ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-16 10:34:19

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠲᠦᠷᠦᠬᠦᠬᠡᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠲᠤᠷᠰᠢᠯᠲᠠ᠎ᠶᠢᠨ ᠲᠠᠰᠤᠭ᠎ᠲᠤ ᠬᠦᠷᠬᠦ᠎ᠳᠤ ᠵᠠᠩ ᠢᠦᠢ ᠬᠤᠤ ᠬᠠᠮᠲᠤ ᠰᠤᠷᠤᠯᠭᠠᠲᠠᠨ᠎ᠲᠠᠢ᠎ᠪᠠᠨ ᠬᠠᠮᠲᠤ ᠲᠤᠷᠰᠢᠯᠲᠠ ᠬᠢᠵᠦ ᠪᠠᠢᠯ᠎ᠠ᠃ ᠲᠡᠳᠡᠨ᠎ᠦ ᠵᠣᠬᠢᠶᠠᠨ ᠪᠠᠢᠭᠤᠯᠤᠭᠰᠠᠨ 《ᠤᠶᠤᠨᠳᠤ ᠨᠢᠳᠤ》 ᠢᠳᠡᠭᠡᠨ᠎ᠦ ᠠᠮᠤᠷ ᠲᠦᠪᠰᠢᠨ᠎ᠦ ᠤᠶᠤᠨᠳᠤ ᠪᠠᠢᠴᠠᠭᠠᠯᠲᠠ᠎ᠶᠢᠨ ᠪᠦᠯᠬᠦᠮ ᠨᠢ ᠬᠣᠶᠠᠷ ᠵᠢᠯ ᠬᠠᠭᠠᠰ᠎ᠤᠨ ᠪᠣᠭᠣᠮᠲᠠ ᠰᠢᠪᠲᠤᠯᠬᠤ᠎ᠪᠠᠷ ᠳᠠᠮᠵᠢᠵᠤ᠂ ᠢᠣᠳ᠋᠎ᠢ᠋ ᠬᠡᠮᠵᠢᠬᠦ ᠠᠷᠭ᠎ᠠ ᠪᠣᠯᠣᠨ ᠵᠣᠬᠢᠶᠠᠮᠠᠯ ᠤᠶᠤᠨ ᠴᠢᠳᠠᠪᠤᠷᠢ᠎ᠶᠢ ᠠᠭᠤᠰᠤᠯᠴᠠᠭᠤᠯᠵᠤ᠂ ᠤᠷᠪᠠᠯᠵᠢ ᠵᠢᠨ ᠬᠠᠢᠷᠴᠠᠭ᠂ ᠭᠠᠷ ᠤᠲᠠᠰᠤ᠎ᠪᠠᠷ ᠮᠠᠭᠠᠳᠯᠠᠬᠤ᠂ ᠡᠭᠦᠯᠡᠨ ᠦᠵᠦᠭᠦᠷᠯᠢᠭ ᠎ᠦᠨ ᠮᠥᠷᠳᠡᠯᠲᠡ ᠎ᠶᠢ ᠨᠢᠭᠡ ᠴᠣᠭᠴᠠᠵᠢᠭᠤᠯᠬᠤ ᠲᠥᠰᠥᠯ᠎ᠢ ᠡᠭᠦᠳᠴᠡᠢ᠃ ᠡᠭᠦᠨ᠎ᠢᠶᠡᠷ ᠦᠯᠢᠭᠡᠷ ᠡᠳ᠋ ᠢ᠋ ᠰᠢᠯᠭᠠᠨ ᠪᠠᠢᠴᠠᠭᠠᠭᠠᠳ ᠦᠩᠭᠡ ᠢᠯᠡᠷᠡᠭᠰᠡᠨ᠎ᠤ ᠲᠠᠷᠠᠭ᠎ᠠ ᠭᠠᠷ ᠤᠲᠠᠰᠤ᠎ᠪᠠᠷ ᠵᠢᠡᠨ ᠰᠡᠭᠦᠳᠡᠷᠯᠡᠪᠡᠯ ᠨᠢᠭᠡ ᠮᠢᠨᠦ᠋ᠲ᠎ᠦᠨ ᠳᠣᠲᠣᠷ᠎ᠠ ᠳᠠᠷᠤᠢ ᠦᠷ᠎ᠡ ᠳ᠋ᠦᠩ ᠭᠠᠷᠴᠢᠬᠠᠨ᠎ᠠ᠂ ᠭᠠᠭᠴᠠ ᠤᠳᠠᠭ᠎ᠠ ᠰᠢᠯᠭᠠᠨ ᠪᠠᠢᠴᠠᠭᠠᠬᠤ ᠥᠪᠡᠷ᠎ᠦᠨ ᠥᠷᠲᠡᠭ ᠨᠢ 18 ᠲᠥᠭᠥᠷᠢᠭ ᠪᠠᠢᠵᠤ᠂ ᠦᠯᠢᠬᠡᠷ ᠡᠳ᠋ ᠢ᠋ ᠰᠢᠯᠭᠠᠨ ᠪᠠᠢᠴᠠᠭᠠᠭᠰᠠᠨ ᠣᠨᠣᠪᠴᠢ  ᠶ᠋ᠢᠨ ᠬᠡᠮᠵᠢᠶ᠎ᠡ 98.2%᠎ᠲᠤ ᠬᠦᠷᠴᠦ᠂ ᠪᠦᠬᠦ ᠶᠠᠪᠤᠴᠠ ᠶ᠋ᠢᠨ ᠲᠣᠭ᠎ᠠ ᠪᠠᠷᠢᠮᠲᠠ ᠶ᠋ᠢ ᠮᠥᠷᠳᠡᠨ ᠪᠠᠢᠴᠠᠭᠠᠵᠤ ᠪᠣᠯᠣᠨ᠎ᠠ᠃



            ᠲᠤᠷᠰᠢᠯᠲᠠ ᠬᠢᠨ᠎ᠡ

ᠣᠳᠣᠬᠠᠨ᠎ᠳᠤ ᠪᠥᠬᠥ ᠳᠡᠯᠡᠬᠡᠢ᠎ᠶᠢᠨ ᠢᠳᠡᠭᠡᠨ᠎ᠦ ᠠᠮᠤᠷ ᠲᠦᠪᠰᠢᠨ᠎ᠦ ᠰᠢᠯᠭᠠᠨ ᠪᠠᠢᠴᠠᠭᠠᠯᠳᠠ ᠵᠢᠨ ᠵᠠᠬ᠎ᠠ ᠳᠡᠯᠭᠡᠭᠦᠷ᠎ᠦᠨ ᠬᠡᠪᠴᠢᠶ᠎ᠡ 1857 ᠳ᠋ᠦᠩᠰᠢᠭᠤᠷ ᠲᠥᠭᠥᠷᠢᠭ᠎ᠲᠦ ᠬᠦᠷᠴᠦ᠂ ᠠᠵᠢᠯ ᠲᠥᠷᠥᠯ᠎ᠦᠨ ᠡᠪᠡᠷᠰᠢᠶᠡᠯ ᠲᠣᠪᠣᠢᠮ᠎ᠠ ᠪᠤᠢ᠄ ᠨᠠᠷᠢᠯᠢᠭ᠋ ᠰᠢᠯᠭᠠᠨ ᠪᠠᠢᠴᠠᠭᠠᠯᠳᠠ᠎ᠶᠢᠨ ᠬᠡᠮᠵᠢᠭᠦᠷᠯᠢᠭ ᠮᠠᠰᠢ ᠦᠨᠡᠲᠡᠢ᠂ ᠰᠢᠯᠭᠠᠨ ᠪᠠᠢᠴᠠᠭᠠᠯᠳᠠ ᠵᠢᠨ ᠦᠶᠡᠯᠡᠯ᠎ᠦᠨ ᠬᠤᠭᠤᠴᠠᠭ᠎ᠠ ᠣᠷᠳᠣ᠌᠂ ᠤᠯᠠᠮᠵᠢᠯᠠᠯᠲᠤ ᠲᠦᠷᠭᠡᠨ ᠪᠠᠢᠴᠠᠭᠠᠯᠲᠠ ᠨᠢ ᠬᠥᠮᠥᠨ᠎ᠦ ᠨᠢᠳᠦ᠎ᠪᠡᠷ ᠮᠠᠭᠠᠳᠯᠠᠬᠤ ᠳ᠋ᠤ ᠲᠦᠰᠢᠭᠯᠡᠵᠦ᠂ ᠪᠥᠬᠥ ᠶᠠᠪᠤᠴᠠ᠎ᠳ᠋ᠤ ᠲᠣᠭᠠᠴᠢᠯᠠᠨ ᠮᠥᠷᠳᠡᠬᠦ ᠲᠠᠯ᠎ᠠ᠎ᠪᠠᠷ ᠳᠤᠲᠠᠮᠠᠭ ᠪᠠᠢᠳᠠᠭ᠃ ᠡᠲᠡᠭᠡᠷ ᠡᠪᠡᠷᠰᠢᠶᠡᠯ᠎ᠳᠦ ᠴᠢᠭᠯᠡᠭᠦᠯᠦᠨ᠂ ᠲᠣᠰ ᠪᠦᠯᠬᠦᠮ᠎ᠤᠨ ᠬᠢᠨ ᠰᠣᠩᠭᠣᠳᠠᠭ ᠢᠣᠳ᠋᠎ᠢ᠋ ᠬᠡᠮᠵᠢᠬᠦ ᠠᠷᠭ᠎ᠠ ᠪᠠ ᠵᠢᠷᠤᠭ ᠳᠦᠷᠰᠦ᠎ᠶᠢ AI  ᠮᠡᠷᠬᠡᠵᠢᠯ ᠵᠢᠡᠷ ᠢᠯᠭᠠᠨ ᠲᠠᠨᠢᠬᠤ ᠮᠡᠷᠭᠡᠵᠢᠯ᠎ᠢ ᠬᠠᠷᠢᠯᠴᠠᠨ ᠤᠶᠠᠯᠳᠤᠭᠤᠯᠵᠤ᠂ ᠰᠢᠯᠭᠠᠨ ᠪᠠᠢᠴᠠᠭᠠᠭᠠᠳ ᠥᠯᠢᠭᠡᠷ ᠡᠳ᠋ ᠥᠩᠭᠡ ᠢᠯᠡᠷᠡᠭᠰᠡᠨ᠎ᠤ ᠲᠠᠷᠠᠭ᠎ᠠ᠂ ᠬᠡᠷᠡᠭᠯᠡᠭᠴᠢ ᠭᠠᠷ ᠤᠲᠠᠰᠤ᠎ᠪᠠᠷ ᠤᠷᠪᠠᠯᠵᠢ᠎ᠶᠢᠨ ᠬᠠᠢᠷᠴᠠᠭ ᠢ᠋ ᠰᠡᠭᠦᠳᠡᠷᠯᠡᠪᠡᠯ ᠰᠢᠰᠲᠧᠮ ᠨᠢ ᠳᠠᠷᠤᠢ ᠬᠡᠷᠡᠯ ᠲᠤᠰᠤᠯᠲᠠ᠎ᠶᠢᠨ ᠵᠠᠯᠠᠷᠠᠭᠤᠯᠭ᠎ᠠ᠂ ᠥᠳᠬᠡᠴᠡ᠎ᠶᠢᠨ ᠬᠡᠮᠵᠢᠶ᠎ᠡ᠎ᠶᠢ ᠪᠤᠳᠤᠬᠤ ᠪᠠ ᠮᠡᠳᠡᠭᠦᠯᠦᠯᠲᠡ᠎ᠶᠢ ᠳᠡᠭᠡᠭᠰᠢ ᠳᠠᠮᠵᠢᠭᠤᠯᠬᠤ᠎ᠶᠢ ᠠᠶᠠᠨᠳᠠᠭᠠᠨ ᠪᠡᠶᠡᠯᠡᠭᠦᠯᠵᠦ᠂ ᠬᠡᠲᠦ ᠬᠦᠴᠢᠯᠲᠥ᠋ᠷᠥᠭᠴᠢᠲᠦ ᠤᠰᠤᠲᠥ᠋ᠷᠥᠭᠴᠢ᠂ ᠳᠤᠲᠠᠭᠤ ᠠᠽᠣᠲ ᠬᠦᠴᠢᠯ᠎ᠦᠨ ᠳᠠᠪᠤᠰᠤ᠂ ᠦᠯᠡᠳᠡᠪᠦᠷᠢ ᠾᠯᠣᠷ ᠵᠡᠷᠭᠡ ᠣᠯᠠᠨ ᠵᠦᠢᠯ᠎ᠦᠨ ᠪᠣᠳᠠᠰ᠎ᠢ ᠪᠠᠢᠴᠠᠭᠠᠨ ᠰᠢᠯᠭᠠᠵᠤ᠂ ᠪᠥᠬᠥ ᠶᠠᠪᠤᠴᠠ᠎ᠶᠢᠨ ᠲᠣᠭ᠎ᠠ ᠪᠠᠷᠢᠮᠲᠠ᠎ᠶᠢ ᠪᠠᠢᠴᠠᠭᠠᠨ ᠮᠥᠷᠳᠡᠵᠦ ᠴᠢᠳᠠᠨ᠎ᠠ᠃

 ᠣᠳᠣᠬᠠᠨ᠎ᠳᠤ᠂ ᠲᠤᠰ ᠪᠦᠯᠬᠦᠮ᠎ᠦᠨ ᠬᠣᠶᠠᠷ ᠵᠦᠢᠯ᠎ᠦᠨ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ  ᠵᠢᠨ ᠭᠤᠶᠤᠴᠢᠯᠠᠯ ᠨᠢ ᠪᠣᠳᠠᠲᠠᠢ ᠬᠢᠨᠠᠯᠲᠠ᠎ᠳᠤ ᠣᠷᠣᠵᠤ᠂ 7 ᠵᠦᠢᠯ᠎ᠦᠨ ᠪᠦᠳᠦᠬᠡᠯ ᠳᠠᠢ ᠪᠠᠢᠵᠤ᠂ 3 ᠥᠭᠦᠯᠡᠯ ᠨᠡᠢᠲᠡᠯᠡᠭᠦᠯᠵᠡᠢ᠃ ᠲᠤᠰ ᠪᠦᠳᠦᠭᠡᠭᠳᠡᠭᠦᠨ ᠢ᠋ ᠨᠢᠭᠡᠨᠲᠡ ᠣᠯᠠᠨ ᠢᠳᠡᠭᠡᠨ᠎ᠦ ᠨᠢᠭᠡᠴᠢ᠎ᠳᠦ ᠲᠤᠷᠰᠢᠨ ᠬᠡᠷᠡᠭᠯᠡᠵᠦ ᠰᠢᠯᠭᠠᠨ ᠪᠠᠲᠤᠯᠠᠭᠠᠳ᠂ ᠠᠵᠤ ᠠᠬᠤᠢᠯᠠᠯ ᠢ᠋ ᠬᠠᠪᠰᠤᠷᠤᠨ ᠥᠪᠡᠷ᠎ᠦᠨ ᠥᠷᠲᠡᠭ ᠢ᠋ ᠵᠠᠭᠤ ᠭᠠᠷᠤᠢ ᠲᠦᠮᠡᠨ ᠲᠥᠭᠥᠷᠢᠭ ᠠᠷᠪᠢᠯᠠᠵᠠᠢ᠃

《ᠡᠳᠦᠷ᠎ᠦᠨ ᠭᠤᠷᠪᠠᠨ ᠡᠷᠢᠨ᠎ᠤ ᠬᠣᠭᠣᠯᠠ ᠨᠢ ᠬᠦᠮᠦᠰ᠎ᠤᠨ ᠡᠷᠡᠭᠦᠯ ᠮᠡᠨᠳᠦ ᠲᠠᠢ ᠰᠢᠭᠤᠳ ᠬᠣᠯᠪᠣᠭᠳᠠᠵᠤ ᠪᠠᠢᠳᠠᠭ᠃ ᠪᠢᠳᠡ ᠵᠠᠯᠠᠭᠤ ᠨᠠᠰᠤᠨ᠎ᠳ᠋ᠠᠭᠠᠨ ᠰᠢᠨᠵᠢᠯᠡᠬᠦ ᠤᠬᠠᠭᠠᠨ᠎ᠤ ᠰᠤᠳᠤᠯᠭᠠᠨ ᠳ᠋ᠤ ᠰᠢᠭᠤᠷᠬᠠᠢᠯᠠᠵᠤ ᠲᠦᠭ ᠲᠦᠮᠡᠨ ᠡᠷᠦᠬᠡ  ᠶ᠋ᠢᠨ ᠬᠣᠭᠣᠯᠠᠨ ᠰᠢᠷᠡᠭᠡ  ᠶ᠋ᠢ ᠰᠠᠬᠢᠨ ᠬᠠᠮᠠᠭᠠᠯᠠᠨ᠎ᠠ》 ᠭᠡᠵᠦ ᠪᠦᠯᠬᠦᠮ᠎ᠦᠨ ᠬᠠᠷᠢᠭᠤᠴᠠᠯᠭᠠᠲᠠᠨ ᠵᠠᠩ ᠢᠦᠢ ᠬᠤᠤ ᠶᠠᠷᠢᠵᠤ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面