ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-25 11:29:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ 9 — 11 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠭᠰᠡᠨ 2026 ᠣᠨ᠎ᠤ ᠥᠪᠡᠷᠲᠡᠭᠡᠨ ᠵᠠᠰᠠᠬᠤ ᠣᠷᠣᠨ᠎ᠤ 《ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠭᠤᠯᠵᠤ ᠣᠶᠤᠨ ᠤᠬᠠᠭᠠᠨ᠎ᠢ ᠲᠥᠪᠯᠡᠷᠡᠭᠦᠯᠦᠨ ᠥᠪᠥᠷ ᠮᠣᠩᠭᠣᠯ᠎ᠢᠶᠠᠨ ᠬᠥᠭᠵᠢᠭᠦᠯᠦᠨ ᠮᠠᠨᠳᠤᠭᠤᠯᠬᠤ》 ᠣᠷᠣᠨ᠎ᠤ ᠭᠠᠳᠠᠨ᠎ᠠ᠎ᠡᠴᠡ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯᠯᠠᠭ᠎ᠠ ᠪᠡᠭᠡᠵᠢᠩ᠂ ᠰᠢ ᠠᠨ᠂ ᠯᠠᠨᠵᠧᠦ ᠭᠤᠷᠪᠠᠨ ᠭᠠᠵᠠᠷ᠎ᠤᠨ ᠳᠡᠭᠡᠳᠦ ᠰᠤᠷᠭᠠᠭᠤᠯᠢ ᠳ᠋ᠤ ᠬᠦᠷᠴᠦ᠂ 2700 ᠬᠥᠮᠥᠨ ᠤᠳᠠᠭ᠎ᠠ᠎ᠶᠢᠨ ᠳᠡᠭᠡᠳᠦ ᠳᠡᠰ ᠳᠠᠪᠬᠤᠷᠭ᠎ᠠ᠎ᠶᠢᠨ ᠴᠢᠳᠠᠪᠤᠷᠢᠲᠠᠨ᠎ᠢ ᠲᠠᠲᠠᠨ ᠤᠷᠤᠯᠴᠠᠭᠤᠯᠵᠦ᠂ 900 ᠰᠢᠬᠠᠮ ᠬᠥᠮᠥᠨ ᠤᠳᠠᠭ᠎ᠠ ᠵᠢᠨ ᠠᠵᠢᠯ ᠣᠯᠭᠣᠯᠲᠠ᠎ᠶᠢᠨ ᠰᠠᠨᠠᠮᠵᠢ ᠳᠤᠬᠳᠠᠵᠦ᠂ ᠡᠭᠦᠨ᠎ᠳᠦ ᠳ᠋ᠣᠺᠲ᠋ᠣᠷᠠᠨᠲ 428 ᠬᠥᠮᠥᠨ᠂ ᠠᠰᠫᠢᠷᠠᠨᠲ 429 ᠬᠥᠮᠥᠨ᠂ ᠶᠡᠬᠡ ᠰᠤᠷᠭᠠᠭᠤᠯᠢ᠎ᠶᠢᠨ ᠵᠢᠩᠬᠢᠨᠢ ᠠᠩᠭᠢ ᠵᠢᠨ 40 ᠬᠥᠮᠥᠨ ᠪᠠᠢᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠴᠢᠳᠠᠪᠤᠷᠢᠲᠠᠨ᠎ᠤ ᠬᠥᠳᠡᠯᠭᠡᠬᠦ ᠬᠦᠴᠦᠨ᠎ᠢ ᠲᠥᠪᠯᠡᠷᠡᠭᠦᠯᠵᠠᠢ᠃

ᠲᠣᠰ ᠤᠳᠠᠭᠠᠨ᠎ᠤ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠲᠦᠭᠡᠨ ᠪᠠᠢᠭᠤᠯᠤᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠲᠠᠷᠢᠶᠠᠯᠠᠩ᠂ ᠰᠢᠨ᠎ᠡ ᠡᠨᠧᠷᠭᠢ᠂ ᠲᠣᠨᠣᠭ ᠲᠥᠬᠦᠭᠡᠷᠦᠮᠵᠢ ᠦᠢᠯᠡᠳᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂《ᠭᠣᠣᠯᠳᠠᠯᠭ᠎ᠠ᠎ᠲᠠᠢ ᠣᠷᠣᠨ ᠪᠦᠰᠡ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ᠎ᠶᠢ ᠨᠠᠷᠢᠯᠢᠭ ᠣᠨᠣᠴᠠᠲᠠᠶ᠎ᠪᠠᠷ ᠵᠣᠯᠭᠠᠭᠤᠯᠬᠤ》 ᠠᠷᠭ᠎ᠠ ᠮᠠᠶᠢᠭ᠋᠎ᠢ ᠠᠪᠴᠤ᠂ 《 ᠪᠡᠭᠡᠵᠢᠩ ᠲᠢᠶᠠᠨᠵᠢᠨ ᠾᠧᠪᠧᠢ+ ᠪᠠᠷᠠᠭᠤᠨ ᠬᠣᠢᠲᠤ ᠣᠷᠣᠨ》 ᠶ᠋ᠢᠡᠷ ᠬᠣᠣᠰ ᠬᠥᠳᠡᠯᠭᠡᠭᠦᠷ ᠪᠣᠯᠭᠠᠭᠰᠠᠨ ᠴᠢᠳᠠᠪᠤᠷᠢᠲᠠᠨ᠎ᠢ ᠲᠠᠲᠠᠬᠤ ᠪᠠᠢᠷᠢᠰᠢᠯ᠎ᠢ ᠪᠦᠷᠢᠯᠳᠦᠭᠦᠯᠪᠡ᠃ ᠪᠡᠭᠡᠵᠢᠩ ᠥᠷᠲᠡᠭᠡ᠎ᠳᠦ ᠨᠡᠢᠰᠯᠡᠯ᠎ᠦᠨ ᠴᠢᠳᠠᠪᠤᠷᠢᠲᠠᠨ᠎ᠤ ᠥᠨᠳᠥᠷᠯᠢᠭ ᠭᠠᠵᠠᠷ᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠪᠡᠭᠡᠵᠢᠩ᠎ᠦᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠪᠠ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠳᠤ ᠬᠦᠷᠴᠦ᠂ 《ᠪᠡᠭᠡᠵᠢᠩ ᠲᠢᠶᠠᠨᠵᠢᠨ ᠾᠧᠪᠧᠢ》 ᠵᠢᠨ ᠴᠢᠳᠠᠪᠤᠷᠢᠲᠠᠨ᠎ᠤ ᠠᠵᠢᠯ᠎ᠤᠨ ᠬᠦᠷᠢᠶᠡᠨ᠎ᠳᠦ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠠᠢ᠃ ᠰᠢ ᠠᠨ ᠥᠷᠲᠡᠭᠡ᠎ᠳᠦ ᠤᠷᠢᠳ ᠬᠣᠵᠢᠳ ᠰᠢ ᠠᠨ᠎ᠤ ᠡᠯᠧᠺᠲᠷᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠪᠣᠯᠣᠨ ᠪᠠᠷᠠᠭᠤᠨ ᠬᠣᠢᠲᠤ᠎ᠶᠢᠨ ᠲᠠᠷᠢᠶᠠᠯᠠᠩ ᠣᠶ ᠰᠢᠭᠤᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠤ ᠲᠤᠰᠬᠠᠢ ᠲᠠᠯᠠᠪᠤᠷ ᠴᠢᠳᠠᠪᠤᠷᠢᠲᠠᠨ ᠤᠷᠢᠵᠤ ᠡᠯᠰᠡᠬᠦ ᠴᠤᠭᠯᠠᠭᠠᠨ ᠡᠷᠭᠢᠯᠡᠵᠦ᠂ ᠵᠣᠬᠢᠶᠠᠮᠠᠯ ᠣᠶᠤᠨ ᠴᠢᠳᠠᠪᠤᠷᠢ᠂ ᠡᠨᠧᠷᠭᠢ ᠴᠠᠬᠢᠯᠭᠠᠨ ᠬᠦᠴᠦ ᠵᠡᠷᠭᠡ ᠬᠣᠰᠢᠭᠤᠷᠠᠯ ᠬᠦᠷᠢᠶ᠎ᠡ᠎ᠶᠢ ᠨᠠᠷᠢᠯᠢᠭ ᠤᠨᠤᠴᠠᠲᠠᠢ᠎ᠪᠠᠷ ᠵᠠᠯᠭᠠᠭᠤᠯᠪᠠ᠃ ᠯᠠᠨᠵᠧᠦ ᠥᠷᠲᠡᠭᠡ᠎ᠳᠦ ᠯᠠᠨᠵᠧᠦ ᠶᠡᠬᠡ ᠰᠤᠷᠭᠠᠭᠤᠯᠢ᠎ᠳᠤ ᠬᠦᠷᠴᠦ᠂ ᠡᠷᠬᠢᠨ ᠲᠣᠭᠣᠷᠢᠨ᠎ᠤ ᠶᠡᠬᠡ ᠳᠡᠭᠡᠳᠦ ᠰᠤᠷᠭᠠᠭᠤᠯᠢ᠎ᠶᠢᠨ ᠳᠡᠭᠡᠳᠦ ᠲᠠᠰ᠎ᠤᠨ ᠴᠢᠳᠠᠪᠤᠷᠢᠲᠠᠨ᠎ᠢ ᠳᠠᠶ᠋ᠢᠴᠢᠯᠠᠨ ᠠᠵᠢᠯᠲᠠᠨ ᠡᠯᠰᠡᠬᠦ ᠠᠵᠢᠯ᠎ᠳᠤ ᠣᠷᠣᠯᠴᠠᠭᠤᠯᠪᠠ᠃ ᠡᠭᠦᠨ᠎ᠦ ᠬᠠᠮᠲᠤ᠂ ᠥᠪᠥᠷ ᠮᠣᠩᠭᠣᠯ ᠭᠤᠷᠪᠠᠨ ᠭᠠᠵᠠᠷ᠎ᠤᠨ ᠶᠡᠬᠡ ᠳᠡᠭᠡᠳᠦ ᠰᠤᠷᠭᠠᠭᠤᠯᠢ ᠯᠤᠭ᠎ᠠ ᠪᠠᠢᠡᠭᠭᠤᠵᠢᠭᠰᠠᠨ ᠴᠢᠳᠠᠪᠤᠷᠢᠲᠠᠨ ᠤᠷᠢᠬᠤ ᠲᠣᠭᠲᠠᠴᠠ᠎ᠶᠢ ᠪᠠᠶ᠋ᠢᠭᠤᠯᠬᠤ᠂ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠲᠤᠷᠠᠯᠴᠠᠭ᠎ᠠ᠎ᠶᠢ ᠴᠢᠩᠭᠠᠳᠬᠠᠬᠤ ᠵᠡᠷᠭᠡ ᠠᠵᠢᠯ ᠤ᠋ᠨ ᠲᠤᠬᠠᠢ ᠣᠯᠠᠨ ᠵᠦᠢᠯ᠎ᠦᠨ ᠬᠠᠮᠲᠤ᠎ᠶᠢᠨ ᠲᠠᠨᠢᠯᠲᠠ᠎ᠲᠠᠢ  ᠪᠣᠯᠪᠠ᠃

ᠠᠵᠢᠯᠯᠠᠭ᠎ᠠ ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ (ᠬᠣᠶᠠᠳᠤᠭᠠᠷ ᠪᠦᠯᠦᠭ )》᠎ᠢ᠋ ᠨᠠᠢᠷᠠᠭᠤᠯᠤᠨ ᠵᠣᠬᠢᠶᠠᠭᠰᠠᠨ ᠪᠥᠭᠡᠳ ᠨᠡᠢᠲᠡᠯᠡᠵᠦ᠂ 187 ᠬᠥᠮᠥᠨ ᠬᠡᠷᠡᠭᠯᠡᠬᠦ ᠨᠢᠭᠡᠴᠢ᠂ 826 ᠠᠵᠢᠯ᠎ᠤᠨ ᠪᠠᠢᠷᠢ᠂ 2481 ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠬᠠᠮᠤᠷᠴᠤ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ ᠬᠢᠭᠡᠳ ᠠᠵᠤ ᠦᠢᠯᠡᠰ᠎ᠦᠨ ᠬᠥᠭᠵᠢᠯᠲᠡ᠎ᠶᠢᠨ ᠨᠠᠷᠢᠯᠢᠭ ᠤᠨᠤᠴᠠᠲᠠᠢ᠎ᠪᠠᠷ ᠵᠣᠬᠢᠴᠠᠯᠳᠤᠬᠤ᠎ᠶᠢ ᠪᠡᠶᠡᠯᠡᠭᠦᠯᠵᠠᠢ᠃

ᠣᠢᠯᠠᠭᠠᠭᠰᠠᠨ᠎ᠢᠶᠠᠷ᠂ ᠥᠪᠥᠷ ᠮᠣᠩᠭᠣᠯ ᠣᠷᠣᠨ ᠪᠦᠰᠡ᠎ᠶᠢᠨ ᠴᠢᠳᠠᠪᠤᠷᠢᠲᠠᠨ᠎ᠤ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠦᠨ ᠴᠢᠳᠠᠪᠤᠷᠢᠲᠠᠨ᠎ᠳᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠶᠢ ᠯᠠᠪᠳᠠᠭᠤᠨ ᠪᠠᠲᠤᠲᠠᠢ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠤ ᠦᠢᠯᠡᠴᠢᠯᠡᠭᠡ᠎ᠶᠢ ᠰᠢᠯᠢᠳᠡᠭᠵᠢᠭᠦᠯᠵᠦ᠂ ᠮᠥᠷᠳᠡᠨ ᠨᠠᠢᠳᠠᠪᠤᠷᠢᠵᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠴᠢᠳᠠᠪᠤᠷᠢᠲᠠᠨ ᠣᠷᠣᠭᠤᠯᠤᠨ ᠠᠪᠴᠢᠷᠠᠭᠰᠠᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠶᠢ ᠠᠬᠢᠭᠤᠯᠬᠤ ᠪᠤᠯᠤᠨ᠎ᠠ᠃ 《ᠡᠷᠲᠠᠮᠲᠠᠨ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠭᠤᠯᠵᠤ ᠣᠶᠤᠨ ᠤᠬᠠᠭᠠᠨ᠎ᠢ ᠲᠦᠪᠯᠡᠷᠡᠭᠦᠯᠦᠨ  ᠥᠪᠥᠷ ᠮᠣᠩᠭᠣᠯ᠎ᠢᠶᠠᠨ ᠬᠥᠭᠵᠢᠭᠦᠯᠦᠨ ᠮᠠᠨᠳᠤᠭᠤᠯᠬᠤ》 ᠲᠥᠷᠥᠯ ᠲᠡᠮᠳᠡᠭ ᠤ᠋ᠨ ᠤᠬᠠᠭᠤᠯᠭ᠎ᠠ᠎ᠶᠢ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠪᠠ ᠴᠢᠳᠠᠪᠤᠷᠢᠲᠠᠨ᠎ᠤ ᠠᠭᠤᠰᠤᠯᠴᠠᠯ᠎ᠢ ᠭᠦᠨᠵᠡᠭᠡᠢᠷᠡᠭᠦᠯᠦᠨ᠂  ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ᠎ᠢ ᠬᠥᠳᠡᠯᠦᠩᠭᠦᠢ᠎ᠪᠡᠷ ᠲᠡᠭᠦᠯᠳᠡᠷᠵᠢᠭᠦᠯᠵᠦ᠂ ᠴᠢᠳᠠᠪᠤᠷᠢᠲᠠᠨ ᠣᠷᠣᠭᠤᠯᠤᠨ ᠠᠪᠴᠢᠷᠠᠬᠤ ᠠᠷᠭ᠎ᠠ ᠵᠠᠮ᠎ᠢ ᠥᠷᠭᠡᠳᠬᠡᠵᠦ᠂ ᠲᠣᠰ ᠭᠠᠵᠠᠷ ᠣᠷᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ᠎ᠢᠶᠡᠨ ᠴᠢᠩᠭᠠᠷᠠᠭᠤᠯᠤᠨ᠂  ᠴᠢᠳᠠᠪᠤᠷᠢᠲᠠᠨ᠎ᠤ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠳᠡᠶ᠋ᠢᠯᠬᠦ᠂ ᠦᠯᠡᠳᠡᠭᠡᠵᠦ ᠳᠡᠶ᠋ᠢᠯᠬᠦ᠂ᠰᠠᠢᠲᠤᠷ ᠬᠡᠷᠡᠭᠯᠡᠬᠦ᠂ᠲᠦᠷᠭᠡᠨ ᠪᠣᠢᠵᠢᠭᠤᠯᠬᠤ ᠰᠠᠢᠨ ᠰᠠᠢᠬᠠᠨ ᠪᠠᠢᠷᠢᠰᠢᠯ᠎ᠢ ᠬᠦᠴᠦᠯᠡᠨ ᠪᠠᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面