ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-17 10:27:23

ᠵᠣᠬᠢᠶᠠᠭ᠍ᠴᠢ᠄ ​ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠪᠠ ᠡᠪ ᠬᠠᠮᠲᠤ ᠵᠠᠯᠠᠭᠤᠴᠤᠤᠨ ᠤ᠋ᠨ ᠡᠪᠯᠡᠯ᠎ᠦᠨ ᠲᠥᠪ ᠬᠣᠷᠢᠶ᠎ᠠ ᠬᠠᠮᠲᠤᠷᠠᠨ 2026 ᠣᠨ᠎ᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶᠢᠨ ᠪᠥᠬᠥ ᠤᠯᠤᠰ᠎ᠤᠨ ᠲᠤᠷᠰᠢᠯᠲᠠ᠎ᠶᠢᠨ ᠴᠡᠭ᠎ᠤᠨ 50 ᠲᠦᠷᠦᠯ ᠵᠦᠢᠯ᠎ᠦᠨ ᠨᠡᠷᠡᠰ᠎ᠢ ᠨᠡᠢᠲᠡᠯᠡᠵᠡᠢ᠃ ᠮᠠᠨ᠎ᠤ ᠣᠷᠣᠨ᠎ᠤ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠤᠷᠠᠯ᠎ᠤᠨ《ᠪᠠᠭᠠᠷᠢᠨ ᠪᠠᠷᠠᠭᠤᠨ ᠬᠣᠰᠢᠭᠤᠨ᠎ᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠬᠤ ᠠᠶᠠᠯᠠᠯ》᠂ ᠥᠪᠥᠷ ᠮᠣᠩᠭᠣᠯ᠎ᠤᠨ ᠨᠠ ᠰᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠡᠴᠡ ᠲᠡᠪᠰᠢᠬᠦᠯᠦᠭᠰᠡᠨ《ᠵᠠᠯᠠᠭᠤ ᠨᠠᠰᠤᠨ᠎ᠤ ᠮᠤᠤᠠᠤᠰᠤ·ᠨᠤᠮᠢᠨ ᠨᠤᠭᠤᠭᠠᠨ  ᠲᠤᠮᠳᠠᠳᠤ ᠵᠢᠨ ᠬᠦᠰᠡᠯ ᠵᠡᠬᠦᠳᠦ》 ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠨᠡᠢᠭᠡᠮ᠎ᠦᠨ ᠦᠢᠯᠡᠳᠦᠯᠭᠡ᠎ᠶᠢᠨ  ᠠᠵᠢᠯᠯᠠᠭ᠎ᠠ ᠵᠢᠨ ᠲᠦᠷᠦᠯ ᠵᠦᠢᠯ ᠳᠤᠰ ᠨᠡᠷᠡᠰ᠎ᠦᠨ ᠵᠢᠭ᠍ᠰᠠᠭᠠᠯᠲᠠ᠎ᠳᠤ ᠲᠣᠳᠣᠷᠠᠪᠠ᠃

《ᠪᠠᠭᠠᠷᠢᠨ ᠪᠠᠷᠠᠭᠤᠨ ᠬᠣᠰᠢᠭᠤᠨ᠎ᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠬᠤ ᠠᠶᠠᠯᠠᠯ》᠎ᠨᠢ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠠᠮᠢᠶ᠎ᠠ ᠪᠦᠬᠦᠢ ᠠᠵᠢᠯ᠎ᠤᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ ᠪᠦᠬᠦ ᠬᠤᠰᠢᠭᠤᠨ᠎ᠤ ᠡᠯ᠎ᠡ ᠰᠤᠷᠭᠠᠭᠤᠯᠢ᠂ ᠡᠯ᠎ᠡ ᠦᠨᠳᠦᠰᠦᠲᠡᠨ᠎ᠤ  ᠵᠠᠯᠠᠭᠤᠴᠤᠳ ᠪᠠᠭᠠᠴᠤᠳ᠎ᠢ ᠬᠥᠮᠦᠵᠢᠬᠦᠯᠦᠨ ᠵᠢᠯᠤᠭᠤᠳᠴᠤ᠂ ᠲᠤᠮᠳᠠᠳᠤ ᠵᠢᠨ ᠦᠨᠳᠦᠰᠦᠳᠡᠨ᠎ᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ  ᠬᠦᠨᠵᠡᠭᠡᠢᠷᠡᠬᠦᠯᠦᠨ ᠪᠠᠳᠤᠳᠬᠠᠵᠤ ᠪᠤᠢ᠃

《ᠵᠠᠯᠠᠭᠤ ᠨᠠᠰᠤᠨ᠎ᠤ ᠮᠤᠤᠠᠤᠰᠤ·ᠨᠤᠮᠢᠨ ᠨᠤᠭᠤᠭᠠᠨ ᠳᠤᠮᠳᠠᠳᠤ᠎ᠶᠢᠨ ᠵᠡᠭᠦᠳᠦ》 ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠨᠡᠢᠭᠡᠮ᠎ᠦᠨ ᠦᠢᠯᠡᠳᠦᠯᠭᠡ᠎ᠶᠢᠨ  ᠲᠤᠰᠬᠠᠢ ᠠᠵᠢᠯᠯᠠᠭ᠎ᠠ᠎ᠶᠢᠨ  ᠲᠥᠷᠥᠯ ᠵᠦᠢᠯ᠎ᠨᠢ  ᠪᠥᠬᠥ ᠤᠯᠤᠰ᠎ᠤᠨ ᠡᠯᠡᠰᠦ᠎ᠶᠢ ᠵᠠᠰᠠᠭᠰᠠᠨ ᠪᠠᠭᠠᠲᠤᠷ ᠶᠢᠨ ᠢᠦᠢ ᠵᠧᠨ᠎ᠦ ᠮᠤᠤᠠᠤᠰᠤ᠎ᠶᠢᠨ ᠡᠯᠡᠰᠦᠷᠬᠡᠭ ᠭᠠᠵᠠᠷ᠎ᠢ ᠵᠠᠰᠠᠭᠰᠠᠨ 30 ᠭᠠᠷᠤᠢ ᠵᠢᠯ᠎ᠦᠨ ᠦᠢᠯᠡᠳᠦᠯᠭᠡ᠎ᠶᠢᠨ ᠦᠷ᠎ᠡ ᠪᠦᠲᠦᠭᠡᠯ ᠪᠣᠯᠣᠨ ᠵᠡᠭᠦᠨ ᠪᠠᠷᠠᠭᠤᠨ ᠣᠷᠣᠨ᠎ᠤ ᠬᠠᠮᠵᠢᠯᠴᠠᠨ ᠬᠠᠪᠰᠤᠷᠤᠨ ᠲᠡᠳᠬᠦᠬᠦ ᠡᠬᠢ ᠪᠠᠶᠠᠯᠢᠭ᠋᠎ᠲᠤ ᠲᠦᠰᠢᠭᠯᠡᠨ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠬᠢᠭᠡᠳ ᠵᠡᠭᠦᠨ ᠳᠤᠮᠳᠠ ᠬᠡᠰᠡᠭ᠎ᠦᠨ  ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠵᠣᠬᠢᠶᠠᠨ ᠪᠠᠢᠭᠤᠯᠵᠤ ᠠᠮᠢ ᠠᠬᠤᠢ᠎ᠶᠢᠨ ᠰᠤᠳᠤᠯᠭᠠᠨ ᠪᠠ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠠᠵᠢᠯᠯᠠᠭ᠎ᠠ ᠥᠷᠨᠢᠭᠦᠯᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面