2026-11-23 10:27:49
ᠬᠥᠬᠡᠬᠣᠲᠠ ᠵᠢᠨ ᠱᠧᠩ ᠯᠧ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ 11 ᠰᠠᠷ᠎ᠠ ᠢ᠋ᠢᠨ 26 ᠤ᠋ ᠡᠳᠦᠷ ᠡᠴᠡ ᠠᠰᠢᠭᠯᠠᠯᠲᠠ ᠳ᠋ᠤ ᠤᠷᠤᠵᠤ ᠠᠶᠠᠯᠠᠯ ᠢ᠋ᠢᠡᠨ ᠡᠬᠢᠯᠡᠭᠦᠯᠤᠨ᠎ᠠ᠃ ᠤᠳᠤ ᠨᠢᠰᠭᠡᠯ ᠤ᠋ᠨ ᠪᠠᠭᠤᠳᠠᠯ ᠤ᠋ᠨ ᠰᠡᠭᠦᠯᠴᠢ ᠢ᠋ᠢᠨ ᠬᠤᠭᠤᠴᠠᠭᠠᠨ ᠤ᠋ ᠠᠵᠢᠯ ᠨᠢᠬᠡᠨᠳᠡ ᠳᠠᠭᠤᠰᠴᠤ᠂ ᠴᠤ ᠰᠢᠨ᠎ᠠ ᠦᠡᠭᠭᠡ ᠳᠦᠷᠬᠦ ᠪᠡᠷ ᠲᠦᠷᠪᠡᠨ ᠵᠦᠭ ᠨᠢ᠋ᠮᠠᠨ ᠵᠤᠪᠬᠢᠰ ᠤ᠋ᠨ ᠠᠶᠠᠨᠴᠢᠨ ᠵᠤᠴᠢᠨ ᠢ᠋ᠢᠡᠨ ᠤᠭᠲᠤᠬᠤ ᠳ᠋ᠤ ᠪᠡᠯᠡᠬᠡᠨ ᠪᠤᠯᠪᠠ᠃
ᠬᠥᠬᠡᠬᠣᠲᠠ ᠢ᠋ᠢᠨ ᠱᠧᠩ ᠯᠧ ᠨᠢᠰᠬᠡᠯ ᠤ᠋ᠨ ᠪᠠᠭᠤᠳᠠᠯ ᠪᠣᠯ ᠥᠪᠥᠷ ᠮᠣᠩᠭᠣᠯ ᠤ᠋ᠨ ᠠᠩᠬᠠᠳᠠᠭᠴᠢ 4F ᠲᠠᠰ ᠤ᠋ᠨ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠪᠠᠢᠵᠤ᠂ ᠣᠷᠣᠨ ᠪᠦᠰᠡ ᠵᠢᠨ ᠠᠭᠠᠷ ᠤ᠋ᠨ ᠠᠶᠠᠯᠠᠯ ᠤ᠋ᠨ ᠬᠦᠢᠰᠤ᠂ ᠪᠡᠭᠡᠵᠢᠩ ᠲᠢᠶᠠᠨᠵᠢᠨ ᠾᠧᠪᠧᠶ ᠵᠢᠨ ᠨᠢᠰᠬᠡᠯ ᠤ᠋ᠨ ᠪᠠᠭᠤᠳᠠᠯ ᠤ᠋ᠨ ᠪᠦᠯᠦᠭᠵᠢᠯ ᠤ᠋ᠨ ᠭᠤᠤᠯ ᠪᠡᠯᠡᠳᠬᠡᠯ ᠨᠢᠰᠬᠡᠯ ᠤ᠋ᠨ ᠪᠠᠭᠤᠳᠠᠯ ᠤ᠋ᠨ ᠨᠢᠭᠡ᠂ ᠨᠢᠭᠡᠳᠦᠭᠡᠷ ᠲᠥᠷᠥᠯ ᠤ᠋ᠨ ᠠᠭᠠᠷ ᠤ᠋ᠨ ᠠᠶᠠᠯᠠᠯ ᠤ᠋ᠨ ᠪᠣᠭᠣᠮᠲᠠ ᠵᠢᠨ ᠨᠢᠰᠬᠡᠯ ᠤ᠋ᠨ ᠪᠠᠭᠤᠳᠠᠯ᠂《ᠨᠢᠭᠡ ᠪᠦᠰᠡ ᠨᠢᠭᠡ ᠵᠠᠮ》 ᠤ᠋ᠨ ᠪᠠᠢᠯᠳᠤᠬᠤ ᠪᠤᠳᠤᠯᠭ᠎ᠠ ᠵᠢᠨ ᠴᠢᠬᠤᠯᠠ ᠵᠠᠮ ᠬᠠᠷᠢᠯᠴᠠᠭᠠᠨ ᠤ᠋ ᠵᠠᠩᠭᠢᠯᠠᠭ᠎ᠠ ᠵᠢᠨ ᠴᠡᠭ ᠪᠣᠯᠤᠨ᠎ᠠ᠃ ᠵᠢᠱ᠌ᠢᠯᠳᠡ ᠪᠡᠷ᠂ ᠨᠢᠰᠬᠡᠯ ᠤ᠋ᠨ ᠪᠠᠭᠤᠳᠠᠯ ᠤ᠋ᠨ ᠵᠢᠯ ᠤ᠋ᠨ ᠠᠶᠠᠨᠴᠢᠨ ᠤ᠋ ᠵᠦᠭᠡᠭᠡᠪᠦᠷᠢ ᠢ᠋ᠢᠨ ᠬᠡᠮᠵᠢᠶ᠎ᠡ 2800 ᠲᠦᠮᠡᠨ ᠬᠥᠮᠦᠨ ᠤᠳᠠᠭ᠎ᠠ᠂ ᠪᠠᠷᠠᠭᠠᠨ ᠤ᠋ ᠲᠡᠭᠡᠭᠡᠪᠦᠷᠢ ᠢ᠋ᠢᠨ ᠬᠡᠮᠵᠢᠶ᠎ᠡ 32 ᠲᠦᠮᠡᠨ ᠲᠣᠨ ᠪᠠᠢᠵᠤ᠂ 24.4 ᠲᠦᠮᠡᠨ ᠡᠭᠡᠯᠵᠢ ᠢ᠋ᠢᠨ ᠨᠢᠰᠭᠡᠯ ᠤ᠋ᠨ ᠨᠢᠰᠴᠤ ᠪᠠᠭᠤᠬᠤ ᠢ᠋ᠢ ᠪᠠᠲᠤᠯᠠᠵᠤ ᠴᠢᠳᠠᠨ᠎ᠠ᠃
ᠬᠥᠬᠡᠬᠣᠲᠠ ᠵᠢᠨ ᠱᠧᠩ ᠯᠸ ᠨᠢᠰᠬᠡᠯ ᠤ᠋ᠨ ᠪᠠᠭᠤᠳᠠᠯ ᠨᠢ ᠠᠮᠤᠷ ᠲᠦᠪᠰᠢᠨ ᠠᠵᠢᠯᠯᠠᠭᠠᠨ᠂ ᠨᠠᠷᠢᠯᠢᠭ ᠣᠶᠤᠨᠴᠢ ᠬᠠᠮᠢᠶᠠᠷᠤᠯᠲᠠ᠂ ᠳᠥᠭᠥᠮ ᠲᠦᠳᠡ ᠥᠨᠳᠥᠷ ᠪᠦᠲᠦᠮᠵᠢᠳᠠᠢ ᠦᠢᠯᠡᠴᠢᠯᠡᠭᠡ᠂ ᠪᠣᠬᠢᠷᠲᠤᠯ ᠦᠭᠡᠢ ᠡᠶ᠎ᠡ ᠵᠣᠬᠢᠴᠠᠩᠭᠤᠢ ᠣᠷᠴᠢᠨ ᠨᠦᠬᠦᠴᠡᠯ ᠲᠠᠢ ᠪᠠᠶ᠋ᠢᠬᠤ ᠵᠢ ᠪᠡᠶᠡᠯᠡᠭᠦᠯᠵᠦ᠍᠂ 《ᠠᠮᠤᠷ ᠠᠮᠤᠭᠤᠯᠠᠩ᠂ ᠪᠣᠬᠢᠷᠲᠤᠯ ᠦᠭᠡᠢ᠂ ᠣᠶᠤᠨᠴᠢ᠂ ᠰᠣᠶᠣᠯ ᠢᠷᠭᠡᠨᠰᠢᠯ》 ᠤ᠋ᠨ ᠤᠨᠴᠠᠯᠢᠭ ᠢ᠋ ᠨᠢᠬᠡ ᠴᠤᠭᠴᠠᠵᠢᠭᠤᠯᠪᠠ᠃ ᠲᠠᠷᠤᠢ᠂ ᠣᠶᠤᠨᠴᠢ ᠠᠮᠤᠷ ᠲᠦᠪᠰᠢᠨ ᠤ᠋ ᠪᠠᠶ᠋ᠢᠴᠠᠭᠠᠯᠲᠠ᠂ ᠭᠦᠶᠦᠯᠲᠡ ᠵᠢᠨ ᠵᠠᠮ ᠳ᠋ᠡᠬᠢ ᠬᠠᠯᠳᠠᠯᠲᠠ ᠵᠢ ᠰᠡᠷᠭᠡᠶ᠋ᠢᠯᠡᠬᠦ᠌ ᠰᠢᠰᠲ᠋ᠧᠮ᠂ ᠣᠶᠤᠨᠴᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠌᠂ ᠵᠠᠮ ᠤ᠋ᠨ ᠭᠠᠳᠠᠷᠭᠤ ᠢ᠋ᠢᠨ ᠲᠣᠭᠠᠴᠢᠯᠠᠭᠰᠠᠨ ᠲᠣᠭᠣᠷᠢᠨ ᠪᠠᠶ᠋ᠢᠴᠠᠭᠠᠯᠲᠠ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ ᠨᠢᠰᠬᠡᠯ ᠤ᠋ᠨ ᠪᠠᠭᠤᠳᠠᠯ ᠤ᠋ᠨ ᠠᠵᠢᠯᠯᠠᠭᠠᠨ ᠤ᠋ ᠲᠣᠭᠲᠠᠭᠤᠨ ᠶᠠᠪᠤᠭᠳᠠᠬᠤ ᠵᠢ ᠪᠠᠲᠤᠯᠠᠵᠤ᠂ ᠠᠮᠤᠷ ᠲᠦᠪᠰᠢᠨ ᠤ᠋ ᠰᠡᠷᠭᠡᠶ᠋ᠢᠯᠡᠯᠲᠡ ᠵᠢᠨ ᠱᠤᠭᠤᠮ ᠢ᠋ ᠪᠥᠬᠥ᠌ ᠲᠠᠯ᠎ᠠ ᠪᠠᠷ ᠪᠡᠬᠢᠵᠢᠭᠦᠯᠪᠠ; ᠪᠣᠬᠢᠷᠲᠤᠯ ᠥᠬᠡᠶ ᠪᠠᠷᠢᠯᠭ᠎ᠠ ᠵᠢᠨ ᠪᠠᠷᠢᠮᠵᠢᠶ᠎ᠠ ᠵᠢ ᠪᠥᠬᠥ᠌ ᠲᠠᠯ᠎ᠠ ᠪᠠᠷ ᠨᠠᠶ᠋ᠢᠳᠠᠪᠤᠷᠢᠵᠢᠭᠤᠯᠵᠤ᠂ ᠡᠨᠧᠷᠭᠢ ᠠᠷᠪᠢᠯᠠᠨ ᠬᠣᠷᠣᠭᠳᠠᠯ ᠢ᠋ ᠪᠠᠭᠠᠰᠬᠠᠬᠤ᠂ ᠣᠷᠴᠢᠨ ᠲᠣᠭᠣᠷᠢᠨ ᠢ᠋ ᠬᠢᠨᠠᠨ ᠰᠢᠨᠵᠢᠬᠦ᠌ ᠵᠡᠷᠭᠡ ᠪᠣᠬᠢᠷᠲᠤᠯ ᠥᠬᠡᠶ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠡᠬᠡ ᠤᠯᠤᠰ ᠤ᠋ᠨ ᠤᠮᠠᠷᠠᠲᠤ ᠵᠢᠨ ᠠᠭᠤᠷ ᠠᠮᠢᠰᠬᠤᠯ ᠤ᠋ᠨ ᠣᠨᠴᠠᠯᠢᠭ ᠲᠤ᠌ ᠳᠣᠭᠢᠷᠠᠭᠰᠠᠨ ᠠᠮᠢ ᠠᠬᠤᠶ ᠵᠢᠨ ᠪᠠᠭ᠎ᠠ ᠨᠡᠭᠦᠷᠡᠰᠦᠲᠦ᠋ᠷᠥᠭᠴᠢᠲᠦ᠍ ᠨᠢᠰᠬᠡᠯ ᠤ᠋ᠨ ᠪᠠᠭᠤᠳᠠᠯ ᠢ᠋ ᠪᠣᠶ ᠪᠣᠯᠭᠠᠪᠠ; ᠨᠢᠰᠬᠡᠯ ᠤ᠋ᠨ ᠪᠠᠭᠤᠳᠠᠯ ᠤ᠋ᠨ ᠬᠠᠮᠵᠢᠯᠴᠠᠨ ᠰᠢᠢᠳᠪᠦᠷᠢᠲᠤ ᠪᠣᠳᠣᠯᠭ᠎ᠠ ᠲᠣᠭᠲᠠᠭᠠᠬᠤ(A- CDM)᠂ ᠨᠢᠰᠬᠡᠯ ᠤ᠋ᠨ ᠪᠠᠶ᠋ᠢᠷᠢ ᠢ᠋ᠢ ᠤᠶᠤᠨᠴᠢ ᠪᠡᠷ ᠬᠤᠪᠢᠶᠠᠷᠢᠯᠠᠬᠤ᠂ ᠪᠣᠭᠣᠳᠠᠯ ᠪᠠᠭᠯᠠᠭ᠎ᠠ ᠵᠢᠨ ᠪᠥᠬᠥ᠌ ᠶᠠᠪᠤᠴᠠ ᠢ᠋ᠢ ᠮᠦᠷᠳᠡᠬᠦ ᠵᠡᠷᠭᠡ ᠲᠣᠭᠠᠴᠢᠯᠠᠭᠰᠠᠨ ᠲᠠᠪᠴᠠᠩ ᠵᠢᠴᠢ BIM ᠮᠡᠷᠭᠡᠵᠢᠯ ᠳ᠋ᠤ ᠰᠠᠭᠤᠷᠢᠯᠠᠭᠰᠠᠨ ᠲᠣᠭᠠᠴᠢᠯᠠᠭᠰᠠᠨ ᠲᠤᠰᠢᠶᠠᠨ ᠥᠭᠬᠦ᠌ ᠲᠠᠪᠴᠠᠩ ᠢ᠋ ᠪᠠᠶ᠋ᠢᠭᠤᠯᠵᠤ᠂ 《ᠪᠠᠢᠭᠤᠯᠬᠤ ᠠᠵᠢᠯᠯᠠᠬᠤ ᠪᠠᠲᠤᠯᠠᠬᠤ ᠵᠢ ᠨᠢᠭᠡ ᠴᠣᠭᠴᠠᠵᠢᠭᠤᠯᠤᠭᠰᠠᠨ》 ᠲᠤᠰᠢᠶᠠᠨ ᠥᠭᠬᠦ᠌ ᠰᠢᠰᠲ᠋ᠧᠮ ᠢ᠋ ᠪᠠᠶ᠋ᠢᠭᠤᠯᠪᠠ; ᠨᠢᠰᠭᠡᠯ ᠤ᠋ᠨ ᠪᠠᠭᠤᠳᠠᠯ ᠤ᠋ᠨ ᠠᠭᠠᠷ ᠤ᠋ᠨ ᠠᠶᠠᠯᠠᠯ ᠤ᠋ᠨ ᠥᠷᠲᠡᠭᠡᠨ ᠤ᠋ ᠠᠰᠠᠷ ᠤ᠋ᠨ ᠭᠣᠣᠯ ᠠᠰᠠᠷ ᠢ᠋ 《ᠡᠮᠡᠭᠡᠯ 》 ᠤ᠋ᠨ ᠬᠡᠯᠪᠡᠷᠢ ᠪᠡᠷ ᠪᠦᠳᠦᠬᠡᠨ ᠪᠠᠢᠭᠤᠯᠵᠤ᠂ ᠰᠠᠷᠠᠪᠴᠢ ᠢ᠋ᠢ ᠨᠢ 《ᠬᠠᠳᠠᠭ 》 ᠮᠡᠲᠤ ᠵᠢᠷᠤᠵᠤ ᠲᠥᠯᠥᠪᠯᠡᠨ᠂ 《ᠠᠮᠵᠢᠯᠲᠠ ᠪᠦᠲᠦᠮᠵᠢ ᠠᠮᠤᠷ ᠠᠮᠤᠭᠤᠯᠠᠩ ᠥᠯᠵᠡᠶ ᠪᠡᠯᠭᠡ 》 ᠲᠠᠢ ᠪᠠᠢᠬᠤ ᠢ᠋ᠢ ᠪᠠᠯᠭᠡᠰᠢᠶᠠᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃