ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-24 11:12:16

ᠵᠣᠬᠢᠶᠠᠭ᠍ᠴᠢ᠄ ᠵᠠᠡᠭ ᠺᠦᠢ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠵᠥᠪᠯᠡᠯ᠎ᠦᠨ ᠠᠯᠪᠠᠨ ᠭᠡᠷ ᠎ᠡᠴᠡ《ᠪᠥᠬᠥ ᠣᠷᠣᠨ᠎ᠤ 〈ᠥᠭᠡᠷᠡᠴᠢᠯᠡᠯᠲᠡ ᠎ᠶᠢᠨ ᠠᠵᠢᠯ ᠎ᠤᠨ ᠲᠡᠷᠢᠭᠦᠨ᠎ᠦ ᠬᠠᠮᠲᠤ〉 ᠪᠠ 〈ᠥᠭᠡᠷᠡᠴᠢᠯᠡᠯᠲᠡ᠎ᠶᠢᠨ ᠠᠵᠢᠯ᠎ᠤᠨ ᠲᠡᠷᠢᠭᠦᠨ᠎ᠦ ᠬᠤᠪᠢ ᠬᠥᠮᠥᠨ〉᠎ᠢ ᠬᠥᠬᠢᠭᠦᠯᠦᠨ ᠰᠠᠢᠰᠢᠶᠠᠬᠤ ᠲᠤᠬᠠᠢ ᠲᠣᠭᠲᠠᠭᠠᠯ》᠎ᠢ ᠳᠠᠷᠤᠮᠠᠯᠯᠠᠨ ᠲᠠᠷᠬᠠᠭᠠᠵᠤ᠂ ᠬᠥᠬᠡᠬᠣᠲᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ ᠵᠡᠷᠭᠡ 26 ᠨᠢᠭᠡᠴᠢ ᠳ᠋ᠤ 《 ᠥᠭᠡᠷᠡᠴᠢᠯᠡᠯᠲᠡ᠎ᠶᠢᠨ ᠠᠵᠢᠯ᠎ᠤᠨ ᠲᠡᠷᠢᠭᠦᠨ᠎ᠦ ᠬᠠᠮᠲᠤ》 ᠵᠢᠨ ᠴᠣᠯᠠ ᠣᠯᠭᠣᠵᠤ᠂ ᠸᠠᠩ ᠵᠢᠩ ᠵᠡᠷᠭᠡ 80 ᠨᠥᠬᠥᠳ᠎ᠲᠦ 《ᠥᠭᠡᠷᠡᠴᠢᠯᠡᠯᠲᠡ᠎ᠶᠢᠨ ᠠᠵᠢᠯ᠎ᠤᠨ ᠲᠡᠷᠢᠭᠦᠨ᠎ᠦ ᠬᠤᠪᠢ ᠬᠥᠮᠥᠨ》᠎ᠤ ᠴᠣᠯᠠ ᠣᠯᠭᠣᠪᠠ ᠃

《ᠲᠣᠭᠲᠠᠭᠠᠯ》᠎ᠳᠤ᠂ ᠣᠢᠷ᠎ᠠ᠎ᠶᠢᠨ ᠵᠢᠯ᠎ᠦᠳ᠎ᠲᠦ ᠪᠦᠬᠦ ᠣᠷᠣᠨ᠎ᠤ ᠡᠯ᠎ᠡ ᠱᠠᠲᠤᠨ᠎ᠤ ᠬᠢᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂  ᠶᠡᠷᠦᠩᠬᠡᠢ ᠱᠦᠵᠢ ᠰᠢ᠎ᠶᠢᠨ ᠫᠢᠩ᠎ᠤᠨ ᠥᠭᠡᠷᠡᠴᠢᠯᠡᠯᠲᠡ ᠶ᠋ᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠲᠤᠬᠠᠢ ᠰᠢᠷᠢᠰ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠪᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠭᠦᠨᠵᠡᠭᠡᠢ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ ᠎ᠤᠨ ᠥᠪᠥᠷ ᠮᠣᠩᠭᠣᠯ᠎ᠤᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠎ᠶᠢ ᠭᠦᠨᠵᠡᠭᠡᠢ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ  ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ ᠡᠯ᠎ᠡ ᠬᠦᠷᠢᠶᠡᠨ᠎ᠦ ᠥᠭᠡᠷᠡᠴᠢᠯᠡᠯᠲᠡ᠎ᠶᠢ ᠯᠠᠪᠳᠠᠭᠤᠨ᠎ᠢᠶᠠᠷ ᠠᠬᠢᠭᠤᠯᠵᠤ᠂ ᠪᠥᠬᠥ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠬᠦᠴᠦᠲᠡᠢ ᠪᠠᠲᠤᠯᠠᠭ᠎ᠠ ᠬᠠᠩᠭᠠᠭᠰᠠᠨ ᠪᠠᠢᠨ᠎ᠠ ᠬᠡᠵᠤ ᠵᠢᠭᠠᠵᠤ ᠭᠠᠷᠭᠠᠪᠠ᠃

《ᠲᠣᠭᠲᠠᠭᠠᠯ》᠎ᠳᠤ᠂ ᠲᠣᠰ ᠤᠳᠠᠭᠠᠨ᠎ᠤ ᠬᠥᠬᠢᠭᠦᠯᠦᠯ ᠭᠥᠷᠳᠡᠭᠰᠡᠨ ᠲᠡᠷᠢᠬᠦᠨ᠎ᠤ ᠬᠠᠮᠲᠤ ᠪᠠ ᠬᠤᠪᠢ ᠬᠥᠮᠥᠨ ᠪᠣᠯ ᠪᠥᠬᠥ ᠣᠷᠣᠨ᠎ᠤ ᠡᠷᠡᠰ ᠰᠢᠭᠤᠷᠬᠠᠢ᠎ᠪᠠᠷ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠦᠭᠰᠡᠨ᠂ ᠵᠣᠷᠢᠭ᠍ᠲᠠᠢ ᠎ᠪᠠᠷ ᠦᠢᠯᠡᠳᠦᠯᠭᠡᠵᠢᠭᠦᠯᠦᠨ ᠰᠦᠪᠡᠭᠴᠢᠯᠡᠭᠰᠡᠨ ᠰᠢᠯᠢᠳᠡᠭ ᠲᠥᠯᠥᠭᠡᠯᠡᠭᠴᠢ ᠮᠥᠨ᠂ ᠲᠡᠳᠡᠨ᠎ᠦ ᠲᠡᠷᠢᠭᠦᠨ᠎ᠦ ᠦᠶ᠋ᠯᠡ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠠᠮᠢᠳᠤᠯᠢᠭ᠋ ᠦᠢᠯᠡᠳᠦᠯᠭᠡ᠎ᠶᠢ ᠢᠯᠡᠷᠡᠭᠦᠯᠵᠦ᠂ ᠰᠢᠨ᠎ᠡ ᠴᠠᠭ ᠦᠶ᠎ᠡ᠎ᠶᠢᠨ ᠥᠭᠡᠷᠡᠴᠢᠯᠡᠭᠴᠢ᠎ᠶᠢᠨ ᠴᠣᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ ᠬᠡᠵᠤ ᠵᠢᠭᠠᠵᠤ ᠭᠠᠷᠭᠠᠪᠠ᠃

《ᠲᠣᠭᠲᠠᠭᠠᠯ》 ᠳ᠋ᠤ᠌᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠶᠢᠨ ᠬᠢᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠬᠥᠬᠢᠭᠦᠯᠦᠯ ᠭᠥᠷᠳᠡᠭᠰᠡᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠪᠡᠷ ᠳᠠᠭᠤᠷᠢᠶᠠᠯ ᠪᠣᠯᠭᠠᠵᠤ᠂ ᠥᠭᠡᠷᠡᠴᠢᠯᠡᠯᠲᠡ᠎ᠶᠢᠨ ᠠᠬᠢᠭᠤᠯᠤᠭ᠍ᠴᠢ ᠪᠣᠯᠬᠤ ᠮᠥᠷᠲᠡᠭᠡᠨ ᠪᠠᠰᠠ ᠥᠭᠡᠷᠡᠴᠢᠯᠡᠯᠲᠡ᠎ᠶᠢᠨ ᠪᠣᠳᠠᠲᠠᠢ ᠠᠵᠢᠯᠯᠠᠭ᠍ᠴᠢ ᠪᠣᠯᠵᠤ᠂ ᠵᠣᠷᠢᠭ᠍ᠲᠠᠢ ᠬᠢᠵᠦ ᠵᠣᠷᠢᠭ᠍ᠲᠠᠢ ᠲᠤᠷᠰᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠣᠷᠢᠭ᠍ᠲᠠᠢ᠎ᠪᠠᠷ ᠤᠷᠤᠭᠰᠢᠯᠠᠨ ᠳᠠᠪᠰᠢᠵᠤ᠂ ᠵᠠᠮ ᠨᠡᠭᠡᠭᠡᠨ ᠰᠢᠨ᠎ᠡ᠎ᠶᠢ ᠡᠭᠦᠳᠴᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃

ᠡᠨᠡ ᠤᠳᠠᠭ᠎ᠠ᠎ᠶᠢᠨ ᠬᠥᠬᠢᠭᠦᠯᠦᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠵᠥᠪᠯᠡᠯ᠎ᠡᠴᠡ ᠰᠤᠳᠤᠯᠤᠨ ᠵᠥᠪᠰᠢᠶᠡᠷᠡᠵᠤ᠂ ᠥᠭᠡᠷᠡᠴᠢᠯᠡᠯᠲᠡ᠎ᠶᠢᠨ ᠤᠷᠮᠠᠰᠢᠭᠤᠯᠤᠯ᠎ᠢ ᠴᠢᠩᠭᠠᠳᠬᠠᠵᠤ᠂ ᠥᠭᠡᠷᠡᠴᠢᠯᠡᠯᠲᠡ᠎ᠶᠢᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠵᠢᠱ᠌ᠢᠶ᠎ᠡ ᠦᠵᠡᠭᠦᠯᠬᠦ ᠦᠢᠯᠡᠳᠦᠯ᠎ᠢ ᠪᠠᠳᠠᠷᠠᠭᠤᠯᠵᠤ᠂ ᠰᠠᠢᠨ ᠰᠠᠢᠬᠠᠨ ᠥᠭᠡᠷᠡᠴᠢᠯᠡᠯᠲᠡ᠎ᠶᠢᠨ ᠠᠭᠤᠷ ᠠᠮᠢᠰᠬᠤᠯ᠎ᠢ ᠪᠤᠢ ᠪᠣᠯᠭᠠᠵᠤ᠂ ᠥᠭᠡᠷᠡᠴᠢᠯᠡᠯᠲᠡ᠎ᠶᠢᠨ ᠦᠷᠭᠦᠯᠵᠢᠯᠡᠨ ᠭᠦᠨᠵᠡᠭᠡᠢᠷᠡᠨ ᠪᠣᠳᠠᠲᠠᠢᠵᠢᠬᠤ᠎ᠶᠢ ᠵᠤᠷᠢᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面