2026-11-24 11:02:26
ᠣᠶ᠋ᠢᠷ᠎ᠠ᠎ᠶᠢᠨ ᠡᠳᠦᠷ᠎ᠦᠳ᠎ᠲᠦ᠍᠂ ᠤᠯᠤᠰ ᠤᠨ ᠡᠨᠧᠷᠭᠢ᠎ᠶᠢᠨ ᠪᠦᠯᠦᠭᠯᠡᠯ᠎ᠦᠨ ᠵᠡᠭᠦᠨᠭᠠᠷ᠎ᠤᠨ ᠡᠨᠧᠷᠭᠢ ᠶᠢᠨ ᠪᠦᠯᠦᠭᠯᠡᠯ ᠦᠨ ᠬᠠᠲᠠᠶ ᠭᠤᠤᠯ᠎ᠳᠠᠬᠢ ᠵᠠᠳᠠᠭᠠᠶ ᠨᠡᠭᠦᠷᠡᠰᠦᠨ ᠠᠭᠤᠷᠬᠠᠶ ᠪᠦᠬᠦ ᠬᠦᠴᠦᠨ᠎ᠢᠶᠡᠷ᠎ᠢᠶᠡᠨ ᠦᠢᠯᠡᠳᠪᠦᠷᠢᠯᠡᠵᠤ᠂ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ ᠬᠦᠴᠦᠲᠡᠶ ᠪᠥᠭᠡᠳ ᠡᠮᠬᠢ ᠵᠢᠷᠤᠮ᠎ᠲᠠᠶ ᠶᠠᠪᠤᠬᠳᠠᠨ᠎ᠠ᠃ ᠲᠣᠮᠣ ᠬᠡᠯᠪᠡᠷᠢ᠎ᠶᠢᠨ ᠮᠠᠰᠢᠨ ᠮᠧᠬᠠᠨᠢᠭ ᠥᠨᠳᠥᠷ ᠪᠦᠲᠦᠮᠵᠢᠲᠡᠶ᠎ᠪᠡᠷ ᠠᠵᠢᠯᠯᠠᠵᠤ ᠲᠠᠰᠤᠷᠠᠯᠳᠠ ᠦᠬᠡᠢ ᠨᠡᠭᠦᠷᠡᠰᠦ ᠮᠠᠯᠲᠠᠨ᠎ᠠ; ᠵᠠᠭᠤᠨ ᠲᠣᠨ᠎ᠤ ᠲᠠᠰ᠎ᠤᠨ ᠵᠢᠯᠣᠭᠣᠴᠢ ᠥᠬᠡᠶ ᠠᠭᠤᠷᠬᠠᠶ᠎ᠶᠢᠨ ᠠᠴᠢᠶᠠᠨ᠎ᠤ ᠮᠠᠰᠢᠨᠨᠠᠭᠠᠰᠢ ᠴᠠᠭᠠᠰᠢ ᠰᠦᠯᠵᠢᠯᠳᠦᠵᠦ᠍᠂ ᠡᠮᠬᠢ ᠵᠢᠷᠤᠮ᠎ᠲᠠᠶ ᠠᠵᠢᠯᠯᠠᠨ᠎ᠠ᠃
ᠪᠠᠶᠠᠨᠨᠠᠭᠤᠷ ᠬᠣᠲᠠ᠎ᠶᠢᠨ ᠤᠷᠠᠳ᠎ᠤᠨ ᠬᠣᠶ᠋ᠢᠲᠤ᠌ ᠬᠣᠰᠢᠭᠤᠨ᠎ᠳᠤ᠂ ᠲᠠᠢ ᠶᠠᠩ ᠭᠸᠦ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶᠢᠨ ᠪᠠᠷᠢᠯᠭ᠎ᠠ᠎ᠶᠢᠨ ᠲᠤᠬᠠᠶ᠎ᠶᠢᠨ ᠲᠠᠯᠠᠪᠠᠶ᠎ᠳᠤ ᠮᠠᠰᠢᠨ ᠮᠧᠬᠠᠨᠢᠭ ᠬᠦᠷᠴᠢᠭᠢᠨᠡᠵᠦ᠂ ᠲᠡᠷᠭᠡ ᠬᠥᠰᠬᠡ ᠰᠦᠯᠵᠢᠯᠳᠦᠨ᠂ 1400 ᠭᠠᠷᠤᠶ ᠪᠥᠲᠥᠭᠡᠨ ᠪᠠᠶ᠋ᠢᠭᠤᠯᠤᠭᠴᠢ ᠤᠳᠤᠬᠠᠨ᠎ᠤ ᠪᠠᠷᠢᠯᠭ᠎ᠠ᠎ᠶᠢᠨ ᠬᠤᠭᠤᠴᠠᠭ᠎ᠠ᠎ᠶᠢ ᠵᠠᠪᠳᠤᠨ ᠰᠠᠯᠬᠢ ᠨᠡᠪᠲᠡᠷᠡᠭᠦᠯᠬᠦ᠌ ᠵᠡᠷᠭᠡ ᠵᠠᠩᠭᠢᠯᠠᠭ᠎ᠠ᠎ᠶᠢᠨ ᠪᠠᠷᠢᠯᠭ᠎ᠠ᠎ᠶᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ᠃
ᠡᠨᠡ ᠬᠣᠶᠠᠷ ᠪᠠᠷᠢᠯᠭ᠎ᠠ ᠵᠢᠨ ᠲᠠᠯᠠᠪᠤᠷ ᠡᠴᠡ ᠬᠠᠮᠲᠤ ᠵᠢᠨ ᠬᠠᠷᠠᠯᠲᠠ ᠵᠢ ᠤᠯᠵᠤ ᠬᠠᠷᠠᠨ᠎ᠠ ᠄ ᠡᠨᠧᠷᠭᠢ᠎ᠶᠢᠨ ᠪᠤᠳᠠᠭᠠᠨ ᠠᠶᠠᠭ᠎ᠠ᠎ᠵᠢ ᠥᠪᠡᠷ᠎ᠦᠨ ᠭᠠᠷ᠎ᠲᠠᠭᠠᠨ ᠪᠠᠲᠤ᠌ ᠡᠵᠡᠮᠳᠡᠨ᠎ᠠ᠃
ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠬᠢᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠍᠂ ᠨᠡᠭᠦᠷᠡᠰᠦ ᠴᠠᠬᠢᠯᠭᠠᠨ ᠲᠣᠰᠣ ᠪᠠᠢᠭᠠᠯᠢ ᠵᠢᠨ ᠰᠢᠲᠠᠮᠠᠬᠠᠢ ᠬᠡᠶ ᠰᠠᠯᠬᠢᠨ ᠬᠦᠴᠦᠨ ᠬᠡᠷᠡᠯᠴᠢ ᠴᠡᠨᠡᠭ᠎ᠢ ᠵᠡᠷᠭᠡ᠎ᠪᠡᠷ ᠬᠥᠭᠵᠢᠭᠦᠯᠵᠦ᠂ ᠤᠯᠠᠮᠵᠢᠯᠠᠯᠲᠤ᠌ ᠡᠨᠧᠷᠭᠢ ᠪᠠ ᠰᠢᠨ᠎ᠡ ᠡᠨᠧᠷᠭᠢ᠎ᠶᠢ ᠵᠣᠬᠢᠴᠠᠭᠤᠯᠤᠨ ᠠᠭᠤᠰᠤᠯᠴᠠᠭᠤᠯᠵᠤ ᠬᠠᠷᠢᠯᠴᠠᠨ ᠨᠥᠬᠥᠪᠥᠷᠢᠯᠡᠬᠦ᠌᠎ᠶᠢ ᠪᠠᠷᠢᠮᠲᠠᠯᠠᠵᠤ᠂ ᠣᠯᠠᠨ ᠡᠨᠧᠷᠭᠢ᠎ᠶᠢ ᠬᠠᠷᠢᠯᠴᠠᠨ ᠨᠥᠬᠥᠪᠥᠷᠢᠯᠡᠬᠦ᠌᠂ ᠣᠯᠠᠨ ᠦᠢᠯᠡᠰ᠎ᠢ ᠵᠡᠷᠭᠡ᠎ᠪᠡᠷ ᠬᠥᠭᠵᠢᠭᠦᠯᠬᠦ᠌᠂ ᠣᠯᠠᠨ ᠴᠡᠭ᠎ᠢᠶᠡᠷ ᠲᠤᠯᠭᠠᠭᠤᠷᠢᠯᠠᠬᠤ᠂ ᠣᠯᠠᠨ ᠡᠰᠢᠵᠢᠬᠦᠯᠦᠨ ᠬᠥᠭᠵᠢᠭᠦᠯᠬᠦ᠌ ᠡᠨᠧᠷᠭᠢ᠎ᠶᠢᠨ ᠠᠵᠤ ᠦᠢᠯᠡᠰ᠎ᠦᠨ ᠪᠠᠶ᠋ᠢᠷᠢᠰᠢᠯ᠎ᠢ ᠬᠦᠴᠦᠯᠡᠨ ᠪᠠᠶ᠋ᠢᠭᠤᠯᠪᠠ᠃ ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠡᠨᠧᠷᠭᠢ᠎ᠶᠢᠨ ᠬᠠᠩᠭᠠᠯᠭ᠎ᠠ᠎ᠶᠢᠨ ᠰᠢᠰᠲ᠋ᠧᠮ᠎ᠦᠨ ᠤᠶᠠᠨ ᠬᠠᠳᠠᠨ ᠴᠢᠨᠠᠷ ᠦᠷᠭᠦᠯᠵᠢᠯᠡᠨ ᠴᠢᠩᠭᠠᠷᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠯᠬᠤᠭ᠎ᠠ ᠪᠠᠲᠤ᠌ ᠴᠢᠩᠭ᠎ᠠ ᠬᠦᠴᠦᠨ᠎ᠲᠡᠶ ᠪᠤᠯᠵᠥ᠍᠂ ᠪᠦᠬᠦ᠌ ᠤᠯᠤᠰ᠎ᠤᠨ ᠬᠥᠭᠵᠢᠯᠲᠡ ᠵᠢᠨᠶᠡᠬᠡ ᠲᠠᠯ᠎ᠠ᠎ᠳᠤ ᠦᠢᠯᠡᠴᠢᠯᠡᠬᠦ᠌ ᠲᠤᠮᠳᠠ ᠥᠪᠥᠷ ᠮᠣᠩᠭᠣᠯ᠎ᠤᠨ ᠡᠭᠦᠷᠭᠡᠯᠡᠯ᠎ᠢ ᠭᠦᠢᠴᠡᠳ ᠢᠯᠡᠷᠡᠭᠦᠯᠪᠡ᠃
ᠬᠠᠩᠭᠠᠯᠭ᠎ᠠ᠎ᠶᠢ ᠪᠠᠲᠤᠯᠠᠬᠤ ᠴᠢᠳᠠᠪᠤᠷᠢ ᠲᠣᠭᠲᠠᠭᠤᠨ᠎ᠢᠶᠠᠷ ᠴᠢᠩᠭᠠᠷᠠᠪᠠ
ᠤᠯᠤᠰ᠎ᠤᠨ ᠡᠨᠧᠷᠭᠢ᠎ᠶᠢᠨ ᠪᠦᠯᠦᠭᠯᠡᠯ᠎ᠤᠨ ᠰᠢᠨ ᠱᠦᠸᠸ ᠲᠡᠮᠦᠷ ᠵᠠᠮ᠎ᠤᠨ ᠳ᠋ᠠ ᠵᠦᠨ ᠺᠣᠮᠫᠠᠨᠢ᠎ᠶᠢᠨ ᠨᠡᠭᠦᠷᠡᠰᠦ ᠠᠴᠢᠶᠠᠯᠠᠬᠤ ᠥᠷᠲᠡᠭᠡᠨ᠎ᠳᠦ᠂ ᠣᠶᠤᠨᠴᠢ ᠨᠡᠭᠦᠷᠡᠰᠦ ᠠᠴᠢᠶᠠᠯᠠᠬᠤ ᠰᠢᠰᠲ᠋ᠧᠮ᠎ᠳᠦ ᠲᠦᠰᠢᠭᠯᠡᠨ ᠨᠡᠭᠦᠷᠡᠰᠦ ᠵᠢ ᠥᠨᠳᠥᠷ ᠪᠦᠲᠦᠮᠵᠢᠲᠡᠢ᠎ᠪᠡᠷ ᠭᠠᠯᠲᠤ ᠲᠡᠷᠭᠡᠨ᠎ᠳᠦ ᠠᠴᠢᠶᠠᠯᠠᠨ᠎ᠠ᠃ 11 ᠰᠠᠷ᠎ᠠ᠎ᠶᠢᠨ 8 ᠤ᠋ ᠡᠳᠦᠷ ᠪᠣᠯᠲᠠᠯ᠎ᠠ᠂ ᠲᠤᠰ ᠺᠣᠮᠫᠠᠨᠢ᠎ᠶᠢᠨ ᠨᠡᠭᠦᠷᠡᠰᠦᠨ᠎ᠦ ᠵᠢᠯ᠎ᠦᠨ ᠥᠪᠡᠰᠦᠪᠡᠨ ᠠᠴᠢᠶᠠᠯᠠᠭᠰᠠᠨ ᠬᠡᠮᠵᠢᠶ᠎ᠡ 1.069 ᠳ᠋ᠦᠩᠰᠢᠭᠤᠷ ᠲᠣᠨ᠎ᠢ ᠳᠠᠪᠠᠵᠤ᠂ ᠣᠷᠣᠨ ᠪᠦᠰᠡ᠎ᠶᠢᠨ ᠡᠪᠦᠯ᠎ᠦᠨ ᠤᠯᠠᠷᠢᠯ᠎ᠤᠨ ᠨᠡᠭᠦᠷᠡᠰᠦ ᠬᠡᠷᠡᠭᠯᠡᠬᠦ ᠤᠷᠭᠢᠯ᠎ᠤᠨ ᠬᠤᠭᠤᠴᠠᠭ᠎ᠠ ᠵᠢᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶ᠋ᠢᠨ᠎ᠠ᠃
ᠨᠡᠭᠦᠷᠡᠰᠦᠨ᠎ᠦ ᠡᠬᠢ ᠪᠠᠶᠠᠯᠢᠭ᠎ᠤᠨ ᠳᠠᠪᠠᠭᠤᠯᠢᠭ᠎ᠲᠤ᠌ ᠰᠠᠭᠤᠷᠢᠯᠠᠨ᠂ ᠥᠪᠥᠷ ᠮᠣᠩᠭᠣᠯ᠎ᠤᠨ ᠬᠢᠨ ᠨᠡᠭᠦᠷᠡᠰᠦᠨ᠎ᠦ ᠭᠠᠷᠤᠯᠲᠠ᠎ᠶᠢ ᠨᠡᠮᠡᠭᠳᠡᠭᠦᠯᠦᠨ ᠬᠠᠩᠭᠠᠯᠭ᠎ᠠ᠎ᠶᠢ ᠨᠡᠮᠡᠭᠳᠡᠭᠦᠯᠬᠦ᠌᠎ᠶᠢ ᠦᠷᠭᠦᠯᠵᠢᠯᠡᠨ ᠠᠬᠢᠭᠤᠯᠵᠤ᠂ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠰᠠᠭᠤᠷᠢ᠎ᠶᠢ ᠲᠠᠰᠤᠷᠠᠯᠲᠠ ᠥᠬᠡᠶ ᠪᠡᠬᠢᠵᠢᠭᠦᠯᠪᠡ᠃ ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠨᠡᠭᠦᠷᠡᠰᠦᠨ᠎ᠦ ᠵᠢᠯᠳᠤᠮᠳᠠᠴᠢ ᠵᠢᠨ ᠦᠢᠯᠡᠳᠪᠦᠷᠢᠯᠡᠯ᠎ᠤᠨ ᠬᠡᠮᠵᠢᠶ᠎ᠡ 12 ᠳ᠋ᠦᠩᠰᠢᠭᠤᠷ ᠲᠣᠨ᠎ᠡᠴᠡ ᠳᠡᠭᠡᠭᠰᠢ ᠪᠠᠶ᠋ᠢᠬᠤ᠎ᠶᠢ ᠲᠤᠭᠲᠠᠭᠤᠨ᠎ᠢᠶᠡᠷ ᠪᠠᠲᠤᠯᠠᠵᠤ᠂ ᠪᠥᠬᠥ᠌ ᠤᠯᠤᠰ᠎ᠤᠨ 29 ᠮᠤᠵᠢ ᠣᠷᠣᠨ᠎ᠳᠤ ᠬᠠᠩᠭᠠᠯᠭ᠎ᠠ᠎ᠶᠢ ᠪᠠᠲᠤᠯᠠᠬᠤ ᠨᠡᠭᠦᠷᠡᠰᠦ ᠵᠢ ᠨᠡᠢᠲᠡ 43 ᠳ᠋ᠦᠩᠰᠢᠭᠤᠷ ᠲᠣᠨ ᠬᠦᠷᠭᠡᠵᠦ᠂ ᠪᠥᠬᠥ᠌ ᠤᠯᠤᠰ ᠲᠤ᠌ ᠲᠦᠷᠦᠬᠦᠯᠡᠪᠡ᠃
ᠮᠢᠩᠭᠠᠨ ᠬᠤᠲᠠ᠎ᠶᠢ ᠳᠤᠯᠠᠭᠠᠴᠡᠭᠤᠯᠵᠤ᠂ ᠲᠦᠮᠡᠨ ᠡᠷᠦᠬᠡ᠎ᠵᠢ ᠬᠡᠷᠡᠯᠲᠦᠭᠦᠯᠦᠨᠡ᠃ ᠣᠳᠣᠬᠠᠨ᠎ᠳᠤ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠲᠣᠣᠷ᠎ᠲᠤ ᠨᠢᠭᠡᠨᠲᠡ 《ᠲᠤᠯᠤᠭᠠᠨ ᠬᠥᠨᠳᠡᠯᠡᠨ ᠨᠢᠭᠡ ᠭᠤᠯᠳᠤ》ᠭᠣᠣᠯ ᠲᠣᠣᠷ᠎ᠤᠨ ᠪᠦᠲᠦᠴᠡ᠎ᠶᠢ ᠪᠠᠢᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠲᠣᠣᠷ᠎ᠲᠤ 《ᠳᠥᠷᠪᠡᠨ ᠬᠥᠨᠳᠡᠯᠡᠨ ᠵᠢᠷᠭᠤᠭᠠᠨ ᠭᠤᠯᠳᠤ》 ᠭᠣᠣᠯ ᠲᠣᠣᠷ᠎ᠤᠨ ᠪᠦᠲᠦᠴᠡ᠎ᠶᠢ ᠪᠥᠬᠥ ᠲᠠᠯ᠎ᠠ᠎ᠪᠠᠷ ᠪᠠᠢᠭᠤᠯᠵᠤ᠂ ᠪᠥᠬᠥ ᠣᠷᠣᠨ᠎ᠤ ᠴᠠᠬᠢᠯᠭᠠᠨ ᠬᠦᠴᠦᠨ᠎ᠦ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 3.18 ᠳ᠋ᠦᠩᠰᠢᠭᠤᠷ ᠺᠢᠯᠣᠸᠠᠲ᠎ᠲᠤ ᠬᠦᠷᠴᠦ᠂ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠭᠰᠡᠨ ᠬᠡᠮᠵᠢᠶ᠎ᠡ 20 ᠭᠠᠷᠤᠢ ᠵᠢᠯ ᠳᠠᠷᠠᠭᠠᠯᠠᠨ ᠪᠥᠬᠥ ᠤᠯᠤᠰ᠎ᠲᠦ ᠲᠦᠷᠦᠬᠦᠯᠡᠵᠤ᠂ ᠴᠠᠬᠢᠯᠭᠠᠨ ᠬᠦᠴᠦᠨ᠎ᠦ ᠬᠠᠩᠭᠠᠯᠭ᠎ᠠ ᠪᠠ ᠰᠢᠨ᠎ᠡ ᠡᠨᠧᠷᠭᠢ᠎ᠶᠢ ᠴᠤᠭᠯᠠᠭᠤᠯᠬᠤ᠂ ᠬᠦᠷᠭᠡᠬᠦ ᠪᠠ ᠰᠢᠩᠭᠡᠭᠡᠬᠦ ᠬᠡᠷᠡᠭᠴᠡᠭᠡ᠎ᠶᠢ ᠬᠦᠴᠦᠲᠡᠢ ᠪᠠᠲᠤᠯᠠᠪᠠ᠃
ᠲᠠᠪᠤᠨ ᠵᠢᠯ᠎ᠦᠨ ᠲᠤᠷᠰᠢ᠂ ᠥᠪᠥᠷ ᠮᠣᠩᠭᠣᠯ ᠴᠢᠯᠠᠭᠤᠨ ᠲᠣᠰᠣ᠌ ᠪᠠᠢᠭᠠᠯᠢ ᠵᠢᠨ ᠰᠢᠲᠠᠮᠠᠬᠠᠢ ᠬᠡᠢ᠎ᠶᠢᠨ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠬᠤᠷᠳᠤᠴᠠ᠎ᠶᠢ ᠲᠦᠷᠭᠡᠳᠬᠡᠵᠦ᠂ ᠴᠢᠯᠠᠭᠤᠨ ᠲᠣᠰᠣ᠌ ᠪᠠᠢᠭᠠᠯᠢ ᠵᠢᠨ ᠰᠢᠲᠠᠮᠠᠬᠠᠢ ᠬᠡᠢ᠎ᠶᠢ ᠳᠠᠮᠵᠢᠭᠤᠯᠬᠤ ᠤᠷᠳᠤ ᠬᠣᠭᠣᠯᠠᠢ᠎ᠶᠢ ᠨᠡᠶ᠋ᠢᠲᠡ 7800 ᠭᠠᠷᠤᠢ ᠺᠢᠯᠣᠮᠧᠲᠷ ᠪᠠᠢᠭᠤᠯᠪᠠ᠃ ᠲᠦᠭᠦᠬᠡᠢ ᠴᠢᠯᠠᠭᠤᠨ ᠲᠤᠰᠤᠨ᠎ᠤ ᠵᠢᠯ᠎ᠦᠨ ᠵᠥᠭᠡᠭᠡᠪᠦᠷᠢᠯᠡᠬᠦ ᠴᠢᠳᠠᠪᠤᠷᠢ᠎ᠶᠢ 3700 ᠲᠦᠮᠡᠨ ᠲᠣᠨ᠂ ᠪᠣᠯᠪᠠᠰᠤᠷᠠᠭᠤᠯᠤᠭᠰᠠᠨ ᠴᠢᠯᠠᠭᠤᠨ ᠲᠤᠰᠤᠨ᠎ᠤ ᠵᠢᠯ᠎ᠦᠨ ᠵᠥᠭᠡᠭᠡᠪᠦᠷᠢᠯᠡᠬᠦ ᠴᠢᠳᠠᠪᠤᠷᠢ᠎ᠶᠢ 391 ᠲᠦᠮᠡᠨ ᠲᠣᠨ᠎ᠳᠤ ᠬᠦᠷᠭᠡᠪᠡ᠋; ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠣᠭᠣᠯᠠᠢ ᠨᠢ ᠣᠷᠣᠨ᠎ᠤ ᠳᠣᠲᠣᠷᠠᠬᠢ 9 ᠠᠢᠮᠠᠭ ᠬᠣᠲᠠ᠎ᠶᠢᠨ 51 ᠬᠣᠰᠢᠭᠤ ᠰᠢᠶᠠᠨ (ᠬᠣᠲᠠ᠂ ᠲᠣᠭᠣᠷᠢᠭ᠋)᠎ᠢ᠋ ᠬᠠᠮᠤᠷᠴᠤ᠂ ᠵᠢᠯ᠎ᠦᠨ ᠲᠠᠮᠵᠢᠭᠤᠯᠤᠨ ᠬᠦᠷᠭᠡᠬᠦ ᠴᠢᠳᠠᠪᠤᠷᠢ ᠨᠢ 1100 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠢ ᠳᠠᠪᠠᠵᠤ᠂ ᠪᠠᠢᠭᠠᠯᠢ ᠵᠢᠨ ᠰᠢᠲᠠᠮᠠᠬᠠᠢ ᠬᠡᠢ ᠳᠠᠮᠵᠢᠭᠤᠯᠬᠤ ᠬᠣᠭᠣᠯᠠᠢ᠎ᠶᠢᠨ ᠲᠣᠣᠷ᠎ᠢ ᠦᠷᠭᠦᠯᠵᠢᠯᠡᠨ ᠨᠢᠭ᠍ᠲᠠ ᠰᠦᠯᠵᠢᠵᠦ᠂ ᠣᠷᠣᠨ ᠪᠦᠰᠡ ᠠᠯᠤᠰᠯᠠᠭᠰᠠᠨ ᠪᠠᠢᠭᠠᠯᠢ ᠵᠢᠨ ᠰᠢᠲᠠᠮᠠᠬᠠᠢ ᠬᠡᠢ ᠳᠠᠮᠵᠢᠭᠤᠯᠬᠤ ᠪᠠᠲᠤᠯᠠᠭ᠎ᠠ᠎ᠶᠢᠨ ᠴᠢᠳᠠᠪᠤᠷᠢ᠎ᠶᠢ ᠲᠠᠰᠤᠷᠠᠯᠲᠠ ᠦᠭᠡᠢ ᠴᠢᠩᠭᠠᠷᠠᠭᠤᠯᠪᠠ᠃
ᠪᠣᠬᠢᠷᠲᠤᠯ ᠦᠭᠡᠢ ᠬᠥᠭᠵᠢᠯᠲᠡ᠎ᠶᠢ ᠪᠦᠬᠦ ᠲᠠᠯ᠎ᠠ᠎ᠪᠠᠷ ᠲᠦᠷᠭᠡᠳᠬᠡᠪᠡ
ᠣᠢᠷ᠎ᠠ᠎ᠳᠤ᠂ ᠤᠯᠤᠰ᠎ᠤᠨ ᠴᠠᠬᠢᠯᠭᠠᠨ᠎ᠤ ᠲᠣᠣᠷ᠎ᠤᠨ ᠦᠪᠦᠷ ᠮᠤᠩᠭᠤᠯ᠎ᠤᠨ ᠵᠡᠬᠦᠨ ᠪᠠᠶ᠎ᠠ ᠵᠢᠨ ᠰᠢᠯᠢ᠎ᠶᠢᠨ ᠭᠣᠣᠯ ᠠᠢᠮᠠᠭ᠎ᠤᠨ᠎ᠲᠠᠢ ᠹᠦ140 ᠲᠦᠮᠡᠨ ᠺᠢᠯᠣᠸᠠᠲ᠎ᠤᠨ500 ᠺᠢᠯᠣᠸᠤᠯᠲ᠎ᠤᠨ ᠢᠨᠵᠧᠨᠧᠷᠢᠩ᠎ᠢ ᠪᠥᠬᠥ ᠱᠤᠭᠤᠮ᠎ᠢᠶᠠᠷ ᠨᠠᠪᠲᠠᠷᠡᠭᠦᠯᠵᠦ᠂ ᠲᠠᠷᠠᠭᠠᠴᠢ᠎ᠶᠢᠨ ᠰᠢᠯᠭᠠᠨ ᠠᠪᠬᠤ ᠪᠠ ᠲᠤᠷᠰᠢᠨ ᠲᠣᠬᠢᠷᠠᠭᠤᠯᠬᠤ᠂ ᠲᠣᠭᠲᠠᠭᠰᠠᠨ ᠬᠤᠭᠤᠴᠠᠭᠠᠨ᠎ᠳᠠᠭᠠᠨ ᠠᠰᠢᠭ᠍ᠯᠠᠯᠲᠠ᠎ᠳᠤ ᠣᠷᠣᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠭᠦᠭᠰᠡᠨ ᠪᠠᠢᠨ᠎ᠠ᠃ ᠪᠥᠬᠥ ᠤᠯᠤᠰ᠎ᠤᠨ ᠭᠤᠷᠪᠠᠳᠤᠭᠠᠷ ᠪᠦᠯᠦᠭ᠎ᠦᠨ 《ᠡᠯᠡᠰᠦ ᠭᠤᠪᠢ ᠴᠦᠯᠯᠡᠷᠭᠡᠭ ᠭᠠᠵᠠᠷ》᠎ᠤ᠋ᠨ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠦᠨ ᠰᠠᠭᠤᠷᠢᠨ᠎ᠤ ᠭᠣᠣᠯ ᠢᠵᠢ ᠪᠦᠷᠢᠳᠦᠭᠦᠯᠬᠦ ᠢᠨᠵᠧᠨᠧᠷᠢᠩ ᠪᠣᠯᠤᠭᠰᠠᠨ᠎ᠤ ᠬᠤᠪᠢ᠎ᠳᠤ᠂ ᠲᠥᠷᠥᠯ ᠵᠦᠢᠯ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠵᠢᠯ ᠪᠦᠷᠢ ᠳᠤᠮᠳᠠᠴᠢ᠎ᠪᠠᠷ ᠵᠡᠭᠦᠨ ᠣᠷᠣᠨ᠎ᠳᠤ 42 ᠳ᠋ᠦᠩᠰᠢᠭᠤᠷ ᠺᠢᠯᠣᠸᠠᠲ ᠴᠠᠭ᠎ᠤᠨ ᠴᠡᠪᠡᠷ ᠴᠠᠬᠢᠯᠭᠠᠨ ᠬᠦᠴᠦᠨ᠎ᠢ ᠬᠦᠷᠭᠡᠵᠦ᠂ ᠣᠷᠣᠨ ᠪᠦᠰᠡ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ᠎ᠳᠦ ᠬᠦᠴᠦᠨ ᠨᠡᠮᠡᠷᠢᠯᠡᠬᠦ ᠪᠣᠯᠣᠨ᠎ᠠ᠃
ᠡᠯᠪᠡᠭ ᠪᠠᠶᠠᠯᠢᠭ᠋ ᠰᠠᠯᠬᠢᠨ ᠬᠦᠴᠦᠨ ᠬᠡᠷᠡᠯᠴᠢ ᠴᠡᠨᠡᠭ᠎ᠤᠨ ᠡᠬᠢ ᠪᠠᠶᠠᠯᠢᠭ᠋᠎ᠲᠤ ᠰᠠᠭᠤᠷᠢᠯᠠᠨ᠂ ᠥᠪᠥᠷ ᠮᠣᠩᠭᠣᠯ ᠰᠢᠨ᠎ᠡ ᠡᠨᠧᠷᠭᠢ᠎ᠶᠢ ᠶᠡᠬᠡ ᠪᠡᠷ ᠬᠥᠭᠵᠢᠭᠦᠯᠵᠦ᠂ ᠰᠢᠨ᠎ᠡ ᠡᠨᠧᠷᠭᠢ᠎ᠪᠡᠷ ᠭᠣᠣᠯ ᠴᠣᠭᠴᠠ ᠪᠣᠯᠭᠠᠭᠰᠠᠨ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠲᠦᠷᠭᠡᠳᠬᠡᠨ ᠪᠠᠢᠭᠤᠯᠪᠠ᠃ ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠦᠷᠭᠦᠯᠵᠢᠯᠡᠨ ᠪᠥᠬᠥ ᠤᠯᠤᠰ᠎ᠲᠤ ᠲᠦᠷᠦᠭᠦᠯᠡᠪᠡ᠃ 2026 ᠣᠨ᠎ᠤ 10 ᠰᠠᠷ᠎ᠠ ᠪᠣᠯᠲᠠᠯ᠎ᠠ᠂ ᠪᠥᠬᠥ ᠣᠷᠣᠨ᠎ᠤ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 1.87 ᠳ᠋ᠦᠩᠰᠢᠭᠤᠷ ᠺᠢᠯᠣᠸᠠᠲ᠎ᠲᠤ ᠬᠦᠷᠴᠦ᠂ ᠴᠠᠬᠢᠯᠭᠠᠨ ᠬᠦᠴᠦᠨ᠎ᠦ ᠶᠡᠷᠦᠩᠬᠡᠢ ᠮᠠᠰᠢᠨ ᠴᠣᠭᠴᠠᠯᠠᠪᠤᠷᠢ᠎ᠶᠢᠨ 54.2%᠎ᠢ ᠡᠵᠡᠯᠡᠵᠡᠢ᠃
ᠣᠢᠷ᠎ᠠ᠎ᠶᠢᠨ ᠵᠢᠯ᠎ᠳᠤ᠂ ᠥᠪᠥᠷ ᠮᠣᠩᠭᠣᠯ ᠪᠤᠬᠢᠷᠳᠦᠯ ᠦᠬᠡᠢ ᠴᠠᠬᠢᠯᠭᠠᠨ᠎ᠤ ᠬᠡᠷᠡᠭᠯᠡᠭᠡᠨ᠎ᠤ ᠦᠵᠡᠭᠳᠡᠯ ᠪᠠᠢᠳᠠᠯ ᠢ ᠦᠷᠭᠦᠯᠵᠢᠯᠡᠨ ᠥᠷᠭᠡᠳᠬᠡᠵᠦ᠂ ᠡᠬᠢ ᠰᠤᠷᠪᠤᠯᠵᠢ᠎ᠶᠢ ᠨᠢ ᠲᠣᠳᠣᠷᠬᠠᠢ ᠮᠥᠷᠳᠡᠵᠦ ᠪᠣᠯᠬᠤ ᠪᠤᠬᠢᠷᠳᠤᠯ ᠦᠬᠡᠢ ᠴᠠᠬᠢᠯᠭᠠᠨ᠎ᠢ ᠣᠢᠷ᠎ᠠ ᠬᠠᠪᠢ᠎ᠶᠢᠨ ᠭᠠᠵᠠᠷ ᠲᠤᠨᠢ ᠰᠢᠨᠭᠭᠡᠬᠡᠵᠦ ᠠᠰᠢᠭᠯᠠᠬᠤ ᠠᠷᠭ᠎ᠠ ᠵᠠᠮ᠎ᠢ ᠰᠦᠪᠡᠭᠴᠢᠯᠡᠪᠠ᠃
ᠪᠣᠬᠢᠷᠲᠤᠯ ᠦᠭᠡᠢ ᠴᠠᠬᠢᠯᠭᠠᠨ ᠪᠠ ᠡᠨᠧᠷᠭᠢ ᠵᠢ ᠠᠴᠢᠶᠠᠯᠠᠬᠤ ᠬᠡᠮᠵᠢᠶ᠎ᠡ ᠦᠨᠳᠦᠷ ᠠᠵᠤ ᠦᠢᠯᠡᠰ ᠯᠤᠬᠡ ᠡᠪᠴᠡᠯᠳᠤᠵᠤ᠂ 《ᠨᠡᠭᠦᠷᠡᠰᠦᠲᠥ᠋ᠷᠥᠭᠴᠢ᠎ᠶᠢᠨ ᠳᠠᠷᠤᠭᠠᠰᠤ》 ᠶ᠋ᠢ《ᠪᠣᠬᠢᠷᠲᠤᠯ ᠦᠭᠡᠢ ᠥᠷᠢᠰᠦᠯᠳᠦᠬᠦ ᠬᠦᠴᠦᠨ》 ᠪᠣᠯᠭᠠᠨ ᠬᠤᠪᠢᠷᠠᠭᠤᠯᠪᠠ᠃
ᠪᠤᠭᠤᠲᠤ᠎ᠳᠤ᠂ ᠪᠦᠬᠦ ᠤᠯᠤᠰ᠎ᠤᠨ ᠠᠩᠬᠠᠳᠠᠭ᠍ᠴᠢ ᠡᠨ᠋ᠸᠷᠬᠢ ᠳᠤᠤᠷ ᠳᠠᠭᠠᠭᠠᠴᠠ ᠨᠦᠬᠡᠴᠡ ᠵᠢᠨ ᠪᠣᠯᠣᠳ ᠲᠡᠮᠦᠷ ᠬᠠᠢᠯᠤᠭᠤᠯᠬᠤ ᠲᠦᠷᠦᠯ ᠵᠦᠢᠯ᠎ᠳᠦ ᠡᠨ᠋ᠸᠷᠬᠢ ᠳᠤᠤᠷ ᠳᠠᠭᠠᠭᠠᠴᠠ ᠨᠦᠬᠡᠴᠡ᠎ᠶᠢ ᠨᠢᠭᠡ ᠴᠣᠭᠴᠠᠵᠢᠭᠤᠯᠬᠤ ᠮᠡᠷᠭᠡᠵᠢᠯ᠎ᠢ ᠬᠡᠷᠡᠭᠯᠡᠵᠦ ᠴᠠᠬᠢᠭᠤᠷ ᠮᠠᠩᠭᠠᠨ᠎ᠤ ᠬᠠᠢᠯᠤᠰᠢ᠎ᠶᠢ ᠬᠠᠢᠯᠤᠭᠤᠯᠵᠤ᠂ ᠪᠤᠬᠢᠷᠳᠦᠯ ᠦᠬᠡᠢ ᠴᠠᠬᠢᠯᠭᠠᠨ᠎ᠤ ᠡᠵᠡᠯᠡᠬᠦ ᠬᠠᠷᠢᠴᠠᠯ ᠨᠢ 70% ᠳ᠋ᠤ᠌ ᠬᠦᠷᠴᠦ᠂ ᠤᠯᠠᠮᠵᠢᠯᠠᠯᠲᠤ ᠦᠢᠯᠡᠳᠪᠦᠷᠢ᠎ᠶᠢᠨ ᠵᠢᠯ᠎ᠦᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢ ᠪᠠᠭᠠᠰᠬᠠᠭᠰᠠᠨ ᠬᠡᠮᠵᠢᠶ᠎ᠡ ᠨᠢ 20 ᠲᠦᠮᠡᠨ ᠲᠣᠨ᠎ᠢ ᠳᠠᠪᠠᠪᠠ᠃
ᠪᠣᠬᠢᠷᠲᠤᠯ ᠦᠭᠡᠢ ᠴᠠᠬᠢᠯᠭᠠᠨ ᠪᠠ ᠪᠣᠳᠣᠯᠳᠠ ᠵᠢᠨ ᠬᠦᠴᠦᠨ ᠡᠪᠴᠡᠯᠳᠤᠵᠦ᠂ 《ᠪᠣᠬᠢᠷᠲᠤᠯ ᠦᠭᠡᠢ ᠴᠠᠬᠢᠯᠭᠠᠨ》᠎ᠢ᠋ 《ᠣᠶᠤᠨᠲᠤ ᠪᠤᠳᠤᠯᠳᠠ ᠵᠢᠨ ᠬᠦᠴᠦᠨ》᠎ᠤ᠋ ᠬᠦᠳᠡᠯᠬᠡᠬᠦᠷ ᠪᠤᠯᠭᠠᠨ ᠬᠤᠪᠢᠷᠠᠭᠤᠯᠪᠠ᠃
ᠤᠯᠠᠭᠠᠨᠴᠠᠪ᠎ᠲᠤ᠂ ᠪᠥᠬᠥ ᠤᠯᠤᠰ᠎ᠤᠨ ᠠᠩᠬᠠᠳᠠᠭ᠍ᠴᠢ ᠳ᠋ᠠᠢᠲ᠋ᠠ᠎ᠶᠢᠨ ᠲᠥᠪ᠎ᠦᠨ ᠪᠣᠬᠢᠷᠲᠤᠯ ᠦᠭᠡᠢ ᠴᠠᠬᠢᠯᠭᠠᠨ᠎ᠢ ᠡᠨ᠋ᠸᠷᠬᠢ ᠳᠤᠤᠷ ᠳᠠᠭᠠᠭᠠᠴᠠ ᠨᠦᠬᠡᠴᠡ ᠵᠢ ᠨᠢᠬᠡ ᠴᠣᠭᠴᠠᠵᠢᠭᠤᠯᠬᠤ ᠯᠤᠭ᠎ᠠ ᠰᠢᠭᠤᠳ ᠵᠠᠯᠭᠠᠬᠰᠠᠨ ᠠᠩᠬᠠᠳᠠᠬᠴᠢ ᠲᠥᠷᠥᠯ ᠵᠦᠢᠯ ᠨᠢ ᠰᠠᠯᠬᠢᠨ ᠬᠦᠴᠦᠨ ᠬᠡᠷᠡᠯᠴᠢ ᠴᠡᠨᠡᠭᠤᠨᠴᠠᠬᠢᠯᠭᠠᠨ ᠥᠷᠲᠡᠭᠡ᠎ᠡᠴᠡ ᠭᠠᠷᠭᠠᠭᠰᠠᠨ ᠪᠤᠬᠢᠷᠳᠦᠯ ᠦᠬᠡᠢ ᠴᠠᠬᠢᠯᠭᠠᠨ᠎ᠢ 16 ᠺᠢᠯᠣᠮᠧᠲᠷ ᠲᠤᠰᠬᠠᠢ ᠬᠡᠷᠡᠭᠯᠡᠭᠡᠨ᠎ᠦ ᠱᠤᠭᠤᠮ᠎ᠢᠶᠠᠷ ᠳᠠᠮᠵᠢᠭᠤᠯᠤᠨ ᠪᠤᠳᠤᠯᠳᠠ ᠵᠢᠨ ᠬᠦᠴᠦᠨ᠎ᠤ ᠰᠠᠭᠤᠷᠢᠨ ᠳ᠋ᠤ ᠰᠢᠭᠤᠳ ᠬᠠᠩᠭᠠᠪᠠ᠃
ᠪᠤᠬᠢᠷᠳᠦᠯ ᠦᠬᠡᠢ ᠴᠠᠬᠢᠯᠭᠠᠨ ᠪᠠ ᠤᠰᠤᠲᠥ᠋ᠷᠥᠭᠴᠢ ᠡᠨᠧᠷᠭᠢ ᠡᠪᠴᠡᠯᠳᠤᠵᠦ᠂ 《ᠪᠠᠢᠭᠠᠯᠢ᠎ᠶᠢᠨ ᠰᠠᠯᠬᠢᠨ ᠬᠡᠷᠡᠯ᠎ᠤᠨ ᠡᠨ᠋ᠸᠷᠬᠢ》ᠵᠢ 《ᠰᠢᠩᠭᠡᠨ ᠪᠡᠶᠡᠲᠦ ᠲᠦᠯᠡᠰᠢ》 ᠪᠣᠯᠭᠠᠨ ᠬᠤᠪᠢᠷᠠᠭᠤᠯᠪᠠ᠃
ᠤᠯᠠᠭᠠᠨᠬᠠᠳᠠ᠎ᠳᠤ᠂ ᠪᠥᠬᠥ ᠪᠥᠮᠪᠥᠷᠴᠡᠭ᠎ᠦᠨ ᠬᠠᠮᠤᠭ ᠤᠨ ᠲᠤᠮᠤ ᠪᠣᠬᠢᠷᠲᠤᠯ ᠦᠭᠡᠢ ᠤᠰᠤᠲᠥ᠋ᠷᠥᠭ᠌ᠴᠢ᠎ᠲᠤ ᠰᠢᠪᠲᠦᠷ᠎ᠦᠨ ᠲᠥᠷᠥᠯ ᠵᠦᠢᠯ ᠨᠢ《ᠰᠠᠯᠬᠢ ᠬᠡᠷᠡᠯ᠎ᠤᠨ ᠡᠨ᠋ᠸᠷᠬᠢ ᠵᠢ ᠤᠰᠤᠲᠥ᠋ᠷᠥᠭ᠌ᠴᠢᠵᠢᠬᠦᠯᠦᠨ ᠬᠠᠳᠠᠭᠠᠯᠠᠵᠤ ᠰᠢᠪᠲᠦᠷ ᠠᠯᠺᠣᠣᠯ ᠦᠢᠯᠡᠳᠬᠦ》 ᠪᠥᠬᠥ ᠠᠵᠤ ᠦᠢᠯᠡᠰ᠎ᠦᠨ ᠬᠡᠯᠬᠢᠶ᠎ᠠ ᠵᠢᠨ ᠬᠤᠷᠠᠮᠠᠯ ᠵᠠᠭᠪᠤᠷ᠎ᠢ ᠬᠡᠷᠡᠭᠯᠡᠵᠦ᠂ 100%᠎ᠶᠢᠨ ᠪᠤᠬᠢᠷᠳᠦᠯ ᠦᠬᠡᠢ ᠴᠠᠬᠢᠯᠭᠠᠨ᠎ᠢᠶᠠᠷ ᠰᠢᠪᠲᠦᠷ ᠦᠢᠯᠡᠳᠬᠦ᠎ᠶᠢ ᠪᠡᠶᠡᠯᠡᠭᠦᠯᠵᠦ᠂ ᠰᠠᠯᠬᠢ ᠬᠡᠷᠡᠯ ᠤᠨ ᠡᠨ᠋ᠸᠷᠬᠢ ᠵᠢ ᠲᠣᠭᠲᠠᠭᠤᠨ᠎ᠢᠶᠠᠷ ᠬᠠᠳᠠᠭᠠᠯᠠᠵᠤ ᠵᠥᠭᠡᠭᠡᠪᠦᠷᠢᠯᠡᠵᠦ ᠪᠣᠯᠬᠤ 《ᠪᠣᠬᠢᠷᠲᠤᠯ ᠦᠭᠡᠢ ᠰᠢᠨ᠎ᠡ ᠴᠢᠯᠠᠭᠤᠨ ᠲᠣᠰᠣ᠌》 ᠪᠣᠯᠭᠠᠨ ᠬᠤᠪᠢᠷᠠᠭᠤᠯᠪᠠ᠃
ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠵᠢᠯ᠎ᠤᠨ ᠰᠢᠨ᠎ᠡ ᠡᠨᠧᠷᠭᠢ᠎ᠪᠡᠷ ᠴᠠᠬᠢᠯᠭᠠᠨ ᠭᠠᠷᠭᠠᠬᠤ ᠬᠡᠮᠵᠢᠶ᠎ᠡ 2000 ᠳ᠋ᠦᠩᠰᠢᠭᠤᠷ ᠺᠢᠯᠦᠸᠠᠲ ᠴᠠᠭ᠎ᠢ ᠳᠠᠪᠠᠵᠤ᠂ ᠣᠷᠣᠨ ᠪᠦᠰᠡ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠪᠠ᠃
ᠰᠢᠨ᠎ᠡ᠎ᠶᠢ ᠡᠭᠦᠳᠬᠦ ᠴᠢᠳᠠᠪᠦᠷᠢ ᠢᠯᠡᠳᠲᠡ ᠳᠡᠭᠡᠭᠰᠢᠯᠡᠪᠠ
ᠣᠢᠷ᠎ᠠ᠎ᠳᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠶ᠋ᠢᠨ ᠮᠠ ᠵᠢᠶᠠᠨ ᠯᠦᠩ ᠫᠷᠤᠹᠸᠰᠰᠤᠷ᠎ᠤᠨ ᠰᠤᠳᠤᠯᠭᠠᠨ᠎ᠤ ᠪᠦᠯᠬᠦᠮ᠎ᠤᠨ ᠤᠷᠤᠯᠴᠠᠵᠦ ᠰᠤᠳᠤᠯᠤᠨ ᠦᠢᠯᠡᠳᠦᠭᠰᠡᠨ《1000 MW ᠨᠡᠭᠦᠷᠡᠰᠦ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢᠨ ᠥᠷᠭᠡᠨ ᠳᠠᠭᠠᠭᠠᠴᠠ᠎ᠳᠤ ᠶᠡᠬᠡ ᠬᠠᠷᠢᠴᠠᠯ᠎ᠲᠠᠢ ᠪᠤᠬᠢᠷᠳᠤᠯ ᠦᠬᠡᠢ ᠤᠰᠤᠲᠥ᠋ᠷᠥᠭᠴᠢ ᠬᠣᠯᠢᠵᠤ ᠠᠮᠢᠳᠤᠯᠢᠭ᠋᠎ᠢᠶᠠᠷ ᠲᠣᠬᠢᠷᠠᠭᠤᠯᠬᠤ ᠢᠵᠢ ᠪᠦᠷᠢᠨ ᠲᠣᠨᠣᠭᠯᠠᠯ》᠎ᠨᠢ ᠤᠯᠤᠰ᠎ᠤᠨ ᠵᠢᠷᠭᠤᠳᠤᠭᠠᠷ ᠪᠦᠯᠦᠭ᠎ᠦᠨ ᠡᠨᠧᠷᠭᠢ᠎ᠶᠢᠨ ᠬᠦᠷᠢᠶᠡᠨ᠎ᠳᠡᠬᠢ ᠠᠩᠬᠠᠳᠠᠭ᠍ᠴᠢ ᠴᠢᠬᠤᠯᠠ ᠶᠡᠬᠡ ᠮᠡᠷᠭᠡᠵᠢᠯ᠎ᠦᠨ ᠲᠣᠨᠣᠭᠯᠠᠯ᠎ᠢᠶᠡᠷ ᠠᠮᠵᠢᠯᠲᠠ ᠲᠠᠢ ᠰᠣᠩᠭᠣᠭᠳᠠᠭᠰᠠᠨ ᠨᠢ ᠥᠪᠥᠷ ᠮᠣᠩᠭᠣᠯ᠎ᠤᠨ ᠡᠨᠧᠷᠭᠢ᠎ᠶᠢᠨ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠰᠢᠨ᠎ᠡ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠤᠢ᠃
ᠲᠠᠪᠤᠨ ᠵᠢᠯ᠎ᠦᠨ ᠲᠤᠷᠰᠢ᠂ ᠥᠪᠥᠷ ᠮᠣᠩᠭᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠤᠯᠭᠠᠵᠤ᠂ ᠡᠨᠧᠷᠭᠢ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠵᠤ᠂ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠦᠷᠭᠦᠯᠵᠢᠯᠡᠨ ᠢᠯᠡᠷᠡᠵᠤ᠂ ᠰᠢᠨ᠎ᠡ᠎ᠶᠢ ᠡᠭᠦᠳᠬᠦ ᠦᠢᠯᠡᠳᠦᠯᠭᠡ ᠲᠠᠰᠤᠷᠠᠯᠲᠠ ᠦᠭᠡᠢ ᠭᠦᠨᠵᠡᠭᠡᠢᠷᠡᠪᠡ᠃
ᠥᠪᠥᠷ ᠮᠣᠩᠭᠣᠯ᠎ᠤᠨ ᠴᠠᠭᠢᠯᠭᠠᠨ ᠬᠦᠴᠦᠨ᠎ᠦ ᠪᠦᠯᠦᠭᠯᠡᠯ᠎ᠦᠨ ᠤᠷᠤᠯᠴᠠᠨ ᠰᠤᠳᠤᠯᠤᠨ ᠦᠢᠯᠡᠳᠦᠭᠰᠡᠨ 《ᠥᠷᠭᠡᠨ ᠬᠡᠪᠴᠢᠶᠡᠨ᠎ᠦ ᠰᠢᠨ᠎ᠡ ᠡᠨᠧᠷᠭᠢ᠎ᠶᠢᠨ ᠴᠠᠭᠢᠯᠭᠠᠨ ᠬᠦᠴᠦᠨ᠎ᠦ ᠰᠢᠰᠲᠧᠮ᠎ᠢ ᠲᠤᠯᠭᠠᠭᠤᠷᠢᠯᠠᠬᠤ᠂ ᠲᠣᠣᠷ ᠡᠴᠡ ᠰᠠᠯᠵᠤ ᠲᠣᠭᠲᠠᠭᠤᠨ᠎ᠢᠶᠠᠷ ᠠᠵᠢᠯᠯᠠᠬᠤ ᠲᠣᠣᠷᠵᠢᠬ᠍ᠰᠠᠨ ᠭᠡᠯᠪᠡᠷᠢ᠎ᠶᠢᠨ ᠡᠨᠧᠷᠭᠢ ᠬᠠᠳᠠᠭᠠᠯᠠᠬᠤ᠎ᠶᠢ ᠨᠢᠭᠡ ᠴᠣᠭᠴᠠᠵᠢᠭᠤᠯᠤᠭᠰᠠᠨ ᠲᠣᠨᠣᠭᠯᠠᠯ》᠎ᠨᠢ ᠳᠡᠯᠡᠬᠡᠢ᠎ᠶᠢᠨ ᠠᠩᠬᠠᠳᠠᠭ᠍ᠴᠢ ᠲᠣᠣᠷ ᠲᠤ᠌ ᠨᠡᠢᠯᠡᠭᠦᠯᠬᠦ / ᠰᠠᠯᠭᠠᠬᠤ ᠵᠢ ᠵᠠᠪᠰᠠᠷ ᠦᠭᠡᠢ ᠰᠣᠯᠢᠵᠤ ᠪᠤᠯᠬᠤ ᠵᠢᠴᠢ ᠲᠣᠣᠷ ᠡᠴᠡ ᠰᠠᠯᠵᠤ ᠤᠷᠳᠤ ᠦᠶᠡᠯᠡᠯ᠎ᠦᠨ ᠬᠤᠭᠤᠴᠠᠭᠠᠨ᠎ᠳᠤ ᠠᠮᠤᠷ ᠲᠦᠪᠰᠢᠨ ᠲᠣᠭᠲᠠᠭᠤᠨ᠎ᠢᠶᠠᠷ ᠠᠵᠢᠯᠯᠠᠵᠤ ᠪᠤᠯᠬᠤ ᠥᠷᠭᠡᠨ ᠬᠡᠪᠴᠢᠶᠡᠨ᠎ᠦ ᠴᠡᠪᠡᠷ ᠰᠢᠨ᠎ᠡ ᠡᠨᠧᠷᠭᠢ᠎ᠶᠢᠨ ᠪᠣᠬᠢᠷᠳᠤᠯ ᠦᠭᠡᠢ ᠴᠠᠭᠢᠯᠭᠠᠨ᠎ᠤ ᠰᠢᠰᠲᠧᠮ᠎ᠢ ᠠᠮᠵᠢᠯᠲᠠ᠎ᠲᠠᠢ ᠪᠠᠢᠭᠤᠯᠪᠠ;
ᠪᠡᠭᠡᠵᠢᠩ ᠶᠡᠬᠡ ᠰᠤᠷᠭᠠᠭᠤᠯᠢ᠎ᠶᠢᠨ ᠣᠷᠳᠣᠰ᠎ᠤᠨ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ᠎ᠦᠨ ᠭᠢᠨ ᠲᠣᠮᠣ᠌ ᠭᠡᠯᠪᠡᠷᠢ᠎ᠶᠢᠨ ᠤᠯᠠᠨ ᠡᠬᠢᠲᠦ ᠬᠠᠷᠢᠯᠴᠠᠨ ᠨᠥᠬᠥᠪᠦᠷᠢᠯᠡᠬᠦ ᠭᠡᠯᠪᠡᠷᠢ᠎ᠶᠢᠨ ᠵᠠᠭᠠᠭ ᠠᠯᠤᠰᠯᠠᠭᠰᠠᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠬᠦᠢᠲᠡᠨ ᠬᠠᠯᠠᠭᠤᠨ᠎ᠢ ᠨᠢᠭᠡ ᠴᠣᠭᠴᠠᠵᠢᠭᠤᠯᠤᠭᠰᠠᠨ ᠡᠨᠧᠷᠭᠢ ᠬᠠᠩᠭᠠᠬᠤ ᠲᠤᠨᠤᠭ ᠲᠥᠬᠦᠭᠡᠷᠦᠮᠵᠢ᠎ᠶᠢᠨ ᠰᠢᠰᠲᠧᠮ᠎ᠢ ᠠᠩᠬ᠎ᠠ ᠡᠭᠦᠳᠴᠦ᠂ ᠡᠪᠦᠯ ᠵᠤᠨ᠎ᠤ ᠤᠯᠠᠷᠢᠯ᠎ᠤᠨ ᠲᠤᠢᠯᠰᠢᠷᠠᠭᠰᠠᠨ ᠨᠥᠬᠥᠴᠡᠯ ᠳᠣᠣᠷᠠᠬᠢ ᠬᠠᠯᠠᠭᠤᠨ ᠬᠦᠢᠲᠡᠨᠦ ᠳᠠᠭᠠᠭᠠᠴᠠ᠎ᠶᠢᠨ ᠬᠡᠷᠡᠭᠴᠡᠭᠡ ᠶᠡᠬᠡ᠂ ᠢᠯᠴᠢ᠎ᠪᠡᠷ ᠬᠥᠯᠳᠡᠭᠡᠬᠦ ᠦᠷ᠎ᠡ ᠠᠰᠢᠭ᠋ ᠳᠣᠣᠷ᠎ᠠ᠂ ᠪᠤᠬᠢᠷᠳᠤᠯ ᠦᠭᠡᠢ ᠴᠠᠭᠢᠯᠭᠠᠨ ᠤ᠋ ᠴᠠᠭᠢᠯᠭᠠᠨ ᠬᠡᠬᠡᠭᠳᠡᠬᠦ ᠨᠤᠷᠮ᠎ᠠ ᠥᠨᠳᠥᠷ ᠵᠡᠷᠭᠡ ᠴᠢᠬᠤᠯᠠ ᠶᠡᠬᠡ ᠮᠡᠷᠭᠡᠵᠢᠯ᠎ᠦᠨ ᠬᠦᠴᠢᠷ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠵᠦ᠂ ᠤᠮᠠᠷᠠᠲᠤ ᠣᠷᠣᠨ᠎ᠤ ᠬᠦᠷᠢᠶᠡᠯᠡᠩ ᠲᠣᠭᠣᠷᠢᠭ᠎ᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠤᠯᠭᠠᠨ ᠥᠭᠡᠷᠡᠴᠢᠯᠡᠬᠦ᠎ᠳᠦ ᠲᠡᠷᠡ ᠬᠡᠪ᠎ᠢᠶᠡᠷ ᠨᠢ ᠳᠡᠯᠭᠡᠷᠡᠭᠦᠯᠵᠦ ᠪᠤᠯᠬᠤ ᠮᠡᠷᠭᠡᠵᠢᠯ᠎ᠦᠨ ᠠᠷᠭ᠎ᠠ ᠵᠠᠮ᠎ᠢ ᠬᠠᠩᠭᠠᠵᠠᠢ;
ᠪᠦᠭᠦ ᠤᠯᠤᠰ᠎ᠤᠨ ᠠᠩᠬᠠᠳᠠᠭ᠍ᠴᠢ ᠲᠣᠭᠲᠠᠮᠠᠯ ᠳᠠᠪᠲᠠᠮᠵᠢ᠎ᠳᠤ ᠪᠦᠲᠦᠴᠡ᠎ᠶᠢᠨ ᠲᠣᠣᠷ᠎ᠤᠨ ᠮᠠᠯᠵᠢᠬᠤ ᠣᠷᠣᠨ᠎ᠤ ᠡᠴᠦᠰ᠎ᠤᠨ ᠬᠡᠰᠡᠭ᠎ᠤᠨ ᠬᠠᠩᠭᠠᠯᠭ᠎ᠠ᠎ᠶᠢ ᠪᠠᠲᠤᠯᠠᠬᠤ ᠰᠠᠯᠬᠢᠨ ᠬᠦᠴᠦᠨ ᠬᠡᠷᠡᠯᠴᠢ ᠴᠡᠨᠡᠭ᠎ᠤᠨ ᠬᠠᠳᠠᠭᠠᠯᠠᠮᠵᠢ᠎ᠳᠤ ᠪᠢᠴᠢᠯ ᠴᠠᠭᠢᠯᠭᠠᠨ ᠲᠣᠣᠷ᠎ᠢ ᠬᠥᠯᠥᠨ ᠪᠤᠢ᠍ᠢᠷ᠎ᠤᠨ ᠬᠠᠭᠤᠴᠢᠨ ᠪᠠᠷᠭᠤ ᠬᠣᠰᠢᠭᠤᠨ᠎ᠳᠤ ᠠᠩᠬ᠎ᠠ ᠤᠳᠠᠭ᠎ᠠ ᠠᠰᠢᠭ᠍ᠯᠠᠯᠲᠠ᠎ᠳᠤ ᠣᠷᠣᠭᠤᠯᠵᠤ᠂ ᠲᠣᠭᠲᠠᠮᠠᠯ ᠳᠠᠪᠲᠠᠮᠵᠢ᠎ᠳᠤ ᠪᠦᠲᠦᠴᠡ᠎ᠶᠢᠨ ᠲᠣᠣᠷ ᠵᠢᠴᠢ ᠴᠠᠬᠢᠯᠭᠠᠨ ᠬᠦᠴᠦᠳᠡᠯᠢ ᠡᠵᠡᠮᠳᠡᠬᠦ ᠮᠡᠷᠭᠡᠵᠢᠯ᠎ᠢ ᠬᠢᠯᠢ ᠬᠢᠵᠠᠭᠠᠷ᠎ᠤᠨ ᠮᠠᠯᠵᠢᠬᠤ ᠣᠷᠣᠨ᠎ᠤ ᠪᠢᠴᠢᠯ ᠴᠠᠭᠢᠯᠭᠠᠨ ᠲᠣᠣᠷ᠎ᠲᠤ ᠠᠩᠬ᠎ᠠ ᠬᠡᠷᠡᠭᠯᠡᠵᠦ᠂ ᠲᠠᠯ᠎ᠠ ᠨᠤᠲᠤᠭ᠎ᠤᠨ ᠴᠠᠭᠢᠯᠭᠠᠨ ᠬᠠᠩᠭᠠᠯᠲᠠ ᠲᠣᠭᠲᠠᠭᠤᠨ ᠪᠤᠰᠤ ᠪᠠᠢᠬᠤ ᠬᠦᠴᠢᠷ ᠠᠰᠠᠭᠤᠳᠠᠯ᠎ᠢ ᠲᠤᠢᠯᠪᠤᠷᠢᠲᠠᠢ ᠰᠢᠢᠳᠪᠦᠷᠢᠯᠡᠵᠦ᠂ ᠲᠤᠬᠠᠢ᠎ᠶᠢᠨ ᠭᠠᠵᠠᠷ᠎ᠤᠨ 122 ᠮᠠᠯᠴᠢᠨ ᠡᠷᠦᠬᠡ᠎ᠶᠢ ᠴᠠᠭᠢᠯᠭᠠᠨ ᠬᠡᠷᠡᠭᠯᠡᠬᠦ ᠳ᠋ᠤ ᠬᠦᠴᠢᠷ ᠪᠠᠢᠳᠠᠯ᠎ᠢ ᠡᠴᠦᠰᠯᠡᠬᠦᠯᠪᠡ ᠁
ᠰᠢᠨ᠎ᠡ᠎ᠶᠢ ᠡᠭᠦᠳᠬᠦ ᠬᠡᠯᠬᠢᠶ᠎ᠡ ᠬᠢᠭᠡᠳ ᠠᠵᠤ ᠦᠢᠯᠡᠰ᠎ᠦᠨ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ ᠥᠪᠥᠷ ᠮᠣᠩᠭᠣᠯ ᠶᠠᠭ ᠡᠨᠧᠷᠭᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠲᠦᠰᠢᠭᠯᠡᠨ ᠨᠡᠩ ᠤᠯᠠᠨ《ᠬᠡᠷᠡᠭᠯᠡᠭᠡᠨ᠎ᠦ ᠦᠵᠡᠭᠳᠡᠯ ᠪᠠᠢᠳᠠᠯ》 ᠢ᠋ 《ᠰᠢᠨᠵᠢᠯᠡᠬᠦ ᠤᠬᠠᠭᠠᠨ᠎ᠤ ᠰᠢᠨ᠎ᠡ ᠡᠭᠦᠳᠦᠯᠲᠡ᠎ᠶᠢᠨ ᠠᠮᠵᠢᠯᠲᠠ》ᠪᠣᠯᠭᠠᠨ ᠬᠤᠪᠢᠷᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠭᠦᠷ᠎ᠢ ᠬᠥᠭᠵᠢᠭᠡᠵᠠᠢ᠃ ᠣᠳᠤᠬᠠᠨ ᠪᠤᠯᠲᠠᠯ᠎ᠠ᠂ ᠥᠪᠥᠷ ᠮᠣᠩᠭᠣᠯ᠎ᠤᠨ ᠡᠨᠧᠷᠭᠢ᠎ᠶᠢᠨ ᠬᠦᠷᠢᠶᠡᠨ᠎ᠳᠠᠬᠢ 25 ᠵᠦᠢᠯ᠎ᠦᠨ ᠮᠡᠷᠭᠡᠵᠢᠯ᠎ᠦᠨ ᠲᠣᠨᠣᠭ ᠲᠥᠬᠦᠭᠡᠷᠦᠮᠵᠢ ᠨᠢ ᠤᠯᠤᠰ᠎ᠤᠨ ᠠᠩᠬᠠᠳᠠᠭ᠍ᠴᠢ(ᠢᠵᠢ)ᠴᠢᠬᠤᠯᠠ ᠶᠡᠬᠡ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠨᠡᠷᠡᠰ᠎ᠲᠦ ᠰᠣᠩᠭᠣᠭᠳᠠᠪᠠ ᠃
ᠡᠨᠧᠷᠭᠢ ᠶ᠋ᠢᠨ ᠬᠦᠭᠵᠢᠯᠳᠠ ᠵᠢᠨ ᠭᠡᠯᠪᠡᠷᠢ ᠪᠠᠨ ᠬᠤᠪᠢᠷᠠᠭᠤᠯᠬᠤ ᠠᠯᠬᠤᠭ᠎ᠠ ᠵᠤᠬᠰᠤᠰᠢ ᠦᠬᠡᠢ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠪᠥᠷ ᠮᠣᠩᠭᠣᠯ ᠤᠯᠠᠮᠵᠢᠯᠠᠯᠲᠤ ᠡᠨᠧᠷᠭᠢ ᠪᠣᠯᠣᠨ ᠰᠢᠨ᠎ᠡ ᠡᠨᠧᠷᠭᠢ ᠵᠢᠨ ᠤᠯᠠᠨ ᠡᠨᠧᠷᠭᠢ᠎ᠶᠢ ᠬᠠᠷᠢᠯᠴᠠᠨ ᠨᠥᠬᠥᠪᠦᠷᠢᠯᠡᠬᠦ᠂ ᠭᠦᠨᠵᠡᠭᠡᠢ ᠠᠭᠤᠰᠤᠯᠴᠠᠭᠤᠯᠬᠤ ᠬᠥᠭᠵᠢᠯᠲᠡ᠎ᠶᠢᠨ ᠠᠷᠭ᠎ᠠ ᠵᠠᠮ᠎ᠢ ᠦᠷᠭᠦᠯᠵᠢᠯᠡᠨ ᠰᠦᠪᠡᠭᠴᠢᠯᠡᠵᠦ᠂ ᠨᠡᠩ ᠪᠠᠲᠤ ᠪᠡᠬᠢ ᠬᠠᠩᠭᠠᠯᠭ᠎ᠠ᠎ᠶᠢ ᠪᠠᠲᠤᠯᠠᠬᠤ ᠰᠠᠭᠤᠷᠢ᠂ ᠨᠡᠩ ᠡᠷᠴᠢᠮᠯᠢᠭ ᠬᠦᠴᠦᠲᠡᠢ ᠪᠤᠬᠢᠷᠳᠤᠯ ᠦᠭᠡᠢ ᠡᠨᠧᠷᠭᠢ᠎ᠶᠢᠨ ᠬᠥᠳᠡᠯᠭᠡᠭᠦᠷ᠎ᠢᠶᠡᠷ ᠡᠨᠧᠷᠭᠢ᠎ᠶᠢᠨ ᠪᠤᠳᠠᠭᠠᠨ ᠠᠶᠠᠭ᠎ᠠ ᠵᠢ ᠭᠠᠷ ᠲᠡᠭᠠᠨ ᠪᠠᠳᠤ ᠡᠵᠡᠮᠳᠡᠬᠦ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃