2026-11-14 13:40:28
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠡᠪᠰᠢᠭᠦᠯᠤᠨ ᠬᠡᠷᠡᠭᠯᠡᠬᠦ ᠪᠡᠷ ᠪᠠᠢᠭ᠎ᠠ ᠪᠠ ᠤᠯᠠᠮ ᠨᠢᠭᠡ ᠠᠯᠬᠤᠮ ᠬᠡᠷᠡᠭᠯᠡᠬᠦ᠎ᠪᠡᠷ ᠪᠠᠢᠭ᠎ᠠ ᠳᠣᠣᠷᠠᠬᠢ 5 ᠺᠠᠳ᠋ᠷ᠎ᠢ ᠢᠯᠡ ᠨᠡᠢᠲᠡᠯᠡᠬᠦ᠎ᠪᠡᠷ ᠲᠣᠭᠲᠠᠪᠠ᠃
ᠨᠢᠭᠡ᠂ ᠢᠯᠡ ᠨᠡᠢᠲᠡᠯᠡᠬᠦ ᠨᠡᠷᠡᠰ
ᠵᠢᠶᠠᠩ ᠰᠢᠨ ᠬᠣᠶ᠂ ᠡᠷᠡᠭᠲᠡᠢ᠂ ᠬᠢᠲᠠᠳ ᠦᠨᠳᠦᠰᠦᠲᠡᠨ᠂ 1972 ᠣᠨ᠎ᠤ 6 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠠᠵᠤ ᠠᠬᠤᠢ᠎ᠶᠢᠨ ᠤᠬᠠᠭᠠᠨ᠎ᠤ ᠪᠠᠴᠸᠯᠸᠷ᠂ ᠳᠡᠭᠡᠳᠦ ᠵᠡᠷᠭᠡ᠎ᠶᠢᠨ ᠰᠤᠷᠪᠤᠯᠵᠢᠯᠠᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠦᠢᠯᠡᠳᠦᠯᠭᠡ ᠰᠡᠳᠬᠦᠯ᠎ᠦᠨ ᠬᠣᠷᠢᠶ᠎ᠠ᠎ᠶᠢᠨ ᠨᠠᠮ᠎ᠤᠨ ᠬᠣᠷᠢᠶ᠎ᠠ᠎ᠶᠢᠨ ᠭᠡᠰᠢᠭᠦᠨ᠂ ᠶᠡᠷᠦᠩᠬᠡᠢ ᠨᠠᠢᠷᠠᠭᠤᠯᠤᠭ᠍ᠴᠢ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠲᠢᠩᠬᠢᠮ᠎ᠦᠨ ᠲᠠᠰ᠎ᠤᠨ ᠠᠵᠢᠯ ᠦᠢᠯᠡᠰ᠎ᠦᠨ ᠨᠢᠭᠡᠴᠢ᠎ᠶᠢᠨ ᠵᠢᠩᠬᠢᠨᠢ ᠲᠤᠰᠢᠶᠠᠯ᠎ᠳᠤ ᠲᠣᠮᠢᠯᠠᠬᠤ᠎ᠪᠠᠷ ᠪᠣᠶ;
ᠰᠦᠨ ᠭᠦᠸᠧ ᠮᠢᠩ᠂ ᠡᠷᠡᠭᠲᠡᠢ᠂ ᠬᠢᠲᠠᠳ ᠦᠨᠳᠦᠰᠦᠲᠡᠨ᠂ 1971 ᠣᠨ᠎ᠤ 8 ᠰᠠᠷ᠎ᠠ᠎ᠳᠤ ᠲᠦᠷᠦᠵᠠᠢ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠤᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠮᠠᠰᠲᠧᠷ᠂ ᠨᠠᠢᠷᠠᠭᠤᠯᠤᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠳᠡᠳ᠋ ᠱᠦᠵᠢ᠂ ᠳᠡᠳ᠋ ᠲᠢᠩᠬᠢᠮ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠤᠢ᠂ ᠥᠪᠡᠷᠲᠡᠭᠡᠨ ᠵᠠᠰᠠᠬᠤ ᠣᠷᠣᠨ᠎ᠤ ᠲᠢᠩᠬᠢᠮ᠎ᠦᠨ ᠳᠡᠰ᠎ᠤᠨ ᠠᠵᠢᠯ ᠦᠢᠯᠡᠰ᠎ᠦᠨ ᠨᠢᠭᠡᠴᠢ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;
ᠭᠡᠭᠡᠨᠬᠠᠰ᠂ ᠡᠮᠡᠭᠲᠡᠢ᠂ ᠮᠣᠩᠭᠣᠯ ᠦᠨᠳᠦᠰᠦᠲᠡᠨ᠂ 1979 ᠣᠨ᠎ᠤ 1 ᠰᠠᠷ᠎ᠠ᠎ᠳᠤ ᠲᠦᠷᠦᠵᠠᠢ᠂ ᠠᠰᠫᠢᠷᠠᠨᠲ᠂ ᠤᠳᠬ᠎ᠠ ᠵᠣᠬᠢᠶᠠᠯ᠎ᠤᠨ ᠳ᠋ᠣᠺᠲ᠋ᠣᠷ᠂ ᠫᠷᠤᠹᠸᠰᠰᠤᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶᠢᠨ ᠨᠠᠮ᠎ᠤᠨ ᠬᠤᠷᠢᠶ᠎ᠠ᠎ᠶᠢᠨ ᠳᠡᠳ᠋ ᠱᠦᠵᠢ᠎ᠶᠢᠨ ᠲᠤᠰᠢᠶᠠᠯ᠎ᠢ ᠡᠬᠦᠷᠬᠡᠯᠡᠵᠦ ᠪᠤᠢ᠂ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;
ᠯᠢ ᠶᠠᠨ ᠴᠦᠨ᠂ ᠡᠷᠡᠭᠲᠡᠢ᠂ ᠬᠢᠲᠠᠳ ᠦᠨᠳᠦᠰᠦᠲᠡᠨ᠂ 1981 ᠣᠨ᠎ᠤ 12 ᠰᠠᠷ᠎ᠠ᠎ᠳᠤ ᠲᠦᠷᠦᠵᠠᠢ᠂ ᠠᠵᠢᠯ᠎ᠤᠨ ᠪᠠᠢᠷᠢ ᠳᠡᠭᠡᠷ᠎ᠡ᠎ᠪᠡᠨ ᠰᠤᠷᠤᠯᠴᠠᠬᠰᠠᠨ ᠠᠰᠫᠢᠷᠠᠨᠲ᠂ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠮᠠᠰᠲᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ (ᠪᠦᠯᠦᠭᠯᠡᠯ) ᠵᠢᠨ ᠬᠢᠵᠠᠭᠠᠷᠲᠤ ᠺᠣᠮᠫᠠᠨᠢ᠎ᠶᠢᠨ ᠨᠠᠮ᠎ᠤᠨ ᠬᠤᠷᠢᠶ᠎ᠠ᠎ᠶᠢᠨ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ᠎ᠤᠨ ᠲᠤᠰᠢᠶᠠᠯ᠎ᠢ ᠡᠬᠦᠷᠬᠡᠯᠡᠵᠦ ᠪᠤᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠤᠳᠤᠷᠢᠳᠬᠤ ᠪᠠᠭ᠎ᠢ ᠰᠢᠭᠤᠳ ᠬᠠᠮᠢᠶᠠᠷᠬᠤ ᠠᠵᠤ ᠠᠬᠤᠢᠯᠠᠯ᠎ᠤᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;
ᠺᠸ ᠶᠦᠨ ᠰᠢᠶᠠ᠂ ᠡᠮᠡᠭᠲᠡᠢ᠂ ᠳᠠᠭᠤᠷ ᠦᠨᠳᠦᠰᠦᠲᠡᠨ᠂ 1971 ᠣᠨ᠎ᠤ 1 ᠰᠠᠷ᠎ᠠ᠎ᠳᠤ ᠲᠦᠷᠦᠵᠠᠢ᠂ ᠠᠵᠢᠯ᠎ᠤᠨ ᠪᠠᠢᠷᠢ ᠳᠡᠭᠡᠷ᠎ᠡ᠎ᠪᠡᠨ ᠰᠤᠷᠤᠯᠴᠠᠬᠰᠠᠨ ᠠᠰᠫᠢᠷᠠᠨᠲ᠂ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠮᠠᠰᠲᠧᠷ᠂ ᠠᠵᠤ ᠠᠬᠤᠢᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠥᠷ ᠮᠣᠩᠭᠣᠯ᠎ᠤᠨ ᠺᠢᠨᠣ᠋᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠠᠵᠢᠯᠴᠢᠨ᠎ᠤ ᠡᠪᠯᠡᠯ᠎ᠦᠨ ᠲᠡᠷᠢᠭᠦᠯᠡᠭᠴᠢ᠂ ᠬᠡᠷᠡᠭ ᠮᠡᠳᠡᠭᠴᠢ᠎ᠶᠢᠨ ᠲᠤᠰᠢᠶᠠᠯ᠎ᠢ ᠡᠭᠦᠷᠬᠡᠯᠡᠵᠦ ᠪᠤᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠤᠳᠤᠷᠢᠳᠬᠤ ᠪᠠᠭ᠎ᠢ ᠰᠢᠭᠤᠳ ᠬᠠᠮᠢᠶᠠᠷᠬᠤ ᠠᠵᠤ ᠠᠬᠤᠢᠯᠠᠯ᠎ᠤᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ᠃
ᠬᠣᠶᠠᠷ᠂ ᠢᠯᠡ ᠨᠡᠢᠲᠡᠯᠡᠬᠦ ᠴᠠᠭ
2026 ᠣᠨ᠎ᠤ 11 ᠰᠠᠷ᠎ᠠ᠎ᠶᠢᠨ 14 ᠤ᠋ ᠡᠳᠦᠷ᠎ᠡᠴᠡ 2026 ᠣᠨ᠎ᠤ 11 ᠰᠠᠷ᠎ᠠ᠎ᠶᠢᠨ 20᠎ᠤ᠋ ᠡᠳᠦᠷ ᠪᠣᠯᠲᠠᠯ᠎ᠠ ᠢᠯᠡ ᠨᠡᠢᠳᠡᠯᠡᠨ᠎ᠠ᠃
ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ
ᠨᠢᠭᠡᠴᠢ ᠪᠤᠯᠤᠨ ᠬᠤᠪᠢ ᠬᠥᠮᠥᠨ ᠤᠲᠠᠰᠤ ᠢᠷᠡᠬᠦᠯᠬᠦ᠂ ᠵᠠᠬᠢᠳᠠᠯ ᠢᠷᠡᠬᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠲᠡᠭᠡᠷᠡᠬᠢ ᠢᠯᠡ ᠨᠡᠢᠲᠡᠯᠡᠭᠰᠡᠨ ᠬᠥᠮᠥᠰ᠎ᠦᠨ ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠳᠦ ᠪᠠᠢᠴᠠᠭᠠᠯᠳᠡ ᠬᠢᠵᠦ ᠬᠢᠨᠠᠨ ᠲᠤᠳᠤᠯᠠᠬᠤ᠎ᠳᠦ ᠲᠥᠬᠥᠮ᠎ᠪᠤᠯᠭᠠᠬᠤ᠎ᠶᠢᠨ ᠲᠦᠯᠦᠬᠡ ᠠᠰᠠᠭᠤᠳᠠᠯ᠎ᠢ ᠲᠤᠰᠬᠠᠬᠤ ᠳ᠋ᠠᠭᠠᠨ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ᠋ ᠪᠤᠶᠤ ᠠᠵᠢᠯᠯᠠᠵᠦ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠂ ᠬᠢᠨᠠᠨ ᠲᠤᠳᠤᠯᠠᠬᠰᠠᠨ ᠪᠠᠢᠳᠠᠯ᠎ᠢᠶᠠᠨ ᠴᠠᠭ ᠲᠤᠬᠠᠢ ᠳ᠋ᠤᠨᠢ ᠬᠠᠷᠢᠭᠤ ᠲᠤᠰᠬᠠᠨ᠎ᠠ᠃
ᠬᠦᠯᠢᠶᠡᠨ ᠠᠪᠴᠤ ᠰᠢᠢᠳᠪᠤᠷᠢᠯᠡᠬᠦ ᠴᠠᠭ᠄ ᠠᠵᠢᠯᠯᠠᠬᠤ ᠡᠳᠦᠷ᠎ᠦᠨ
ᠦᠳᠡ᠎ᠶᠢᠨ ᠡᠮᠦᠨ᠎ᠠ 9᠄ 00 — 12᠄ 00
ᠦᠳᠡ᠎ᠶᠢᠨ ᠬᠤᠢᠨ᠎ᠠ 13᠄ 30 — 17᠄ 00
ᠬᠦᠯᠢᠶᠡᠨ ᠠᠪᠴᠤ ᠰᠢᠢᠳᠪᠤᠷᠢᠯᠡᠬᠦ ᠤᠲᠠᠰᠤ᠄ (0471) 12380
ᠵᠠᠬᠢᠳᠠᠯ ᠢᠷᠡᠭᠦᠯᠬᠦ ᠬᠠᠶᠢᠭ᠋᠄ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠴᠡᠯᠡᠭᠡᠷ ᠲᠠᠯ᠎ᠠ ᠶᠡᠬᠡ ᠵᠡᠭᠡᠯᠢ᠎ᠶᠢᠨ 1 ᠳ᠋ᠤᠭᠡᠷ ᠨᠣᠮᠧᠷᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ ᠲᠥᠪ (ᠰᠢᠤᠳᠠᠨ ᠨᠤᠮᠸᠷ᠄ 010098 )
ᠢᠯᠡᠴᠢᠯᠡᠨ ᠮᠡᠳᠡᠭᠦᠯᠬᠦ ᠰᠦᠯᠵᠢᠶᠡᠨ᠎ᠦ ᠬᠠᠶᠢᠭ᠋᠄ 12380.nmgdj. gov.cn
ᠣᠨᠴᠠᠭᠠᠢᠯᠠᠨ ᠵᠠᠷᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ
2026 ᠣᠨ᠎ᠤ 11 ᠰᠠᠷ᠎ᠠ᠎ᠶᠢᠨ 13᠎ᠤ᠋ ᠡᠳᠦᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃