2026-11-17 10:21:34
— ᠪᠥᠬᠥ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠤᠨ ᠵᠣᠷᠢᠭ᠋ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠬᠤᠷᠠᠯᠳᠤᠭᠤᠯᠤᠭᠰᠠᠨ ᠨᠢᠭᠡ ᠤᠳᠠᠭᠠᠨ᠎ᠤ ᠲᠤᠢᠯ᠎ᠤᠨ ᠴᠢᠬᠤᠯᠠ ᠬᠤᠷᠠᠯ ᠪᠣᠯᠣᠨ᠎ᠠ᠂ ᠬᠢᠨᠠᠨ ᠵᠦᠪᠯᠡᠵᠤ ᠪᠠᠲᠤᠯᠠᠭᠰᠠᠨ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠲᠤᠬᠠᠢ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠨᠢ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠳ᠋ᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠭᠰᠡᠨ ᠪᠠᠢᠨ᠎ᠠ᠃ ᠣᠢᠷ᠎ᠠ᠎ᠶᠢᠨ ᠡᠳᠦᠷ᠎ᠦᠳ᠎ᠲᠦ᠂ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠤᠷᠤᠯᠴᠠᠯᠭ᠎ᠠ ᠪᠣᠯᠪᠠᠰᠤᠷᠠᠯ᠎ᠢ ᠰᠠᠢᠲᠤᠷ ᠠᠳᠬᠤᠵᠤ᠂ ᠤᠬᠠᠭᠤᠯᠤᠨ ᠲᠠᠢᠯᠪᠤᠷᠢᠯᠠᠬᠤ᠎ᠶᠢ ᠥᠷᠭᠡᠨ᠎ᠢᠶᠡᠷ ᠥᠷᠨᠢᠭᠦᠯᠵᠦ᠂ ᠲᠤᠬᠠᠢᠯᠠᠭᠰᠠᠨ ᠠᠵᠢᠯ᠎ᠢᠶᠠᠨ ᠭᠦᠨᠵᠡᠭᠡᠢ ᠪᠣᠳᠠᠲᠠᠢ ᠨᠠᠷᠢᠯᠢᠭ᠋ ᠬᠢᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠣᠶ ᠪᠣᠯᠭᠠᠪᠠ᠃
10 ᠰᠠᠷ᠎ᠠ᠎ᠶᠢᠨ 30 ᠤ᠋ ᠡᠳᠦᠷ᠂ ᠲᠦᠩᠯᠢᠶᠣᠣ ᠬᠣᠲᠠ᠎ᠶᠢᠨ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ《ᠲᠣᠭᠲᠠᠭᠠᠯ》 ᠨᠢ ᠰᠢᠨ᠎ᠡ ᠴᠠᠭ ᠦᠶ᠎ᠡ᠎ᠳᠦ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ᠎ᠶᠢ ᠭᠦᠨᠵᠡᠭᠡᠢ ᠳ᠋ᠦᠩᠨᠡᠵᠠᠢ᠂ ᠡᠨᠡ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃ ᠲᠦᠩᠯᠢᠶᠣᠤ ᠬᠣᠲᠠ ᠨᠠᠮ ᠢ᠋ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢᠯᠠᠭᠤᠯᠤᠯᠲᠠ᠎ᠶᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ ᠦᠢᠯᠡᠳᠦᠯᠭᠡ ᠳᠤᠮᠳᠠ ᠲᠤᠭᠤᠰᠢᠯᠠᠭᠤᠯᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠡᠨ》 ᠢ᠋ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠦᠨ᠎ᠠ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠤᠯᠤᠰ ᠲᠥᠷᠥ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠵᠤ᠂ ᠨᠠᠮ᠎ᠤᠨ ᠡᠯ᠎ᠡ ᠵᠦᠢᠯ᠎ᠦᠨ ᠪᠠᠶ᠋ᠢᠭᠤᠯᠤᠯᠲᠠ᠎ᠶᠢ ᠪᠥᠬᠥ᠌ ᠲᠠᠯ᠎ᠠ᠎ᠪᠠᠷ ᠠᠬᠢᠭᠤᠯᠵᠤ᠂ ᠡᠷᠡᠰ ᠭᠤᠶ᠋ᠢᠪᠢᠰᠢ ᠥᠬᠡᠶ᠎ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠲᠦᠩᠯᠢᠶᠣᠤ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ᠌᠎ᠳᠦ ᠪᠠᠲᠤ᠌ ᠴᠢᠩᠭ᠎ᠠ ᠪᠠᠲᠤᠯᠠᠭ᠎ᠠ ᠬᠠᠩᠭᠠᠨ᠎ᠠ᠃ ᠣᠳᠣᠬᠠᠨ᠎ᠳᠤ᠂ ᠲᠦᠩᠯᠢᠶᠣᠤ ᠬᠣᠲᠠ ᠶᠠᠭ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ᠎ᠶᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠌᠂ ᠠᠶᠤᠯ ᠲᠦᠭᠰᠢᠭᠦᠷᠢ᠎ᠶᠢ ᠰᠡᠷᠭᠡᠶ᠋ᠢᠯᠡᠬᠦ᠌ ᠵᠡᠷᠭᠡ ᠡᠯ᠎ᠡ ᠵᠦᠢᠯ᠎ᠦᠨ ᠠᠵᠢᠯ᠎ᠢ ᠨᠢᠭᠡᠳᠦᠯᠲᠡᠶ ᠲᠥᠯᠥᠪᠵᠢᠬᠦᠯᠤᠨ ᠰᠠᠶ᠋ᠢᠲᠤᠷ ᠠᠳᠬᠤᠵᠤ᠂ ᠪᠥᠬᠥ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶᠢ ᠦᠨᠡᠨ ᠬᠦ᠌ ᠪᠠᠲᠤᠯᠠᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠶ᠋ᠢᠨ ᠰᠠᠶ᠋ᠢᠬᠠᠨ ᠡᠬᠢᠯᠡᠯᠲᠡ᠎ᠶᠢ ᠪᠡᠶᠡᠯᠡᠭᠦᠯᠤᠨ᠎ᠠ ᠭᠡᠵᠤ ᠵᠢᠭᠠᠵᠤ ᠭᠠᠷᠭᠠᠪᠠ᠃
11 ᠰᠠᠷ᠎ᠠ᠎ᠶᠢᠨ 6 ᠤ᠋ ᠡᠳᠦᠷ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ 50 ᠳ᠋ᠤᠭᠠᠷ ᠬᠤᠭᠤᠴᠠᠭᠠᠨ᠎ᠤ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠰᠤᠳᠤᠯᠤᠨ ᠶᠠᠷᠢᠯᠴᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂《ᠲᠣᠭᠲᠠᠭᠠᠯ》 ᠢ᠋ ᠲᠥᠪᠯᠡᠷᠡᠭᠦᠯᠦᠨ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠦᠨ 《ᠲᠣᠭᠲᠠᠭᠠᠯ》 ᠤ᠋ᠨ ᠲᠤᠬᠠᠶ ᠲᠣᠳᠣᠷᠬᠠᠶ᠋ᠢᠯᠠᠯᠲᠠ᠎ᠶᠢ ᠨᠠᠷᠢᠨ ᠬᠢᠨᠠᠮᠠᠭᠠᠶ ᠰᠤᠳᠤᠯᠤᠨ ᠤᠩᠰᠢᠭᠰᠠᠨ ᠪᠥᠭᠡᠳ ᠳᠤᠭᠤᠶ᠋ᠢᠯᠠᠩ ᠬᠤᠪᠢᠶᠠᠨ ᠰᠤᠳᠤᠯᠤᠨ ᠶᠠᠷᠢᠯᠴᠠᠬᠤ ᠬᠡᠯᠪᠡᠷᠢ᠎ᠪᠡᠷ ᠰᠤᠷᠤᠯᠴᠠᠭᠰᠠᠨ ᠲᠥᠷᠥᠭᠳᠡᠯ᠎ᠢᠶᠡᠨ ᠰᠣᠯᠢᠯᠴᠠᠪᠠ᠃ ᠤᠯᠠᠨ ᠵᠢᠡᠷ ᠵᠢᠡᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠮᠥᠨ᠂ ᠢᠳᠡᠷ ᠵᠠᠯᠠᠭᠤ ᠺᠠᠳ᠋ᠷᠴᠤᠳ ᠡᠷᠬᠡᠪᠰᠢ ᠤᠷᠢᠳ᠎ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠪᠥᠬᠥᠳᠡ ᠬᠤᠷᠠᠯ᠎ᠤᠨ ᠪᠢᠴᠢᠭ ᠮᠠᠲ᠋ᠧᠷᠢᠶᠠᠯ᠎ᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠲᠤᠬᠠᠶ ᠴᠢᠬᠤᠯᠠ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠶ ᠨᠡᠪᠲᠡᠷᠡᠯᠴᠡᠭᠦᠯᠵᠦ᠍᠂ ᠨᠢᠭᠡ ᠴᠣᠭᠴᠠᠵᠢᠭᠤᠯᠤᠨ ᠰᠤᠷᠤᠯᠴᠠᠵᠤ᠂ ᠨᠢᠭᠡ ᠴᠣᠭᠴᠠᠵᠢᠭᠤᠯᠤᠨ ᠣᠶ᠋ᠢᠯᠠᠭᠠᠵᠤ᠂ ᠨᠢᠭᠡ ᠴᠣᠭᠴᠠᠵᠢᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃ ᠤᠯᠠᠨ᠎ᠢᠶᠠᠷ᠎ᠢᠶᠠᠨ᠂ ᠨᠠᠮᠴᠢ ᠴᠢᠨᠠᠷ᠎ᠢ ᠴᠢᠩᠭᠠᠳᠬᠠᠬᠤ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠥᠨ᠂ ᠮᠠᠷᠺᠰ᠎ᠤᠨ ᠦᠵᠡᠯ᠎ᠦᠨ ᠰᠤᠷᠤᠯᠴᠠᠯᠭ᠎ᠠ ᠵᠢᠨ ᠰᠤᠷᠲᠠᠯ᠎ᠢ ᠶᠡᠬᠡᠪᠡᠷ ᠪᠠᠳᠠᠷᠠᠭᠤᠯᠵᠤ᠂ ᠨᠠᠮ᠎ᠤᠨ ᠰᠢᠨ᠎ᠡ᠎ᠵᠢ ᠡᠬᠦᠳᠬᠦ ᠤᠨᠤᠯ᠎ᠢᠶᠠᠷ ᠰᠡᠳᠬᠢᠯ᠎ᠢ ᠨᠢᠬᠳᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《 1571 》 ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠵᠢᠯ᠎ᠤᠨ ᠦᠢᠯᠡᠳᠦᠯᠭᠡ ᠳᠤᠮᠳᠠ᠎ᠪᠠᠨ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠪᠡᠶ᠎ᠡ᠎ᠵᠢᠨ ᠬᠤᠪᠢᠰᠬᠠᠯ ᠬᠢᠬᠦ ᠵᠣᠷᠢᠭ᠋ ᠰᠠᠨᠠᠭ᠎ᠠ᠎ᠪᠠᠷ ᠲᠤᠰ ᠪᠡᠶ᠎ᠡ᠎ᠶᠢᠨ ᠪᠠᠢᠭᠤᠯᠤᠯᠲᠠ᠎ᠪᠠᠨ ᠦᠨᠡᠨ ᠬᠦ᠌ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ᠎ᠶᠢᠨ ᠣᠣᠷ ᠴᠢᠨᠠᠷ᠎ᠢᠶᠠᠨ ᠡᠭᠦᠷᠢᠳᠡ ᠪᠠᠲᠤᠯᠠᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃
11 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠤᠯᠤᠰ ᠲᠥᠷᠥ᠎ᠶᠢᠨ ᠪᠠᠢᠭᠤᠯᠭ᠎ᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠣᠨᠣᠯ᠎ᠢᠶᠠᠷ ᠵᠡᠪᠰᠡᠭᠯᠡᠬᠦ ᠵᠢ ᠴᠢᠩᠭᠠᠳᠬᠠᠵᠤ᠂ ᠳᠦᠷᠢᠮ᠎ᠦᠨ ᠰᠢᠰᠲᠧᠮ᠎ᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠥᠪ ᠴᠢᠭᠯᠡᠯ᠎ᠢ ᠲᠣᠭᠲᠠᠭᠤᠨ ᠡᠵᠡᠮᠳᠡᠬᠦ ᠬᠡᠷᠡᠭᠲᠡᠢ; ᠵᠥᠪ ᠣᠨᠣᠪᠴᠢᠲᠠᠢ ᠬᠥᠮᠥᠨ ᠰᠣᠩᠭᠣᠵᠤ ᠬᠥᠮᠥᠨ ᠬᠡᠷᠡᠭᠯᠡᠬᠦ ᠤᠳᠤᠷᠢᠳᠤᠮᠵᠢ᠎ᠶᠢ ᠪᠤᠢ ᠪᠣᠯᠭᠠᠵᠤ᠂ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠪᠠᠢᠭᠠᠳ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠦᠢᠯᠡᠳᠦᠯᠭᠡᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠢᠵᠢᠭ᠍ᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠺᠠᠳ᠋ᠷ᠎ᠤᠨ ᠡᠩᠨᠡᠭᠡ᠎ᠶᠢ ᠪᠠᠶ᠋ᠢᠭᠤᠯᠬᠤ ᠬᠡᠷᠡᠭᠲᠡᠢ; ᠦᠨᠳᠦᠰᠦᠨ ᠱᠠᠲᠤᠨ᠎ᠤ ᠨᠠᠮ᠎ᠤᠨ ᠡᠭᠦᠷ᠎ᠦᠨ ᠪᠠᠷᠢᠮᠵᠢᠶᠠᠵᠢᠭ᠍ᠰᠠᠨ ᠵᠢᠷᠤᠮᠵᠢᠭ᠍ᠰᠠᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠨᠠᠮ᠎ᠤᠨ ᠱᠤᠭᠤᠮ ᠴᠢᠭᠯᠡᠯᠲᠡ ᠲᠥᠷᠥ᠎ᠶᠢᠨ ᠪᠣᠳᠣᠯᠭ᠎ᠠ ᠪᠣᠯᠣᠨ ᠨᠠᠮ᠎ᠤᠨ ᠲᠥᠪ ᠬᠤᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳ᠋ᠤᠳᠡᠭᠡᠷᠠ ᠳᠤᠤᠷ᠎ᠠ ᠱᠠᠲᠤ᠎ᠪᠠᠷ᠎ᠢᠶᠠᠨ ᠬᠠᠮᠵᠢᠯᠴᠠᠵᠤ᠂ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠢᠬᠤ᠎ᠶᠢ ᠪᠠᠲᠤᠯᠠᠬᠤ ᠬᠡᠷᠡᠭᠲᠡᠢ; ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠦᠨᠢ ᠡᠬᠦᠷᠢᠳᠡ ᠪᠠᠷᠢᠮᠲᠠᠯᠠᠵᠤ᠂ 《ᠲᠦᠷᠪᠡᠨ ᠰᠤᠷᠲᠠᠯ 》 ᠢ᠋ ᠴᠥᠬᠥᠷᠡᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ᠎ᠢ ᠪᠤᠢ ᠪᠣᠯᠭᠠᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠲᠠᠷᠢᠬᠢ ᠲᠣᠯᠣᠭᠠᠢ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠬᠤ᠎ᠶᠢ ᠪᠠᠲᠤᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠬᠥᠭᠵᠢᠯᠲᠡ᠎ᠶᠢᠨ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ ᠰᠠᠭᠤᠷᠢ᠎ᠶᠢ ᠪᠡᠬᠢᠵᠢᠭᠦᠯᠬᠦ ᠬᠡᠷᠡᠭᠲᠡᠢ; ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠠᠮᠢᠶᠠᠷᠤᠯᠲᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠤᠯᠭᠤᠬᠤ ᠬᠡᠷᠡᠭᠲᠡᠢ; ᠰᠤᠷᠤᠯᠴᠠᠯᠭ᠎ᠠ ᠵᠢᠨ ᠰᠤᠷᠲᠠᠯ ᠬᠡᠪ ᠰᠤᠷᠲᠠᠯ᠎ᠤᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠡᠷᠬᠡ ᠲᠡᠭᠰᠢ ᠲᠥᠪ ᠭᠣᠣᠯᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠮᠢ ᠠᠬᠤᠢ᠎ᠶᠢ ᠪᠦᠷᠢᠯᠳᠦᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ᠎ᠡᠴᠡ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠰᠲᠧᠮ᠎ᠦᠨ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ᠎ᠶᠢ ᠠᠬᠢᠭᠤᠯᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠡᠴᠡ ᠪᠤᠢ ᠪᠤᠯᠤᠬᠰᠠᠨ ᠤᠯᠤᠰ ᠲᠥᠷᠥ᠎ᠶᠢᠨ ᠬᠠᠯᠠᠭᠤᠨ ᠰᠡᠳᠬᠢᠯᠭᠡ᠎ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠦᠴᠦᠷᠬᠡᠭ ᠣᠷᠣᠨ᠎ᠤ᠋ ᠪᠦᠲᠦᠭᠡᠨ ᠪᠠᠢᠭᠤᠯᠤᠯᠲᠠ᠎ᠶᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠤᠯᠠᠷᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
11 ᠰᠠᠷ᠎ᠠ᠎ᠶᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ 2026 ᠣᠨ᠎ᠤ 42 ᠳ᠋ᠤᠭᠠᠷ ᠤᠳᠠᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ᠂ ᠨᠠᠮ ᠢ᠋ ᠪᠦᠭᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠴᠢᠬᠤᠯᠠ ᠴᠢᠨᠠᠷ ᠲᠤᠯᠭᠠᠮᠴᠢᠨᠠᠷᠤᠨ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶᠢᠨ ᠤᠬᠠᠮᠰᠠᠷ᠎ᠢᠶᠠᠨ ᠴᠢᠩᠭᠠᠳᠬᠠᠬᠤ ᠬᠡᠷᠡᠭᠲᠡᠢ᠃ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠠ ᠶᠡᠷᠦᠩᠬᠡᠢ ᠱᠦᠵᠢ ᠰᠢ᠎ᠶᠢᠨ ᠫᠢᠩ ᠤ᠋ᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠬᠤ᠎ᠶᠢ ᠤᠶᠠᠯᠳᠤᠭᠤᠯᠵᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠯᠠᠷᠠᠵᠤ ᠠᠮᠠᠷᠠᠬᠤ᠂ ᠶᠠᠳᠠᠷᠠᠵᠤ ᠵᠦᠳᠡᠷᠡᠬᠦ ᠡᠴᠡ ᠬᠠᠯᠠᠰᠢᠷᠠᠬᠤ ᠰᠡᠳᠬᠢᠯᠭᠡ᠎ᠶᠢ ᠡᠷᠡᠰ ᠲᠡᠪᠴᠢᠬᠦ ᠬᠡᠷᠡᠭᠲᠡᠢ᠃ ᠨᠠᠢᠳᠠᠪᠤᠷᠢᠵᠢᠭᠤᠯᠤᠯᠲᠠ᠎ᠶᠢ ᠦᠷᠭᠦᠯᠵᠢᠯᠡᠨ ᠠᠳᠬᠤᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢᠨ ᠳᠦᠷᠢᠮ᠎ᠦᠨ ᠵᠠᠩᠭᠢᠯᠠᠭ᠎ᠠ᠎ᠶᠢ ᠴᠢᠩᠭ᠎ᠠ ᠠᠳᠬᠤᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ᠂ ᠨᠢᠭᠡᠳᠦᠯᠲᠡᠢ ᠵᠣᠬᠢᠴᠠᠭᠤᠯᠬᠤ ᠬᠠᠷᠢᠭᠤᠴᠠᠯᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠴᠢᠩᠭ᠎ᠠ ᠱᠠᠭᠠᠷᠳᠠᠯᠭ᠎ᠠ᠎ᠶᠢ ᠨᠠᠮ᠎ᠤᠨ ᠡᠯ᠎ᠡ ᠲᠠᠯ᠎ᠠ᠎ᠶᠢᠨ ᠪᠠᠢᠭᠤᠯᠤᠯᠲᠠ᠎ᠳᠤ ᠲᠤᠭᠤᠰᠢᠯᠠᠭᠤᠯᠵᠤ᠂ ᠪᠠᠢᠭᠤᠯᠭ᠎ᠠ᠂ ᠰᠢᠭᠤᠳ ᠬᠠᠷᠢᠶ᠎ᠠ ᠨᠢᠭᠡᠴᠢ ᠪᠠ ᠵᠠᠮ ᠲᠡᠭᠡᠭᠡᠪᠦᠷᠢ ᠶᠢᠨ ᠠᠵᠢᠯ ᠲᠦᠷᠦᠯ᠎ᠦᠨ ᠨᠠᠮ᠎ᠤᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠳᠠᠢ᠃ ᠵᠠᠰᠠᠬ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠷᠢᠮᠲᠠᠯᠠᠵᠤ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠬᠤ᠎ᠲᠠᠢ ᠨᠢᠭ᠍ᠲᠠ ᠤᠶᠠᠯᠳᠤᠭᠤᠯᠤᠨ᠂ ᠣᠳᠣᠬᠢᠴᠢᠯᠠᠭᠰᠠᠨ ᠶᠡᠷᠦᠩᠬᠡᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠢ ᠬᠠᠮᠲᠤ᠎ᠪᠠᠷ ᠲᠥᠯᠥᠪᠯᠡᠬᠦ᠂ ᠬᠠᠮᠲᠤ᠎ᠪᠠᠷ ᠪᠠᠢᠷᠢᠯᠠᠭᠤᠯᠬᠤ᠂ ᠬᠠᠮᠲᠤ᠎ᠪᠠᠷ ᠨᠠᠢᠳᠠᠪᠤᠷᠢᠵᠢᠭᠤᠯᠬᠤ᠎ᠶᠢ ᠠᠬᠢᠭᠤᠯᠵᠤ᠂ ᠨᠠᠮ᠎ᠤᠨ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠪᠡᠯᠡ ᠣᠷᠣᠭᠤᠯᠤᠯᠲᠠ᠎ᠶᠢ ᠲᠣᠭᠲᠠᠪᠤᠷᠢᠵᠢᠭᠤᠯᠬᠤ᠂ ᠥᠪᠡᠷ᠎ᠦᠨ ᠦᠷᠳᠡᠭ᠎ᠢ ᠪᠠᠭᠤᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠠᠮᠤᠷ ᠲᠦᠪᠰᠢᠨ᠎ᠢ ᠪᠠᠲᠤᠯᠠᠬᠤ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
11 ᠰᠠᠷ᠎ᠠ᠎ᠶᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶᠢᠨ ᠬᠡᠷᠡᠭ ᠶᠠᠪᠤᠳᠠᠯ ᠤᠨ ᠬᠠᠮᠢᠶᠠᠷᠤᠯᠲᠠ᠎ᠶᠢᠨ ᠲᠣᠪᠴᠢᠶ᠎ᠠ ᠨᠠᠮ᠎ᠤᠨ ᠤᠳᠤᠷᠢᠳᠬᠤ ᠳᠤᠭᠤᠢᠯᠠᠩ(ᠥᠷᠭᠡᠳᠬᠡᠭᠰᠡᠨ)᠎ᠤ᠋ᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ ᠡᠴᠡ᠂ ᠪᠦᠭᠦ ᠳᠤᠪᠴᠢᠶ᠎ᠠ᠎ᠪᠠᠷ ᠵᠢᠡᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠢ ᠱᠦᠵᠢ᠎ᠶᠢᠨ ᠪᠠᠢᠭᠤᠯᠭ᠎ᠠ᠎ᠶᠢᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠨᠢᠭ᠍ᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠪᠡᠨ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠠᠵᠢᠯ᠎ᠢᠶᠠᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ᠃ ᠪᠠᠢᠭᠤᠯᠭ᠎ᠠ᠎ᠶᠢᠨ ᠬᠡᠷᠡᠭ ᠶᠠᠪᠤᠳᠠᠯ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭᠠᠳᠤ ᠰᠠᠭᠤᠷᠢᠯᠠᠵᠤ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠴᠢᠩᠭ᠎ᠠ ᠪᠠᠷᠢᠮᠵᠢᠶ᠎ᠠ᠎ᠶᠢ ᠪᠠᠢᠭᠤᠯᠭ᠎ᠠ᠎ᠶᠢᠨ ᠬᠡᠷᠡᠭ ᠶᠠᠪᠤᠳᠠᠯ᠎ᠤᠨ ᠦᠢᠯᠡᠴᠢᠯᠡᠭᠡ ᠪᠠᠲᠤᠯᠠᠭ᠎ᠠ ᠬᠠᠮᠢᠶᠠᠷᠤᠯᠲᠠ᠎ᠶᠢᠨ ᠪᠦᠭᠦ ᠶᠠᠪᠤᠴᠠ ᠡᠯ᠎ᠡ ᠭᠣᠭᠴᠣᠭ᠎ᠠ᠎ᠳᠤ ᠨᠠᠢᠳᠠᠪᠤᠷᠢᠵᠢᠭᠤᠯᠬᠤ ᠬᠡᠷᠡᠭᠲᠡᠢ᠃ 《ᠬᠣᠶᠠᠷ ᠨᠡᠩ ᠰᠠᠢᠨ ᠦᠢᠯᠡᠴᠢᠯᠡᠬᠦ》ᠬᠠᠷᠠᠯᠲᠠ᠎ᠶᠢ ᠲᠣᠭᠲᠠᠭᠠᠵᠤ᠂ ᠠᠵᠢᠯᠴᠢ ᠠᠷᠪᠢᠴᠢ᠎ᠪᠠᠷ ᠠᠯᠢᠪᠠ ᠦᠢᠯᠡᠰ᠎ᠢ ᠡᠷᠭᠢᠯᠡᠭᠦ ᠱᠠᠭᠠᠷᠳᠠᠯᠭ᠎ᠠ᠎ᠶᠢ ᠦᠢᠯᠡᠳᠦᠯᠭᠡᠵᠢᠭᠦᠯᠵᠦ᠂ ᠡᠷᠡᠰ ᠭᠤᠢᠪᠢᠰᠢ ᠦᠭᠡᠢ᠎ᠪᠡᠷ ᠰᠤᠷᠲᠠᠯ᠎ᠢᠶᠠᠨ ᠬᠤᠪᠢᠷᠠᠭᠤᠯᠵᠤ᠂ ᠬᠡᠷᠡᠭᠵᠢᠭᠦᠯᠦᠯᠲᠡ ᠶᠢ ᠠᠳᠬᠤᠵᠤ᠂ ᠨᠠᠢᠳᠠᠪᠤᠷᠢᠵᠢᠭᠤᠯᠤᠯᠲᠠ᠎ᠶᠢ ᠠᠬᠢᠭᠤᠯᠵᠤ᠂ ᠴᠤᠴᠠᠯᠲᠠ ᠦᠭᠡᠢ ᠤᠷᠤᠭᠰᠢᠯᠠᠬᠤ᠂ ᠥᠷᠯᠥᠭᠡ ᠦᠳᠡᠰᠢ᠎ᠶᠢ ᠲᠡᠮᠡᠴᠡᠬᠦ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠠᠵᠢᠯᠯᠠᠭ᠎ᠠ᠎ᠳᠤ ᠦᠢᠯᠡᠴᠢᠯᠡᠨ ᠪᠠᠲᠤᠯᠠᠬᠤ᠂ ᠨᠠᠮ ᠵᠠᠰᠠᠭ᠎ᠤᠨ ᠪᠠᠢᠭᠤᠯᠭ᠎ᠠ᠎ᠶᠢᠨ ᠥᠨᠳᠥᠷ ᠪᠦᠲᠦᠮᠵᠢᠲᠡᠢ ᠠᠵᠢᠯᠯᠠᠬᠤ ᠪᠠ ᠥᠪᠡᠷᠲᠡᠭᠡᠨ ᠵᠠᠰᠠᠬᠤ ᠣᠷᠣᠨ᠎ᠤ ᠭᠣᠣᠯ ᠠᠵᠢᠯ᠎ᠤᠨ ᠴᠢᠳᠠᠪᠤᠷᠢ᠎ᠶᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃