2026-11-15 10:58:52
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠤ᠋ᠨ ᠲᠦᠷᠦᠬᠦᠬᠡᠨ ᠬᠤᠷᠠᠯᠳᠤᠭᠤᠯᠤᠭᠰᠠᠨ ᠰᠤᠨᠢᠨ ᠮᠡᠳᠡᠭᠡ ᠨᠠᠢᠲᠡᠯᠡᠬᠦ ᠬᠤᠷᠠᠯ ᠡᠴᠡ ᠤᠢᠯᠠᠭᠠᠭᠰᠠᠨ ᠢ᠋ᠢᠡᠷ᠂ ᠪᠤᠭᠤᠲᠤ᠌ ᠪᠤᠯᠤᠨ ᠣᠷᠳᠣᠰ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠬᠣᠯᠪᠣᠭᠠᠯᠠᠨ ᠬᠥᠭᠵᠢᠬᠦ᠌ ᠲᠤᠭᠤᠷᠢᠭ ᠤ᠋ᠨ ᠵᠦᠪᠰᠢᠶᠡᠷᠡᠯ ᠢ᠋ ᠤᠯᠪᠠ᠃
ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠬᠡᠷᠡᠭᠵᠢᠭᠦᠯᠬᠦ᠌ ᠬᠡᠪᠴᠢᠶ᠎ᠡ ᠨᠢ 119.74 ᠲᠡᠭᠰᠢ ᠳᠥᠷᠪᠡᠯᠵᠢᠨ ᠺᠢᠯᠣᠮᠧᠲ᠋ᠷ ᠪᠠᠶ᠋ᠢᠵᠤ᠂ ᠬᠥᠬᠡᠬᠣᠲᠠ᠂ ᠮᠠᠨᠵᠤᠤᠷ ᠪᠣᠯᠤᠨ ᠡᠷᠢᠶᠡᠨ ᠬᠣᠲᠠ ᠭᠤᠷᠪᠠᠨ ᠶᠡᠬᠡ ᠬᠡᠰᠡᠭ ᠢ᠋ ᠬᠠᠮᠤᠷᠴᠤ᠌ ᠪᠤᠢ᠃ ᠬᠣᠯᠪᠣᠭᠠᠯᠠᠨ ᠬᠥᠭᠵᠢᠬᠦ ᠲᠤᠭᠤᠷᠢᠭ ᠢ᠋ ᠭᠤᠷᠪᠠᠨ ᠶᠡᠬᠡ ᠬᠡᠰᠡᠭ ᠡᠴᠡ ᠭᠠᠳᠠᠨ᠎ᠠ ᠪᠠᠶ᠋ᠢᠷᠢᠯᠠᠭᠤᠯᠵᠤ᠂ ᠵᠤᠷᠢᠯᠭ᠎ᠠ ᠨᠢ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠬᠡᠰᠡᠭ ᠤ᠋ᠨ ᠨᠦᠯᠦᠭᠡᠯᠡᠬᠦ ᠦᠢᠯᠡᠳᠦᠯ ᠢ᠋ ᠤᠯᠠᠮ ᠶᠡᠬᠡᠰᠬᠡᠨ᠂ ᠣᠷᠣᠨ ᠪᠦᠰᠡ ᠠᠯᠤᠰᠯᠠᠭᠰᠠᠨ ᠠᠵᠤ ᠦᠢᠯᠡᠰ ᠤ᠋ᠨ ᠬᠣᠯᠪᠣᠭᠠᠯᠠᠨ ᠬᠥᠳᠡᠯᠦᠯᠴᠡᠬᠦ᠌ ᠬᠡᠯᠬᠢᠶ᠎ᠡ ᠢ᠋ᠢ ᠨᠡᠪᠲᠡᠷᠡᠭᠦᠯᠬᠦ ᠢ᠋ᠢᠨ ᠲᠦᠯᠦᠭᠡ ᠶᠤᠮ᠃
ᠪᠤᠭᠤᠲᠤ᠌ ᠪᠣᠯᠤᠨ ᠤᠷᠳᠤᠰ ᠠᠵᠤ ᠦᠢᠯᠡᠰ ᠤ᠋ᠨ ᠪᠠᠲᠤ ᠪᠡᠬᠢ ᠰᠠᠭᠤᠷᠢ ᠲᠠᠢ ᠪᠠᠶ᠋ᠢᠵᠤ᠂ ᠬᠣᠯᠪᠣᠭᠠᠯᠠᠨ ᠬᠥᠭᠵᠢᠬᠦ᠌ ᠲᠤᠭᠤᠷᠢᠭ ᠢ᠋ ᠪᠠᠶ᠋ᠢᠭᠤᠯᠪᠠᠯ ᠲᠦᠷᠢᠮ ᠤ᠋ᠨ ᠰᠢᠨ᠎ᠡ ᠡᠭᠦᠳᠦᠯᠲᠡ ᠳ᠋ᠤ ᠨᠡᠩ ᠥᠷᠭᠡᠨ ᠠᠭᠤᠳᠠᠮ ᠬᠡᠷᠡᠭᠯᠡᠭᠡᠨ ᠤ᠋ ᠪᠠᠶ᠋ᠢᠳᠠᠯ᠂ ᠨᠡᠩ ᠭᠦᠨ ᠵᠤᠵᠠᠭᠠᠨ ᠠᠵᠤ ᠦᠢᠯᠡᠰ ᠤ᠋ᠨ ᠰᠠᠭᠤᠷᠢ ᠢ᠋ᠢ ᠬᠠᠩᠭᠠᠵᠤ᠂ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠲᠦᠷᠢᠮ ᠤ᠋ᠨ ᠠᠰᠢᠭ ᠢ᠋ ᠨᠡᠩ ᠥᠷᠭᠡᠨ ᠣᠷᠣᠨ ᠪᠦᠰᠡ ᠳ᠋ᠤ ᠬᠦᠷᠭᠡᠵᠦ᠍ ᠴᠢᠳᠠᠨ᠎ᠠ᠃ ᠮᠠᠨ ᠤ᠋ ᠤᠷᠤᠨ 2030 ᠣᠨ ᠪᠤᠯᠳᠠᠯ᠎ᠠ ᠬᠥᠬᠡᠬᠣᠲᠠ ᠪᠠᠷ ᠭᠤᠤᠯ ᠪᠣᠯᠭᠠᠭᠰᠠᠨ᠂ ᠪᠤᠭᠤᠲᠤ᠌᠂ ᠣᠷᠳᠣᠰ᠂ ᠤᠯᠠᠭᠠᠨᠴᠠᠪ ᠢ᠋ᠢᠡᠷ ᠲᠥᠪ ᠪᠣᠯᠭᠠᠭᠰᠠᠨ᠂ ᠱᠧᠩ ᠯᠸ ᠨᠢᠰᠬᠡᠯ ᠤ᠋ᠨ ᠪᠠᠭᠤᠳᠠᠯ ᠵᠡᠷᠭᠡ ᠬᠦᠢᠰᠤ ᠲᠠᠯᠠᠪᠤᠷ ᠥᠷᠲᠡᠭᠡ ᠪᠡᠷ ᠵᠠᠡᠭᠭᠢᠯᠠᠭᠠ ᠢ᠋ᠢᠨ ᠴᠡᠭ ᠪᠣᠯᠭᠠᠭᠰᠠᠨ ᠣᠯᠠᠨ ᠲᠠᠰ ᠳᠠᠪᠬᠤᠷᠭᠠᠲᠤ ᠨᠢᠭᠡ ᠴᠣᠭᠴᠠᠵᠢᠭᠰᠠᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠬᠦᠢᠰᠤ ᠢ᠋ᠢᠨ ᠪᠦᠯᠦᠭᠵᠢᠯ ᠢ᠋ ᠦᠨᠳᠦᠰᠦᠨ ᠳ᠋ᠡᠭᠡᠨ ᠪᠠᠶ᠋ᠢᠭᠤᠯᠵᠤ᠂ ᠬᠥᠬᠡᠬᠣᠲᠠ ᠪᠤᠭᠤᠲᠤ᠌ ᠣᠷᠳᠣᠰ ᠤᠯᠠᠭᠠᠨᠴᠠᠪ ᠤ᠋ᠨ ᠬᠣᠯᠪᠣᠭᠠᠯᠠᠨ ᠬᠥᠭᠵᠢᠬᠦ᠌ ᠢ᠋ᠢ ᠠᠬᠢᠭᠤᠯᠵᠤ᠂ ᠬᠦᠢᠰᠤ ᠢ᠋ᠢᠨ ᠬᠦᠷᠢᠶ᠎ᠡ᠂ ᠪᠠᠷᠠᠭᠠᠨ ᠤ᠋ ᠭᠦᠢᠯᠭᠡᠭᠡᠨ ᠤ᠋ ᠬᠦᠷᠢᠶ᠎ᠡ ᠪᠠ ᠠᠵᠤ ᠦᠢᠯᠡᠰ ᠤ᠋ᠨ ᠬᠦᠷᠢᠶ᠎ᠡ ᠢ᠋ᠢ ᠠᠭᠤᠰᠤᠯᠴᠠᠭᠤᠯᠤᠨ ᠬᠥᠭᠵᠢᠭᠦᠯᠬᠦ᠌ ᠰᠢᠨ᠎ᠡ ᠪᠠᠶ᠋ᠢᠷᠢᠰᠢᠯ ᠢ᠋ ᠪᠦᠷᠢᠯᠳᠦᠭᠦᠯᠵᠦ᠍᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠶ᠋ᠢᠭᠤᠯᠤᠯᠲᠠ ᠢ᠋ᠢ ᠲᠤᠯᠭᠠᠭᠤᠷᠢᠯᠠᠬᠤ ᠪᠡᠷ ᠲᠦᠯᠦᠪᠯᠡᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃