2026-11-25 15:41:00
ᠦᠨᠳᠦᠰᠦ ᠪᠡᠷ᠎ᠢᠶᠡᠨ ᠬᠤᠯᠪᠤᠯᠳᠤᠵᠤ ᠰᠠᠯᠠᠭ᠎ᠠ ᠨᠠᠮᠠᠭ᠎ᠠ ᠪᠡᠷ᠎ᠢᠶᠡᠨ ᠨᠡᠢᠯᠡᠯᠳᠤᠨᠠ᠂ ᠰᠡᠳᠬᠢᠯ ᠨᠢᠭᠡᠳᠪᠡᠯ ᠰᠠᠶᠢ ᠬᠤᠯᠠ ᠠᠶᠠᠯᠠᠵᠤ ᠴᠢᠳᠠᠨ᠎ᠠ᠃ ᠮᠠᠨ ᠤ ᠤᠯᠤᠰ᠎ᠤᠨ ᠬᠠᠮᠤᠭ᠎ᠤᠨ ᠡᠷᠲᠡ ᠪᠠᠶ᠋ᠢᠭᠤᠯᠤᠭᠳᠠᠭᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠶ᠋ᠢᠲᠤᠷ ᠪᠥᠲᠥᠭᠡᠨ ᠪᠠᠶ᠋ᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦ ᠭᠠᠷ ᠬᠣᠯᠪᠣᠯᠴᠠᠨ ᠠᠮᠢ ᠠᠬᠤᠶ᠎ᠶᠢ ᠬᠠᠮᠠᠭᠠᠯᠠᠬᠤ᠂ ᠰᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ ᠢ ᠬᠥᠭᠵᠢᠭᠦᠯᠬᠦ᠌᠂ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠪᠠ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠮᠲᠤ᠎ᠶᠢᠨ ᠭᠡᠷ ᠣᠷᠣᠨ᠎ᠢᠶᠠᠨ ᠰᠠᠬᠢᠨ ᠬᠠᠮᠠᠭᠠᠯᠠᠬᠤ ᠳᠤᠮᠳᠠ ᠬᠠᠮᠲᠤ᠎ᠶᠢᠨ ᠲᠠᠨᠢᠯᠲᠠ᠎ᠪᠠᠨ ᠨᠢᠭᠲᠠᠷᠠᠭᠤᠯᠵᠤ᠂ ᠭᠠᠷ ᠬᠣᠯᠪᠣᠯᠴᠠᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠳᠤᠮᠳᠠ ᠠᠭᠤᠰᠤᠯᠴᠠᠯ᠎ᠢᠶᠠᠨ ᠭᠦᠨᠵᠡᠭᠡᠶ᠋ᠢᠷᠡᠭᠦᠯᠵᠦ᠍᠂ ᠬᠥᠭᠵᠢᠯᠲᠡ᠎ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ᠌ ᠳᠤᠮᠳᠠ ᠪᠦᠯᠬᠦᠮᠳᠡᠯ᠎ᠢᠶᠡᠨ ᠴᠢᠩᠭᠠᠳᠬᠠᠵᠠᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠨᠢ ᠡᠢᠨ ᠬᠦ᠌ ᠬᠥᠭᠵᠢᠯᠲᠡ᠎ᠶᠢᠨ ᠲᠤᠮᠳᠠ ᠠᠭᠤᠰᠤᠯᠴᠠᠵᠤ᠂ ᠠᠷᠠᠳ ᠤᠯᠠᠨ᠎ᠤ ᠠᠮᠢᠳᠤᠷᠠᠯ᠎ᠢ ᠤᠮᠳᠠᠯᠠᠨ᠎ᠠ᠃
ᠠᠮᠢ ᠠᠬᠤᠢ᠎ᠶᠢ ᠲᠡᠷᠢᠭᠦᠨ᠎ᠳᠦ ᠲᠠᠯᠪᠢᠵᠤ ᠬᠠᠮᠲᠤ᠎ᠶᠢᠨ ᠭᠡᠷ ᠣᠷᠣᠨ ᠵᠢᠡᠨ ᠪᠦᠲᠦᠭᠡᠨ ᠪᠠᠶ᠋ᠢᠭᠤᠯᠪᠠ
ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ᠌ ᠴᠡᠭᠡᠵᠢᠯᠡᠬᠦ᠌ ᠴᠢᠬᠤᠯᠠᠲᠠᠢ 《ᠤᠯᠤᠰ᠎ᠤᠨ ᠶᠡᠬᠡ ᠶᠠᠪᠤᠳᠠᠯ》 ᠪᠣᠯᠤᠨ᠎ᠠ᠃
ᠤᠯᠠᠭᠠᠨᠴᠠᠪ᠎ᠤᠨ ᠬᠢᠬᠢᠷᠢ ᠵᠢᠨ ᠨᠠᠭᠤᠷ᠎ᠤᠨ ᠵᠠᠰᠠᠯᠲᠠ᠎ᠶᠢᠨ ᠲᠤᠷᠰᠢᠯᠭ᠎ᠠ ᠪᠣᠯ ᠶᠠᠭ ᠥᠪᠥᠷ ᠮᠣᠩᠭᠣᠯ᠎ᠤᠨ ᠰᠢᠰᠲ᠋ᠧᠮ᠎ᠤᠨ ᠰᠡᠳᠬᠢᠬᠦᠶ᠎ᠪᠡᠷ ᠠᠮᠢ ᠠᠬᠤᠶ᠎ᠶᠢᠨ ᠬᠠᠮᠠᠭᠠᠯᠠᠯᠲᠠ ᠵᠠᠰᠠᠯᠲᠠ᠎ᠶᠢ ᠠᠬᠢᠭᠤᠯᠤᠭᠰᠠᠨ ᠦᠨᠡᠨ ᠪᠣᠳᠠᠲᠠᠶ ᠵᠢᠷᠤᠭᠯᠠᠯ ᠪᠣᠯᠤᠨ᠎ᠠ᠃ ᠡᠨᠡ ᠬᠦ᠌ ᠴᠥᠬᠥᠷᠡᠰᠢ ᠦᠭᠡᠢ ᠶᠠᠪᠤᠭᠳᠠᠭᠤᠯᠤᠭᠰᠠᠨ ᠠᠮᠢ ᠠᠬᠤᠢ᠎ᠶᠢ ᠰᠡᠷᠭᠦᠭᠡᠭᠰᠡᠨ ᠠᠵᠢᠯ ᠪᠣᠯ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠬᠢᠯ ᠨᠢᠭᠡᠳᠦᠨ ᠨᠠᠭᠤᠷ ᠪᠦᠷᠢ᠎ᠳᠤ᠎ᠵᠢ ᠬᠠᠮᠠᠭᠠᠯᠠᠵᠤ ᠡᠯᠡᠰᠦ᠎ᠶᠢ ᠵᠠᠰᠠᠭᠰᠠᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠥᠩᠭᠡᠷᠡᠭᠰᠡᠨ᠎ᠳᠦ᠂ ᠨᠠᠭᠤᠷ᠎ᠤᠨ ᠤᠰᠤ ᠲᠠᠲᠠᠷᠠᠵᠤ᠂ ᠡᠯᠡᠰᠦᠷᠬᠡᠭᠵᠢᠯ᠎ᠤᠨ ᠲᠠᠯᠠᠪᠠᠢ ᠦᠷᠭᠡᠳᠴᠦ᠂ ᠬᠤᠵᠢᠷᠯᠢᠭ ᠭᠠᠵᠠᠷ ᠲᠸ᠋ ᠲᠣᠭᠣᠰᠣ ᠳᠡᠭᠳᠡᠵᠦ᠍᠂ ᠠᠮᠢ ᠠᠬᠤᠢ ᠮᠠᠭᠤᠳᠠᠭᠰᠠᠨ ᠶᠠᠪᠤᠳᠠᠯ ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠭᠠᠴᠢᠭᠳᠠᠭᠤᠯᠵᠤ ᠪᠠᠶ᠋ᠢᠭᠰᠠᠨ ᠬᠠᠮᠲᠤ᠎ᠶᠢᠨ ᠬᠦᠴᠢᠷ ᠠᠰᠠᠭᠤᠳᠠᠯ ᠪᠠᠢᠵᠠᠢ᠃
ᠤᠯᠠᠨ ᠵᠢᠯ᠎ᠦᠨ ᠲᠤᠷᠰᠢ᠂ ᠤᠯᠠᠭᠠᠨᠴᠠᠪ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠭᠠᠵᠠᠷ ᠣᠷᠣᠨ᠂ ᠦᠨᠳᠦᠰᠦᠲᠡᠨ᠎ᠦ ᠵᠠᠭᠠᠭ ᠬᠢᠵᠠᠭᠠᠷ᠎ᠢ ᠡᠪᠳᠡᠵᠦ᠍᠂ ᠠᠮᠢ ᠠᠬᠤᠢ᠎ᠶᠢ ᠬᠠᠮᠲᠤ᠎ᠪᠠᠷ ᠵᠠᠰᠠᠬᠤ ᠬᠠᠮᠲᠤ᠎ᠶᠢᠨ ᠴᠣᠭᠴᠠ ᠪᠤᠯᠵᠤ ᠨᠢᠬᠳᠠᠷᠠᠵᠠᠢ᠃ ᠮᠠᠯᠴᠢᠳ ᠰᠠᠨᠠᠭᠠᠴᠢᠯᠠᠭ᠎ᠠ᠎ᠡᠴᠡ᠎ᠪᠠᠨ ᠪᠡᠯᠴᠢᠭᠡᠷᠯᠡᠬᠦ᠎ᠪᠠᠨ ᠵᠣᠭᠰᠣᠭᠠᠵᠤ᠂ ᠡᠯᠡᠰᠦᠷᠬᠡᠭ ᠭᠠᠵᠠᠷ᠎ᠤᠨ ᠡᠮᠦᠨ᠎ᠡ ᠹᠷᠣᠨᠲ᠎ᠢ ᠰᠠᠬᠢᠨ ᠬᠠᠮᠠᠭᠠᠯᠠᠵᠤ᠂ ᠪᠡᠯᠴᠢᠭᠡᠷ ᠪᠣᠯᠤᠨ ᠨᠠᠭᠤᠷ᠎ᠤᠨ ᠡᠷᠭᠢ᠎ᠶᠢ ᠰᠠᠬᠢᠨ ᠬᠠᠮᠠᠭᠠᠯᠠᠭᠰᠠᠨ ᠪᠠᠶ᠋ᠢᠨ᠎ᠠ; ᠤᠯᠠᠨ ᠲᠦᠮᠡᠨ ᠡᠯᠡᠰᠦ᠎ᠶᠢ ᠵᠠᠰᠠᠵᠤ ᠣᠶ᠋ᠢᠵᠢᠭᠤᠯᠬᠤ᠂ ᠭᠣᠣᠯ᠎ᠤᠨ ᠬᠡᠪᠡᠯᠢ᠎ᠵᠢ ᠯᠠᠶ᠋ᠢᠳᠠᠬᠤ᠂ ᠬᠤᠵᠢᠷᠯᠢᠭ ᠭᠠᠵᠠᠷ᠎ᠢ ᠵᠠᠰᠠᠬᠤ᠎ᠳᠤ ᠣᠷᠣᠯᠴᠠᠵᠤ᠂ ᠪᠦᠬᠦ᠌ ᠣᠷᠣᠨ ᠪᠦᠰᠡ᠎ᠶᠢᠨ ᠠᠮᠢ ᠠᠬᠤᠢ᠎ᠶᠢᠨ ᠵᠠᠰᠠᠯᠲᠠ᠎ᠳᠤ ᠪᠦᠭᠦᠳᠡᠭᠡᠷ ᠣᠷᠣᠯᠴᠠᠭᠰᠠᠨ ᠪᠠᠶ᠋ᠢᠨ᠎ᠠ᠃ ᠲᠣᠭ᠎ᠠ ᠪᠠᠷᠢᠮᠲᠠ᠎ᠡᠴᠡ ᠰᠡᠳᠭᠢᠯ ᠨᠢᠭᠡᠲᠦᠨ ᠴᠢᠷᠮᠠᠢᠭᠰᠠᠨ ᠦᠷ᠎ᠡ ᠪᠦᠲᠦᠭᠡᠯ᠎ᠢ ᠤᠯᠵᠤ ᠬᠠᠷᠠᠨ᠎ᠠ᠄ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠤᠯᠠᠭᠠᠨᠴᠠᠪ ᠬᠣᠲᠠ《ᠤᠮᠠᠷᠠᠲᠤ᠌ ᠵᠢᠨ ᠭᠤᠷᠪᠠᠨ ᠤᠷᠤᠨ》᠎ᠤ᠋ ᠢᠨᠵᠧᠨᠧᠷᠢᠩ᠎ᠦᠨ ᠪᠥᠲᠥᠭᠡᠨ ᠪᠠᠶ᠋ᠢᠭᠤᠯᠤᠯᠲᠠ᠎ᠶᠢᠨ ᠡᠭᠦᠷᠭᠡ᠎ᠶᠢ 711.76 ᠲᠦᠮᠡᠨ ᠮᠥ᠍ ᠪᠡᠶᠡᠯᠡᠭᠦᠯᠵᠦ᠍᠂ ᠡᠭᠦᠨ᠎ᠳᠦ ᠬᠠᠲᠤᠨ ᠭᠤᠤᠯ᠎ᠤᠨ《ᠶᠡᠬᠡ ᠲᠤᠬᠤᠢ》 ᠵᠢᠨ ᠬᠡᠰᠡᠭ ᠲᠤ᠌ 339.74 ᠲᠦᠮᠡᠨ ᠮᠥ᠍᠂ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠣᠷᠣᠨ᠎ᠤ ᠬᠡᠰᠡᠭ ᠲᠤ᠌ 372.02 ᠲᠦᠮᠡᠨ ᠮᠥ᠍ ᠵᠢ ᠪᠡᠶᠡᠯᠡᠬᠦᠯᠪᠡ᠃ ᠡᠨᠡ ᠵᠢᠯ᠎ᠦᠨ 9 ᠰᠠᠷ᠎ᠠ᠎ᠶᠢᠨ ᠡᠴᠦᠰ ᠪᠣᠯᠲᠠᠯ᠎ᠠ᠂ ᠬᠢᠬᠢᠷᠢ ᠵᠢᠨ ᠨᠠᠭᠤᠷ᠎ᠤᠨ ᠤᠰᠤᠨ ᠣᠷᠣᠨ᠎ᠤ ᠲᠠᠯᠠᠪᠠᠶ 85.22 ᠲᠡᠭᠰᠢ ᠳᠥᠷᠪᠡᠯᠵᠢᠨ ᠺᠢᠯᠣᠮᠧᠲ᠋ᠷ ᠲᠦ᠍ ᠬᠦᠷᠴᠦ᠍᠂ ᠲᠠᠯᠠᠪᠠᠶ᠎ᠨᠢ ᠦᠷᠭᠦᠯᠵᠢᠯᠡᠨ ᠲᠣᠭᠲᠠᠪᠤᠷᠢᠵᠢᠪᠠ; ᠨᠤᠲᠤᠭ ᠪᠡᠯᠴᠢᠭᠡᠷ᠎ᠦᠨ ᠤᠷᠭᠤᠮᠠᠯ ᠤᠨ ᠬᠤᠴᠢᠯᠭ᠎ᠠ 66.64%᠎ᠳ᠋ᠤ ᠬᠦᠷᠴᠡᠶ; ᠲᠡᠮᠳᠡᠭᠯᠡᠵᠤ ᠤᠯᠤᠬᠰᠠᠨ ᠰᠢᠪᠠᠭᠤᠨ᠎ᠤ ᠲᠥᠷᠥᠯ 19 ᠪᠠᠭ᠎ᠤᠨ 168 ᠲᠥᠷᠥᠯ ᠪᠤᠯᠪᠠ᠃ ᠴᠦᠯᠯᠡᠷᠬᠡᠭ ᠭᠠᠵᠠᠷ ᠳᠠᠪᠤᠰᠤᠨ ᠨᠠᠭᠤᠷ ᠨᠢ ᠲᠤᠶ᠋ᠢᠯᠪᠤᠷᠢᠲᠠᠢ ᠠᠮᠢ ᠠᠬᠤᠢ᠎ᠶᠢᠨ ᠨᠤᠭᠤ ᠭᠠᠵᠠᠷ ᠪᠤᠯᠵᠤ ᠬᠤᠪᠢᠷᠠᠭᠰᠠᠨ ᠪᠠᠢᠨ᠎ᠠ᠃
ᠲᠦᠩᠯᠢᠶᠣᠣ ᠬᠤᠳᠠ᠎ᠶᠢᠨ ᠬᠣᠷᠴᠢᠨ᠎ᠤ ᠡᠯᠡᠰᠦᠷᠬᠡᠭ ᠭᠠᠵᠠᠷ᠎ᠤᠨ ᠦᠷᠦᠴᠡᠨ᠎ᠳᠦ᠂ ᠣᠷᠣᠨ ᠪᠦᠰᠡ ᠠᠯᠤᠰᠯᠠᠭᠰᠠᠨ᠂ ᠦᠨᠳᠦᠰᠦᠲᠡᠨ ᠠᠯᠤᠰᠯᠠᠭᠰᠠᠨ ᠡᠯᠡᠰᠦᠷᠬᠡᠭ ᠭᠠᠵᠠᠷ᠎ᠢ ᠵᠠᠰᠠᠬᠤ ᠰᠥᠨᠥᠭᠡᠯᠳᠠ ᠵᠢᠨ ᠲᠠᠢᠯᠠᠯᠳᠤᠭᠠᠨ ᠨᠢᠭᠡᠨᠲᠡ ᠬᠡᠳᠦᠨ ᠠᠷᠪᠠᠨ ᠵᠢᠯ ᠦᠷᠭᠦᠯᠵᠢᠯᠡᠪᠡ᠃ ᠡᠷᠲᠡ ᠦᠶ᠎ᠡ᠎ᠳᠦ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ ᠦᠨᠳᠦᠰᠦᠲᠡᠨ᠎ᠨᠦᠭᠦᠳ᠎ᠦᠨ ᠤᠯᠠᠨ ᠲᠦᠮᠡᠨ ᠵᠤᠯᠵᠠᠭ᠎ᠠ ᠮᠣᠳᠣ᠌᠎ᠶᠢ ᠡᠭᠦᠷᠴᠦ ᠶᠠᠪᠠᠭᠠᠨ᠎ᠢᠶᠠᠷ ᠡᠯᠡᠰᠦ ᠮᠠᠩᠬᠠᠨ᠎ᠳᠤ ᠣᠷᠣᠵᠤ᠂ ᠬᠠᠮᠲᠤ᠎ᠪᠠᠷ ᠢᠳᠡᠵᠦ ᠬᠠᠮᠲᠤ᠎ᠪᠠᠷ ᠰᠠᠭᠤᠵᠤ ᠬᠠᠮᠲᠤ᠎ᠪᠠᠷ ᠮᠣᠳᠣ᠌ ᠲᠠᠷᠢᠵᠦ ᠪᠠᠢᠭᠰᠠᠨ ᠡᠴᠡ ᠤᠳᠤ᠎ᠶᠢᠨ《ᠲᠦᠷᠪᠡᠨ ᠱᠠᠲᠤᠨ᠎ᠤ ᠱᠦᠵᠢ ᠡᠯᠡᠰᠦ᠎ᠶᠢ ᠵᠠᠰᠠᠬᠤ᠎ᠶᠢ ᠠᠳᠬᠤᠵᠤ᠂ ᠬᠠᠷᠢᠭᠤᠴᠠᠯᠭ᠎ᠠ᠎ᠶᠢ ᠱᠠᠲᠤ ᠱᠠᠲᠤ᠎ᠪᠠᠷ ᠨᠠᠢᠳᠠᠪᠤᠷᠢᠵᠢᠭᠤᠯᠬᠤ 》ᠪᠦᠭᠦ ᠠᠷᠠᠳ᠎ᠤᠨ ᠳᠠᠢᠴᠢᠯᠠᠯᠲᠠ᠎ᠶᠢᠨ ᠰᠢᠨ᠎ᠡ ᠲᠣᠭᠲᠠᠴᠠ ᠭᠦᠷᠲᠡᠯ᠎ᠡ᠂ ᠦᠶ᠎ᠡ ᠦᠶ᠎ᠡ ᠵᠢᠨ ᠡᠯᠡᠰᠦ ᠵᠢ ᠵᠠᠰᠠᠭ᠍ᠴᠢᠳ ᠮᠥᠷᠥ ᠵᠡᠷᠭᠡᠴᠡᠨ ᠪᠠᠢᠯᠳᠤᠵᠤ᠂ ᠡᠯᠡᠰᠦ᠎ᠶᠢ ᠠᠯᠬᠤᠮ ᠠᠯᠬᠤᠮ᠎ᠢᠶᠠᠷ ᠤᠬᠤᠷᠢᠭᠤᠯᠵᠤ᠂ ᠨᠣᠭᠣᠭᠠᠨ ᠪᠦᠷᠢᠳᠦ᠎ᠶᠢ ᠦᠷᠭᠦᠯᠵᠢᠯᠡᠨ ᠦᠷᠬᠡᠳᠭᠡᠵᠦ᠂ 《ᠡᠯᠡᠰᠦ ᠤᠷᠤᠭᠰᠢᠯᠠᠵᠤ ᠬᠥᠮᠥᠨ ᠤᠬᠤᠷᠢᠵᠤ》 ᠪᠠᠢᠭᠰᠠᠨ ᠡᠴᠡ 《ᠨᠤᠭᠤᠭᠠᠷᠠᠭᠤᠯᠤᠯᠳᠠ ᠤᠷᠤᠬᠰᠢᠯᠠᠵᠤ ᠡᠯᠡᠰᠦ ᠤᠬᠤᠷᠢᠬᠤ》ᠪᠤᠯᠵᠤ ᠬᠤᠪᠢᠷᠠᠬᠤ ᠵᠢ ᠪᠡᠶᠡᠯᠡᠬᠦᠯᠪᠡ᠃
ᠬᠢᠬᠢᠷᠢ ᠵᠢᠨ ᠨᠠᠭᠤᠷ ᠲᠡᠬᠢᠨ ᠠᠮᠢᠵᠢᠷᠠᠯ᠎ᠤᠨ ᠬᠦᠴᠦᠨ᠎ᠢᠶᠡᠨ ᠰᠡᠷᠭᠦᠭᠡᠵᠦ᠂ ᠬᠡᠰᠡᠭ ᠬᠡᠰᠡᠭ ᠨᠣᠭᠣᠭᠠᠨ ᠪᠦᠷᠢᠳᠦ ᠰᠢᠷᠭᠠᠯ ᠡᠯᠡᠰᠦ᠎ᠶᠢ ᠲᠠᠷᠤᠪᠠ᠃ ᠥᠪᠥᠷ ᠮᠣᠩᠭᠣᠯ᠎ᠤᠨ ᠡᠬᠡ ᠭᠠᠵᠠᠷ᠎ᠲᠠᠬᠢ ᠠᠮᠢ ᠠᠬᠤᠢ᠎ᠶᠢᠨ ᠯᠤᠲᠤ ᠶᠡᠬᠡ ᠬᠤᠪᠢᠷᠠᠯᠲᠠ ᠨᠢ ᠦᠨᠳᠦᠰᠦᠲᠡᠨ᠎ᠦ ᠪᠦᠯᠬᠦᠮᠳᠡᠯ᠎ᠦᠨ ᠰᠦᠷ ᠳᠠᠯᠠᠢᠴᠠᠲᠠᠢ ᠬᠦᠴᠦᠨ ᠴᠢᠳᠠᠯ᠎ᠤᠨ ᠠᠮᠢᠳᠤᠯᠢᠭ᠋ ᠭᠡᠷᠡᠴᠢ ᠪᠤᠯᠬᠤ᠎ᠪᠠᠷ ᠪᠠᠷᠠᠬᠤ ᠦᠭᠡᠢ ᠨᠡᠩ ᠴᠤ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠢᠯᠡᠳᠦᠯᠭᠡ᠎ᠶᠢᠨ ᠥᠩᠭᠡᠷᠡᠯᠲᠡ ᠪᠣᠯᠣᠨ᠎ᠠ᠃ ᠦᠨᠳᠦᠰᠦᠲᠡᠨ᠎ᠨᠦᠭᠦᠳ ᠦᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠳᠠᠭᠠᠨ ᠲᠠᠭᠠᠭᠠᠮᠠᠭᠠᠢ ᠴᠢᠷᠮᠠᠢᠨ ᠠᠵᠢᠯᠯᠠᠵᠤ᠂ ᠠᠮᠢ ᠠᠬᠤᠢ᠎ᠶᠢᠨ ᠬᠠᠮᠠᠭᠠᠯᠠᠯᠲᠠ ᠪᠣᠯᠣᠨ ᠦᠨᠳᠦᠰᠦᠲᠡᠨ᠎ᠦ ᠪᠦᠯᠬᠦᠮᠳᠡᠯ᠎ᠦᠨ ᠬᠣᠣᠰ ᠴᠢᠭᠯᠡᠯ᠎ᠢᠶᠡᠷ ᠬᠦᠴᠦᠨ ᠣᠯᠭᠣᠬᠤ ᠴᠠᠭ ᠦᠶ᠎ᠡ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠭᠠᠷ ᠬᠣᠯᠪᠣᠨ ᠪᠢᠴᠢᠭᠯᠡᠨ᠎ᠠ᠃
ᠶᠠᠰᠤ ᠴᠢᠨᠠᠷ᠎ᠢ ᠳᠡᠭᠡᠭᠰᠢᠯᠡᠭᠦᠯᠭᠦ᠎ᠶᠢ ᠴᠢᠬᠤᠯᠠᠴᠢᠯᠠᠵᠤ᠂ ᠠᠵᠤ ᠦᠢᠯᠡᠰ᠎ᠦᠨ ᠬᠥᠭᠵᠢᠯᠲᠡ᠎ᠶᠢ ᠬᠠᠮᠲᠤ ᠪᠠᠷ ᠠᠬᠢᠭᠤᠯᠪᠠ
ᠪᠣᠬᠢᠷᠳᠤᠯ ᠦᠭᠡᠢ ᠠᠮᠢ ᠠᠬᠤᠢ᠎ᠶᠢᠨ ᠳᠡᠪᠢᠰᠬᠡᠷ ᠥᠩᠭᠡ ᠨᠢ ᠤᠳᠤ ᠶᠠᠭ ᠴᠢᠨᠠᠷ ᠰᠠᠢᠲᠠᠢ ᠬᠥᠭᠵᠢᠯᠲᠡ ᠶᠢᠨ ᠭᠣᠣᠯᠯᠠᠭ᠍ᠴᠢ ᠬᠥᠳᠡᠯᠭᠡᠬᠦ ᠬᠦᠴᠦᠨ ᠪᠣᠯᠵᠤ ᠬᠤᠪᠢᠷᠠᠵᠤ ᠪᠤᠢ᠃ ᠡᠯᠪᠡᠭ ᠪᠠᠶᠠᠯᠢᠭ᠋ ᠰᠠᠯᠬᠢᠨ ᠬᠦᠴᠦᠨ ᠬᠡᠷᠡᠯᠴᠢ ᠴᠡᠨᠡᠭ᠎ᠤᠨ ᠡᠬᠢ ᠪᠠᠶᠠᠯᠢᠭ᠂ ᠥᠷᠭᠡᠨ ᠠᠭᠤᠳᠠᠮ ᠣᠷᠣᠨ ᠵᠠᠢ᠎ᠶᠢᠨ ᠳᠠᠪᠠᠭᠤᠯᠢᠭ᠋᠎ᠲᠤ ᠲᠦᠰᠢᠭᠯᠡᠨ᠂ ᠥᠪᠥᠷ ᠮᠣᠩᠭᠣᠯ ᠰᠢᠨ᠎ᠡ ᠴᠢᠨᠠᠷ ᠤᠨ ᠦᠢᠯᠡᠳᠪᠦᠷᠢᠯᠡᠯ ᠦᠨ ᠬᠦᠴᠦᠨ᠎ᠢ ᠶᠡᠬᠡ ᠪᠡᠷ ᠪᠣᠢᠵᠢᠭᠤᠯᠵᠤ᠂ ᠠᠮᠢ ᠠᠬᠤᠢ᠎ᠶᠢᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠠᠵᠤ ᠦᠢᠯᠡᠰ᠎ᠦᠨ ᠬᠥᠭᠵᠢᠯᠲᠡ᠎ᠶᠢᠨ ᠠᠵᠠ ᠲᠣᠭᠢᠶᠠᠯ ᠪᠣᠯᠭᠠᠨ ᠤᠯᠠᠷᠢᠭᠤᠯᠵᠤ᠂ ᠪᠠᠰᠠ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠳᠤ ᠥᠷᠭᠡᠨ ᠠᠭᠤᠳᠠᠮ ᠲᠠᠪᠴᠠᠩ ᠢ ᠪᠠᠢᠭᠤᠯᠵᠤ ᠥᠭᠴᠡᠢ᠃ ᠣᠷᠳᠣᠰ᠂ ᠪᠠᠶᠠᠨᠨᠠᠭᠤᠷ ᠵᠡᠷᠭᠡ ᠭᠠᠵᠠᠷ᠎ᠲᠤ᠂《ᠭᠡᠷᠡᠯᠴᠢ ᠴᠡᠨᠡᠭ + ᠡᠯᠡᠰᠦ᠎ᠶᠢ ᠵᠠᠰᠠᠬᠤ》᠂《ᠰᠠᠯᠬᠢᠨ ᠬᠦᠴᠦᠨ᠎ᠦ ᠴᠠᠭᠢᠯᠭᠠᠨ + ᠨᠤᠲᠤᠭ ᠪᠡᠯᠴᠢᠭᠡᠷ᠎ᠦᠨ ᠬᠠᠮᠠᠭᠠᠯᠠᠯᠲᠠ》 ᠵᠢᠨ ᠵᠠᠭᠪᠤᠷ ᠭᠠᠵᠠᠷ ᠪᠣᠯᠭᠠᠨ᠎ᠳᠤ ᠳᠡᠯᠭᠡᠷᠡᠪᠡ᠃ ᠰᠠᠯᠬᠢᠨ ᠬᠦᠴᠦᠨ᠎ᠦ ᠮᠠᠰᠢᠨ᠎ᠤ ᠴᠡᠭ ᠪᠠᠢᠷᠢ ᠨᠢ ᠭᠣᠣᠯ ᠪᠤᠯᠬᠤ ᠪᠡᠯᠴᠢᠭᠡᠷ᠎ᠡᠴᠡ ᠴᠢᠩᠭ᠎ᠠ ᠵᠠᠢᠯᠠᠰᠬᠢᠵᠦ᠂ ᠭᠡᠷᠡᠯᠴᠢ ᠴᠡᠨᠡᠭ᠎ᠦᠨ ᠬᠠᠪᠲᠠᠰᠤᠨ ᠳᠣᠣᠷ᠎ᠠ ᠤᠷᠭᠤᠮᠠᠯ᠎ᠤᠨ ᠬᠤᠴᠢᠯᠭ᠎ᠠ᠎ᠶᠢ ᠰᠡᠷᠬᠦᠬᠡᠨ ᠵᠠᠰᠠᠬᠤ᠎ᠶᠢ ᠵᠡᠷᠭᠡ ᠪᠡᠷ ᠥᠷᠨᠢᠭᠦᠯᠵᠦ᠂ ᠪᠣᠬᠢᠷᠳᠤᠯ ᠦᠭᠡᠢ ᠴᠠᠭᠢᠯᠭᠠᠨ ᠦᠷᠳᠡᠭᠡ᠎ᠶᠢ ᠬᠠᠮᠢᠭ᠎ᠠ ᠪᠠᠢᠭᠤᠯᠪᠠᠯ ᠠᠮᠢ ᠠᠬᠤᠢ᠎ᠶᠢ ᠰᠡᠯᠪᠢᠨ ᠰᠡᠷᠭᠦᠭᠡᠬᠦ ᠠᠵᠢᠯ ᠲᠡᠨᠳᠡ ᠭᠦᠷᠦᠨ᠎ᠡ᠃ ᠪᠦᠭᠦ ᠤᠯᠤᠰ᠎ᠤᠨ ᠡᠯ᠎ᠡ ᠭᠠᠵᠠᠷ ᠡᠴᠡ ᠢᠷᠡᠭᠰᠡᠨ ᠮᠡᠷᠭᠡᠵᠢᠯ᠎ᠦᠨ ᠴᠢᠳᠠᠪᠤᠷᠢᠲᠠᠨ ᠲᠠᠯ᠎ᠠ ᠨᠤᠲᠤᠭ ᠡᠯᠡᠰᠦᠨ ᠴᠦᠯ᠎ᠤᠨ ᠬᠦᠨᠳᠦ ᠦᠨᠳᠦᠰᠦᠯᠡᠵᠦ᠂ ᠲᠤᠬᠠᠢ᠎ᠶᠢᠨ ᠭᠠᠵᠠᠷ᠎ᠤᠨ ᠡᠯ᠎ᠡ ᠦᠨᠳᠦᠰᠦᠲᠡᠨ᠎ᠦ ᠪᠦᠲᠦᠭᠡᠨ ᠪᠠᠢᠭᠤᠯᠤᠭ᠍ᠴᠢᠳ᠎ᠲᠠᠢ ᠬᠠᠮᠲᠤ ᠪᠠᠷ᠂ ᠥᠩᠭᠡᠷᠡᠭᠰᠡᠨ᠎ᠦ ᠰᠠᠯᠬᠢ ᠡᠯᠡᠰᠦᠨ᠎ᠦ ᠡᠬᠢ᠎ᠶᠢ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠪᠤᠬᠢᠷᠳᠤᠯ ᠦᠭᠡᠢ ᠴᠠᠭᠢᠯᠭᠠᠨ᠎ᠤ ᠰᠠᠭᠤᠷᠢᠨ ᠪᠤᠯᠭᠠᠬ᠍ᠰᠠᠨ ᠪᠠᠢᠨ᠎ᠠ᠃
《ᠪᠤᠬᠢᠷᠳᠤᠯ ᠦᠭᠡᠢ ᠴᠠᠭᠢᠯᠭᠠᠨ + ᠬᠦᠢᠲᠡᠨ ᠰᠡᠷᠢᠭᠦᠨ ᠠᠭᠤᠷ ᠠᠮᠢᠰᠬᠤᠯ + ᠪᠡᠭᠡᠵᠢᠩ ᠡᠴᠡ ᠤᠢᠷ᠎ᠠ》 ᠪᠠᠢᠬᠤ ᠥᠪᠡᠷᠮᠢᠴᠡ ᠳᠠᠪᠠᠭᠤᠯᠢᠭ᠋᠎ᠲᠤ ᠲᠦᠰᠢᠭᠯᠡᠨ᠂ ᠬᠣᠷᠢᠨᠭᠡᠷ᠎ᠦᠨ《ᠳᠤᠮᠳᠠᠳᠤ ᠤᠯᠤᠰ᠎ᠤᠨ ᠡᠭᠦᠯᠡᠨ ᠬᠥᠨᠳᠡᠢ》᠂ ᠤᠯᠠᠭᠠᠨᠴᠠᠪ᠎ᠤᠨ 《ᠲᠠᠯ᠎ᠠ ᠨᠤᠲᠤᠭ ᠤᠨ ᠡᠭᠦᠯᠡᠨ ᠬᠥᠨᠳᠡᠢ》᠎ᠶ᠋ᠢ ᠲᠦᠷᠭᠡᠳᠬᠡᠨ ᠬᠥᠭᠵᠢᠭᠦᠯᠵᠦ᠂ ᠪᠦᠯᠦᠭ ᠪᠦᠯᠦᠭ ᠲᠣᠮᠣ᠌ ᠳ᠋ᠠᠢᠲ᠋ᠠ᠎ᠶᠢᠨ ᠲᠥᠪ᠂ AI ᠪᠤᠳᠤᠯᠳᠠ ᠵᠢᠨ ᠬᠦᠴᠦᠨ᠎ᠦ ᠲᠥᠷᠥᠯ ᠵᠦᠢᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠪᠠ᠃ ᠥᠪᠥᠷ ᠮᠣᠩᠭᠣᠯ᠎ᠤᠨ ᠡᠬᠡ ᠭᠠᠵᠠᠷ᠎ᠲᠤ ᠲᠣᠭᠠᠴᠢᠯᠠᠭᠰᠠᠨ ᠠᠵᠤ ᠠᠬᠤᠢ᠎ᠶᠢᠨ ᠠᠮᠢᠵᠢᠷᠠᠯ᠎ᠤᠨ ᠬᠦᠴᠦᠨ ᠣᠷᠭᠢᠯ᠎ᠤᠨ ᠪᠠᠳᠠᠷᠠᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠡᠴᠡ ᠨᠠᠭᠠᠰᠢ᠂ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ 2000 ᠳ᠋ᠦᠩᠰᠢᠭᠤᠷ ᠺᠢᠯᠣᠸᠠᠲ ᠴᠠᠭ᠎ᠢ ᠳᠠᠪᠠᠵᠤ᠂ ᠪᠥᠬᠥ ᠤᠯᠤᠰ᠎ᠲᠤ᠌ ᠲᠦᠷᠦᠬᠦᠯᠡᠪᠠ᠃ ᠡᠨᠡ ᠵᠢᠯ᠎ᠦᠨ 10 ᠰᠠᠷ᠎ᠠ ᠪᠣᠯᠲᠠᠯ᠎ᠠ᠂ ᠥᠪᠥᠷ ᠮᠣᠩᠭᠣᠯ᠎ᠳᠤ ᠨᠢᠭᠡᠨᠲᠡ 《ᠡᠯᠡᠰᠦ ᠭᠤᠪᠢ ᠴᠦᠯᠯᠡᠷᠬᠡᠭ ᠭᠠᠵᠠᠷ》᠎ᠤ᠋ᠨ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠤ ᠴᠠᠬᠢᠯᠭᠠᠨ ᠬᠡᠷᠡᠯᠴᠢ ᠴᠡᠨᠡᠭ᠎ᠤᠨ 6 ᠰᠠᠭᠤᠷᠢᠨ ᠵᠥᠪᠰᠢᠶᠡᠷᠡᠭᠳᠡᠵᠦ᠂ 7200 ᠲᠦᠮᠡᠨ ᠺᠢᠯᠣᠸᠠᠲ᠎ᠤᠨ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ᠎ᠶᠢ ᠲᠥᠯᠥᠪᠵᠢᠭᠦᠯᠪᠡ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠥᠷᠨᠢᠯᠲᠡ ᠨᠢ ᠥᠪᠥᠷ ᠮᠣᠩᠭᠣᠯ᠎ᠤᠨ ᠠᠵᠤ ᠠᠬᠤᠢ᠎ᠶᠢᠨ ᠪᠦᠲᠦᠴᠡ᠎ᠶᠢ ᠲᠠᠬᠢᠨ ᠴᠣᠭᠴᠠᠯᠠᠭᠰᠠᠨ᠎ᠢᠶᠠᠷ ᠪᠠᠷᠠᠬᠤ ᠦᠭᠡᠢ ᠨᠡᠩ ᠴᠤ᠌ ᠭᠠᠵᠠᠷ ᠣᠷᠣᠨ ᠪᠣᠯᠣᠨ ᠦᠨᠳᠦᠰᠦᠲᠡᠨ᠎ᠦ ᠵᠠᠭᠠᠭ ᠬᠢᠵᠠᠭᠠᠷ᠎ᠢ ᠡᠪᠳᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠠᠳᠠᠯᠢ ᠨᠢᠭᠡᠨ ᠠᠵᠤ ᠦᠢᠯᠡᠰ᠎ᠦᠨ ᠬᠡᠯᠬᠢᠶ᠎ᠡ᠎ᠶᠢᠨ ᠲᠠᠯ᠎ᠠ᠎ᠪᠠᠷ ᠡᠭᠦᠷᠭᠡ ᠬᠠᠷᠢᠭᠤᠴᠠᠯᠭ᠎ᠠ᠎ᠶᠢ ᠬᠠᠮᠲᠤ ᠪᠠᠷ ᠡᠭᠦᠷᠭᠡᠯᠡᠭᠦᠯᠵᠦ᠂ ᠠᠵᠠ ᠲᠣᠬᠢᠶᠠᠯ᠎ᠢ ᠬᠠᠮᠲᠤ ᠪᠠᠷ ᠡᠳ᠋ᠯᠡᠭᠦᠯᠪᠡ᠃ ᠠᠵᠤ ᠦᠢᠯᠡᠰ᠎ᠦᠨ ᠬᠥᠭᠵᠢᠯᠲᠡ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠬᠠᠮᠲᠤ᠎ᠪᠠᠷ ᠣᠷᠣᠯᠴᠠᠬᠤ ᠠᠮᠢᠳᠤᠯᠢᠭ᠋ ᠦᠢᠯᠡᠳᠦᠯᠭᠡ ᠮᠥᠨ᠃ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤ᠎ᠪᠠᠷ ᠪᠠᠢᠭᠤᠯᠤᠨ ᠬᠠᠮᠲᠤ᠎ᠪᠠᠷ ᠠᠬᠢᠭᠤᠯᠵᠤ᠂ ᠬᠠᠷᠢᠯᠴᠠᠨ ᠣᠢᠯᠠᠭᠠᠯᠴᠠᠵᠤ ᠬᠠᠷᠢᠯᠴᠠᠨ ᠶᠠᠪᠤᠯᠴᠠᠵᠤ᠂ ᠣᠢᠯᠠᠭᠠᠯᠴᠠᠭ᠎ᠠ᠎ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠦᠨᠳᠦᠰᠦᠲᠡᠨ᠎ᠦ ᠨᠥᠬᠥᠷᠯᠡᠯ᠎ᠢᠶᠡᠨ ᠭᠦᠨᠵᠡᠭᠡᠢᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠣᠳᠠᠰ᠎ᠤᠨ ᠰᠠᠭᠤᠷᠢ ᠪᠠ ᠨᠡᠢᠭᠡᠮ᠎ᠦᠨ ᠰᠠᠭᠤᠷᠢ᠎ᠶᠢ ᠦᠷᠭᠦᠯᠵᠢᠯᠡᠨ ᠪᠠᠲᠤᠳᠬᠠᠨ ᠪᠡᠬᠢᠵᠢᠭᠦᠯᠪᠡ᠃
ᠠᠷᠠᠳ᠎ᠢ ᠪᠠᠶᠠᠵᠢᠭᠤᠯᠬᠤ᠎ᠪᠠᠷ ᠦᠨᠳᠦᠰᠦ ᠪᠣᠯᠭᠠᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠪᠡ
ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠨᠢ ᠡᠴᠦᠰ᠎ᠦᠨ ᠡᠴᠦᠰ᠎ᠲᠡᠬᠡᠨ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠲᠠᠰᠤᠷᠠᠯᠳᠠ ᠦᠭᠡᠢ ᠬᠠᠩᠭᠠᠬᠤ᠎ᠶᠢᠨ ᠲᠥᠯᠥᠭᠡ ᠶᠤᠮ᠃ ᠥᠪᠥᠷ ᠮᠣᠩᠭᠣᠯ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠠᠮᠢ ᠠᠬᠤᠢ᠎ᠶᠢᠨ ᠦᠷ᠎ᠡ ᠠᠰᠢᠭ᠋᠂ ᠠᠵᠤ ᠦᠢᠯᠡᠰ᠎ᠦᠨ ᠦᠷ᠎ᠡ ᠠᠰᠢᠭ᠋᠎ᠢ ᠦᠷᠭᠦᠯᠵᠢᠯᠡᠨ ᠠᠷᠠᠳ ᠤᠯᠠᠨ᠎ᠤ ᠦᠨᠡᠨ ᠪᠣᠳᠠᠲᠠᠢ ᠣᠷᠣᠯᠭ᠎ᠠ ᠪᠣᠯᠭᠠᠨ ᠬᠤᠪᠢᠷᠠᠭᠤᠯᠵᠤ᠂ ᠬᠠᠮᠲᠤᠷᠠᠯᠴᠠᠨ ᠬᠥᠭᠵᠢᠬᠦ᠂ ᠠᠰᠢᠭ᠋ ᠲᠤᠰᠠ᠎ᠪᠠᠨ ᠬᠣᠯᠪᠣᠬᠤ᠎ᠪᠠᠷ ᠳᠠᠮᠵᠢᠵᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠮᠲᠤ᠎ᠪᠠᠷ ᠪᠠᠶᠠᠵᠢᠬᠤ ᠵᠠᠮᠳ᠋ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠭᠠᠷ ᠬᠣᠯᠪᠣᠨ ᠤᠷᠤᠭᠰᠢᠯᠠᠭᠤᠯᠪᠠ᠃
3 ᠵᠢᠯ ᠦᠨ ᠡᠮᠦᠨ᠎ᠡ᠂ ᠨᠤᠲᠤᠭ ᠪᠡᠯᠴᠢᠭᠡᠷ᠎ᠦᠨ ᠲᠠᠭᠠᠭᠠᠴᠠ ᠡᠴᠡ ᠬᠡᠳᠦᠷᠡᠲᠡᠯ᠎ᠡ ᠮᠠᠯᠵᠢᠬᠤ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠬᠦ᠎ᠶᠢᠨ ᠲᠥᠯᠥᠭᠡ᠂ ᠬᠢᠩᠭᠠᠨ ᠠᠢᠮᠠᠭ᠎ᠤᠨ ᠵᠠᠯᠠᠢᠳ ᠬᠣᠰᠢᠭᠤᠨ᠎ᠤ ᠪᠤᠯᠠᠭ᠎ᠤᠨ ᠬᠤᠸᠠ ᠰᠤᠮᠤ᠎ᠶᠢᠨ ᠪᠤᠯᠠᠭ᠎ᠤᠨ ᠬᠤᠸᠠ ᠭᠠᠴᠡᠭ᠎ᠠ᠎ᠶᠢᠨ ᠨᠠᠮ᠎ᠤᠨ ᠡᠭᠦᠷ ᠲᠦᠷᠦᠭᠦᠯᠡᠨ ᠬᠣᠷᠰᠢᠶ᠎ᠠ ᠡᠷᠭᠢᠯᠡᠵᠦ᠂ ᠮᠠᠯᠴᠢᠨ ᠲᠠᠷᠢᠶᠠᠴᠢᠳ᠎ᠤᠨ ᠨᠤᠲᠤᠭ ᠪᠡᠯᠴᠢᠭᠡᠷ᠎ᠢᠶᠡᠷ᠎ᠢᠶᠡᠨ ᠬᠤᠪᠢ ᠣᠷᠣᠬᠤ᠎ᠶᠢ ᠵᠣᠷᠢᠭ᠍ᠵᠢᠭᠤᠯᠵᠤ᠂ ᠲᠠᠷᠠᠬᠠᠢ ᠪᠤᠲᠠᠷᠬᠠᠢ ᠮᠠᠯᠵᠢᠯ᠎ᠤᠨ ᠲᠠᠯᠠᠪᠠᠶ᠎ᠶᠢ ᠨᠡᠢᠳᠬᠡᠵᠤ᠂ ᠬᠢᠶᠠᠭ ᠡᠪᠡᠰᠤ ᠵᠡᠷᠬᠡ ᠴᠢᠨᠠᠷ ᠰᠠᠢᠲᠠᠢ ᠡᠪᠡᠰᠦᠨ᠎ᠦ ᠡᠭᠦᠯᠳᠡᠷ᠎ᠢ ᠳᠡᠯᠭᠡᠷᠡᠭᠦᠯᠵᠤ᠂ ᠴᠢᠨᠠᠷ ᠰᠠᠢᠲᠠᠢ ᠲᠡᠵᠢᠭᠡᠯ ᠡᠪᠡᠰᠦ ᠳᠠᠷᠢᠬᠤ ᠰᠠᠭᠤᠷᠢᠨ᠎ᠢ ᠪᠠᠢᠭᠤᠯᠵᠤ᠂ ᠰᠢᠨᠵᠢᠯᠡᠬᠦ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠤ᠂ ᠡᠬᠢ ᠪᠠᠶᠠᠯᠢᠭ᠋᠎ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠥ᠎ᠶᠢ ᠬᠤᠪᠢᠴᠠᠭᠠᠨᠤ ᠮᠥᠩᠭᠥ ᠪᠣᠯᠭᠠᠨ ᠬᠤᠪᠢᠷᠠᠭᠤᠯᠬᠤ᠂ ᠲᠠᠷᠢᠶᠠᠴᠢᠳ᠎ᠢ ᠬᠤᠪᠢ ᠣᠷᠣᠭᠤᠯᠤᠭ᠍ᠴᠢ ᠪᠣᠯᠭᠠᠨ ᠬᠤᠪᠢᠷᠠᠭᠤᠯᠬᠤ᠎ᠶᠢ ᠠᠬᠢᠭᠤᠯᠪᠠ᠃
ᠡᠨᠡ ᠵᠢᠯ᠎ᠦᠨ ᠡᠪᠡᠰᠦ ᠪᠡᠯᠴᠢᠭᠡᠷ᠎ᠦᠨ ᠠᠰᠢᠭ᠋ ᠬᠤᠪᠢᠶᠠᠷᠢᠯᠠᠬᠤ ᠶᠡᠬᠡ ᠬᠤᠷᠠᠯ ᠳᠡᠭᠡᠷ᠎ᠡ᠂ ᠡᠪᠡᠰᠦ ᠬᠤᠪᠢᠳᠠᠨ ᠣᠯᠣᠭᠰᠠᠨ ᠲᠣᠰᠬᠣᠨ᠎ᠤ ᠠᠷᠠᠳ ᠤᠣ ᠴᠠᠩ ᠰᠦᠢ᠄ 《ᠭᠠᠴᠡᠭᠠᠨ᠎ᠤ ᠨᠠᠮ᠎ᠤᠨ ᠡᠭᠦᠷ ᠲᠦᠷᠦᠭᠦᠯᠡᠨ ᠥᠭᠡᠷᠡᠴᠢᠯᠡᠯᠲᠡ ᠬᠢᠭᠰᠡᠨ᠎ᠡᠴᠡ ᠨᠠᠭᠠᠰᠢ᠂ ᠪᠢᠳᠡ ᠨᠢᠭᠡᠳᠦᠯᠲᠡᠢ ᠴᠢᠨᠠᠷ ᠰᠠᠢᠲᠠᠢ ᠡᠪᠡᠰᠦ ᠳᠠᠷᠢᠵᠤ᠂ ᠨᠢᠭᠡᠳᠦᠯᠲᠡᠢ ᠬᠠᠮᠢᠶᠠᠷᠤᠨ ᠬᠠᠮᠠᠭᠠᠯᠠᠵᠤ᠂ ᠨᠢᠭᠡᠳᠦᠯᠲᠡᠢ ᠬᠠᠳᠤᠵᠤ ᠬᠤᠷᠢᠶᠠᠨ᠂ ᠨᠢᠭᠡᠳᠦᠯᠲᠡᠢ ᠠᠰᠢᠭ᠋ ᠬᠤᠪᠢᠶᠠᠷᠢᠯᠠᠭᠰᠠᠨ᠎ᠡᠴᠡ ᠪᠡᠯᠴᠢᠭᠡᠷ ᠰᠠᠢᠵᠢᠷᠠᠵᠤ᠂ ᠠᠮᠢ ᠠᠬᠤᠢ ᠨᠣᠭᠣᠭᠠᠷᠠᠵᠤ᠂ ᠠᠰᠢᠭ᠋ ᠬᠤᠪᠢᠶᠠᠷᠢᠯᠠᠬᠤ ᠬᠡᠮᠵᠢᠶ᠎ᠡ ᠵᠢᠯ ᠡᠴᠡ ᠵᠢᠯ ᠢᠯᠡᠭᠦᠦ ᠪᠣᠯᠵᠤ᠂ ᠬᠠᠮᠲᠤ ᠪᠡᠷ ᠬᠥᠭᠵᠢᠬᠦ ᠵᠢᠨ ᠠᠰᠢᠭ᠎ᠢ ᠦᠨᠡᠨ ᠬᠦ᠌ ᠣᠯᠵᠤ ᠮᠡᠳᠡᠷᠡᠨ᠂ ᠠᠮᠢᠳᠤᠷᠠᠯ ᠶᠠᠪᠤᠬᠤ ᠲᠤᠲᠤᠮ ᠥᠭᠡᠳᠡᠯᠡᠵᠤ ᠪᠠᠢᠨ᠎ᠠ!》 ᠬᠡᠵᠤ ᠪᠠᠶᠠᠷᠯᠠᠨ ᠭᠡᠯᠡᠪᠡ᠃
ᠰᠢᠯᠢ᠎ᠶᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤᠨ ᠳ᠋ᠤ᠌᠂ ᠮᠦᠨ ᠴᠤ᠌ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠦᠷᠦᠭᠦᠯᠡᠨ ᠲᠤᠰᠬᠠᠢ ᠬᠣᠷᠰᠢᠶ᠎ᠠ ᠡᠷᠭᠢᠯᠡᠵᠦ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ ᠨᠤᠲᠤᠭ ᠪᠡᠯᠴᠢᠭᠡᠷ᠂ ᠮᠠᠯ ᠤᠨᠤᠭ᠎ᠠ᠂ ᠬᠥᠳᠡᠯᠮᠦᠷᠢ ᠬᠦᠴᠦᠨ᠎ᠢᠶᠡᠷ ᠬᠤᠪᠢ ᠣᠷᠣᠵᠤ᠂ ᠮᠠᠯ᠎ᠤᠨ ᠡᠭᠦᠯᠳᠡᠷ ᠢ ᠰᠠᠢᠵᠢᠷᠠᠭᠤᠯᠬᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠲᠥᠪᠯᠡᠷᠡᠭᠦᠯᠦᠨ ᠬᠤᠳᠠᠯᠳᠤᠨ ᠠᠪᠴᠤ ᠪᠣᠷᠣᠯᠠᠭᠤᠯᠬᠤ᠎ᠶᠢ ᠨᠢᠭᠡᠳᠦᠯᠲᠡᠢ ᠥᠷᠨᠢᠭᠦᠯᠪᠡ᠃ ᠣᠯᠠᠨ᠎ᠢᠶᠠᠷ᠎ᠢᠶᠠᠨ ᠥᠪᠡᠷ ᠥᠪᠡᠷ᠎ᠦᠨ ᠳᠠᠪᠠᠭᠤᠯᠢᠭ᠋᠎ᠢᠶᠠᠨ ᠪᠠᠳᠠᠷᠠᠭᠤᠯᠵᠤ᠂ ᠰᠡᠳᠬᠢᠯ ᠨᠢᠭᠡᠳᠦᠨ ᠵᠠᠬ᠎ᠠ ᠳᠡᠯᠭᠡᠭᠦᠷ᠎ᠲᠦ ᠣᠷᠣᠵᠤ᠂ ᠮᠢᠩᠭ᠎ᠠ ᠭᠠᠷᠤᠢ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠶᠢ ᠨᠢ ᠲᠣᠭᠲᠠᠭᠤᠨ᠎ᠢᠶᠠᠷ ᠨᠡᠮᠡᠭᠳᠡᠭᠦᠯᠵᠦ᠂ ᠭᠠᠷ ᠬᠣᠯᠪᠣᠨ ᠬᠥᠭᠵᠢᠭᠦᠯᠬᠦ ᠳᠤᠮᠳᠠ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠪᠠ᠃
ᠬᠢᠯᠢ ᠬᠢᠵᠠᠭᠠᠷ᠎ᠤᠨ ᠮᠠᠯᠵᠢᠬᠤ ᠣᠷᠣᠨ᠎ᠳᠤ᠂ ᠠᠮᠢ ᠠᠬᠤᠢ᠎ᠶᠢᠨ ᠣᠶ ᠬᠠᠮᠠᠭᠠᠯᠠᠭ᠍ᠴᠢ᠂ ᠨᠤᠲᠤᠭ ᠪᠡᠯᠴᠢᠭᠡᠷ᠎ᠦᠨ ᠬᠠᠮᠢᠶᠠᠷᠤᠨ ᠬᠠᠮᠠᠭᠠᠯᠠᠭ᠍ᠴᠢ᠎ᠶᠢᠨ ᠠᠵᠢᠯ᠎ᠤᠨ ᠪᠠᠢᠷᠢ ᠨᠢ ᠦᠨᠳᠦᠰᠦᠲᠡᠨ ᠨᠤᠬᠦᠳ᠎ᠤᠨ ᠬᠢᠯᠢ ᠬᠢᠵᠠᠭᠠᠷ᠎ᠢ ᠰᠠᠬᠢᠨ ᠬᠠᠮᠠᠭᠠᠯᠠᠵᠤ ᠡᠪᠡᠰᠦ ᠪᠡᠯᠴᠢᠭᠡᠷ᠎ᠢ ᠬᠠᠮᠠᠭᠠᠯᠠᠬᠤ᠎ᠶᠢᠨ ᠬᠠᠮᠲᠤ ᠲᠣᠭᠲᠠᠭᠤᠨ ᠣᠷᠣᠯᠭ᠎ᠠ᠎ᠲᠠᠢ ᠪᠣᠯᠭᠠᠪᠠ᠃ ᠬᠢᠯᠢ ᠬᠢᠵᠠᠭᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ᠎ᠵᠢᠨ ᠳᠠᠢᠴᠢᠯᠠᠭᠰᠠᠨ ᠣᠨᠴᠠᠯᠢᠭ᠍ᠲᠤ ᠲᠡᠵᠢᠭᠡᠪᠦᠷᠢ᠎ᠶᠢᠨ ᠦᠢᠯᠡᠰ᠂ ᠬᠥᠳᠡᠭᠡ ᠲᠣᠰᠬᠣᠨ᠎ᠤ ᠵᠢᠭᠤᠯᠴᠢᠯᠡᠯ᠎ᠤᠨ ᠲᠦᠷᠦᠯ ᠵᠦᠢᠯ ᠨᠢ ᠨᠡᠩ ᠤᠯᠠᠨ ᠬᠢᠯᠢ ᠬᠢᠵᠠᠭᠠᠷ᠎ᠤᠨ ᠮᠠᠯᠴᠢᠨ ᠲᠠᠷᠢᠶᠠᠴᠢᠨ᠎ᠳᠤ 《ᠠᠮᠢ ᠠᠬᠤᠢ᠎ᠶᠢᠨ ᠦᠷ᠎ᠠ ᠠᠰᠢᠭ》᠂《ᠠᠵᠤ ᠦᠢᠯᠡᠰ᠎ᠦᠨ ᠦᠷ᠎ᠠ ᠠᠰᠢᠭ》᠎ᠢ᠋ ᠡᠳ᠋ᠯᠡᠬᠦᠯᠵᠦ᠂ ᠤᠯᠠᠨ ᠲᠦᠮᠡᠨ᠎ᠢ ᠪᠠᠶᠠᠵᠢᠯ᠎ᠤᠨ ᠵᠠᠮ᠎ᠢᠶᠡᠷ ᠬᠦᠳᠦᠯᠪᠡ᠃
ᠬᠠᠮᠲᠤ᠎ᠪᠠᠷ ᠪᠠᠶᠠᠵᠢᠬᠤ ᠵᠠᠮ ᠳᠡᠭᠡᠷ᠎ᠡ ᠨᠢᠭᠡ ᠦᠨᠳᠦᠰᠦᠲᠡᠨ ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠵᠥᠪᠬᠡᠨ 2026 ᠣᠨ᠎ᠤ ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 10097 ᠲᠥᠭᠥᠷᠢᠭ᠎ᠲᠦ ᠬᠦᠷᠴᠦ᠂ 7.0%᠎ᠪᠠᠷ ᠨᠡᠮᠡᠭᠳᠡᠪᠡ᠃ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦᠢᠯᠡᠳᠪᠦᠷᠢᠯᠡᠯ᠎ᠦᠨ ᠳᠤᠮᠳᠠ ᠬᠠᠷᠢᠯᠴᠠᠨ ᠬᠠᠪᠰᠤᠷᠤᠯᠴᠠᠵᠤ᠂ ᠠᠮᠢᠳᠤᠷᠠᠯ᠎ᠤᠨ ᠳᠤᠮᠳᠠ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠣᠷᠣᠯᠭ᠎ᠠ᠎ᠪᠠᠨ ᠨᠡᠮᠡᠭᠳᠡᠭᠦᠯᠬᠦ ᠳᠤᠮᠳᠠ ᠬᠠᠷᠢᠯᠴᠠᠨ ᠣᠢᠷᠠᠲᠤᠯᠴᠠᠵᠤ᠂ ᠨᠥᠬᠥᠷᠯᠡᠯ ᠵᠢᠡᠨ ᠵᠤᠵᠠᠭᠠᠳᠬᠠᠪᠠ᠃ ᠠᠮᠢᠳᠤᠷᠡᠯ ᠰᠠᠢᠵᠢᠷᠠᠬᠤ ᠳᠤᠳᠤᠮ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠨᠢ ᠬᠡᠢᠰᠪᠦᠷᠢ ᠤᠬᠠᠭᠳᠠᠬᠤᠨ ᠲᠡᠳᠦᠢ ᠪᠢᠰᠢ ᠬᠠᠷᠢᠨ ᠭᠠᠷ᠎ᠲᠤ ᠪᠠᠷᠢᠭ᠍ᠳᠠᠬᠤ ᠤᠷᠤᠯᠭ᠎ᠠ᠂ ᠨᠢᠳᠦᠨ᠎ᠳᠦ ᠦᠵᠡᠭᠳᠡᠬᠦ ᠵᠤᠯ ᠵᠢᠷᠭᠠᠯ ᠪᠣᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠲᠠᠨᠢᠨ ᠮᠡᠳᠡᠷᠡᠬᠦᠢ ᠳᠦᠷᠦᠭᠳᠡᠯ᠂ ᠬᠠᠷᠢᠶᠠᠯᠠᠭᠳᠠᠬᠤᠢ ᠳᠦᠷᠦᠭᠳᠡᠯ ᠪᠣᠯᠣᠨ ᠣᠮᠣᠭ ᠪᠠᠬᠠᠳᠤᠯᠳᠤ ᠳᠦᠷᠦᠭᠳᠡᠯ ᠪᠤᠯᠪᠠ᠃
ᠡᠯᠡᠰᠦ ᠮᠠᠩᠬ᠎ᠠ ᠵᠢ ᠤᠢᠵᠢᠭᠤᠯᠤᠨ ᠨᠤᠭᠤᠭᠠᠷᠠᠭᠤᠯᠤᠬᠰᠠᠨ ᠡᠴᠡ ᠠᠵᠤ ᠦᠢᠯᠡᠰ᠎ᠢ ᠲᠡᠰ ᠲᠡᠪᠰᠢᠬᠦᠯᠬᠦ ᠦᠷᠭᠦᠯᠵᠢᠯᠡᠨ ᠲᠠᠪᠠᠯᠳᠠ ᠵᠢ ᠪᠡᠶᠡᠯᠡᠬᠦᠯᠦᠭᠰᠡᠨ ᠬᠦᠷᠲᠡᠯ᠎ᠡ᠂ ᠲᠠᠬᠢᠨ ᠠᠷᠠᠳ᠎ᠤᠨ ᠠᠮᠢᠳᠤᠷᠠᠯ ᠠᠮᠤᠷ ᠠᠮᠤᠭᠤᠯᠠᠩ ᠵᠣᠯ ᠵᠢᠷᠭᠠᠯ ᠲᠠᠢ ᠪᠣᠯᠤᠬᠰᠠᠨ ᠬᠦᠷᠲᠡᠯ᠎ᠡ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠳᠤᠮᠳᠠᠳᠤ ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ ᠤᠨ ᠲᠣᠭᠣᠷᠢᠨ ᠳᠤ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ᠋᠎ᠢᠶᠠᠷ ᠡᠷᠡᠯᠬᠡᠭᠯᠡᠨ ᠤᠷᠤᠭᠰᠢᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ᠎ᠢ ᠬᠠᠮᠲᠤ᠎ᠪᠠᠷ ᠬᠠᠢᠷᠠᠯᠠᠨ ᠬᠠᠮᠠᠭᠠᠯᠠᠵᠤ᠂ ᠭᠠᠷ ᠬᠣᠯᠪᠣᠨ ᠳᠤᠮᠳᠠᠳᠤ ᠤᠯᠤᠰ ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠨᠠᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃