2026-11-25 15:44:38
ᠲᠠᠪᠤᠨ ᠵᠢᠯ ᠡᠷᠡᠮᠡᠬᠡᠶ᠋ᠢᠯᠡᠨ ᠤᠷᠤᠭᠰᠢᠯᠠᠵᠤ᠂ ᠦᠷᠨᠢᠨ ᠬᠥᠭᠵᠢᠵᠤ᠂ ᠠᠷᠠᠳ᠎ᠤᠨ ᠠᠮᠢᠳᠤᠷᠠᠯ ᠤᠯᠠᠮ ᠰᠠᠢᠵᠢᠷᠠᠪᠠ᠃ ᠥᠪᠡᠷᠲᠡᠭᠡᠨ ᠵᠠᠰᠠᠬᠤ ᠣᠷᠤᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠦᠭᠡᠯᠡᠭᠴᠢᠳ᠎ᠤᠨ ᠶᠡᠭᠡ ᠬᠤᠷᠠᠯ᠎ᠠᠴᠠ ᠨᠠᠭᠠᠰᠢ᠂ ᠬᠥᠭᠵᠢᠯᠲᠡ᠎ᠶ᠋ᠢᠨ ᠦᠷ᠎ᠡ ᠪᠦᠲᠦᠭᠡᠯ᠎ᠢᠶᠠᠨ ᠦᠷᠭᠦᠯᠵᠢᠯᠡᠨ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠪᠣᠯᠭᠠᠨ ᠬᠤᠪᠢᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠬᠤᠪᠢᠷᠠᠯᠲᠠ᠎ᠶ᠋ᠢ ᠬᠠᠷᠠᠭᠤᠯᠵᠤ᠂ ᠪᠣᠳᠠᠲᠤ᠌ ᠠᠰᠢᠭ ᠬᠦᠷᠲᠡᠭᠡᠵᠦ᠍᠂ ᠵᠣᠯ ᠵᠢᠷᠭᠠᠯ᠎ᠢ ᠨᠡᠮᠡᠭᠳᠡᠭᠦᠯᠪᠡ᠃

ᠵᠠᠬᠢᠶᠠᠯᠠᠭ᠎ᠠ ᠵᠢᠨ ᠬᠤᠭᠤᠯᠠ ᠬᠦᠷᠭᠡᠭᠴᠢ ᠬᠦᠬᠡᠬᠤᠳᠠ ᠵᠢᠨ ᠰᠢᠨ᠎ᠠ ᠬᠤᠳᠠ ᠲᠤᠭᠤᠷᠢᠬ᠎ᠤᠨ ᠬᠦᠯᠦᠨ ᠪᠤᠢᠷ ᠬᠤᠢᠲᠤ ᠵᠠᠮ᠎ᠤᠨ ᠵᠡᠭᠡᠯᠢ ᠭᠤᠳᠤᠮᠵᠢ ᠵᠢᠨ 《ᠬᠦᠬᠡ ᠵᠦᠬᠡᠢ ᠤᠯᠠᠭ᠎ᠠ ᠦᠷᠳᠡᠭᠡ》 ᠵᠢᠬᠰᠠᠭᠠᠯ᠎ᠤᠨ ᠭᠠᠵᠠᠷ ᠲᠦᠷ ᠠᠮᠤᠰᠬᠢᠨᠡ᠃
ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ

ᠬᠢᠩᠭᠠᠨ ᠠᠶ᠋ᠢᠮᠠᠭ᠎ᠤᠨ ᠲᠦᠴᠢᠦᠸᠠᠨ ᠰᠢᠶᠠᠨ᠎ᠤ ᠲᠠᠷᠢᠮᠠᠯ᠎ᠤᠨ ᠡᠷᠦᠬᠡ ᠲᠡᠭᠦᠭᠰᠡᠨ ᠢᠳᠡᠭᠡᠨ᠎ᠤ ᠮᠦᠬᠦ᠌ ᠪᠡᠨ ᠳᠡᠯᠭᠡᠨ ᠦᠵᠡᠭᠦᠯᠦᠨ᠎ᠡ᠃
ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ
ᠡᠨᠡ ᠲᠠᠪᠤᠨ ᠵᠢᠯ᠎ᠳᠦ᠂ ᠠᠵᠢᠯ ᠣᠯᠭᠤᠵᠤ ᠣᠷᠤᠯᠭ᠎ᠠ ᠵᠢ ᠨᠡᠮᠡᠭᠳᠡᠭᠦᠯᠬᠦ᠌ ᠰᠠᠭᠤᠷᠢ ᠪᠠᠲᠤ᠌ ᠪᠠᠬᠢ ᠪᠤᠯᠵᠤ᠂ ᠤᠯᠠᠨ ᠲᠦᠮᠡᠨ᠎ᠤ 《ᠵᠣᠭᠤᠰ᠎ᠤᠨ ᠴᠦᠩᠬᠦ》 ᠤᠯᠠᠮ ᠡᠴᠡ ᠤᠯᠠᠮ ᠲᠦᠭᠳᠦᠢᠪᠡ᠃ ᠲᠠᠪᠤᠨ ᠵᠢᠯ᠎ᠤᠨ ᠲᠤᠷᠰᠢ᠂ ᠪᠥᠬᠦ᠌ ᠣᠷᠤᠨ᠎ᠤ ᠬᠤᠲᠠ ᠪᠠᠯᠭᠠᠰᠤᠨ᠎ᠤ 106 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠤᠪᠠ᠃ ᠪᠦᠬᠦ᠌ ᠣᠷᠤᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠤᠯᠭ᠎ᠠ 4 ᠲᠦᠮᠡᠨ ᠲᠥᠭᠦᠷᠢᠭ᠎ᠢ ᠳᠠᠪᠠᠵᠤ᠂ ᠪᠠᠶ᠋ᠢᠩᠭᠤ ᠰᠠᠭᠤᠭ᠎ᠠ ᠬᠥᠮᠦᠨ ᠠᠮᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠨᠣᠷᠮ᠎ᠠ ᠳᠡᠭᠡᠭᠰᠢᠯᠡᠭᠡᠳ 71.5% ᠪᠣᠯᠵᠤ᠂ ᠬᠤᠲᠠ ᠬᠥᠳᠡᠭᠡ᠎ᠶ᠋ᠢᠨ ᠣᠷᠤᠯᠭ᠎ᠠ᠎ᠶ᠋ᠢᠨ ᠵᠥᠷᠢᠶ᠎ᠡ ᠦᠷᠭᠦᠯᠵᠢᠯᠡᠨ ᠪᠠᠭᠠᠰᠪᠠ᠃ ᠰᠦ᠎ᠶ᠋ᠢᠨ ᠦᠢᠯᠡᠰ᠂ ᠮᠢᠬᠠᠨ᠎ᠤ ᠦᠬᠡᠷ᠂ ᠮᠢᠬᠠᠨ᠎ᠤ ᠬᠤᠨᠢᠨ᠎ᠤ ᠣᠨᠴᠠᠯᠢᠭᠲᠤ ᠠᠵᠤ ᠦᠢᠯᠡᠰ᠎ᠲᠤ᠌ ᠲᠦᠰᠢᠭᠯᠡᠨ᠂ ᠮᠠᠯᠴᠢᠨ ᠲᠠᠷᠢᠶᠠᠴᠢᠳ᠎ᠤᠨ ᠣᠷᠤᠯᠭ᠎ᠠ᠎ᠶ᠋ᠢ ᠲᠣᠭᠲᠠᠭᠤᠨ᠎ᠢᠶᠠᠷ ᠨᠡᠮᠡᠭᠳᠡᠭᠦᠯᠬᠦ᠌ ᠵᠠᠮ᠎ᠢ ᠲᠠᠰᠤᠷᠠᠯᠲᠠ᠎ᠦᠭᠡᠢ ᠥᠷᠭᠡᠳᠬᠡᠵᠦ᠍᠂ ᠠᠵᠢᠯᠴᠢ ᠬᠥᠳᠡᠯᠮᠦᠷᠢᠴᠢ᠎ᠪᠠᠷ ᠪᠠᠶᠠᠵᠢᠬᠤ ᠵᠠᠮ᠎ᠢ ᠶᠠᠪᠤᠬᠤ ᠲᠤᠲᠤᠮ ᠥᠷᠭᠡᠵᠢᠭᠦᠯᠪᠡ᠃

ᠬᠥᠬᠡᠬᠤᠲᠠ᠎ᠶ᠋ᠢᠨ᠎ᠬᠢᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠤᠨ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠪᠡ᠃
ᠰᠤᠷᠪᠤᠯᠵᠢᠯᠠᠭᠴᠢ ᠬᠤᠢᠲᠤᠠᠤᠯᠤᠰ ᠰᠡᠭᠦᠳᠡᠷᠯᠡᠪᠡ

ᠥᠪᠦᠷ ᠮᠣᠩᠭᠤᠯ᠎ᠤᠨ ᠵᠡᠮᠳᠡᠭᠴᠦᠳ᠎ᠤᠨ ᠠᠵᠢᠯ ᠣᠯᠵᠤ ᠦᠢᠯᠡᠰ ᠪᠤᠰᠬᠠᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠤᠨ ᠤᠶᠤᠳᠠᠯ᠎ᠤᠨ ᠦᠢᠯᠡᠳᠬᠡᠯ᠎ᠤᠨ ᠭᠠᠵᠠᠷ᠎ᠲᠤ᠌ ᠵᠡᠮᠳᠡᠭ ᠠᠵᠢᠯᠴᠢᠳ ᠤᠶᠤᠳᠠᠯ ᠤᠶᠤᠨ᠎ᠠ᠃
ᠰᠤᠷᠪᠤᠯᠵᠢᠯᠠᠭᠴᠢ ᠬᠤᠢᠳᠤᠠᠤᠯᠤᠰ ᠰᠡᠭᠦᠳᠡᠷᠯᠡᠪᠡ
ᠡᠨᠡ ᠲᠠᠪᠤᠨ ᠵᠢᠯ᠎ᠳᠤ᠂ ᠤᠯᠠᠨ ᠨᠡᠶ᠋ᠢᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭᠠᠮᠵᠢ᠎ᠶ᠋ᠢ ᠥᠷᠭᠡᠳᠬᠡᠵᠦ᠍᠂ ᠰᠤᠷᠭᠠᠭᠤᠯᠢ᠎ᠳᠤ ᠰᠠᠭᠤᠬᠤ ᠡᠪᠡᠳᠴᠢᠨ ᠦᠵᠡᠭᠦᠯᠬᠦ᠎ᠳᠤ ᠨᠡᠩ ᠰᠠᠨᠠᠭ᠎ᠠ ᠠᠮᠤᠷ ᠪᠣᠯᠪᠠ᠃ ᠥᠪᠦᠷ ᠮᠣᠩᠭᠤᠯ᠎ᠤᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠴᠡᠴᠡᠷᠯᠢᠭᠲᠤ᠌ ᠣᠷᠤᠬᠤ ᠨᠣᠷᠮ᠎ᠠ᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭᠰᠡᠨ ᠨᠤᠷᠮ᠎ᠠ᠂ ᠥᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠭᠤᠯᠢ᠎ᠳᠤ ᠣᠷᠤᠬᠤ ᠨᠣᠷᠮ᠎ᠠ᠎ᠨᠢ ᠴᠥᠮ ᠪᠦᠬᠦ᠌ ᠤᠯᠤᠰ᠎ᠤᠨ ᠳᠤᠮᠳᠠᠴᠢ ᠲᠦᠪᠰᠢᠨ᠎ᠠᠴᠠ ᠥᠨᠳᠦᠷ ᠪᠤᠯᠪᠠ᠃ ᠪᠡᠭᠡᠵᠢᠩ ᠥᠪᠦᠷ ᠮᠣᠩᠭᠤᠯ᠎ᠤᠨ ᠬᠠᠮᠵᠢᠯᠴᠠᠭᠠᠨ᠎ᠤ ᠲᠠᠪᠴᠠᠩ᠎ᠢ ᠠᠰᠢᠭᠯᠠᠨ᠂ 43 ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠪᠣᠯᠤᠨ 538 ᠳᠤᠮᠳᠠᠳᠤ ᠪᠠᠭ᠎ᠠ ᠰᠤᠷᠭᠠᠭᠤᠯᠢ ᠪᠡᠭᠡᠵᠢᠩ ᠬᠤᠲᠠ᠎ᠶ᠋ᠢᠨ ᠰᠤᠷᠭᠠᠭᠤᠯᠢ᠎ᠲᠠᠢ ᠬᠠᠪᠰᠤᠷᠤᠯᠴᠠᠭ᠎ᠠ ᠪᠠᠢᠭᠤᠯᠤᠨ ᠰᠤᠷᠭᠠᠭᠤᠯᠢ ᠡᠷᠭᠢᠯᠡᠪᠡ᠃ ᠡᠮᠴᠢᠯᠡᠭᠡᠨ᠎ᠤ ᠡᠬᠢ ᠪᠠᠶᠠᠯᠢᠭ ᠲᠠᠰᠤᠷᠠᠯᠲᠠ ᠥᠬᠡᠢ ᠭᠦᠨᠵᠡᠭᠡᠶ᠋ᠢᠷᠡᠵᠦ᠍᠂ 4 ᠤᠯᠤᠰ᠎ᠤᠨ ᠣᠷᠤᠨ ᠪᠦᠰᠡ᠎ᠶ᠋ᠢᠨ ᠡᠮᠴᠢᠯᠡᠭᠡᠨ᠎ᠤ ᠲᠥᠪ᠂ 39 ᠥᠪᠡᠷᠲᠡᠭᠡᠨ ᠵᠠᠰᠠᠬᠤ ᠣᠷᠤᠨ᠎ᠤ ᠲᠤᠰᠭᠠᠢ ᠮᠡᠷᠭᠡᠵᠢᠯ᠎ᠤᠨ ᠣᠷᠤᠨ ᠪᠦᠰᠡ᠎ᠶ᠋ᠢᠨ ᠡᠮᠴᠢᠯᠡᠭᠡᠨ᠎ᠤ ᠲᠥᠪ᠎ᠢ ᠲᠦᠷᠭᠡᠳᠭᠡᠨ ᠪᠠᠶ᠋ᠢᠭᠤᠯᠵᠤ᠂ ᠨᠢᠭᠲᠠ ᠬᠡᠯᠪᠡᠷᠢ᠎ᠶ᠋ᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ᠎ᠶ᠋ᠢᠨ ᠴᠣᠭᠴᠠ ᠪᠠ ᠢᠨᠲᠧᠷ ᠰᠦᠯᠵᠢᠶᠡᠨ᠎ᠤ ᠡᠮᠨᠡᠯᠭᠡ᠎ᠶ᠋ᠢᠨ ᠬᠤᠷᠢᠶ᠎ᠠ᠎ᠶ᠋ᠢ ᠬᠤᠰᠢᠭᠤ ᠰᠢᠶᠠᠨ ᠪᠠ ᠰᠤᠮᠤ ᠰᠢᠶᠠᠩ ᠪᠠᠯᠭᠠᠰᠤ ᠳ᠋ᠦ ᠪᠦᠷᠬᠦᠬᠦᠯᠪᠡ᠃ ᠥᠪᠦᠷ ᠮᠣᠩᠭᠤᠯ ᠵᠠᠯᠭᠠᠭ᠎ᠠ᠎ᠪᠠᠷ 7 ᠵᠢᠯ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠠᠬᠢᠭᠤᠯᠵᠤ᠂ ᠨᠡᠶ᠋ᠢᠲᠡ 1073 ᠡᠮ᠎ᠤᠨ ᠵᠦᠢᠯᠡᠰ᠂ 77 ᠲᠥᠷᠦᠯ᠎ᠤᠨ ᠡᠮᠴᠢᠯᠡᠭᠡᠨ᠎ᠳᠤ ᠬᠡᠷᠡᠭᠯᠡᠬᠦ᠌ ᠮᠠᠲᠧᠷᠢᠶᠠᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠡᠷᠡᠭᠵᠢᠭᠦᠯᠵᠦ᠍᠂ ᠣᠯᠠᠨ ᠲᠦᠮᠡᠨ᠎ᠤ ᠡᠮ ᠬᠡᠷᠡᠭᠯᠡᠬᠦ᠌ ᠳᠠᠷᠤᠭᠠᠰᠤ᠎ᠶ᠋ᠢ ᠨᠡᠶ᠋ᠢᠲᠡ 237 ᠳ᠋ᠦᠩᠰᠢᠭᠤᠷ ᠲᠥᠭᠦᠷᠢᠭ ᠬᠥᠩᠭᠡᠷᠡᠭᠦᠯᠪᠡ᠃

ᠤᠯᠠᠭᠠᠨᠬᠠᠳᠠ ᠬᠤᠳᠠ᠎ᠶ᠋ᠢᠨ ᠬᠤᠩᠱᠠᠨ ᠲᠣᠭᠤᠷᠢᠭ᠎ᠤᠨ ᠲᠢᠶᠸ ᠨᠠᠨ ᠵᠡᠭᠡᠯᠢ ᠭᠤᠳᠤᠮᠵᠢ᠎ᠶ᠋ᠢᠨ 《ᠬᠦᠬᠡᠷᠦᠭᠦᠨ ᠪᠦᠪᠡᠢ ᠥᠷᠲᠡᠭᠡ》 ᠳ᠋ᠦ᠂ ᠬᠡᠤᠬᠡᠳ ᠪᠠᠭᠰᠢ ᠬᠠᠮᠲᠤ ᠲᠣᠭᠯᠠᠭᠠᠮ ᠲᠤᠬᠯᠠᠨᠠ᠃
ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ

ᠣᠷᠳᠤᠰ ᠬᠤᠲᠠ᠎ᠶ᠋ᠢᠨ ᠳᠠᠯᠠᠳ ᠬᠤᠰᠢᠭᠤᠨ᠎ᠤ ᠠᠷᠪᠠᠨ ᠭᠤᠷᠪᠠᠳᠤᠭᠠᠷ ᠪᠠᠭ᠎ᠠ ᠰᠤᠷᠭᠠᠭᠤᠯᠢ ᠭᠠᠷ ᠤᠷᠠᠯᠠᠯ᠎ᠤᠨ ᠬᠢᠴᠢᠶᠡᠯ ᠣᠷᠤᠵᠤ᠂ ᠰᠤᠷᠤᠭᠴᠢᠳ ᠨᠠᠩᠭᠢ ᠰᠢᠷᠤᠢ ᠪᠡᠷ ᠣᠨᠴᠠᠯᠢᠭᠲᠤ᠌ ᠢᠳᠡᠭᠡᠨ ᠬᠢᠨ᠎ᠡ᠃
ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ
ᠡᠨᠡ ᠲᠠᠪᠤᠨ ᠵᠢᠯ᠎ᠳᠤ᠂ ᠨᠡᠶ᠋ᠢᠭᠡᠮ᠎ᠤᠨ ᠪᠠᠲᠤᠯᠠᠭ᠎ᠠ᠎ᠶ᠋ᠢᠨ ᠲᠣᠤᠷ ᠶᠠᠪᠤᠬᠤ ᠲᠤᠲᠤᠮ ᠨᠢᠭᠲᠠ ᠪᠣᠯᠵᠤ᠂《ᠦᠳᠡᠭᠦᠰ ᠨᠢᠯᠬᠠᠰ》 ᠰᠡᠳᠬᠢᠯ᠎ᠢ ᠳᠤᠯᠠᠭᠠᠴᠠᠭᠤᠯᠬᠤ ᠬᠠᠷᠠᠭᠠᠯᠵᠠᠯ ᠭᠥᠷᠳᠡᠪᠡ᠃ ᠤᠳᠤᠬᠠᠨ ᠪᠣᠯᠲᠠᠯ᠎ᠠ᠂ ᠥᠪᠦᠷ ᠮᠣᠩᠭᠤᠯ᠎ᠤᠨ ᠨᠠᠰᠤᠲᠠᠨ᠎ᠢ ᠠᠰᠠᠷᠠᠬᠤ ᠪᠠᠢᠭᠤᠯᠤᠮᠵᠢ ᠪᠣᠯᠤᠨ ᠲᠥᠭᠦᠭᠡᠷᠦᠮᠵᠢ 9341᠂ ᠣᠷᠤ 10.5 ᠲᠦᠮᠡ ᠪᠣᠯᠵᠠᠢ᠃ ᠨᠠᠢᠳᠡᠨ ᠬᠦᠮᠦᠵᠢᠭᠦᠯᠬᠦ ᠬᠠᠩᠭᠠᠯᠭ᠎ᠠ᠎ᠶ᠋ᠢ ᠦᠷᠭᠦᠯᠵᠢᠯᠡᠨ ᠥᠷᠭᠡᠳᠬᠡᠵᠦ᠍᠂ ᠮᠢᠩᠭᠠᠨ ᠬᠥᠮᠦᠨ ᠪᠦᠷᠢ ᠵᠢᠨ 3 ᠨᠠᠰᠤᠨ᠎ᠠᠴᠠ ᠳᠣᠷᠤᠭᠰᠢᠬᠢ ᠨᠢᠯᠬ᠎ᠠ ᠬᠡᠦᠬᠡᠳ᠎ᠤᠨ ᠨᠠᠶ᠋ᠢᠳᠠᠯᠭ᠎ᠠ᠎ᠶ᠋ᠢᠨ ᠲᠤᠭ᠎ᠠ᠎ᠶ᠋ᠢ 4.6 ᠪᠣᠯᠭᠠᠨ ᠳᠡᠭᠡᠭᠰᠢᠯᠡᠭᠦᠯᠪᠡ᠃ ᠦᠨᠳᠦᠰᠦᠨ ᠨᠠᠰᠤᠵᠢᠯ᠎ᠤᠨ ᠠᠰᠠᠷᠠᠮᠵᠢ᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠤᠯᠴᠠᠭᠰᠠᠨ ᠨᠣᠷᠮ᠎ᠠ᠎ᠶ᠋ᠢ 95%᠎ᠠᠴᠠ ᠳᠡᠭᠡᠭᠰᠢ᠎ᠳᠤ ᠲᠣᠭᠲᠠᠪᠤᠷᠢᠵᠢᠭᠤᠯᠵᠤ᠂ ᠬᠤᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠲᠣᠰ ᠲᠣᠰ ᠰᠠᠷ᠎ᠠ ᠪᠦᠷᠢ 815 ᠲᠥᠭᠦᠷᠢᠭ ᠪᠠ 615 ᠲᠥᠭᠦᠷᠢᠭ ᠪᠣᠯᠭᠠᠨ ᠳᠡᠭᠡᠭᠰᠢᠯᠡᠭᠦᠯᠵᠦ᠍᠂ ᠬᠦᠴᠢᠷᠳᠡᠯᠲᠡᠢ ᠣᠯᠠᠨ ᠲᠦᠮᠡᠨ᠂ ᠵᠡᠮᠳᠡᠭᠴᠦᠳ᠂ ᠥᠨᠦᠴᠢᠨ ᠬᠡᠦᠬᠡᠳ ᠵᠡᠷᠭᠡ ᠬᠥᠮᠦᠰ᠎ᠢ ᠠᠪᠤᠷᠠᠨ ᠲᠤᠰᠠᠯᠠᠬᠤ ᠪᠠᠲᠤᠯᠠᠭ᠎ᠠ᠎ᠶ᠋ᠢ ᠲᠣᠭᠲᠠᠭᠤᠨ᠎ᠢᠶᠠᠷ ᠳᠡᠭᠡᠭᠰᠢᠯᠡᠭᠦᠯᠵᠦ᠍᠂ ᠪᠠᠲᠤᠯᠠᠬᠤ ᠶᠣᠰᠤᠲᠠᠢᠶ᠋ᠢᠨᠢ ᠪᠦᠬᠦᠨ᠎ᠢ ᠪᠠᠲᠤᠯᠠᠵᠤ᠂ ᠠᠪᠤᠷᠠᠬᠤ ᠶᠣᠰᠤᠲᠠᠢᠶ᠋ᠢᠨᠢ ᠪᠦᠬᠦᠨ᠎ᠢ ᠠᠪᠤᠷᠠᠬᠤ᠎ᠶ᠋ᠢ ᠪᠡᠶᠡᠯᠡᠭᠦᠯᠪᠡ᠃

ᠬᠢᠩᠭᠠᠨ ᠠᠶ᠋ᠢᠮᠠᠭ᠎ᠤᠨ ᠤᠯᠠᠭᠠᠨᠬᠤᠲᠠ᠎ᠶ᠋ᠢᠨ ᠱᠧᠩ ᠯᠢ ᠵᠡᠭᠡᠯᠢ ᠭᠤᠳᠤᠮᠵᠢ᠎ᠶ᠋ᠢᠨ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠥᠷᠲᠡᠭᠡ᠎ᠳᠤ᠂ ᠠᠵᠢᠯᠲᠠᠳ ᠡᠴᠡ ᠰᠠᠭᠤᠭᠠᠯᠢ ᠠᠷᠠᠳ᠎ᠤᠨ ᠠᠵᠢᠯ ᠡᠷᠢᠬᠦ᠌ ᠮᠡᠳᠡᠭᠡ ᠵᠠᠩᠭᠢ᠎ᠶ᠋ᠢ ᠳᠠᠩᠰᠠᠯᠠᠨ᠎ᠠ᠃
ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ

ᠪᠤᠭᠤᠲᠤ᠌ ᠬᠤᠳᠠ᠎ᠶ᠋ᠢᠨ ᠴᠢᠩᠱᠠᠨ ᠲᠣᠭᠤᠷᠢᠭ᠎ᠤᠨ ᠴᠢᠩᠱᠠᠨ ᠠᠰᠠᠷᠠᠮᠵᠢ ᠵᠢᠨ ᠬᠦᠷᠢᠶᠡᠯᠡᠩ᠎ᠳᠤ᠂ ᠠᠵᠢᠯᠲᠠᠳ ᠬᠥᠳᠡᠯᠵᠦ᠍ ᠪᠠᠷᠢᠬᠤ᠎ᠳᠤ ᠳᠥᠭᠦᠮ᠎ᠦᠭᠡᠢ ᠨᠠᠰᠤᠲᠠᠢᠴᠤᠳ ᠲᠤ᠌ ᠪᠠᠷ᠎ᠠ ᠪᠤᠯᠤᠨ᠎ᠠ᠃
ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ
ᠡᠨᠡ ᠲᠠᠪᠤᠨ ᠵᠢᠯ᠎ᠳᠤ᠂ ᠬᠥᠮᠦᠰ᠎ᠤᠨ ᠣᠷᠤᠰᠢᠨ ᠰᠠᠭᠤᠷᠢᠰᠢᠬᠤ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠵᠤ᠂ ᠬᠤᠳᠠ ᠬᠥᠳᠡᠭᠡ᠎ᠶ᠋ᠢᠨ ᠭᠡᠷ ᠣᠷᠤᠨ ᠨᠡᠩ ᠣᠷᠤᠰᠢᠨ ᠰᠠᠭᠤᠷᠢᠰᠢᠬᠤ᠎ᠳᠤ ᠲᠠᠭᠠᠯᠠᠮᠵᠢᠲᠠᠢ ᠪᠣᠯᠵᠠᠢ᠃《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠦ᠌ ᠣᠷᠤᠨ᠎ᠳᠤ ᠬᠤᠲᠠ ᠪᠠᠯᠭᠠᠰᠤᠨ᠎ᠤ 7323 ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠵᠦ᠍᠂ ᠬᠤᠭᠤᠯᠠᠢ ᠲᠣᠣᠷ᠎ᠢ ᠵᠡᠷᠭᠡ ᠪᠡᠷ ᠰᠢᠨᠡᠳᠬᠡᠵᠦ᠍᠂ ᠴᠠᠬᠢᠯᠭᠠᠨ ᠱᠠᠲᠤ ᠨᠡᠮᠡᠵᠦ᠍ ᠤᠭᠰᠠᠷᠠᠨ᠂ ᠴᠠᠬᠢᠯᠭᠠᠨ ᠴᠡᠨᠡᠭᠯᠡᠬᠦ᠌ ᠪᠠᠭᠠᠨ᠎ᠠ ᠨᠡᠮᠡᠵᠦ᠍ ᠪᠠᠶ᠋ᠢᠭᠤᠯᠪᠠ; ᠪᠠᠲᠤᠯᠠᠭ᠎ᠠ᠎ᠶ᠋ᠢᠨ ᠴᠢᠨᠠᠷᠲᠠᠢ ᠣᠷᠤᠨ ᠰᠠᠭᠤᠴᠠ᠂ ᠲᠦᠷᠢᠶᠡᠰᠦᠨ ᠨᠥᠬᠦᠪᠦᠷᠢ᠎ᠶ᠋ᠢ ᠦᠷᠭᠦᠯᠵᠢᠯᠡᠨ ᠲᠠᠯᠪᠢᠵᠤ᠂ ᠰᠢᠨ᠎ᠡ ᠬᠤᠳᠠ᠎ᠶ᠋ᠢᠨ ᠠᠷᠠᠳ᠂ ᠵᠠᠯᠠᠭᠤᠴᠤᠳ᠎ᠤᠨ ᠣᠷᠤᠰᠢᠨ ᠰᠠᠭᠤᠬᠤ᠎ᠳᠤ ᠰᠠᠭᠤᠷᠢ ᠲᠠᠯᠪᠢᠵᠤ ᠥᠭᠪᠡ᠃ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠤᠨ᠎ᠳᠤ ᠨᠡᠶ᠋ᠢᠲᠡ 《ᠰᠡᠳᠬᠢᠯ᠎ᠢ ᠳᠤᠯᠠᠭᠠᠴᠠᠭᠤᠯᠬᠤ ᠨᠡᠭᠦᠷᠡᠰᠦ》 ᠶ᠋ᠢ 1 ᠳ᠋ᠦᠩᠰᠢᠭᠤᠷ ᠲᠣᠨ ᠬᠠᠩᠭᠠᠵᠤ᠂ 78 ᠲᠦᠮᠡᠨ ᠡᠷᠦᠭᠡ ᠵᠢᠨ ᠨᠡᠭᠦᠷᠡᠰᠦ᠎ᠶ᠋ᠢ ᠴᠠᠬᠢᠯᠭᠠᠨ ᠪᠣᠯᠭᠠᠨ ᠥᠭᠡᠷᠡᠴᠢᠯᠡᠵᠦ᠍᠂ ᠵᠠᠮ᠂ ᠤᠤᠭᠤᠬᠤ ᠤᠰᠤ᠂ ᠴᠠᠬᠢᠯᠭᠠᠨ ᠲᠣᠣᠷ᠎ᠤᠨ ᠲᠠᠰ ᠳᠡᠪᠰᠢᠬᠦ᠌ ᠵᠡᠷᠭᠡ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠢ ᠲᠡᠭᠦᠯᠳᠡᠷᠵᠢᠵᠦ᠍᠂ ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠭᠤᠨ᠂ ᠣᠷᠤᠰᠢᠨ ᠰᠠᠭᠤᠷᠢᠰᠢᠬᠤ᠎ᠳᠤ ᠲᠣᠬᠢᠷᠠᠮᠵᠢᠲᠠᠢ ᠭᠠᠴᠠᠭ᠎ᠠ ᠵᠢ ᠲᠦᠷᠭᠡᠳᠭᠡᠨ ᠪᠥᠲᠦᠭᠡᠨ ᠪᠠᠶ᠋ᠢᠭᠤᠯᠵᠤ᠂ ᠰᠣᠶᠤᠯ᠎ᠢᠶᠠᠷ ᠠᠷᠠᠳ᠎ᠲᠤ᠌ ᠠᠰᠢᠭ ᠬᠦᠷᠲᠡᠭᠡᠬᠦ᠌ ᠠᠵᠢᠯᠯᠠᠭ᠎ᠠ᠎ᠶ᠋ᠢ ᠪᠠᠶ᠋ᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠶᠤᠨ ᠰᠠᠨᠠᠭ᠎ᠠ ᠰᠣᠶᠤᠯ᠎ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠪᠠ᠃

ᠬᠥᠬᠡᠬᠤᠲᠠ᠎ᠶ᠋ᠢᠨ ᠡᠯ ᠷᠸᠨ ᠲᠠᠢ ᠤᠷᠠᠨ ᠰᠠᠶ᠋ᠢᠬᠠᠨ᠎ᠤ ᠰᠤᠳᠤᠯᠭᠠᠨ᠎ᠤ ᠬᠦᠷᠢᠶᠡᠯᠡᠩ᠎ᠤᠨ ᠲᠣᠭᠯᠠᠭᠴᠢᠳ ᠲᠣᠭᠯᠠᠯᠲᠠ ᠭᠠᠷᠭᠠᠵᠤ᠂ ᠣᠯᠠᠨ ᠲᠦᠮᠡᠨ᠎ᠤ ᠣᠶᠤᠨ ᠰᠣᠶᠤᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ᠃
ᠰᠤᠷᠪᠤᠯᠵᠢᠯᠠᠭᠴᠢ ᠸᠠᠩ ᠯᠸᠢ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃