ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-19 10:25:53

ᠵᠣᠬᠢᠶᠠᠭ᠍ᠴᠢ᠄ ᠪᠠᠢ ᠳ᠋ᠠᠨ ᠵᠠᠩ ᠺᠦᠢ ᠯᠢᠦ ᡁᠢ ᠰᠢᠶᠠᠨ ᠬᠠᠨ ᠰᠢᠤᠸᠠᠢ ᠷᠦ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠬᠠᠯᠠᠭᠤᠨ ᠲᠤᠰᠬᠠᠯ ᠭᠠᠷᠪᠠ


11 ᠰᠠᠷ᠎ᠠ᠎ᠶᠢᠨ 17 ᠡᠴᠡ 18 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠷᠪᠠᠨ ᠭᠤᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥᠳᠡ ᠬᠤᠷᠠᠯ ᠡᠴᠡ 《ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭᠠᠯ》᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠪᠠ᠃ ᠪᠦᠬᠦᠳᠡ ᠬᠤᠷᠠᠯ ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠬᠦ ᠮᠡᠳᠡᠭᠦᠯᠦᠯᠳᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠬᠦ ᠠᠵᠢᠯ᠎ᠤᠨ ᠮᠡᠳᠡᠭᠦᠯᠦᠯᠳᠡ ᠵᠢ ᠶᠠᠷᠢᠯᠴᠠᠨ ᠪᠠᠲᠤᠯᠠᠵᠤ᠂ ᠲᠤᠰ ᠬᠣᠶᠠᠷ ᠮᠡᠳᠡᠭᠦᠯᠦᠯᠲᠡ᠎ᠶᠢ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠦᠨ ᠬᠢᠨᠠᠨ ᠪᠠᠢᠴᠠᠭᠠᠯᠭᠠᠬᠤ᠎ᠪᠠᠷ ᠲᠣᠭᠲᠠᠪᠠ᠃

ᠬᠤᠷᠠᠯ᠎ᠳᠤ ᠣᠷᠣᠯᠴᠠᠭᠰᠠᠨ ᠨᠥᠬᠥᠳ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠪᠠᠲᠤ ᠤᠷᠤᠭᠰᠢᠯᠠᠵᠤ᠂ ᠠᠴᠢ ᠡᠨᠡᠷᠢᠯ ᠳ᠋ᠤ ᠲᠠᠯᠠᠷᠬᠠᠬᠤ ᠰᠡᠳᠬᠢᠯ᠎ᠢᠶᠡᠨ ᠡᠷᠡᠮᠡᠬᠡᠢᠯᠡᠨ ᠤᠷᠤᠭᠰᠢᠯᠠᠬᠤ ᠬᠦᠴᠦᠨ ᠪᠣᠯᠭᠠᠨ ᠤᠯᠠᠷᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ ᠰᠢᠯᠢᠳᠡᠭ ᠠᠮᠵᠢᠯᠲᠠ᠎ᠪᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠠᠯᠳᠠ ᠲᠠᠢ ᠬᠤᠷᠠᠯᠳᠤᠬᠤ᠎ᠶᠢ ᠤᠭᠲᠤᠨ᠎ᠠ ᠭᠡᠵᠦ ᠢᠯᠡᠳᠬᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠼᠤᠤ ᠰᠧ ᠶᠠᠩ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠢᠰᠲ᠋ᠧᠮ ᠪᠥᠬᠥᠳᠡ ᠬᠤᠷᠠᠯ᠎ᠡᠴᠡ ᠬᠢᠨᠠᠨ ᠵᠥᠪᠯᠡᠭᠰᠡᠨ 2 《ᠲᠣᠭᠲᠠᠭᠠᠯ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ ᠢ᠋ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠰᠢᠰᠲ᠋ᠧᠮᠳᠤ ᠪᠠᠶ᠋ᠢᠷᠢᠯᠠᠭᠤᠯᠤᠯᠲᠠ᠎ᠶᠢ ᠭᠦᠨᠵᠡᠭᠡᠶ ᠡᠵᠡᠮᠳᠡᠵᠦ᠍᠂ ᠬᠦᠴᠦᠨ᠎ᠢᠶᠡᠨ ᠲᠥᠪᠯᠡᠷᠡᠭᠦᠯᠦᠨ ᠳᠣᠲᠣᠭᠠᠳᠤ ᠬᠡᠷᠡᠭᠴᠡᠭᠡ᠎ᠪᠡᠨ ᠥᠷᠭᠡᠳᠬᠡᠵᠦ᠍᠂ ᠪᠦᠲᠦᠮᠵᠢᠲᠡᠶ ᠪᠠᠯᠠ ᠣᠷᠣᠭᠤᠯᠤᠯᠲᠠ᠎ᠶᠢ ᠪᠣᠳᠠᠲᠠᠶ ᠠᠳᠬᠤᠵᠤ᠂ ᠲᠥᠷᠥᠯ ᠵᠦᠢᠯ᠎ᠦᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠵᠦ᠍᠂ ᠪᠠᠯᠠ ᠣᠷᠣᠭᠤᠯᠤᠯᠲᠠ᠎ᠶᠢᠨ ᠪᠠᠭᠤᠷᠠᠬᠤ᠎ᠶᠢ ᠵᠣᠭᠰᠣᠭᠠᠵᠤ ᠲᠣᠭᠲᠠᠭᠤᠨ᠎ᠢ ᠰᠡᠷᠭᠦᠭᠡᠬᠦ᠌᠎ᠶᠢ ᠠᠬᠢᠭᠤᠯᠵᠤ᠂ ᠪᠠᠯᠠ ᠣᠷᠣᠭᠤᠯᠤᠯᠲᠠ᠎ᠶᠢᠨ 《ᠲᠣᠭᠲᠠᠪᠤᠷᠢᠵᠢᠭᠤᠯᠤᠭᠴᠢ》 ᠵᠢᠨ ᠦᠢᠯᠡᠳᠦᠯ᠎ᠢ ᠴᠢᠩᠭᠠᠳᠬᠠᠨ᠎ᠠ᠃ ᠬᠦᠴᠦᠨ᠎ᠢᠶᠡᠨ ᠲᠥᠪᠯᠡᠷᠡᠭᠦᠯᠦᠨ ᠠᠵᠤ ᠦᠢᠯᠡᠰ᠎ᠢ ᠳᠡᠰ ᠳᠡᠪᠰᠢᠭᠦᠯᠵᠦ᠍᠂ ᠪᠣᠬᠢᠷᠲᠤᠯ ᠦᠭᠡᠢ ᠪᠤᠳᠤᠯᠳᠠ ᠵᠢᠨ ᠬᠦᠴᠤᠨ᠂ ᠤᠢᠷ᠎ᠠ ᠤᠬᠳᠠᠷᠭᠤᠢ ᠵᠢᠨ ᠠᠵᠤ ᠠᠬᠤᠢ᠂ ᠣᠳᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠣᠨᠴᠠᠯᠢᠭᠲᠤ᠌ ᠳᠠᠪᠠᠭᠤᠯᠢᠭᠳᠤ ᠠᠵᠤ ᠦᠢᠯᠡᠰ᠎ᠢ ᠬᠦᠴᠦᠷᠬᠡᠭᠵᠢᠭᠦᠯᠦᠨ᠂ ᠠᠵᠤ ᠦᠢᠯᠡᠰ᠎ᠦᠨ ᠬᠡᠯᠬᠢᠶ᠎ᠡ᠎ᠶᠢ ᠲᠡᠭᠦᠯᠳᠡᠷᠵᠢᠭᠦᠯᠵᠦ᠍᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠬᠦᠴᠦᠯᠡᠨ ᠪᠠᠶ᠋ᠢᠭᠤᠯᠤᠨ᠎ᠠ᠃ ᠬᠦᠴᠦᠨ᠎ᠢᠶᠡᠨ ᠲᠥᠪᠯᠡᠷᠡᠭᠦᠯᠦᠨ ᠠᠮᠢ ᠠᠬᠤᠢ᠎ᠶᠢ ᠬᠠᠮᠠᠭᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠮᠠᠨᠬᠬ᠎ᠠ ᠵᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠶ ᠣᠷᠣᠨ ᠪᠦᠰᠡ᠎ᠶᠢᠨ ᠠᠮᠢ ᠠᠬᠤᠢ᠎ᠶᠢᠨ ᠬᠠᠮᠠᠭᠠᠯᠠᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠌ ᠵᠠᠮ᠎ᠢᠶᠠᠷ ᠡᠷᠡᠰ ᠭᠤᠶ᠋ᠢᠪᠢᠰᠢ ᠦᠭᠡᠢ ᠵᠠᠮᠨᠠᠨ᠎ᠠ᠃ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠳᠡᠭᠡᠷ᠎ᠡ ᠬᠦᠴᠦ᠎ᠪᠡᠨ ᠲᠥᠪᠯᠡᠷᠡᠭᠦᠯᠵᠦ᠍᠂ᠬᠤᠤᠰ ᠨᠡᠭᠦᠷᠡᠰᠦᠲᠦ᠋ᠷᠥᠭᠴᠢ》 ᠵᠢᠨ ᠠᠵᠢᠯ᠎ᠢ ᠡᠮᠬᠢ ᠵᠢᠷᠤᠮ᠎ᠲᠠᠶ ᠠᠬᠢᠭᠤᠯᠵᠤ᠂ ᠨᠡᠭᠦᠷᠡᠰᠦᠲᠦ᠋ᠷᠥᠭᠴᠢ ᠭᠠᠳᠠᠭᠰᠢᠯᠠᠭᠤᠯᠬᠤ᠎ᠶᠢ ᠬᠠᠮᠢᠶᠠᠷᠤᠨ ᠡᠵᠡᠮᠳᠡᠬᠦ᠌᠎ᠶᠢ ᠰᠢᠯᠢᠳᠡᠭᠵᠢᠭᠦᠯᠵᠦ᠍᠂ ᠪᠣᠬᠢᠷᠲᠤᠯ ᠥᠬᠡᠶ ᠴᠠᠬᠢᠯᠭᠠᠨ᠎ᠤ ᠬᠡᠷᠡᠭᠯᠡᠭᠡ᠎ᠶᠢ ᠥᠷᠭᠡᠳᠬᠡᠵᠦ᠍᠂ ᠪᠣᠬᠢᠷᠲᠤᠯ ᠥᠬᠡᠶ ᠬᠥᠭᠵᠢᠯᠲᠡ᠎ᠶᠢᠨ ᠲᠠᠪᠢᠰᠭᠡᠷ ᠦᠨᠭᠭᠡ ᠵᠢ ᠵᠤᠵᠠᠭᠠᠳᠬᠠᠵᠤ᠂ ᠥᠨᠢᠳᠡ᠎ᠶᠢᠨ ᠦᠷᠭᠦᠯᠵᠢᠯᠡᠬᠦ᠌ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠎ᠡ᠃ ᠢᠲᠡᠭᠡᠯ ᠵᠣᠷᠢᠭ᠎ᠢᠶᠠᠨ ᠬᠥᠪᠴᠢᠯᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠍᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ᠌ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭᠵᠢᠭᠡᠵᠦ᠍᠂ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠤᠨ᠎ᠠ ᠭᠡᠵᠤ ᠢᠯᠡᠳᠭᠡᠪᠡ᠃

《ᠪᠥᠬᠥᠳᠡ ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠪᠥᠬᠥ᠌ ᠲᠠᠯ᠎ᠠ᠎ᠶᠢᠨ ᠪᠠᠶ᠋ᠢᠷᠢᠯᠠᠭᠤᠯᠤᠯᠲᠠ ᠬᠢᠵᠦ᠍᠂ ᠦᠵᠡᠯ ᠰᠠᠨᠠᠭ᠎ᠠ ᠵᠢ ᠨᠢᠭᠡᠳᠬᠡᠨ᠂ ᠬᠥᠮᠦᠰ᠎ᠦᠨ ᠰᠡᠳᠬᠢᠯ᠎ᠢ ᠨᠢᠭᠲᠠᠷᠠᠭᠤᠯᠵᠤ᠂ ᠲᠡᠮᠡᠴᠡᠯ᠎ᠦᠨ ᠵᠣᠷᠢᠭ ᠢ᠋ ᠬᠥᠪᠴᠢᠯᠡᠪᠡ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠯᠢ ᠸᠧᠶ᠂ ᠪᠦᠬᠦ᠌ ᠣᠷᠣᠨ᠎ᠤ ᠰᠤᠷᠭᠠᠨ ᠬᠥᠮᠦᠵᠢᠯ᠎ᠦᠨ ᠰᠢᠰᠲᠸᠮ ᠤ᠋ᠨ ᠬᠢᠨ ᠰᠤᠷᠭᠠᠨ ᠬᠥᠮᠦᠵᠢᠯ᠎ᠦᠨ ᠤᠯᠤᠰ ᠲᠦᠷᠦ᠎ᠶᠢᠨ ᠰᠢᠨᠵᠢ ᠴᠢᠨᠠᠷ᠂ ᠠᠷᠠᠳ ᠲᠦᠮᠡᠨ᠎ᠦ ᠰᠢᠨᠵᠢ ᠴᠢᠨᠠᠷ᠂ ᠪᠠᠶ᠋ᠢᠯᠳᠤᠬᠤ ᠪᠤᠳᠤᠯᠭ᠎ᠠ᠎ᠶᠢᠨ ᠰᠢᠨᠵᠢ ᠴᠢᠨᠠᠷ᠎ᠢ ᠢᠮᠠᠭᠲᠠ ᠪᠠᠲᠤ᠌ ᠡᠵᠡᠮᠳᠡᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠶ ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ᠎ᠶᠢᠨ ᠶᠣᠰᠣ ᠰᠤᠷᠲᠠᠬᠤᠨ᠎ᠢᠶᠠᠷ ᠬᠥᠮᠦᠨ᠎ᠬᠥᠮᠦᠵᠢᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠤ᠂ ᠰᠤᠷᠭᠠᠨ ᠬᠥᠮᠦᠵᠢᠯ᠎ᠦᠨ ᠬᠦᠷᠢᠶᠡᠨ᠎ᠳ᠋ᠡᠬᠢ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠌ ᠢᠨᠵᠧᠨᠧᠷᠢᠩ᠎ᠢ ᠪᠣᠳᠠᠲᠠᠶ᠋ᠢᠵᠢᠭᠤᠯᠵᠤ᠂ ᠰᠤᠷᠭᠠᠨ ᠬᠥᠮᠦᠵᠢᠯ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠌᠎ᠶᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠥᠨᠢ ᠤᠳᠠᠭᠠᠨ᠎ᠤ ᠣᠶᠤᠨ᠎ᠤ ᠲᠤᠯᠭᠠᠭᠤᠷᠢᠯᠠᠯ ᠪᠠ ᠴᠢᠳᠠᠪᠤᠷᠢᠲᠠᠨ᠎ᠤ ᠪᠠᠲᠤᠯᠠᠭ᠎ᠠ ᠬᠠᠩᠭᠠᠨ᠎ᠠ᠃ ᠰᠤᠷᠭᠠᠨ ᠬᠥᠮᠦᠵᠢᠯ᠎ᠦᠨ ᠰᠢᠰᠲᠧᠮ᠎ᠦᠨ ᠨᠠᠮ᠎ᠢ  ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠵᠤ᠂ ᠨᠠᠮ᠎ᠤᠨ ᠤᠳᠤᠷᠢᠳᠤᠯᠭ᠎ᠠ᠎ᠶᠢ ᠰᠤᠷᠭᠠᠭᠤᠯᠢ ᠡᠷᠬᠢᠯᠡᠬᠦ ᠰᠤᠷᠭᠠᠭᠤᠯᠢ᠎ᠪᠠᠨ ᠴᠡᠭᠴᠡᠯᠡᠬᠦ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ ᠪᠣᠯᠣᠨ ᠬᠥᠮᠥᠨ ᠬᠥᠮᠥᠵᠢᠭᠦᠯᠬᠦ ᠣᠷᠴᠢᠨ ᠲᠣᠭᠣᠷᠢᠨ᠎ᠢ ᠲᠠᠰᠤᠷᠠᠯᠲᠠ ᠦᠭᠡᠢ ᠰᠢᠯᠢᠳᠡᠭᠵᠢᠬᠦᠯᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠂ ᠠᠷᠠᠳ ᠲᠦᠮᠡᠨ᠎ᠳᠦ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠎ᠳᠦ ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠨ᠎ᠠ ᠬᠡᠵᠦ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ᠂ ᠪᠦᠬᠦ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠰᠢᠰᠲ᠋ᠸᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ 《1571》ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠳᠦᠷᠢᠮ ᠲᠣᠭᠲᠠᠴᠠ᠎ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠠᠮ᠎ᠤᠨ ᠤᠳᠤᠷᠢᠳᠤᠯᠭ᠎ᠠ᠎ᠶᠢ ᠦᠨᠳᠦᠰᠦᠲᠡᠨ᠎ᠦ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠬᠤ᠎ᠶᠢ ᠪᠠᠷᠢᠮᠲᠠᠯᠠᠵᠤ᠂ ᠭᠣᠣᠯ ᠰᠢᠵᠢᠮ᠎ᠤᠨ ᠱᠠᠭᠠᠷᠳᠠᠯᠭ᠎ᠠ᠎ᠶᠢ ᠲᠤᠭᠤᠰᠢᠯᠠᠭᠤᠯᠬᠤ᠎ᠶᠢ ᠵᠣᠬᠢᠴᠠᠭᠤᠯᠤᠨ ᠠᠬᠢᠭᠤᠯᠬᠤ᠂ ᠵᠣᠬᠢᠶᠠᠨ ᠪᠠᠢᠭᠤᠯᠤᠨ ᠬᠡᠷᠡᠭᠵᠢᠭᠦᠯᠬᠦ ᠪᠠ ᠱᠠᠯᠠᠪᠳᠠᠭᠤᠯᠤᠨ ᠨᠠᠢᠳᠠᠪᠤᠷᠢᠵᠢᠭᠤᠯᠬᠤ᠎ᠶᠢ ᠴᠢᠩᠭᠠᠳᠬᠠᠵᠤ᠂ ᠪᠦᠬᠦ ᠣᠷᠣᠨ᠎ᠤ ᠡᠯ᠎ᠡ ᠵᠦᠢᠯ᠎ᠦᠨ ᠠᠵᠢᠯ᠎ᠤᠨ ᠨᠢᠭ᠍ᠲᠠ ᠤᠶᠠᠯᠳᠤᠵᠤ᠂ ᠭᠣᠣᠯ ᠰᠢᠵᠢᠮ᠎ᠠᠴᠠ ᠥᠴᠥᠬᠡᠨ ᠴᠦ᠍ ᠰᠠᠯᠬᠤ ᠦᠭᠡᠢ ᠪᠠᠢᠬᠤ᠎ᠶᠢ ᠠᠬᠢᠭᠤᠯᠤᠨ᠎ᠠ᠃ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠦᠷᠭᠦᠯᠵᠢᠯᠡᠨ ᠰᠠᠢᠲᠤᠷ ᠠᠳᠬᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠴᠢᠬᠤᠯᠠ ᠶᠡᠬᠡ ᠰᠠᠭᠤᠷᠢ ᠴᠢᠨᠠᠷᠲᠠᠢ ᠠᠰᠠᠭᠤᠳᠠᠯ᠎ᠢ ᠰᠤᠳᠤᠯᠤᠨ ᠲᠠᠢᠯᠪᠤᠷᠢᠯᠠᠬᠤ᠎ᠶᠢ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠤᠨ ᠬᠠᠮᠳᠤ ᠪᠡᠷ ᠪᠠᠢᠬᠤ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠣᠯᠣᠨ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠳᠣᠪᠣᠶ᠋ᠢᠯᠭᠠᠨ ᠱᠤᠭᠤᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠢ ᠪᠠᠶ᠋ᠢᠭᠤᠯᠤᠨ᠎ᠠ᠃  ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠨᠡᠨ ᠰᠡᠳᠬᠢᠯ᠎ᠡᠴᠡ᠎ᠪᠡᠨ ᠰᠠᠢᠲᠤᠷ ᠬᠠᠮᠠᠭᠠᠯᠠᠨ᠎ᠠ ᠭᠡᠵᠦ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠬᠣᠩ ᠹᠦ᠂ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠬᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠦ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠰᠤ ᠵᠠᠰᠠᠬᠤ ᠰᠡᠳᠬᠢᠴᠡ ᠪᠣᠯᠣᠨ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠡᠷᠡᠰ ᠭᠤᠢᠪᠢᠰᠢ ᠦᠭᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《1571 》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ 《ᠤᠰᠤᠨ᠎ᠤ ᠬᠡᠮᠵᠢᠶ᠎ᠠ ᠪᠡᠷ ᠲᠦᠷᠪᠡ᠎ᠵᠢ ᠲᠤᠭᠳᠠᠭᠠᠬᠤ》᠎ᠵᠠᠷᠴᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠤᠰᠤᠨ ᠲᠣᠣᠷ᠎ᠤᠨ ᠪᠦᠲᠦᠭᠡᠨ ᠪᠠᠢᠭᠤᠯᠤᠯᠲᠠ᠎ᠪᠠᠷ ᠤᠰᠤᠨ᠎ᠤ ᠭᠠᠮᠰᠢᠭ᠂ ᠤᠰᠤᠨ᠎ᠤ ᠡᠬᠢ ᠪᠠᠶᠠᠯᠢᠭ᠋᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠵᠢ ᠨᠢᠬᠡᠳᠦᠯᠳᠡᠢ ᠲᠦᠯᠦᠪᠵᠢᠬᠦᠯᠦᠨ᠎ᠡ᠃ 《ᠪᠤᠳᠤᠯᠲᠠ ᠵᠢᠨ ᠬᠦᠴᠦᠨ ᠬᠢᠭᠡᠳ ᠤᠰᠤᠨ᠎ᠤ ᠡᠬᠢ ᠪᠠᠶᠠᠯᠢᠭ᠎ᠢ ᠬᠠᠮᠵᠢᠯᠴᠠᠭᠤᠯᠬᠤ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ᠎ᠶᠢ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢᠨ ᠪᠥᠬᠥ᠌ ᠶᠠᠪᠤᠴᠠ᠎ᠳᠤ ᠲᠤᠭᠤᠰᠢᠯᠠᠭᠤᠯᠤᠨ᠂ ᠥᠨᠳᠥᠷ ᠪᠦᠲᠦᠮᠵᠢᠲᠡᠶ ᠤᠰᠤ ᠠᠷᠪᠢᠯᠠᠵᠤ ᠬᠥᠷᠥᠭᠡᠬᠦ᠌ ᠮᠡᠷᠭᠡᠵᠢᠯ᠎ᠢ ᠶᠡᠬᠡ᠎ᠪᠡᠷ ᠳᠡᠯᠭᠡᠷᠡᠭᠦᠯᠵᠦ᠍᠂ ᠤᠰᠤ᠎ᠶᠢ ᠡᠷᠭᠢᠯᠳᠦᠭᠦᠯᠦᠨ ᠬᠡᠷᠡᠭᠯᠡᠬᠦ᠌ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠡᠩ᠎ᠦᠨ ᠪᠤᠰᠤ ᠤᠰᠤᠨ ᠰᠤᠷᠪᠤᠯᠵᠢ᠎ᠶᠢ ᠭᠦᠢᠴᠡᠳ ᠠᠭᠤᠳᠠᠯᠤᠨ ᠰᠠᠶ᠋ᠢᠲᠤᠷ ᠠᠰᠢᠭᠯᠠᠵᠤ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ ᠠᠰᠢᠭᠯᠠᠬᠤ᠎ᠪᠠᠷ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠲᠤᠯᠭᠠᠭᠤᠷᠢᠯᠠᠨ᠎ᠡ᠃ ᠭᠣᠣᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠲᠦᠷᠢᠮ᠎ᠢ ᠢᠮᠠᠭᠲᠠ ᠰᠠᠶ᠋ᠢᠲᠤᠷ ᠨᠠᠶ᠋ᠢᠳᠠᠪᠤᠷᠢᠵᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ 《ᠲᠤᠷ᠎ᠠ ᠪᠡᠷ ᠵᠢᠡᠨ ᠡᠵᠡᠯᠡᠬᠦ᠂ ᠲᠤᠷ᠎ᠠ ᠪᠡᠷ ᠵᠢᠡᠨ ᠮᠠᠯᠳᠠᠬᠤ᠂ ᠲᠤᠷ᠎ᠠ ᠪᠡᠷ ᠵᠢᠡᠨ ᠤᠪᠤᠭᠠᠯᠠᠬᠤ᠂ ᠲᠤᠷ᠎ᠠ ᠪᠡᠷ ᠵᠢᠡᠨ ᠪᠠᠢᠭᠤᠯᠬᠤ ᠵᠢ ᠠᠷᠢᠯᠭᠠᠬᠤ》 ᠵᠢ ᠪᠠᠢ᠌ᠩᠭᠤᠵᠢᠭᠤᠯᠤᠨ ᠵᠢᠷᠤᠮᠵᠢᠭᠤᠯᠬᠤ᠎ᠶᠢ ᠭᠦᠨᠵᠡᠭᠡᠢ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠤᠰᠤᠨ᠎ᠤ ᠬᠦᠪᠡᠭᠡ ᠡᠷᠭᠢ᠎ᠶᠢᠨ ᠣᠷᠣᠨ ᠵᠠᠢ᠎ᠶᠢᠨ ᠬᠠᠮᠢᠶᠠᠷᠤᠯᠲᠠ ᠡᠵᠡᠮᠳᠡᠯ᠎ᠢ ᠴᠢᠩᠭᠠᠳᠬᠠᠵᠤ᠂ ᠭᠣᠣᠯᠳᠠᠯᠭ᠎ᠠ᠎ᠲᠠᠶ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠶ᠋ᠢᠵᠢᠷᠠᠬᠤ᠎ᠶᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ ᠬᠦᠴᠦᠲᠡᠢ ᠤᠰᠤᠨ ᠠᠰᠢᠭᠯᠠᠯᠲᠠ᠎ᠶᠢᠨ ᠲᠤᠯᠭᠠᠭᠤᠷᠢᠯᠠᠯ ᠬᠠᠩᠭᠠᠨ᠎ᠠ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠦᠨᠡᠨᠴᠢ᠂ ᠪᠥᠬᠥᠳᠡ ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠤ᠂ ᠭᠤᠤᠯᠳᠠᠯᠭ᠎ᠠ᠎ᠶᠢ ᠳᠣᠪᠣᠶ᠋ᠢᠯᠭᠠᠵᠤ᠂ ᠪᠣᠳᠠᠲᠠᠶ᠎ᠶᠢ ᠡᠷᠬᠢᠮᠯᠡᠨ᠂ ᠬᠥᠮᠦᠰ᠎ᠦᠨ ᠰᠡᠳᠬᠢᠯ᠎ᠢ ᠬᠥᠭᠵᠢᠭᠡᠵᠦ᠍᠂ ᠡᠷᠴᠢ ᠵᠣᠷᠢᠭ᠎ᠢ ᠬᠥᠪᠴᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠡᠲᠡᠭᠡᠳ᠎ᠦᠨ᠎ᠬᠢᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠨᠠᠷᠢᠨ ᠬᠢᠨᠠᠮᠠᠭᠠᠶ ᠰᠠᠶ᠋ᠢᠲᠤᠷ ᠠᠳᠬᠤᠵᠤ᠂ ᠤᠷᠢᠳ᠎ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ 《ᠭᠦᠨ ᠤᠬᠠᠭᠠᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠰᠢᠨ᠎ᠡ᠎ᠶᠢ ᠡᠭᠦᠳᠬᠦ᠌ ᠢᠨᠵᠧᠨᠧᠷᠢᠩ》 ᠢ᠋ ᠨᠠᠷᠢᠯᠢᠭ ᠪᠣᠳᠠᠲᠠᠶ ᠨᠠᠶ᠋ᠢᠳᠠᠪᠤᠷᠢᠵᠢᠭᠤᠯᠬᠤ᠎ᠶᠢ ᠠᠬᠢᠭᠤᠯᠬᠤ ᠭᠤᠤᠯ ᠬᠦᠴᠦᠨ ᠤ᠋ ᠴᠡᠷᠢᠭ ᠪᠣᠯᠬᠤ᠎ᠪᠠᠷ ᠴᠢᠷᠮᠠᠶ᠋ᠢᠵᠤ᠂ ᠨᠠᠮ᠎ᠤᠨ ᠰᠢᠨ᠎ᠡ᠎ᠡᠭᠦᠳᠦᠯᠲᠡ ᠵᠢᠨ ᠣᠨᠣᠯ᠎ᠢᠶᠠᠷ ᠲᠠᠷᠢᠬᠢ ᠲᠣᠯᠣᠭᠠᠶ᠎ᠪᠠᠨ ᠵᠡᠪᠰᠡᠭᠯᠡᠵᠦ᠍᠂ ᠠᠷᠠᠳ ᠲᠦᠮᠡᠨ᠎ᠢ ᠬᠥᠮᠦᠵᠢᠭᠦᠯᠵᠦ᠍᠂ ᠦᠢᠯᠡᠳᠦᠯᠭᠡ᠎ᠶᠢ ᠵᠢᠯᠣᠭᠣᠳᠣᠭᠤᠯᠬᠤ ᠬᠣᠰᠢᠭᠤᠴᠢ ᠴᠡᠷᠢᠭ ᠪᠣᠯᠤᠨ ᠮᠠᠨ᠎ᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠶᠢᠨ ᠦᠵᠡᠯ ᠰᠠᠨᠠᠭᠠᠨ᠎ᠤ ᠬᠥᠮᠥᠷᠭᠡ᠂ ᠣᠶᠤᠨ ᠤᠬᠠᠭᠠᠨ᠎ᠤ ᠪᠦᠯᠬᠦᠮ ᠪᠣᠯᠵᠣ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ ᠬᠡᠯᠡᠪᠡ᠃

ᠢᠯᠢ ᠪᠦᠯᠦᠭᠯᠡᠯ᠎ᠦᠨ ᠳᠡᠭᠡᠳᠦ ᠵᠡᠷᠭᠡ᠎ᠶᠢᠨ ᠭᠦᠢᠴᠡᠳᠬᠡᠭᠴᠢ ᠶᠡᠷᠦᠩᠬᠡᠢ ᠵᠠᠬᠢᠷᠤᠭᠴᠢ ᠯᠢᠦ ᠴᠦᠨ ᠰᠢ᠂ ᠢᠯᠢ ᠵᠢᠨ ᠬᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠬᠦᠳᠦᠯᠥᠨ ᠳᠠᠭᠠᠭᠤᠯᠬᠤ᠎ᠶᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ᠎ᠶᠢᠨ ᠠᠵᠢᠯ ᠪᠣᠯᠤᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠦ ᠪᠦᠬᠦ᠌ ᠬᠦᠴᠦᠨ᠎ᠢᠶᠡᠷ᠎ᠢᠶᠡᠨ ᠰᠦ᠎ᠶᠢᠨ ᠦᠢᠯᠡᠰ᠎ᠦᠨ ᠬᠦᠴᠦᠨ ᠴᠢᠳᠠᠯ᠎ᠢᠶᠠᠨ ᠡᠷᠭᠦᠨ᠎ᠡ᠃ ᠪᠢᠳᠡ ᠦᠷᠭᠦᠯᠵᠢᠯᠡᠨ ᠰᠦ᠋᠎ᠶᠢᠨ ᠦᠢᠯᠡᠰ᠎ᠦᠨ ᠪᠥᠬᠥ᠌ ᠠᠵᠤ ᠦᠢᠯᠡᠰ᠎ᠦᠨ ᠬᠡᠯᠬᠢᠶ᠎ᠡ᠎ᠶᠢᠨ ᠴᠢᠨᠠᠷ ᠰᠠᠶ᠋ᠢᠲᠠᠶ ᠬᠥᠭᠵᠢᠯᠲᠡ ᠵᠢᠨ ᠲᠠᠯ᠎ᠠ ᠪᠡᠷ ᠨᠢᠷᠤᠭᠤᠪᠴᠢ ᠪᠣᠯᠵᠣ᠂ ᠰᠦ᠋᠎ᠶᠢᠨ ᠦᠢᠯᠡᠰ᠎ᠦᠨ ᠤᠯᠤᠰ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠥᠪ᠎ᠦᠨ ᠲᠠᠪᠴᠠᠩ᠎ᠳᠤ ᠲᠦᠰᠢᠭᠯᠡᠨ᠂ ᠰᠢᠨ᠎ᠡ᠎ᠶᠢ ᠡᠭᠦᠳᠬᠦ᠌ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠍᠂ ᠰᠦ᠋᠎ᠶᠢᠨ ᠦᠢᠯᠡᠰ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠥᠭᠵᠢᠯᠲᠡ᠎ᠶᠢ ᠠᠬᠢᠭᠤᠯᠵᠤ᠂ ᠨᠠᠩ ᠣᠯᠠᠨ ᠰᠢᠪᠲᠤᠯᠤᠯᠲᠠ᠎ᠶᠢᠨ ᠴᠢᠨᠠᠷᠲᠠᠶ ᠦᠷ᠎ᠡ ᠪᠦᠲᠦᠭᠡᠯ ᠭᠠᠷᠭᠠᠨ᠎ᠠ᠃ ᠰᠦ᠋᠎ᠶᠢᠨ ᠦᠢᠯᠡᠰ᠎ᠦᠨ ᠥᠨᠳᠥᠷ ᠨᠡᠮᠡᠯᠲᠡ ᠥᠷᠲᠡᠭ ᠪᠥᠬᠥᠶ ᠦᠢᠯᠡᠳᠬᠦᠨ᠎ᠦ ᠦᠢᠯᠡᠳᠪᠦᠷᠢᠯᠡᠬᠦ᠌ ᠴᠢᠳᠠᠪᠤᠷᠢ᠎ᠶᠢᠨ ᠬᠡᠪᠴᠢᠶ᠎ᠡ ᠪᠠ ᠮᠡᠷᠭᠡᠵᠢᠯ᠎ᠦᠨ ᠳᠠᠪᠠᠭᠤᠯᠢᠭ᠎ᠢ ᠦᠷᠭᠦᠯᠵᠢᠯᠡᠨ ᠥᠷᠭᠡᠳᠬᠡᠵᠦ᠍᠂ ᠨᠠᠩ ᠣᠯᠠᠨ ᠴᠢᠨᠠᠷ ᠰᠠᠶ᠋ᠢᠲᠠᠶ ᠴᠠᠭᠠᠨ ᠢᠳᠡᠭᠡᠨ᠎ᠢ ᠪᠥᠬᠥ᠌ ᠤᠯᠤᠰ᠎ᠤᠨ ᠲᠣᠮᠣ ᠵᠠᠬ᠎ᠠ ᠳᠡᠯᠭᠡᠭᠦᠷ᠎ᠲᠦ᠍ ᠭᠠᠷᠭᠠᠵᠤ᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠢᠯᠢ᠎ᠶᠢᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面