ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-26 17:54:35

ᠵᠣᠬᠢᠶᠠᠭ᠍ᠴᠢ᠄ ᠼᠠᠢ ᠬᠤᠡᠭ ᠠᠯᠤᠰ ᠣᠩᠱᠢᠭ᠍ᠰᠠᠨ ᠣᠳᠠᠭ᠎ᠠ᠄ 3

11 ᠰᠠᠷ᠎ᠠ ᠶ᠋ᠢᠨ 25 ᠤ᠋ ᠡᠳᠦᠷ᠂ ᠦᠪᠡᠷᠲᠡᠭᠡᠨ ᠵᠠᠰᠠᠬᠤ ᠤᠷᠤᠨ ᠤ᠋ ᠠᠷᠪᠠᠨ ᠬᠤᠶᠠᠳᠤᠭᠠᠷ ᠤᠳᠠᠭ᠎ᠠ ᠶ᠋ᠢᠨ ᠨᠠᠮ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠳ᠋ᠦ ᠤᠷᠤᠯᠴᠠᠬᠤ ᠡᠯ᠎ᠡ ᠠᠢᠮᠠᠭ ᠬᠤᠳᠠ ᠶ᠋ᠢᠨ ᠨᠠᠮ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠲᠦᠯᠦᠬᠡᠯᠡᠭᠴᠢᠳ ᠦᠷᠭᠡᠨ ᠤᠯᠠᠨ ᠨᠠᠮ ᠤ᠋ᠨ ᠭᠡᠰᠢᠭᠦᠨ ᠪᠤᠯᠤᠨ ᠦᠨᠳᠦᠰᠦᠲᠡᠨ ᠨᠤᠬᠦᠳ ᠤ᠋ᠨ ᠠᠷᠠᠳ ᠲᠦᠮᠡᠨ ᠤ᠋ ᠬᠦᠰᠡᠯ ᠨᠠᠢᠳᠠᠯᠭ᠎ᠠ ᠵᠢ ᠡᠪᠦᠷᠯᠡᠨ ᠬᠦᠬᠡᠬᠤᠳᠠ ᠳ᠋ᠦ ᠵᠠᠯᠭᠠᠭ᠎ᠠ ᠪᠡᠷ ᠬᠦᠷᠦᠯᠴᠡᠨ ᠢᠷᠡᠵᠦ᠂ ᠶᠠᠬᠡ ᠬᠤᠷᠠᠯ ᠳ᠋ᠦ ᠤᠷᠤᠯᠴᠠᠬᠤ ᠪᠡᠷ ᠪᠡᠯᠡᠭᠡᠨ ᠪᠤᠯᠪᠠ᠃



《ᠦᠪᠡᠷᠲᠡᠭᠡᠨ ᠵᠠᠰᠠᠬᠤ ᠤᠷᠤᠨ ᠤ᠋ ᠠᠷᠪᠠᠨ ᠬᠤᠶᠠᠳᠤᠭᠠᠷ ᠤᠳᠠᠭ᠎ᠠ ᠶ᠋ᠢᠨ ᠨᠠᠮ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠳ᠋ᠦ ᠤᠷᠤᠯᠴᠠᠬᠤ ᠪᠤᠯᠤᠭᠰᠠᠨ ᠳ᠋ᠠᠭᠠᠨ ᠮᠠᠰᠢ ᠤᠮᠤᠭᠰᠢᠵᠤ᠂ ᠡᠭᠦᠷᠭᠡ ᠬᠠᠷᠢᠭᠤᠴᠠᠯᠭ᠎ᠠ ᠬᠦᠨᠳᠦ ᠮᠦᠷᠲᠡᠭᠡᠨ ᠦᠡᠭᠭᠡ ᠭᠡᠷᠡᠯᠲᠡᠢ ᠰᠠᠨᠠᠭᠳᠠᠵᠤ ᠪᠠᠢᠨ᠎ᠠ᠃ ᠪᠢ ᠡᠨᠡ ᠤᠳᠠᠭ᠎ᠠ ᠵᠢᠨ ᠠᠵᠠ ᠳᠤᠬᠢᠶᠠᠯ ᠢ᠋ ᠰᠠᠢᠳᠤᠷ ᠨᠠᠨᠳᠢᠡᠭᠨᠠᠵᠤ᠂ ᠶᠡᠬᠡ ᠬᠤᠷᠠᠯ ᠤ᠋ᠨ ᠢᠯᠡᠳᠬᠡᠯ ᠢ᠋ ᠨᠠᠷᠢᠨ ᠬᠢᠨᠠᠮᠠᠭᠠᠢ ᠰᠤᠨᠤᠰᠤᠨ᠂ ᠶᠡᠬᠡ ᠬᠤᠷᠠᠯ ᠤ᠋ᠨ ᠵᠤᠷᠢᠭ ᠰᠠᠨᠠᠭ᠎ᠠ ᠵᠢ ᠤᠨᠤᠴᠠᠲᠠᠢ ᠡᠵᠡᠮᠳᠡᠵᠦ᠂ ᠨᠠᠮ ᠤ᠋ᠨ ᠲᠦᠯᠦᠬᠡᠯᠡᠭᠴᠢ ᠶ᠋ᠢᠨ ᠲᠤᠰᠢᠶᠠᠯ ᠬᠠᠷᠢᠭᠤᠴᠠᠯᠭ᠎ᠠ ᠪᠠᠨ ᠰᠠᠢᠳᠤᠷ ᠭᠦᠢᠴᠡᠳᠭᠡᠨ᠎ᠡ》 ᠭᠡᠵᠦ ᠲᠦᠯᠦᠭᠡᠯᠡᠭᠴᠢ ᠼᠦᠢ ᠺᠸ ᠭᠠᠡᠭ ᠬᠡᠯᠡᠵᠦ ᠪᠠᠢᠯ᠎ᠠ᠃



《ᠪᠦᠬᠦ ᠬᠤᠰᠢᠭᠤᠨ ᠤ᠋ ᠺᠠᠳ᠋ᠷ ᠣᠯᠠᠨ ᠲᠦᠮᠡᠨ ᠤ᠋ ᠢᠳᠡᠭᠡᠯ ᠨᠠᠢᠳᠠᠯᠭ᠎ᠠ ᠪᠠ ᠬᠦᠰᠡᠯ ᠡᠷᠡᠮᠡᠯᠵᠡᠯ ᠢ᠋ ᠠᠪᠴᠤ ᠦᠪᠡᠷᠲᠡᠭᠡᠨ ᠵᠠᠰᠠᠬᠤ ᠤᠷᠤᠨ ᠤ᠋ ᠠᠷᠪᠠᠨ ᠬᠤᠶᠠᠳᠤᠭᠠᠷ ᠤᠳᠠᠭ᠎ᠠ ᠶ᠋ᠢᠨ ᠨᠠᠮ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠳ᠋ᠦ ᠤᠷᠤᠯᠴᠠᠬᠤ ᠪᠤᠯᠤᠭᠰᠠᠨ ᠳ᠋ᠠᠭᠠᠨ ᠮᠠᠰᠢ ᠰᠡᠳᠬᠢᠯ ᠲᠤᠭᠳᠤᠯᠵᠤ ᠪᠠᠢᠨ᠎ᠠ᠃ ᠮᠢᠨᠦ ᠠᠡᠭᠬᠠᠷᠴᠤ ᠪᠠᠢᠭ᠎ᠠ ᠨᠢ ᠰᠢᠶᠠᠨ ᠤ᠋ ᠬᠡᠪᠴᠢᠶᠡᠨ ᠤ᠋ ᠠᠵᠤ ᠠᠬᠤᠢ ᠶ᠋ᠢᠨ ᠴᠢᠨᠠᠷ ᠰᠠᠢᠲᠠᠢ ᠬᠦᠭᠵᠢᠯᠲᠡ᠂ ᠠᠮᠢ ᠠᠬᠤᠢ ᠶ᠋ᠢᠨ ᠬᠠᠮᠠᠭᠠᠯᠠᠯᠲᠠ ᠬᠢᠭᠡᠳ ᠠᠵᠤ ᠦᠢᠯᠡᠰ ᠤ᠋ᠨ ᠬᠠᠮᠵᠢᠯᠴᠠᠭ᠎ᠠ᠂ ᠮᠠᠯ ᠠᠵᠤ ᠠᠬᠤᠢ ᠲᠠᠷᠢᠶᠠᠯᠠᠡᠭ ᠤ᠋ᠨ ᠲᠦᠷᠦᠯ ᠲᠡᠮᠲᠡᠭ ᠤ᠋ᠨ ᠦᠷᠳᠡᠭ ᠤ᠋ᠨ ᠨᠡᠮᠡᠭᠳᠡᠯ ᠪᠤᠯᠤᠨ ᠠᠷᠠᠳ ᠤ᠋ᠨ ᠠᠮᠢᠳᠤᠷᠠᠯ ᠤ᠋ᠨ ᠪᠠᠳᠤᠯᠠᠭ᠎ᠠ ᠵᠡᠷᠭᠡ ᠲᠠᠯ᠎ᠠ ᠶ᠋ᠢᠨ ᠠᠭᠤᠯᠭ᠎ᠠ ᠪᠤᠯᠤᠨ᠎ᠠ》 ᠭᠡᠵᠦ ᠲᠦᠯᠦᠭᠡᠯᠡᠭᠴᠢ ᠰᠦᠨ ᠭᠤᠸᠠᠡᠭ ᠲᠦᠡᠭ ᠬᠡᠯᠡᠨ᠎ᠡ᠃



ᠦᠪᠡᠷᠲᠡᠭᠡᠨ ᠵᠠᠰᠠᠬᠤ ᠤᠷᠤᠨ ᠤ᠋ ᠠᠷᠪᠠᠨ ᠬᠤᠶᠠᠳᠤᠭᠠᠷ ᠤᠳᠠᠭ᠎ᠠ ᠶ᠋ᠢᠨ ᠨᠠᠮ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠳ᠋ᠦ ᠤᠷᠤᠯᠴᠠᠬᠤ ᠲᠦᠯᠦᠭᠡᠯᠡᠭᠴᠢᠳ ᠳᠡᠭᠡᠳᠦ ᠬᠡᠮᠵᠢᠶᠡᠨ ᠤ᠋ ᠬᠠᠷᠢᠭᠤᠴᠠᠯᠭᠠᠳᠤ ᠡᠤᠪᠤᠷ ᠪᠠ ᠤᠷᠭᠢᠯᠤᠮ᠎ᠠ ᠬᠠᠯᠠᠭᠤᠨ ᠰᠡᠳᠬᠢᠯᠭᠡ ᠪᠡᠷ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠦᠪᠡᠷᠲᠡᠭᠡᠨ ᠵᠠᠰᠠᠬᠤ ᠤᠷᠤᠨ ᠤ᠋ ᠠᠵᠤ ᠠᠬᠤᠢ ᠨᠡᠢᠭᠡᠮ ᠤ᠋ᠨ ᠬᠦᠭᠵᠢᠯᠲᠡ ᠳ᠋ᠦ ᠠᠷᠭ᠎ᠠ ᠤᠬᠠᠭᠠᠨ ᠰᠦᠪᠡᠭᠴᠢᠯᠡᠵᠦ᠂ ᠦᠪᠦᠷ ᠮᠤᠡᠭᠭᠤᠯ ᠤ᠋ᠨ ᠰᠠᠢᠨ ᠰᠠᠢᠬᠠᠨ ᠠᠯᠤᠰ ᠤ᠋ᠨ ᠲᠦᠰᠦᠪ ᠢ᠋ ᠬᠠᠮᠳᠤ ᠪᠡᠷ ᠵᠢᠷᠤᠭᠯᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面