢᠮ ᠪᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠡᠷ ᠭᠣᠣᠯ ᠪᠤᠯᠭᠠᠬ᠍ᠰᠠᠨ ᠵᠣᠬᠢᠶᠠᠨ ᠪᠦᠲᠦᠭᠡᠬᠦ ᠤᠳᠤᠷᠢᠳᠤᠮᠵᠢ᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠢ ᠤᠳᠬ᠎ᠠ ᠤᠷᠠᠯᠢᠭ᠋᠎ᠤᠨ ᠪᠦᠲᠦᠭᠡᠯ᠎ᠢ ᠲᠡᠳᠬᠦᠬᠦ ᠲᠣᠭᠲᠠᠴᠠ᠎ᠶᠢ ᠲᠡᠭᠦᠯᠳᠡᠷᠵᠢᠭᠦᠯᠬᠦ ᠬᠡᠷᠡᠭᠲᠡᠢ᠃ ᠤᠳᠬ᠎ᠠ ᠤᠷᠠᠯᠢᠭ᠋᠎ᠤᠨ ᠰᠣᠳᠣᠨ ᠪᠦᠲᠦᠭᠡᠯ᠎ᠦᠨ ᠵᠣᠬᠢᠶᠠᠨ ᠪᠦᠲᠦᠭᠡᠯᠭᠡ᠎ᠶᠢ ᠰᠠᠢᠲᠤᠷ ᠠᠳᠬᠤᠵᠤ᠂ ᠥᠷᠭᠡᠨ ᠤᠯᠠᠨ ᠤᠳᠬ᠎ᠠ ᠤᠷᠠᠯᠢᠭ᠋᠎ᠤᠨ ᠠᠵᠢᠯᠲᠠᠳ᠎ᠢ ᠵᠣᠬᠢᠶᠠᠨ ᠪᠠᠢᠭᠤᠯᠤᠨ ᠠᠮᠢ ᠠᠬᠤᠢ᠎ᠶᠢᠨ ᠬᠠᠮᠠᠭᠠᠯᠠᠯᠲᠠ᠂ ᠪᠣᠬᠢᠷᠳᠤᠯ ᠦᠭᠡᠢ ᠪᠣᠳᠣᠯᠲᠠ᠎ᠶᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢᠨ ᠡᠮᠦᠨ᠎ᠡ ᠹᠷᠣᠨᠲ᠎ᠲᠤ ᠭᠦᠨᠵᠡᠭᠡᠢᠷᠡᠭᠦᠯᠵᠦ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠦᠯᠢᠭᠡᠷ᠎ᠢ ᠠᠮᠢᠳᠤᠯᠢᠭ᠋᠎ᠢᠶᠠᠷ ᠰᠠᠢᠲᠤᠷ ᠶᠠᠷᠢᠬᠤ ᠬᠡᠷᠡᠭᠲᠡᠢ᠃ ᠤᠳᠬ᠎ᠠ ᠤᠷᠠᠯᠢᠭ᠋᠎ᠤᠨ ᠭᠢᠨ᠎ᠦ ᠬᠣᠯᠪᠤᠭ᠎ᠠ᠎ᠶᠢᠨ 《ᠬᠣᠶᠠᠷ ᠳᠠᠪᠠᠭᠤᠯᠢᠭ᠋》 ᠤ᠋ᠨ ᠥᠪᠡᠷᠮᠢᠴᠡ ᠦᠢᠯᠡᠳᠦᠯ᠎ᠢ ᠪᠠᠳᠠᠷᠠᠭᠤᠯᠵᠤ᠂ ᠤᠯᠠᠨ ᠲᠦᠮᠡᠨ᠎ᠦ ᠦᠵᠡᠵᠦ ᠰᠣᠨᠤᠰᠬᠤ ᠳᠤᠷᠠᠲᠠᠢ ᠤᠳᠬ᠎ᠠ ᠤᠷᠠᠯᠢᠭ᠋᠎ᠤᠨ ᠭᠡᠯᠪᠡᠷᠢ᠎ᠪᠡᠷ ᠶᠡᠷᠦᠩᠬᠡᠢ ᠱᠦᠵᠢ ᠰᠢ᠎ᠶᠢᠨ ᠫᠢᠩ᠎ᠤᠨ ᠪᠦᠭᠦ ᠣᠷᠣᠨ᠎ᠤ ᠦᠨᠳᠦᠰᠦᠲᠡᠨ ᠨᠤᠭᠦᠳ᠎ᠦᠨ ᠠᠷᠠᠳ ᠲᠦᠮᠡᠨ᠎ᠳᠦ ᠦᠵᠡᠭᠦᠯᠦᠭᠰᠡᠨ ᠭᠦᠨ ᠵᠤᠵᠠᠭᠠᠨ ᠬᠠᠢᠷ᠎ᠠ ᠬᠠᠯᠠᠮᠵᠢ᠎ᠶᠢ ᠲᠦᠭ ᠲᠦᠮᠡᠨ ᠠᠢᠯ ᠡᠷᠤᠭᠡ᠎ᠳᠦ ᠳᠠᠮᠵᠢᠭᠤᠯᠬᠤ ᠬᠡᠷᠡᠭᠲᠡᠢ᠃ ᠰᠢ᠎ᠶᠢᠨ ᠫᠢᠩ ᠤ᠋ᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠬ᠎ᠤᠨ ᠠᠵᠢᠯ᠎ᠤᠨ ᠪᠦᠲᠦᠮᠵᠢ ᠵᠢᠨ ᠳᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠳᠬ᠎ᠠ ᠤᠷᠠᠯᠢᠭ᠋᠎ᠤᠨ ᠦᠢᠯᠡᠰ᠎ᠤᠨ ᠴᠢᠨᠠᠷ ᠰᠠᠢᠲᠠᠢ ᠬᠥᠭᠵᠢᠯᠲᠡ ᠪᠣᠯᠣᠨ ᠰᠣᠶᠣᠯ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢ ᠠᠬᠢᠭᠤᠯᠬᠤ ᠶᠠᠪᠤᠴᠠ᠎ᠳᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 17 ᠎ᠤ᠋ ᠡᠳᠦᠷ᠂ ᠬᠥᠬᠡᠬᠣᠲᠠ᠎ᠶᠢᠨ ᠨᠠᠮ᠎ᠤᠨ ᠬᠤᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠣᠢᠯᠠᠭᠠᠬᠤ᠎ᠶᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠪᠦᠬᠦᠯᠢ ᠴᠣᠭᠴᠠ᠎ᠪᠠᠷ ᠨᠢ ᠡᠵᠡᠮᠳᠡᠨ᠂ ᠨᠢᠭᠡ ᠴᠣᠭᠴᠠ᠎ᠪᠠᠷ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ᠃ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠲᠠᠢ ᠬᠠᠮᠠᠭᠠᠯᠠᠯᠲᠠ᠎ᠶᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠮᠠᠨᠭᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠬᠦᠯᠬᠦ᠎ᠶᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠢᠬᠠᠨ ᠣᠷᠣᠨ᠎ᠤ ᠲᠥᠪ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠬᠠᠷᠠᠠᠤᠰᠤ᠂ ᠾᠦ᠋ᠨᠾᠸ ᠭᠤᠤᠯ ᠵᠡᠷᠭᠡ ᠨᠤᠭᠤ ᠭᠠᠵᠠᠷ᠎ᠤᠨ ᠬᠠᠮᠠᠭᠠᠯᠠᠯᠲᠠ ᠵᠠᠰᠠᠯᠲᠠ᠎ᠶᠢ ᠴᠢᠩᠭᠠᠳᠬᠠᠵᠤ᠂ ᠨᠤᠭᠤ ᠭᠠᠵᠠᠷ᠎ᠤᠨ ᠠᠮᠢ ᠠᠬᠤᠢ᠎ᠶᠢᠨ ᠴᠢᠳᠠᠮᠵᠢ ᠵᠢᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠦᠴᠦᠯᠡᠨ ᠬᠠᠮᠠᠭᠠᠯᠠᠵᠤ᠂ ᠨᠤᠭᠤ ᠭᠠᠵᠠᠷ᠎ᠤᠨ ᠬᠠᠮᠠᠭᠠᠯᠠᠯᠲᠠ᠎ᠶᠢᠨ ᠶᠠᠰᠤ ᠴᠢᠨᠠᠷ ᠦᠷ᠎ᠡ ᠪᠦᠲᠦᠮᠵᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠤᠳᠤᠯᠳᠠ ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠨ ᠠᠬᠢᠭᠤᠯᠵᠤ᠂ 《ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ᠎ᠤ ᠬᠠᠮᠵᠢᠯᠴᠠᠭ᠎ᠠ》᠂ 《ᠪᠤᠳᠤᠯᠳᠠ ᠵᠢᠨ ᠬᠦᠴᠦᠨ᠎ᠤ ᠤᠰᠤᠨ᠎ᠤ ᠡᠬᠢ ᠪᠡᠶᠡᠯᠢᠭ᠋᠎ᠤᠨ ᠬᠠᠮᠵᠢᠯᠴᠠᠭ᠎ᠠ》 ᠶ᠋ᠢ ᠴᠢᠬᠤᠯᠠᠴᠢᠯᠠᠵᠤ᠂ ᠪᠤᠳᠤᠯᠳᠠ ᠵᠢᠨ ᠬᠦᠴᠦᠨ᠎ᠤ ᠡᠬᠢᠨ ᠲᠤᠮᠳᠠ ᠡᠴᠦᠰ᠎ᠤᠨ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠳᠠ ᠵᠢᠨ ᠬᠦᠴᠦᠨ᠎ᠤ ᠳᠠᠪᠠᠭᠤᠯᠢᠭ᠋᠎ᠢ ᠲᠠᠰᠤᠷᠠᠯᠳᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ 《ᠨᠤᠲᠤᠭ᠎ᠤᠨ ᠣᠨᠴᠠ ᠭᠠᠷᠤᠯᠲᠠ᠎ᠪᠡᠷ ᠪᠠᠶᠠᠵᠢᠭᠤᠯᠬᠤ》 ᠪᠦᠬᠦ ᠬᠡᠯᠬᠢᠶ᠎ᠡ᠎ᠶᠢᠨ ᠬᠥᠭᠵᠢᠯᠲᠡ᠎ᠶᠢ ᠲᠦᠷᠭᠡᠳᠬᠡᠵᠦ᠂ ᠦᠢᠯᠡᠳᠬᠦᠨ᠎ᠦ ᠠᠯᠳᠠᠷᠰᠢᠯ ᠪᠣᠯᠣᠨ ᠨᠥᠯᠥᠭᠡᠯᠡᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠰᠢᠨ᠎ᠡ ᠠᠷᠭ᠎ᠠ ᠵᠠᠮ᠎ᠢ ᠨᠠᠪᠲᠠᠷᠡᠭᠦᠯᠵᠦ᠂ ᠤᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠦᠨ ᠴᠢᠨᠡᠭᠡᠯᠢᠭᠵᠢᠬᠦ᠎ᠳᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面