ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-16 10:31:31

ᠵᠣᠬᠢᠶᠠᠭ᠍ᠴᠢ᠄ ᠠᠨᠢᠷ ᠬᠤᠤ ᠵᠢᠶᠠ ᠯᠢ ᠮᠧᠶ ᠭᠠᠩ ᠰᠥᠩ ᠠ ᠨᠠᠨ ᠣᠩᠱᠢᠭ᠍ᠰᠠᠨ ᠣᠳᠠᠭ᠎ᠠ᠄ 3

 —  ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ  ᠬᠢᠨ  ᠶᠡᠷᠦᠩᠬᠡᠢ  ᠱᠦᠵᠢ 
            ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ
            ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ


ᠣᠢᠷ᠎ᠠ᠎ᠶᠢᠨ ᠡᠳᠦᠷ ᠲᠤ᠌᠂ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠢᠯᠠᠭᠠᠬᠤ ᠳᠤᠮᠳᠠ ᠡᠷᠡᠮᠡᠬᠡᠢᠯᠡᠨ ᠤᠷᠤᠭᠰᠢᠯᠠᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠮᠡᠳᠡᠬᠦ ᠬᠢᠬᠦ᠎ᠪᠡᠨ ᠨᠢᠭᠡᠳᠬᠡᠬᠦ ᠳᠤᠮᠳᠠ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢᠯᠭ᠎ᠠ᠎ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ ᠤ᠋ᠨ ᠬᠦᠰᠡᠯ ᠨᠠᠶ᠋ᠢᠳᠠᠯᠭ᠎ᠠ᠎ᠶᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠵᠤ ᠪᠤᠢ᠃

10 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠳᠠᠭᠠᠳᠤ ᠶᠠᠪᠤᠳᠠᠯ᠎ᠤᠨ ᠠᠯᠪᠠᠨ ᠭᠡᠷ ᠤ᠋ᠨ ᠬᠢᠨ ᠨᠠᠮ᠎ᠤᠨ ᠤᠳᠤᠷᠢᠳᠬᠤ ᠳᠤᠭᠤᠢᠯᠠᠩ᠎ᠤᠨ ᠣᠨᠣᠯ ᠰᠤᠷᠤᠯᠴᠠᠬᠤ ᠭᠣᠣᠯ ᠳᠤᠭᠤᠢᠯᠠᠩ (ᠥᠷᠭᠡᠳᠬᠡᠭᠰᠡᠨ) ᠤ᠋ᠨ 2026 ᠣᠨ᠎ᠤ 9 ᠳ᠋ᠤᠭᠡᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ᠎ᠶᠢᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ᠂ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠰᠢᠨᠵᠢᠯᠡᠬᠦ ᠤᠬᠠᠭᠠᠨᠴᠢ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠣᠨᠣᠯ᠎ᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ 《ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠥᠨ 》 ᠭᠡᠬᠦ ᠣᠢᠯᠠᠭᠠᠭᠳᠠᠬᠤᠨ᠎ᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠠᠳᠠᠭᠠᠳᠤ ᠶᠠᠪᠤᠳᠠᠯ᠎ᠤᠨ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠠᠯᠪᠠᠨ ᠶᠠᠪᠤᠳᠠᠯ᠎ᠢᠶᠠᠷ ᠲᠦᠷ ᠴᠠᠭ ᠭᠠᠳᠠᠭᠠᠳᠤ᠎ᠳᠤ ᠭᠠᠷᠬᠤ (ᠬᠢᠯᠢ ᠡᠴᠡ ᠭᠠᠷᠬᠤ) ᠬᠠᠮᠢᠶᠠᠷᠤᠯᠲᠠ᠂ ᠭᠠᠳᠠᠭᠠᠳᠤ ᠶᠠᠪᠤᠳᠠᠯ᠎ᠤᠨ ᠵᠣᠴᠢᠯᠠᠭ᠎ᠠ᠂ ᠭᠠᠳᠠᠭᠠᠳᠤ᠎ᠳᠤ ᠬᠣᠯᠪᠣᠭᠳᠠᠬᠤ ᠬᠠᠮᠢᠶᠠᠷᠤᠯᠲᠠ᠂ ᠨᠥᠬᠥᠷᠰᠡᠭ ᠬᠣᠲᠠ᠎ᠶᠢᠨ ᠪᠦᠲᠦᠭᠡᠨ ᠪᠠᠢᠭᠤᠯᠤᠯᠲᠠ᠂ ᠬᠢᠯᠢ᠎ᠶᠢᠨ ᠵᠠᠭᠠᠭ᠎ᠤᠨ ᠬᠠᠮᠢᠶᠠᠷᠤᠯᠲᠠ ᠵᠡᠷᠭᠡ ᠡᠯ᠎ᠡ ᠲᠠᠯ᠎ᠠ᠎ᠳᠤ ᠠᠭᠤᠰᠤᠯᠴᠠᠭᠤᠯᠵᠤ᠂ ᠭᠠᠳᠠᠭᠠᠳᠤ ᠤᠬᠠᠭᠤᠯᠭ᠎ᠠ ᠲᠠᠨᠢᠯᠴᠠᠭᠤᠯᠭ᠎ᠠ ᠬᠢᠬᠦ ᠠᠴᠢᠶᠠᠯᠠᠪᠤᠷᠢ᠎ᠶᠢ ᠪᠠᠶᠠᠯᠢᠭ᠍ᠵᠢᠭᠤᠯᠵᠤ᠂ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭᠠᠨ᠎ᠤ ᠠᠷᠭ᠎ᠠ ᠵᠠᠮ᠎ᠢ ᠥᠷᠭᠡᠳᠬᠡᠵᠦ᠂ ᠭᠠᠳᠠᠭᠠᠳᠤ ᠬᠠᠷᠢᠯᠴᠠᠭᠠᠨ᠎ᠤ ᠳᠤᠮᠳᠠ ᠥᠪᠥᠷ ᠮᠣᠩᠭᠣᠯ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠥᠯᠢᠭᠡᠷ᠎ᠢ ᠰᠠᠢᠲᠤᠷ ᠶᠠᠷᠢᠬᠤ ᠬᠡᠷᠡᠭᠲᠡᠢ᠃ ᠶᠡᠷᠦᠩᠬᠡᠶ ᠱᠦᠵᠢ᠎ᠶᠢᠨ ᠳᠤᠷᠠᠳᠤᠭᠰᠠᠨ ᠠᠮᠢ ᠠᠬᠤᠶ᠎ᠶᠢᠨ ᠬᠠᠮᠠᠭᠠᠯᠠᠯᠲᠠ᠂ ᠠᠵᠤ ᠦᠢᠯᠡᠰ᠎ᠦᠨ ᠬᠥᠭᠵᠢᠯᠲᠡ᠂ ᠠᠷᠠᠳ᠎ᠢ ᠪᠠᠶᠠᠵᠢᠭᠤᠯᠤᠨ ᠣᠷᠣᠯᠭ᠎ᠠ᠎ᠶᠢ᠎ᠨᠢ ᠨᠡᠮᠡᠭᠳᠡᠭᠦᠯᠬᠦ᠌ ᠵᠡᠷᠭᠡ ᠴᠢᠬᠤᠯᠠ ᠱᠠᠭᠠᠷᠳᠠᠯᠭ᠎ᠠ ᠲᠠᠢ ᠨᠢᠬᠳᠠ ᠤᠶᠠᠯᠳᠤᠭᠤᠯᠵᠤ᠂ ᠮᠠᠨ᠎ᠤ ᠣᠷᠣᠨ᠎ᠤ ᠴᠡᠪᠡᠷ ᠡᠨᠧᠷᠭᠢ᠂ ᠪᠣᠬᠢᠷᠲᠤᠯ ᠥᠬᠡᠶ ᠪᠤᠳᠤᠯᠳᠠ ᠵᠢᠨ ᠬᠦᠴᠤᠨ᠂ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ ᠳᠠᠪᠠᠭᠤᠯᠢᠭ ᠡᠬᠢ ᠪᠠᠶᠠᠯᠢᠭ᠎ᠲᠤ᠌ ᠲᠦᠰᠢᠭᠯᠡᠨ᠂ ᠨᠡᠭᠡᠭᠡᠯᠲᠡ᠎ᠪᠡᠷ ᠬᠥᠭᠵᠢᠯᠲᠡ᠎ᠶᠢ ᠠᠬᠢᠭᠤᠯᠬᠤ᠂ ᠬᠠᠮᠲᠤᠷᠠᠯᠴᠠᠭ᠎ᠠ᠎ᠪᠠᠷ ᠳᠡᠭᠡᠭᠰᠢᠯᠡᠯᠲᠡ᠎ᠶᠢ ᠠᠬᠢᠭᠤᠯᠬᠤ᠎ᠶᠢ ᠪᠠᠷᠢᠮᠲᠠᠯᠠᠵᠤ᠂ ᠭᠠᠳᠠᠭᠠᠳᠤ ᠠᠵᠤ ᠠᠬᠤᠶ ᠠᠷᠠᠯᠵᠢᠶ᠎ᠠ᠂ ᠰᠣᠶᠣᠯ ᠢᠷᠭᠡᠨᠰᠢᠯ᠂ ᠠᠵᠤ ᠦᠢᠯᠡᠰ᠎ᠦᠨ ᠬᠠᠮᠲᠤᠷᠠᠯᠴᠠᠭᠠᠨ᠎ᠤ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠬᠡᠨ᠂ 《ᠣᠷᠣᠭᠤᠯᠤᠨ ᠠᠪᠴᠢᠷᠠᠬᠤ》᠂ 《ᠭᠠᠷᠴᠤ ᠶᠠᠪᠤᠬᠤ》 ᠬᠤᠤᠰ ᠴᠢᠭᠯᠡᠯᠲᠦ᠍ ᠠᠷᠭ᠎ᠠ ᠵᠠᠮ᠎ᠢ ᠰᠠᠶ᠋ᠢᠲᠤᠷ ᠬᠡᠷᠡᠭᠯᠡᠵᠦ᠍᠂ ᠮᠠᠨ᠎ᠤ ᠣᠷᠣᠨ᠎ᠤ ᠪᠥᠬᠥ᠌ ᠲᠠᠯ᠎ᠠ᠎ᠶᠢᠨ᠂ ᠣᠯᠠᠨ ᠲᠠᠰ ᠳᠠᠪᠬᠤᠷᠭ᠎ᠠ᠎ᠶᠢᠨ᠂ ᠥᠷᠭᠡᠨ ᠬᠦᠷᠢᠶᠡᠨ᠎ᠳ᠋ᠡᠬᠢ ᠭᠠᠳᠠᠭᠠᠳᠤ ᠨᠡᠭᠡᠭᠡᠯᠲᠡ᠎ᠶᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠬᠦ᠌ ᠬᠡᠷᠡᠭᠲᠡᠶ ᠭᠡᠵᠤ ᠱᠠᠭᠠᠷᠳᠠᠪᠠ᠃

10 ᠰᠠᠷ᠎ᠠ᠎ᠶᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ ᠤ᠋ ᠪᠠᠲᠤᠯᠠᠭ᠎ᠠ᠎ᠶᠢᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ(ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠪᠥᠬᠥ᠌ ᠣᠷᠣᠨ᠎ᠤ ᠡᠮᠴᠢᠯᠡᠭᠡᠨ ᠤ᠋ ᠪᠠᠳᠤᠯᠠᠭ᠎ᠠ ᠵᠢᠨ ᠰᠢᠰᠲ᠋ᠧᠮ᠎ᠦᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠎ᠶᠢ ᠨᠢᠭᠡ ᠵᠦᠢᠯ᠎ᠦᠨ ᠤᠯᠤᠰ ᠲᠥᠷᠥ᠎ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ᠎ᠶᠢᠨ ᠭᠦᠨ ᠵᠤᠵᠠᠭᠠᠨ ᠬᠠᠶ᠋ᠢᠷ᠎ᠠ ᠬᠠᠯᠠᠮᠵᠢ᠎ᠶᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ᠎ᠶᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠲᠠᠶ ᠨᠢᠭᠲᠠ ᠤᠶᠠᠯᠳᠤᠭᠤᠯᠵᠤ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠳᠤ ᠡᠮᠴᠢᠯᠡᠭᠡᠨ ᠤ᠋ ᠪᠠᠳᠤᠯᠠᠭ᠎ᠠ ᠵᠢᠨ ᠬᠠᠷᠢᠭᠤᠴᠠᠯᠭ᠎ᠠ᠎ᠶᠢ ᠡᠭᠦᠷᠭᠡᠯᠡᠵᠦ᠍᠂ ᠡᠮᠴᠢᠯᠡᠭᠡᠨ ᠤ᠋ ᠪᠠᠳᠤᠯᠠᠭ᠎ᠠ ᠵᠢᠨ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠶ᠃ ᠡᠮᠴᠢᠯᠡᠭᠡᠨ ᠤ᠋ ᠪᠠᠲᠤᠯᠠᠭ᠎ᠠ᠎ᠶᠢᠨ ᠲᠦᠷᠢᠮ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠳᠠᠭᠠᠳᠬᠠᠯ᠎ᠳᠤ ᠣᠷᠣᠯᠴᠠᠬᠤ ᠰᠠᠭᠤᠷᠢ᠎ᠶᠢ ᠲᠠᠰᠤᠷᠠᠯᠲᠠ ᠥᠬᠡᠶ ᠪᠡᠬᠢᠵᠢᠭᠦᠯᠦᠨ᠂ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ ᠤ᠋ ᠪᠠᠲᠤᠯᠠᠭ᠎ᠠ᠎ᠶᠢᠨ ᠰᠢᠰᠲ᠋ᠧᠮ᠎ᠢ ᠪᠦᠷᠢᠨᠰᠢᠬᠦᠯᠵᠤ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠢ ᠮᠤᠵᠢ᠎ᠶᠢᠨ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ᠌ ᠪᠠ ᠣᠷᠳᠣ ᠬᠤᠭᠤᠴᠠᠭ᠎ᠠ᠎ᠪᠠᠷ ᠰᠤᠪᠢᠯᠠᠬᠤ ᠳᠠᠭᠠᠳᠬᠠᠯ᠎ᠤᠨ ᠲᠦᠷᠢᠮ᠎ᠦᠨ ᠪᠠᠶ᠋ᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠬᠤ ᠬᠡᠷᠡᠭᠲᠡᠶ; 《ᠡᠮᠴᠢᠯᠡᠭᠡ ᠡᠮᠴᠢᠯᠡᠭᠡᠨ ᠤ᠋ ᠲᠠᠭᠠᠳᠬᠠᠯ ᠡᠮ ᠡᠮᠨᠡᠯᠭᠡ》 ᠵᠢᠨ ᠬᠠᠮᠵᠢᠯᠴᠠᠨ ᠬᠥᠭᠵᠢᠬᠦ᠌᠎ᠶᠢ ᠠᠬᠢᠭᠤᠯᠵᠤ᠂ ᠡᠮᠴᠢᠯᠡᠭᠡᠨ᠎ᠦ ᠳᠠᠭᠠᠳᠬᠠᠯ᠎ᠤᠨ ᠬᠥᠰᠢᠬᠦᠷᠬᠡ ᠪᠡᠷ ᠬᠥᠲᠥᠯᠥᠨ ᠵᠢᠯᠣᠭᠣᠳᠬᠤ᠎ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠴᠢᠩᠭᠠᠳᠬᠠᠬᠤ ᠢᠨᠵᠧᠨᠧᠷᠢᠩ᠎ᠢ ᠳᠠᠮᠵᠢᠵᠤ᠂ ᠡᠮᠴᠢᠯᠡᠭᠡᠨ ᠤ᠋ ᠦᠢᠯᠡᠴᠢᠯᠡᠭᠡᠨ᠎ᠦ ᠬᠠᠩᠭᠠᠯᠭ᠎ᠠ᠎ᠶᠢ ᠰᠢᠯᠢᠳᠡᠭᠵᠢᠭᠦᠯᠬᠦ ᠭᠡᠷᠡᠭᠳᠠᠢ; ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥ᠎ᠶᠢᠨ ᠬᠠᠮᠢᠶᠠᠷᠤᠯᠲᠠ᠎ᠶᠢᠨ ᠲᠣᠪᠣᠶ᠋ᠢᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ᠎ᠶᠢ ᠭᠦᠨᠵᠡᠭᠡᠶ᠋ᠢᠷᠡᠭᠦᠯᠵᠦ᠍᠂ ᠵᠢᠷᠤᠮᠵᠢᠭᠤᠯᠬᠤ ᠪᠠ ᠦᠢᠯᠡᠴᠢᠯᠡᠬᠦ᠌᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠨ᠂ ᠰᠠᠭᠤᠷᠢ ᠮᠥᠩᠭᠥ᠎ᠶᠢ ᠬᠡᠷᠡᠭᠯᠡᠬᠦ᠌ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠩᠬᠠᠷᠴᠤ᠌᠂ ᠰᠠᠭᠤᠷᠢ ᠮᠥᠩᠭᠥ᠎ᠶᠢᠨ ᠬᠡᠷᠡᠭᠯᠡᠬᠦ᠌ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠰᠠᠭᠤᠷᠢ ᠮᠥᠩᠭᠥ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠰᠠᠬᠢᠬᠤ ᠭᠡᠷᠡᠭᠳᠠᠢ; ᠡᠮᠴᠢᠯᠡᠭᠡᠨ᠎ᠦ ᠳᠠᠭᠠᠳᠬᠠᠯ᠎ᠤᠨ ᠲᠣᠭᠠᠴᠢᠯᠠᠯᠳᠠ ᠤᠶᠤᠨᠴᠢᠯᠠᠯᠳᠠ ᠵᠢᠨ ᠬᠡᠷᠡᠭᠯᠡᠭᠡ᠎ᠶᠢᠨ ᠲᠣᠭ᠎ᠠ ᠪᠠᠷᠢᠮᠲᠠ᠎ᠶᠢᠨ ᠵᠠᠰᠠᠯᠲᠠ᠂ ᠣᠶᠤᠨᠳᠤ ᠬᠢᠨᠠᠯᠲᠠ ᠬᠠᠮᠢᠶᠠᠷᠤᠯᠲᠠ ᠪᠠ ᠣᠶᠤᠨᠳᠤ ᠭᠠᠷᠲᠠᠨ ᠭᠦᠢᠴᠡᠳᠬᠡᠬᠦ᠌ ᠦᠢᠯᠡᠴᠢᠯᠡᠭᠡᠨ᠎ᠦ ᠲᠠᠯ᠎ᠠ᠎ᠪᠠᠷ᠎ᠬᠢ ᠲᠤᠯᠭᠠᠭᠤᠷᠢᠯᠠᠬᠤ ᠴᠢᠳᠠᠪᠤᠷᠢ᠎ᠶᠢ ᠴᠢᠩᠭᠠᠳᠬᠠᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠮᠴᠢᠯᠡᠭᠡᠨ᠎ᠦ ᠪᠠᠳᠤᠯᠠᠭ᠎ᠠ ᠵᠢᠨ ᠣᠯᠠᠨ ᠡᠰᠢᠵᠢᠭᠰᠡᠨ ᠦᠢᠯᠡᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠶᠢ ᠨᠠᠩ ᠰᠠᠶ᠋ᠢᠲᠤᠷ ᠬᠠᠩᠭᠠᠬᠤ ᠭᠡᠷᠡᠭᠳᠠᠢ ᠭᠡᠵᠤ ᠱᠠᠭᠠᠷᠳᠠᠪᠠ᠃

10 ᠰᠠᠷ᠎ᠠ᠎ᠶᠢᠨ 28᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠵᠢ ᠬᠤᠳᠠᠯᠳᠤᠭᠠᠴᠢᠳ᠎ᠤᠨ ᠡᠪᠯᠡᠯ᠎ᠳᠦ ᠬᠦᠷᠴᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠬᠤᠷᠠᠯ᠎ᠡᠴᠡ᠂ ᠪᠦᠬᠦ᠌ ᠣᠷᠣᠨ᠎ᠤ ᠡᠯ᠎ᠡ ᠠᠶ᠋ᠢᠮᠠᠭ ᠬᠤᠳᠠ᠎ᠶᠢᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠂ ᠬᠤᠳᠠᠯᠳᠤᠭᠠᠨ᠎ᠤ ᠨᠡᠶ᠋ᠢᠭᠡᠮᠯᠢᠭ᠎ᠦᠨ ᠬᠢᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠭᠡᠰᠢᠭᠦᠨ ᠠᠵᠤ ᠠᠬᠤᠶ᠋ᠢᠯᠠᠯ᠎ᠢᠶᠠᠨ ᠵᠣᠬᠢᠶᠠᠨ ᠪᠠᠶ᠋ᠢᠭᠤᠯᠵᠤ ᠠᠮᠢᠳᠤᠯᠢᠭ᠎ᠢᠶᠠᠷ ᠪᠣᠳᠠᠲᠠᠢ᠎ᠶᠢ ᠡᠷᠬᠢᠮᠯᠡᠭᠰᠡᠨ ᠰᠤᠷᠤᠯᠴᠠᠯᠭ᠎ᠠ ᠶᠠᠷᠢᠯᠴᠠᠭ᠎ᠠ ᠥᠷᠨᠢᠭᠦᠯᠵᠦ᠍᠂ ᠰᠢᠭᠤᠳ ᠬᠠᠷᠢᠶ᠎ᠠ ᠬᠤᠳᠠᠯᠳᠤᠭᠠᠨ᠎ᠤ ᠨᠡᠶ᠋ᠢᠭᠡᠮᠯᠢᠭ ᠪᠣᠯᠤᠨ ᠥᠷᠭᠡᠨ ᠤᠯᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠮᠦᠰ᠎ᠦᠨ ᠳᠤᠮᠳᠠ ᠦᠷᠭᠦᠯᠵᠢᠯᠡᠨ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ᠃ ᠰᠤᠷᠤᠯᠴᠠᠬᠤ ᠬᠡᠷᠡᠭᠯᠡᠬᠦ᠌᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠠᠵᠢᠯ ᠲᠥᠷᠥᠯ᠎ᠦᠨ ᠪᠣᠳᠠᠲᠤ᠌ ᠪᠠᠶ᠋ᠢᠳᠠᠯ᠎ᠳᠤ ᠰᠠᠭᠤᠷᠢᠯᠠᠨ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ᠌ ᠪᠠᠶ᠋ᠢᠭᠠᠳ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠠᠵᠤ ᠦᠢᠯᠡᠰ᠎ᠢᠶᠡᠨ ᠲᠠᠰ ᠳᠡᠪᠰᠢᠭᠦᠯᠬᠦ᠌ ᠭᠠᠷᠳᠠᠬᠤ ᠴᠡᠭ᠎ᠢ ᠣᠨᠣᠪᠴᠢᠲᠠᠶ ᠣᠯᠵᠤ᠂ ᠶᠡᠷᠦᠩᠬᠡᠶ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠭᠡᠰᠢᠭᠦᠨ ᠠᠵᠤ ᠠᠬᠤᠶ᠋ᠢᠯᠠᠯ ᠨᠢᠭᠡᠪᠦᠷᠢ᠎ᠳᠦ ᠦᠨᠡᠨ ᠬᠦ᠌ ᠳᠠᠮᠵᠢᠭᠤᠯᠬᠤ ᠬᠡᠷᠡᠭᠲᠡᠶ᠃《ᠨᠡᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠡᠷᠡᠭᠦᠯ ᠵᠢᠡᠷ ᠬᠦᠭᠵᠢᠬᠦ ᠪᠠ ᠨᠡᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠬᠦᠮᠦᠰ᠎ᠤᠨ ᠡᠷᠡᠭᠦᠯ ᠵᠢᠡᠷ ᠦᠰᠦᠨ ᠪᠤᠢᠵᠢᠬᠤ》 ᠠᠵᠢᠯ᠎ᠤᠨ ᠭᠤᠤᠯ ᠰᠡᠳᠦᠪ᠎ᠲᠡᠶ ᠨᠢᠭᠲᠠ ᠤᠶᠠᠯᠳᠤᠭᠤᠯᠤᠨ᠂ ᠨᠠᠮ᠎ᠤᠨ ᠪᠠᠶ᠋ᠢᠭᠤᠯᠤᠯᠲᠠ᠎ᠪᠠᠷ ᠬᠤᠳᠠᠯᠳᠤᠭᠠᠴᠢᠳ᠎ᠤᠨ ᠡᠪᠯᠡᠯ᠎ᠦᠨ ᠪᠠᠶ᠋ᠢᠭᠤᠯᠤᠯᠲᠠ᠎ᠶᠢ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠬᠥᠮᠦᠰ᠎ᠦᠨ ᠬᠠᠤᠯᠢ᠎ᠶᠢ ᠵᠢᠷᠤᠮᠯᠠᠨ ᠡᠵᠡᠩᠨᠡᠬᠦ᠌᠂ ᠦᠨᠡᠨᠴᠢ ᠢᠲᠡᠭᠡᠮᠵᠢᠲᠡᠶ᠎ᠪᠡᠷ ᠡᠵᠡᠩᠨᠡᠬᠦ᠌᠎ᠶᠢ ᠬᠥᠲᠥᠯᠥᠨ ᠵᠢᠯᠣᠭᠣᠳᠬᠤ ᠬᠡᠷᠡᠭᠲᠡᠶ᠃ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠵᠤ ᠠᠬᠤᠶ᠋ᠢᠯᠠᠯ᠎ᠤᠨ ᠬᠦᠰᠡᠯ ᠱᠠᠭᠠᠷᠳᠠᠯᠭ᠎ᠠ᠎ᠶᠢ ᠴᠠᠭ ᠲᠤᠬᠠᠶ᠎ᠳᠤᠨᠢ ᠰᠣᠨᠣᠰᠴᠤ᠌᠂ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢᠳᠪᠦᠷᠢᠯᠡᠵᠦ᠍ ᠥᠭᠬᠦ᠌᠎ᠳᠦ ᠬᠦᠴᠦᠨ ᠨᠡᠮᠡᠷᠢᠯᠡᠵᠦ᠍᠂ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ᠌ ᠪᠠᠶ᠋ᠢᠭᠠᠳ ᠨᠡᠶ᠋ᠢᠭᠡᠮ᠎ᠦᠨ ᠬᠠᠷᠢᠭᠤᠴᠠᠯᠭ᠎ᠠ᠎ᠶᠢ ᠢᠳᠡᠪᠬᠢᠲᠡᠶ ᠭᠦᠢᠴᠡᠳᠬᠡᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠦ ᠦᠢᠯᠡᠴᠢᠯᠡᠬᠦ᠌ ᠳᠤᠮᠳᠠ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠡᠭᠦᠷᠭᠡᠯᠡᠯ᠎ᠢ ᠢᠯᠡᠷᠡᠭᠦᠯᠬᠦ᠌ ᠬᠡᠷᠡᠭᠲᠡᠶ ᠭᠡᠵᠦ ᠱᠠᠭᠠᠷᠳᠠᠪᠠ᠃

10 ᠰᠠᠷ᠎ᠠ᠎ᠶᠢᠨ 20᠎ᠤ᠋ ᠡᠳᠦᠷ᠂ ᠪᠤᠭᠤᠲᠤ᠌ ᠬᠣᠲᠠ᠎ᠶᠢᠨ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭᠰᠠᠨ 《ᠨᠤᠭᠤ ᠭᠠᠵᠠᠷ᠎ᠢ ᠬᠠᠮᠠᠭᠠᠯᠠᠬᠤ᠎ᠳᠤ ᠬᠠᠮᠤᠭ᠎ᠤᠨ ᠴᠢᠬᠤᠯᠠ ᠨᠢ ᠤᠨᠭᠭᠤᠨ ᠪᠠᠢᠭᠠᠯᠢᠯᠢᠭ ᠠᠮᠢ ᠠᠬᠤᠢ᠎ᠶᠢ ᠪᠠᠲᠤᠯᠠᠬᠤ᠎ᠳᠤ ᠪᠤᠢ》 ᠭᠡᠬᠦ᠌ ᠴᠢᠬᠤᠯᠠ ᠱᠠᠭᠠᠷᠳᠠᠯᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠶᠢᠨ ᠬᠤᠪᠢᠰᠤᠩᠭᠤᠢ ᠬᠠᠷᠢᠴᠠᠭ᠎ᠠ᠎ᠶᠢ ᠵᠥᠪ ᠡᠵᠡᠮᠳᠡᠵᠦ᠍᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠨᠤᠭᠤ ᠭᠠᠵᠠᠷ᠎ᠢ ᠬᠠᠮᠠᠭᠠᠯᠠᠬᠤ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠪᠠᠶ᠋ᠢᠭᠠᠯᠢ᠎ᠶᠢ ᠬᠦᠨᠳᠦᠳᠬᠡᠬᠦ᠌᠂ ᠪᠠᠶ᠋ᠢᠭᠠᠯᠢ᠎ᠲᠠᠶ ᠵᠣᠬᠢᠴᠠᠬᠤ᠂ ᠪᠠᠶ᠋ᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠵᠤ᠂ ᠠᠶᠠᠨᠳᠠᠭᠠᠨ ᠰᠡᠷᠭᠦᠬᠦ᠌᠎ᠪᠡᠷ ᠭᠣᠣᠯ ᠪᠣᠯᠭᠠᠬᠤ᠂ ᠬᠥᠮᠦᠨ᠎ᠦ ᠬᠦᠴᠦ᠎ᠤᠷᠤᠭᠤᠯᠬᠤ ᠪᠡᠷ ᠬᠠᠪᠰᠤᠷᠤᠮᠵᠢ ᠪᠣᠯᠭᠠᠬᠤ ᠵᠠᠷᠴᠢᠮ᠎ᠢ ᠵᠢᠷᠤᠮᠯᠠᠵᠤ᠂ ᠮᠠᠭᠤᠳᠠᠭᠰᠠᠨ ᠨᠤᠭᠤ ᠭᠠᠵᠠᠷ᠎ᠢ ᠵᠠᠰᠠᠨ ᠰᠡᠷᠭᠦᠭᠡᠬᠦ᠌ ᠠᠵᠢᠯ᠎ᠢ ᠰᠢᠨᠵᠢᠯᠡᠬᠦ᠌ ᠤᠬᠠᠭᠠᠨᠴᠢ᠎ᠪᠠᠷ ᠥᠷᠨᠢᠭᠦᠯᠵᠦ᠍᠂ ᠤᠤᠯ᠎ᠤᠨ ᠤᠰᠤᠨ ᠵᠦᠢ᠎ᠶᠢᠨ ᠪᠠᠶ᠋ᠢᠷᠢᠰᠢᠯ ᠪᠣᠯᠤᠨ ᠤᠤᠭᠠᠯ ᠤᠷᠭᠤᠮᠠᠯ᠎ᠤᠨ ᠬᠤᠴᠢᠯᠭ᠎ᠠ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠮᠠᠭᠠᠯᠠᠵᠤ᠂ ᠨᠤᠭᠤ ᠭᠠᠵᠠᠷ᠎ᠲᠤ᠌ ᠠᠮᠠᠷᠠᠨ ᠰᠤᠪᠢᠯᠠᠬᠤ ᠣᠷᠣᠨ ᠵᠠᠢ ᠦᠯᠡᠳᠡᠭᠡᠵᠦ᠍ ᠥᠭᠬᠦ᠌ ᠬᠡᠷᠡᠭᠲᠡᠢ᠃ ᠪᠤᠭᠤᠲᠤ᠎ᠶᠢᠨ ᠨᠤᠭᠤ ᠭᠠᠵᠠᠷ᠎ᠤᠨ ᠡᠬᠢ ᠪᠠᠶᠠᠯᠢᠭ᠎ᠤᠨ ᠣᠨᠴᠠᠯᠢᠭ᠎ᠲᠤ᠌ ᠰᠠᠭᠤᠷᠢᠯᠠᠨ᠂ ᠬᠠᠲᠤᠨ ᠭᠤᠤᠯ ᠳᠠᠭᠠᠤ᠎ᠶᠢᠨ ᠵᠠᠭᠤᠨ ᠭᠠᠵᠠᠷ᠎ᠤᠨ ᠠᠮᠢ ᠠᠬᠤᠶ᠎ᠶᠢᠨ ᠬᠣᠩᠭᠢᠯ᠎ᠢ ᠲᠥᠰᠦᠪᠯᠡᠨ ᠪᠥᠲᠥᠭᠡᠨ ᠪᠠᠶ᠋ᠢᠭᠤᠯᠵᠤ᠂ ᠪᠤᠭᠤᠲᠤ᠎ᠶᠢᠨ ᠬᠠᠲᠤᠨ ᠭᠤᠤᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠦᠨ ᠠᠮᠢ ᠠᠬᠤᠶ᠎ᠶᠢᠨ ᠶᠠᠰᠤ ᠴᠢᠨᠠᠷ᠎ᠢ ᠰᠢᠨᠵᠢᠯᠡᠬᠦ᠌ ᠤᠬᠠᠭᠠᠨᠴᠢ᠎ᠪᠠᠷ ᠳᠡᠭᠡᠭᠰᠢᠯᠡᠭᠦᠯᠦᠨ᠂ ᠨᠤᠭᠤ ᠭᠠᠵᠠᠷ᠎ᠤᠨ ᠠᠮᠢ ᠠᠬᠤᠶ᠎ᠶᠢᠨ ᠴᠢᠳᠠᠮᠵᠢ ᠪᠠ ᠨᠡᠭᠦᠳᠡᠯ᠎ᠦᠨ ᠰᠢᠪᠠᠭᠤᠳ᠎ᠤᠨ ᠣᠷᠣᠰᠢᠨ ᠠᠮᠢᠳᠤᠷᠠᠬᠤ ᠭᠠᠵᠠᠷ᠎ᠤᠨ ᠪᠠᠲᠤᠯᠠᠭ᠎ᠠ᠎ᠶᠢᠨ ᠴᠢᠳᠠᠪᠤᠷᠢ᠎ᠶᠢ ᠴᠢᠩᠭᠠᠳᠬᠠᠬᠤ ᠬᠡᠷᠡᠭᠲᠡᠶ᠃ ᠨᠤᠭᠤ ᠭᠠᠵᠠᠷ᠎ᠤᠨ ᠣᠶᠤᠨᠴᠢ ᠬᠢᠨᠠᠨ ᠬᠡᠮᠵᠢᠬᠦ᠌ ᠬᠠᠮᠢᠶᠠᠷᠤᠨ ᠬᠠᠮᠠᠭᠠᠯᠠᠬᠤ ᠰᠢᠰᠲ᠋ᠧᠮ᠎ᠢ ᠦᠷᠭᠦᠯᠵᠢᠯᠡᠨ ᠪᠠᠶ᠋ᠢᠭᠤᠯᠤᠨ ᠴᠢᠩᠭᠠᠳᠬᠠᠵᠤ᠂ ᠪᠠᠢ᠌ᠩᠭᠤᠵᠢᠬᠰᠠᠨ ᠲᠣᠭᠣᠷᠢᠨ ᠬᠠᠮᠠᠭᠠᠯᠠᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ᠌ ᠴᠢᠨᠠᠷ᠎ᠤᠨ ᠬᠢᠨᠠᠨ ᠬᠡᠮᠵᠢᠯᠲᠡ᠎ᠶᠢ ᠪᠣᠳᠠᠲᠠᠢ ᠠᠳᠬᠤᠵᠤ᠂ ᠨᠤᠭᠤ ᠭᠠᠵᠠᠷ᠎ᠤᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠎ᠶᠢ ᠴᠢᠩᠭᠠᠳᠬᠠᠵᠤ᠂ ᠪᠤᠭᠤᠲᠤ᠎ᠶᠢᠨ ᠨᠤᠭᠤ ᠭᠠᠵᠠᠷ᠎ᠤᠨ ᠠᠮᠢ ᠠᠬᠤᠢ᠎ᠶᠢᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠢ ᠭᠡᠵᠦ᠍ ᠴᠢᠬᠤᠯᠠᠴᠢᠯᠠᠪᠠ᠃    

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面