ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-27 10:34:45

ᠵᠣᠬᠢᠶᠠᠭ᠍ᠴᠢ᠄ ᠪᠦᠸᠸ ᠵᠢᠨ ᠹᠸᠩ ᠣᠩᠱᠢᠭ᠍ᠰᠠᠨ ᠣᠳᠠᠭ᠎ᠠ᠄ 3

ᠴᠢᠳᠠᠪᠤᠷᠢᠳᠠᠨ᠎ᠢᠶᠡᠷ ᠬᠦᠴᠢᠷ ᠠᠰᠠᠭᠤᠳᠠᠯ᠎ᠢ ᠰᠢᠢᠳᠪᠦᠷᠢᠯᠡᠵᠦ ᠮᠢᠺᠷᠦᠮᠸᠲ᠋ᠷ᠎ᠢᠶᠡᠷ ᠦᠨ᠎ᠡ  ᠦᠷᠳᠡᠭ᠎ᠢ  ᠢᠯᠡᠷᠡᠬᠦᠯᠦᠨ᠎ᠡ


10 ᠰᠠᠷ᠎ᠠ ᠪᠣᠯ ᠶᠡᠷᠤ ᠨᠢ ᠨᠠᠮᠤᠷ ᠤ᠋ᠨ ᠤᠯᠠᠷᠢᠯ ᠤ᠋ᠨ ᠠᠮᠢᠲᠠᠨ ᠤ᠋ ᠬᠢᠵᠢᠭ ᠢ᠋ ᠰᠡᠷᠭᠡᠶ᠋ᠢᠯᠡᠬᠦ᠌ ᠵᠠᠩᠭᠢᠯᠠᠭ᠎ᠠ ᠢ᠋ᠢᠨ ᠬᠤᠭᠤᠴᠠᠭ᠎ᠠ ᠪᠣᠯᠤᠨ᠎ᠠ᠃ 10 ᠰᠠᠷ᠎ᠠ ᠢ᠋ᠢᠨ 9 ᠤ᠋ ᠡᠳᠦᠷ  ᠥᠪᠥᠷ ᠮᠣᠩᠭᠣᠯ ᠤ᠋ᠨ ᠵᠥᠩ ᠺᠸ ᠵᠧᠩ ᠪᠢᠶᠤᠤ ᠠᠮᠢᠳᠤ ᠪᠣᠳᠠᠰ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠢ᠋ᠢᠨ ᠬᠤᠶᠠᠷ ᠪᠤᠭᠳᠠ ᠢ᠋ᠢᠨ ᠨᠤᠤᠯᠤᠭᠤᠷ ᠤ᠋ᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ᠌  ᠲᠠᠯᠠᠪᠠᠶ ᠳ᠋ᠤ ᠪᠣᠷᠣᠲᠣᠬᠣᠶ ᠳᠡᠭᠡᠳᠦ ᠰᠤᠷᠭᠠᠭᠤᠯᠢ ᠢ᠋ᠢᠨ ᠲᠠᠷᠢᠶᠠᠯᠠᠩ ᠮᠠᠯ ᠠᠵᠤ ᠠᠬᠤᠶ ᠬᠢᠭᠡᠳ ᠢᠳᠡᠭᠡᠨ ᠤ᠋ ᠳᠡᠭᠡᠳᠦ ᠰᠤᠷᠭᠠᠭᠤᠯᠢ ᠢ᠋ᠢᠨ ᠪᠠᠭᠰᠢ ᠯᠢᠦ ᠱᠤ᠌ ᠯᠢᠨ ᠰᠣᠷᠣᠭᠴᠢ ᠪᠠᠨ ᠳᠠᠭᠠᠭᠤᠯᠤᠨ ᠢᠰᠢᠭᠡᠨ ᠳ᠋ᠤ ᠰᠢᠯᠦᠬᠡᠶ  ᠡᠪᠡᠳᠴᠢᠨ ᠤ᠋ ᠸᠠᠺᠼᠢᠨ ᠳᠠᠷᠢᠵᠤ᠂ ᠬᠢᠵᠢᠭ  ᠡᠪᠡᠳᠴᠢᠨ ᠤ᠋  ᠡᠬᠡ  ᠲᠠᠩᠰᠠ ᠵᠢ  ᠪᠠᠶ᠋ᠢᠭᠤᠯᠤᠨ᠎ᠠ᠃

ᠪᠠᠶᠠᠨᠨᠠᠭᠤᠷ ᠬᠣᠲᠠ ᠢ᠋ᠢᠨ ᠲᠦᠷᠦᠭᠦᠦ ᠪᠦᠯᠦᠭ ᠤ᠋ᠨ 《ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠡᠳ᠋ ᠶᠡᠷᠦᠩᠬᠡᠶ ᠳᠠᠭᠠᠭᠠᠮᠠᠯ》 ᠪᠣᠯᠤᠭᠰᠠᠨ ᠤ᠋  ᠬᠤᠪᠢ  ᠳ᠋ᠤ ᠯᠢᠦ  ᠱᠤ᠌  ᠯᠢᠨ ᠤ᠋ ᠪᠦᠯᠬᠦᠮ ᠤ᠋ᠨ ᠬᠢᠨ ᠠᠵᠤ ᠠᠬᠤᠶ᠋ᠢᠯᠠᠯ ᠳ᠋ᠤ ᠣᠷᠣᠵᠤ ᠰᠠᠭᠤᠭᠰᠠᠨ ᠤ᠋ ᠳᠠᠷᠠᠭ᠎ᠠ ᠡᠷᠡᠭᠦᠯ ᠢ᠋ᠢᠡᠷ ᠲᠡᠵᠢᠭᠡᠨ ᠦᠷᠡᠵᠢᠭᠦᠯᠬᠦ᠌ ᠡᠴᠡ ᠠᠪᠤᠭᠠᠳ ᠡᠭᠦᠯᠳᠡᠷ ᠪᠣᠶ᠋ᠢᠵᠢᠭᠤᠯᠬᠤ ᠬᠦᠷᠲᠡᠯᠡᠬᠢ ᠦᠷᠡᠵᠢᠯ ᠤ᠋ᠨ ᠪᠥᠬᠥ᠌ ᠬᠡᠯᠬᠢᠶ᠎ᠡ ᠳ᠋ᠤ ᠠᠡᠭᠬᠠᠷᠤᠯ ᠢ᠋ᠢᠡᠨ ᠲᠦᠪᠯᠡᠷᠡᠭᠦᠯᠦᠨ ᠬᠦᠴᠦᠯᠡᠵᠤ᠂ ᠠᠵᠤ ᠠᠬᠤᠶ᠋ᠢᠯᠠᠯ ᠢ᠋ ᠣᠷᠳᠣ ᠬᠤᠭᠤᠴᠠᠭ᠎ᠠ ᠪᠡᠷ ᠭᠠᠴᠢᠭᠳᠠᠭᠤᠯᠵᠤ ᠪᠠᠢᠭᠰᠠᠨ ᠡᠭᠦᠯᠳᠡᠷ ᠪᠤᠢᠵᠢᠭᠤᠯᠬᠤ ᠦᠶᠡᠯᠡᠯ ᠤ᠋ᠨ ᠬᠤᠭᠤᠴᠠᠭ᠎ᠠ ᠣᠷᠳᠣ᠂ ᠭᠤᠤᠯ ᠡᠭᠦᠯᠳᠡᠷ ᠤ᠋ᠨ ᠰᠦᠷᠦᠭ ᠤ᠋ᠨ ᠲᠠᠩᠰᠠ ᠡᠪᠬᠡᠮᠡᠯ ᠳᠤᠲᠠᠭᠳᠠᠭᠰᠠᠨ ᠵᠡᠷᠭᠡ ᠡᠪᠡᠷᠰᠢᠶᠡᠯ ᠤ᠋ᠨ ᠠᠰᠠᠭᠤᠳᠠᠯ ᠢ᠋ ᠣᠨᠣᠴᠠᠲᠠᠶ ᠰᠢᠢᠳᠪᠦᠷᠢᠯᠡᠪᠠ᠃ 《ᠶᠠᠭᠠᠬᠢᠭᠰᠠᠨ ᠴᠤ᠌ 〈ᠨᠠᠷ᠎ᠠ ᠢ᠋ᠢᠨ ᠲᠡᠳᠦᠢ ᠳᠡᠳ᠋ ᠶᠡᠷᠦᠩᠬᠡᠶ ᠳᠠᠭᠠᠭᠠᠮᠠᠯ〉 ᠪᠣᠯᠵᠤ ᠪᠤᠯᠬᠤ ᠥᠬᠡᠶ᠂ ᠠᠵᠤ ᠠᠬᠤᠶ᠋ᠢᠯᠠᠯ ᠤ᠋ᠨ ᠨᠢᠭᠡᠳᠦᠭᠡᠷ ᠹᠷᠣᠨᠲ ᠲᠤ᠌ ᠭᠦᠨᠵᠡᠭᠡᠶ᠋ᠢᠷᠡᠨ ᠪᠣᠳᠠᠲᠠᠶ ᠠᠰᠠᠭᠤᠳᠠᠯ ᠢ᠋ ᠰᠢᠢᠳᠪᠦᠷᠢᠯᠡᠬᠦ ᠬᠡᠷᠡᠭᠲᠡᠶ》 ᠭᠡᠵᠦ᠍ ᠯᠢᠦ ᠱᠤ᠌ ᠯᠢᠨ ᠬᠡᠯᠡᠨ᠎ᠠ᠃

ᠪᠠᠶᠠᠨᠨᠠᠭᠤᠷ ᠬᠣᠲᠠ ᠢ᠋ᠢᠨ ᠨᠤᠤᠯᠤᠭᠤᠷ ᠤ᠋ᠨ ᠢᠮᠠᠭᠠᠨ ᠤ᠋ ᠡᠭᠦᠯᠳᠡᠷ ᠤ᠋ᠨ  ᠡᠬᠢ  ᠪᠠᠶᠠᠯᠢᠭ ᠢ᠋ ᠬᠠᠮᠠᠭᠠᠯᠠᠬᠤ ᠳᠡᠭᠡᠳᠦ ᠰᠢᠨ᠎ᠡ ᠮᠡᠷᠭᠡᠵᠢᠯ ᠤ᠋ᠨ ᠠᠵᠤ ᠠᠬᠤᠶ᠋ᠢᠯᠠᠯ ᠪᠣᠯᠤᠭᠰᠠᠨ ᠤ᠋ ᠬᠤᠪᠢ ᠳ᠋ᠤ᠂ ᠵᠥᠩ ᠺᠸ ᠵᠧᠩ ᠪᠢᠶᠤᠤ ᠬᠢᠵᠠᠭᠠᠷᠳᠤ ᠺᠣᠮᠫᠠᠨᠢ ᠵᠢᠨ ᠬᠢᠨ 2016 ᠣᠨ ᠳ᠋ᠤ ᠪᠥᠬᠥ᠌ ᠳᠡᠯᠡᠬᠡᠶ ᠢ᠋ᠢᠨ ᠠᠩᠬᠠᠳᠠᠭᠴᠢ ᠬᠡᠲᠦ᠍ ᠨᠠᠷᠢᠨ ᠨᠤᠤᠯᠤᠭᠤᠷᠲᠤ ᠺᠸᠯᠤᠨ ᠨᠤᠤᠯᠤᠭᠤᠷ ᠤ᠋ᠨ ᠴᠠᠭᠠᠨ ᠢᠮᠠᠭ᠎ᠠ ᠢ᠋ᠢ ᠠᠮᠵᠢᠯᠲᠠ ᠲᠠᠶ ᠪᠣᠶ᠋ᠢᠵᠢᠭᠤᠯᠵᠤ᠂ ᠨᠤᠤᠯᠤᠭᠤᠷ ᠤ᠋ᠨ ᠨᠠᠷᠢᠴᠠ ᠢ᠋ᠢᠨ ᠬᠡᠮᠵᠢᠶ᠎ᠡ ᠢ᠋ᠢ 13.89 ᠮᠢᠺᠷᠤᠮᠸᠲ᠋ᠷ ᠪᠤᠯᠭᠠᠨ ᠨᠠᠷᠢᠰᠬᠠᠵᠤ᠂ ᠡᠭᠦᠯᠳᠡᠷ ᠤ᠋ᠨ ᠡᠬᠢ ᠪᠠᠶᠠᠯᠢᠭ ᠢ᠋ ᠰᠤᠳᠤᠯᠤᠨ ᠨᠡᠭᠡᠭᠡᠬᠦ᠌ ᠬᠦᠷᠢᠶᠡᠨ ᠳ᠋ᠤ ᠪᠠᠶᠠᠯᠢᠭ ᠲᠤᠷᠰᠢᠯᠭ᠎ᠠ ᠬᠤᠷᠠᠮᠳᠤᠭᠤᠯᠪᠠ᠃ ᠭᠡᠪᠡᠴᠦ᠍ ᠡᠭᠦᠨ ᠡᠴᠡ ᠡᠮᠦᠨ᠎ᠡ ᠠᠵᠤ ᠠᠬᠤᠶ᠋ᠢᠯᠠᠯ ᠤ᠋ᠨ ᠬᠢᠨ ᠪᠡᠶ᠎ᠡ ᠪᠡᠨ ᠳᠠᠭᠠᠭᠠᠨ ᠡᠭᠦᠯᠳᠡᠷ ᠪᠣᠶ᠋ᠢᠵᠢᠭᠤᠯᠬᠤ ᠠᠵᠢᠯ ᠢ᠋ ᠥᠷᠨᠢᠭᠦᠯᠬᠦ᠌ ᠦᠶ᠎ᠠ ᠳ᠋ᠤ ᠡᠷᠳᠡᠮ ᠰᠢᠨᠵᠢᠯᠡᠭᠡᠨ ᠤ᠋ ᠰᠤᠳᠤᠯᠭᠠᠨ ᠤ᠋ ᠰᠠᠭᠤᠷᠢ ᠨᠢ ᠪᠠᠭᠤᠷᠠᠶ ᠪᠤᠯᠬᠤᠷ ᠰᠢᠯᠢᠳᠡᠭ ᠡᠭᠦᠯᠳᠡᠷ ᠢ᠋ ᠰᠣᠩᠭᠣᠨ ᠪᠣᠶ᠋ᠢᠵᠢᠭᠤᠯᠬᠤ ᠦᠶᠡᠯᠡᠯ ᠤ᠋ᠨ ᠬᠤᠭᠤᠴᠠᠭ᠎ᠠ ᠨᠢ 5 — 10 ᠵᠢᠯ ᠬᠦᠷᠴᠦ ᠪᠠᠢᠭᠰᠠᠨ ᠪᠥᠭᠡᠳ ᠭᠤᠤᠯ ᠡᠭᠦᠯᠳᠡᠷ ᠤ᠋ᠨ ᠰᠦᠷᠦᠭ ᠤ᠋ᠨ ᠰᠢᠰᠲ᠋ᠧᠮ ᠤ᠋ᠨ ᠲᠠᠩᠰᠠ ᠡᠪᠬᠡᠮᠡᠯ ᠲᠤᠳᠠᠭᠤ ᠪᠤᠯᠬᠤᠷ ᠡᠬᠦᠯᠳᠡᠷ ᠤ᠋ᠨ ᠤᠬᠤᠨ᠎ᠠ ᠪᠤᠯᠤᠨ ᠡᠮ᠎ᠡ ᠢᠮᠠᠭ᠎ᠠ ᠢ᠋ᠢ ᠭᠠᠳᠠᠭᠰᠢ ᠪᠣᠷᠣᠯᠠᠭᠤᠯᠬᠤ ᠢ᠋ᠢᠨ ᠠᠷᠭ᠎ᠠ ᠥᠬᠡᠶ᠂ ᠪᠠᠯᠠ ᠮᠥᠩᠭᠥ ᠪᠡᠨ ᠣᠷᠳᠣ ᠬᠤᠭᠤᠴᠠᠭ᠎ᠠ ᠪᠠᠷ ᠡᠭᠡᠭᠦᠯᠵᠤ ᠴᠢᠳᠠᠬᠤ ᠦᠭᠡᠢ ᠪᠠᠢᠵᠤ᠂ ᠨᠢᠬᠡᠨ ᠦᠶ᠎ᠠ ᠠᠵᠤ ᠦᠢᠯᠡᠰ ᠤ᠋ᠨ ᠬᠥᠭᠵᠢᠯᠲᠡ ᠨᠢ ᠵᠣᠭᠰᠣᠩᠭᠤᠢᠷᠠᠬᠤ  ᠪᠠᠢᠳᠠᠯ ᠳ᠋ᠤ  ᠤᠷᠤᠪᠠ᠃

ᠯᠢᠦ ᠱᠤ᠌ ᠯᠢᠨ ᠢ᠋ᠢᠡᠷ ᠭᠤᠤᠯ ᠪᠣᠯᠭᠠᠭᠰᠠᠨ 15 ᠬᠥᠮᠦᠨ ᠤ᠋ ᠪᠦᠯᠬᠦᠮ ᠪᠥᠬᠥ᠌ ᠲᠠᠯ᠎ᠠ ᠪᠡᠷ ᠣᠷᠣᠵᠤ ᠰᠠᠭᠤᠭᠰᠠᠨ ᠤ᠋ ᠳᠠᠷᠠᠭ᠎ᠠ᠂ ᠡᠭᠦᠯᠳᠡᠷ ᠪᠣᠶ᠋ᠢᠵᠢᠭᠤᠯᠤᠨ ᠦᠷᠡᠵᠢᠭᠦᠯᠬᠦ᠌ ᠡᠴᠡ ᠡᠷᠡᠭᠦᠯ ᠢ᠋ᠢᠡᠷ ᠲᠡᠵᠢᠭᠡᠨ ᠦᠷᠡᠵᠢᠭᠦᠯᠬᠦ᠌ ᠪᠥᠬᠥ᠌ ᠬᠡᠯᠬᠢᠶ᠎ᠡ ᠢ᠋ᠢ ᠬᠠᠮᠤᠷᠴᠤ᠌᠂ ᠠᠯᠢ ᠣᠯᠠᠨ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠭᠠᠷᠭᠠᠪᠠ᠄ ᠴᠠᠭᠠᠰᠤ ᠪᠠ ᠡᠯᠧᠺᠲ᠋ᠷᠣᠨ ᠪᠡᠷ ᠤ᠋ᠨ ᠬᠤᠤᠰ ᠢᠵᠢ ᠤᠳᠤᠮ ᠴᠠᠳᠢᠭ ᠤ᠋ᠨ ᠮᠠᠲ᠋ᠧᠷᠢᠶᠠᠯ ᠢ᠋ ᠪᠠᠶ᠋ᠢᠭᠤᠯᠤᠨ᠂ ᠰᠢᠷᠬᠡᠭᠯᠢᠭ ᠨᠢ ᠨᠠᠷᠢᠨ᠂ ᠨᠤᠤᠯᠤᠭᠤᠷ ᠰᠠᠢᠳᠠᠢ ᠢᠮᠠᠭ᠎ᠠ ᠢ᠋ᠢ ᠰᠢᠭᠰᠢᠨ ᠰᠣᠩᠭᠣᠵᠤ ᠪᠠᠢᠭᠠᠳ ᠪᠠᠷᠢᠮᠵᠢᠶᠠᠵᠢᠭᠰᠠᠨ ᠭᠤᠤᠯ ᠡᠭᠦᠯᠳᠡᠷ ᠤ᠋ᠨ ᠰᠦᠷᠦᠭ ᠢ᠋ ᠪᠠᠶ᠋ᠢᠭᠤᠯᠵᠤ᠂ ᠬᠢᠵᠢᠭ ᠡᠪᠡᠳᠴᠢᠨ ᠤ᠋ ᠡᠬᠡ ᠲᠠᠩᠰᠠ ᠢ᠋ᠢ ᠪᠠᠶ᠋ᠢᠭᠤᠯᠵᠤ ᠪᠠᠢ᠌ᠩᠭᠤᠵᠢᠭᠤᠯᠤᠨ ᠬᠠᠮᠢᠶᠠᠷᠤᠨ ᠡᠵᠡᠮᠳᠡᠵᠤ᠂ ᠰᠢᠭᠰᠢᠭᠳᠡᠭᠰᠡᠨ ᠢᠮᠠᠭ᠎ᠠ ᠢ᠋ᠢ ᠪᠣᠷᠳᠣᠨ ᠲᠠᠷᠭᠤᠯᠠᠭᠤᠯᠵᠤ ᠪᠤᠷᠤᠯᠠᠭᠤᠯᠬᠤ ᠢ᠋ᠢᠨ ᠬᠠᠮᠲᠤ᠌ ᠤᠨᠴᠠᠯᠢᠭᠲᠤ᠌ ᠨᠤᠤᠯᠤᠭᠤᠷ ᠤ᠋ᠨ ᠢᠮᠠᠭᠠᠨ ᠮᠢᠬᠠᠨ ᠤ᠋ ᠪᠦᠲᠦᠭᠡᠭᠳᠡᠬᠦᠨ ᠢ᠋ ᠨᠡᠭᠡᠭᠡᠨ ᠬᠥᠭᠵᠢᠭᠦᠯᠵᠦ᠍᠂ ᠤᠤᠯ ᠤ᠋ᠨ ᠪᠣᠯᠪᠠᠰᠤᠷᠠᠩᠭᠤᠶ ᠦᠷ᠎ᠡ ᠪᠦᠲᠦᠭᠡᠯ ᠢ᠋ ᠪᠣᠳᠠᠲᠠᠢᠵᠢᠭᠤᠯᠤᠨ ᠤᠯᠠᠷᠢᠭᠤᠯᠬᠤ ᠢ᠋ᠢ ᠵᠡᠷᠭᠡ ᠪᠡᠷ ᠠᠬᠢᠭᠤᠯᠵᠤ᠂ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠰᠢᠨ᠎ᠡ ᠰᠡᠳᠦᠪ ᠢ᠋ ᠬᠠᠮᠲᠤᠷᠠᠨ ᠭᠤᠶᠤᠴᠢᠯᠠᠨ ᠮᠡᠳᠡᠭᠦᠯᠵᠠᠢ᠃

ᠶᠡᠬᠡ ᠲᠠᠬᠡᠳᠤ ᠰᠤᠷᠭᠠᠭᠤᠯᠢ ᠠᠵᠤ ᠠᠬᠤᠶ᠋ᠢᠯᠠᠯ ᠬᠠᠮᠵᠢᠯᠴᠠᠭᠰᠠᠨ ᠤ᠋ ᠳᠠᠷᠠᠭ᠎ᠠ᠂ ᠲᠤᠬᠠᠶ ᠢ᠋ᠢᠨ ᠭᠠᠵᠠᠷ ᠤ᠋ᠨ ᠨᠤᠤᠯᠤᠭᠤᠷ ᠤ᠋ᠨ ᠢᠮᠠᠭᠠᠨ ᠤ᠋ ᠡᠭᠦᠯᠳᠡᠷ ᠰᠠᠶ᠋ᠢᠵᠢᠷᠠᠭᠤᠯᠬᠤ ᠠᠬᠢᠴᠠ ᠶᠡᠬᠡ ᠪᠡᠷ ᠲᠦᠷᠭᠡᠳᠴᠠᠢ᠃《ᠤᠤᠯ  ᠨᠢ  ᠥᠪᠡᠷ ᠢ᠋  ᠪᠡᠨ ᠲᠦᠰᠢᠵᠦ᠍ ᠪᠠᠶ᠋ᠢᠬᠰᠠᠨ ᠪᠤᠯᠬᠤᠷ ᠦᠶᠡᠯᠡᠯ ᠤ᠋ᠨ ᠬᠤᠭᠤᠴᠠᠭ᠎ᠠ ᠳᠡᠩᠳᠡᠭᠦᠦ ᠤᠷᠳᠤ᠂ ᠤᠳᠤ ᠦᠷ᠎ᠡ ᠪᠦᠲᠦᠮᠵᠢ ᠮᠡᠳᠡᠭᠳᠡᠮ᠎ᠠ ᠰᠠᠢᠵᠢᠷᠠᠪᠠ》 ᠭᠡᠵᠤ ᠵᠥᠩ ᠺᠸ ᠵᠧᠩ ᠪᠢᠶᠤᠤ ᠬᠢᠵᠠᠭᠠᠷᠳᠤ ᠺᠣᠮᠫᠠᠨᠢ ᠵᠢᠨ ᠳᠡᠳ᠋ ᠶᠡᠷᠦᠩᠬᠡᠢ ᠳᠠᠭᠠᠭᠠᠮᠠᠯ ᠸᠠᠩ ᠶᠦᠩ ᠯᠢ ᠬᠡᠯᠡᠨ᠎ᠠ᠃

ᠦᠷ᠎ᠡ ᠪᠦᠲᠦᠮᠵᠢ ᠮᠡᠳᠡᠭᠳᠡᠮ᠎ᠠ ᠰᠠᠢᠵᠢᠷᠠᠭᠰᠠᠨ ᠤ᠋ ᠠᠷᠤ ᠳ᠋ᠤ ᠨᠢᠭᠡ ᠪᠦᠯᠦᠭ ᠦᠨᠡᠨ ᠪᠣᠳᠠᠲᠠᠶ ᠲᠣᠭ᠎ᠠ ᠪᠠᠷᠢᠮᠲᠠ ᠪᠤᠢ᠃ ᠠᠵᠤ ᠠᠬᠤᠶ᠋ᠢᠯᠠᠯ ᠤ᠋ᠨ ᠰᠢᠯᠢᠳᠡᠭ ᠡᠭᠦᠯᠳᠡᠷ ᠪᠣᠶ᠋ᠢᠵᠢᠭᠤᠯᠬᠤ ᠦᠶᠡᠯᠡᠯ ᠤ᠋ᠨ ᠬᠤᠭᠤᠴᠠᠭ᠎ᠠ ᠵᠢ ᠥᠩᠭᠡᠷᠡᠭᠰᠡᠨ ᠤ᠋ 5 — 10 ᠵᠢᠯ ᠡᠴᠡ 3 — 5 ᠵᠢᠯ ᠪᠤᠯᠭᠠᠨ ᠪᠤᠭᠤᠨᠢᠰᠬᠠᠵᠤ᠂ ᠭᠤᠤᠯ ᠡᠭᠦᠯᠳᠡᠷ ᠤ᠋ᠨ ᠰᠦᠷᠦᠭ ᠤ᠋ᠨ ᠪᠠᠶ᠋ᠢᠭᠤᠯᠤᠯᠲᠠ ᠢ᠋ᠢᠨ ᠦᠶᠡᠯᠡᠯ ᠤ᠋ᠨ ᠬᠤᠭᠤᠴᠠᠭ᠎ᠠ ᠢ᠋ᠢ ᠴᠦ᠍ 3 ᠵᠢᠯ ᠪᠠᠢᠭᠰᠠᠨ ᠡᠴᠡ 1.5 — 2 ᠵᠢᠯ ᠪᠣᠯᠭᠠᠨ ᠪᠣᠭᠣᠨᠢᠰᠬᠠᠪᠠ᠃ ᠬᠠᠨᠳᠤᠯᠭ᠎ᠠ ᠲᠠᠶ ᠪᠡᠷ ᠰᠣᠩᠭᠣᠨ ᠪᠣᠶ᠋ᠢᠵᠢᠭᠤᠯᠤᠭᠰᠠᠨ ᠢᠮᠠᠭᠠᠨ ᠤ᠋ ᠨᠤᠤᠯᠤᠭᠤᠷ ᠤ᠋ᠨ ᠤᠷᠲᠤ᠌ ᠨᠢ 36 ᠮᠢᠯᠢᠮᠧᠲ᠋ᠷ ᠢ᠋ ᠲᠠᠪᠠᠨ᠂ ᠨᠠᠷᠢᠴᠠ ᠢ᠋ᠢᠨ ᠬᠡᠮᠵᠢᠶ᠎ᠡ ᠨᠢ 14 ᠮᠢᠺᠷᠦᠮᠸᠲ᠋ᠷ ᠣᠷᠴᠢᠮ ᠳ᠋ᠤ ᠲᠣᠭᠲᠠᠪᠤᠷᠢᠵᠢᠵᠤ᠂ ᠣᠯᠠᠨ ᠤᠯᠤᠰ ᠤ᠋ᠨ ᠵᠠᠬ᠎ᠠ ᠳᠡᠯᠭᠡᠭᠦᠷ ᠲᠤ᠌ ᠡᠶ᠋ᠢᠮᠦᠷᠬᠦᠤ ᠰᠠᠶ᠋ᠢᠨ ᠨᠤᠤᠯᠤᠭᠤᠷ ᠤ᠋ᠨ ᠦᠨ᠎ᠡ ᠨᠢ ᠲᠣᠨ ᠪᠦᠷᠢ ᠳ᠋ᠤ 150 — 200 ᠲᠦᠮᠡᠨ ᠲᠥᠭᠥᠷᠢᠭ ᠲᠤ᠌ ᠬᠦᠷᠴᠦ᠍᠂ ᠡᠩ ᠤ᠋ᠨ ᠰᠠᠶ᠋ᠢᠨ ᠨᠤᠤᠯᠤᠭᠤᠷ ᠤ᠋ᠨ ᠲᠣᠨ ᠪᠦᠷᠢ ᠵᠢᠨ 80 — 90 ᠲᠦᠮᠡᠨ ᠲᠥᠭᠥᠷᠢᠭ ᠤ᠋ᠨ ᠬᠤᠳᠠᠯᠳᠤᠬᠤ ᠦᠨ᠎ᠡ ᠲᠠᠢ ᠬᠠᠷᠢᠴᠠᠭᠤᠯᠪᠠᠯ᠂ ᠦᠨ᠎ᠡ ᠬᠠᠩᠰᠢ ᠨᠢ ᠳᠠᠬᠢᠨ ᠵᠢᠡᠷ  ᠵᠦᠷᠢᠵᠤ ᠪᠤᠢ᠃ ᠡᠶ᠋ᠢᠮᠦᠷᠬᠦᠤ ᠪᠠᠷᠢᠮᠵᠢᠶ᠎ᠠ ᠳ᠋ᠤ ᠭᠦᠷᠦᠭᠰᠡᠨ ᠨᠠᠷᠢᠴᠠ ᠢ᠋ᠢᠨ ᠬᠡᠮᠵᠢᠶ᠎ᠡ᠂ ᠨᠤᠤᠯᠤᠭᠤᠷ ᠤ᠋ᠨ ᠣᠷᠳᠣ ᠲᠠᠢ ᠳᠡᠭᠡᠳᠦ ᠲᠠᠰ ᠤ᠋ᠨ ᠢᠮᠠᠭᠠᠨ ᠨᠤᠤᠯᠤᠭᠤᠷ ᠨᠢ ᠣᠯᠠᠨ ᠤᠯᠤᠰ ᠤ᠋ᠨ ᠨᠠᠷᠠᠲᠤ᠌ ᠲᠦᠷᠦᠯ ᠲᠡᠮᠳᠡᠭᠲᠦ ᠦᠢᠯᠡᠳᠬᠦᠨ ᠤ᠋ ᠭᠤᠤᠯ ᠲᠦᠭᠦᠬᠡᠶ ᠮᠠᠲ᠋ᠧᠷᠢᠶᠠᠯ ᠪᠤᠯᠵᠤ᠂ ᠭᠠᠳᠠᠭᠠᠳᠤ ᠠᠷᠠᠯᠵᠢᠶᠡᠨ ᠤ᠋ ᠵᠠᠬᠢᠶᠠᠯᠠᠭ᠎ᠠ ᠢ᠋ᠢᠨ ᠳᠣᠲᠣᠷ᠎ᠠ  ᠮᠠᠰᠢ  ᠴᠢᠩᠭ᠎ᠠ  ᠦᠨ᠎ᠡ ᠲᠤᠭᠲᠠᠭᠠᠬᠤ  ᠡᠷᠬᠡ  ᠲᠡᠶ  ᠪᠠᠶ᠋ᠢᠳᠠᠭ᠃

《ᠡᠭᠦᠨ ᠡᠴᠡ ᠡᠮᠦᠨ᠎ᠡ ᠤᠯᠤᠰ ᠤ᠋ᠨ ᠳᠣᠲᠣᠭᠠᠳᠤ ᠢ᠋ᠢᠨ ᠨᠤᠤᠯᠤᠭᠤᠷ ᠤ᠋ᠨ ᠢᠮᠠᠭᠠᠨ ᠤ᠋ ᠠᠵᠢᠯ ᠲᠥᠷᠥᠯ ᠤ᠋ᠨ ᠬᠡᠰᠡᠭ ᠭᠤᠤᠯ ᠴᠣᠭᠴᠠ ᠢ᠋ᠢᠨ ᠬᠢᠨ ᠨᠤᠤᠯᠤᠭᠤᠷ ᠤ᠋ᠨ ᠭᠠᠷᠤᠯᠲᠠ ᠢ᠋ᠢ ᠥᠷᠥᠭᠡᠰᠦᠭᠡᠯ ᠢ᠋ᠢᠡᠷ ᠬᠥᠭᠡᠭᠡᠴᠡᠯᠳᠦᠵᠦ᠂ ᠨᠠᠷᠢᠴᠡ ᠢ᠋ᠢᠨ ᠬᠡᠮᠵᠢᠶ᠎ᠡ ᠪᠣᠯᠤᠨ ᠨᠤᠤᠯᠤᠭᠤᠷ ᠤ᠋ᠨ ᠣᠷᠳᠣ ᠵᠡᠷᠭᠡ ᠭᠤᠤᠯᠯᠠᠬᠤ ᠶᠠᠰᠤ ᠴᠢᠨᠠᠷ ᠤ᠋ᠨ ᠭᠦᠢᠴᠡᠳᠬᠡᠯ ᠲᠣᠭ᠎ᠠ ᠢ᠋ᠢ ᠣᠮᠲᠣᠭᠠᠶ᠋ᠢᠯᠠᠬᠰᠠᠨ ᠡᠨᠳᠡᠭᠦᠷᠡᠯ ᠳ᠋ᠤ ᠴᠢᠭᠯᠡᠭᠦᠯᠵᠤ᠂ ᠲᠠᠬᠡᠳᠤ ᠰᠤᠷᠭᠠᠭᠤᠯᠢ ᠠᠵᠤ ᠠᠬᠤᠶ᠋ᠢᠯᠠᠯ ᠤ᠋ᠨ ᠬᠠᠮᠲᠤᠷᠠᠭᠰᠠᠨ ᠪᠦᠯᠬᠦᠮ ᠡᠴᠡ ᠶᠠᠰᠤ ᠴᠢᠨᠠᠷ ᠢ᠋ ᠲᠣᠭᠲᠠᠭᠠᠨ ᠳᠡᠭᠡᠭᠰᠢᠯᠡᠭᠦᠯᠬᠦ᠌ ᠴᠢᠭᠯᠡᠯ ᠢ᠋ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠡᠳᠦᠨ ᠮᠢᠺᠷᠤᠮᠸᠲ᠋ᠷ ᠤ᠋ᠨ ᠰᠢᠷᠬᠡᠭᠯᠢᠭ ᠤ᠋ᠨ ᠵᠥᠷᠢᠶ᠎ᠡ ᠢ᠋ᠢ ᠦᠨᠡᠨ ᠪᠣᠳᠠᠲᠠᠶ ᠠᠵᠤ ᠦᠢᠯᠡᠰ ᠤ᠋ᠨ ᠥᠷᠢᠰᠥᠯᠳᠦᠬᠦ᠌ ᠬᠦᠴᠦᠨ ᠪᠣᠯᠭᠠᠨ ᠬᠤᠪᠢᠷᠠᠭᠤᠯᠤᠭᠰᠠᠨ ᠶᠤᠮ》 ᠭᠡᠵᠦ᠍ ᠯᠢᠦ ᠱᠤ᠌ ᠯᠢᠨ ᠬᠡᠯᠡᠨ᠎ᠠ᠃

ᠢᠮᠠᠭᠠᠨ ᠬᠠᠰᠢᠶᠠᠨ ᠳ᠋ᠠᠬᠢ ᠲᠠᠷᠢᠯᠭ᠎ᠠ ᠢ᠋ᠢᠨ ᠸᠠᠺᠼᠢᠨ ᠡᠴᠡ ᠡᠭᠦᠯᠳᠡᠷ ᠤ᠋ᠨ ᠡᠬᠢ ᠪᠠᠶᠠᠯᠢᠭ ᠤ᠋ᠨ ᠰᠢᠰᠲ᠋ᠧᠮ ᠤ᠋ᠨ ᠴᠢᠨᠠᠷᠲᠠᠶ ᠳᠠᠬᠢᠨ ᠴᠣᠭᠴᠠᠯᠠᠯᠲᠠ ᠬᠦᠷᠲᠡᠯ᠎ᠡ᠂ 《ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠳᠡᠳ᠋ ᠶᠡᠷᠦᠩᠬᠡᠶ ᠳᠠᠭᠠᠭᠠᠮᠠᠯ》ᠤ᠋ᠨ ᠲᠣᠭᠲᠠᠴᠠ ᠪᠣᠯ ᠪᠠᠶᠠᠨᠨᠠᠭᠤᠷ ᠬᠣᠲᠠ ᠢ᠋ᠢᠨ ᠰᠤᠷᠭᠠᠨ ᠬᠥᠮᠦᠵᠢᠯ᠂ ᠰᠢᠨᠵᠢᠯᠡᠬᠦ᠌  ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ᠋ ᠨᠢᠭᠡ ᠴᠣᠭᠴᠠᠵᠢᠭᠤᠯᠬᠤ ᠥᠭᠡᠷᠡᠴᠢᠯᠡᠯᠲᠡ ᠢ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠭᠰᠠᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ ᠡᠴᠡ  ᠲᠣᠰ ᠬᠣᠲᠠ ᠢ᠋ᠢᠨ ᠬᠢᠨ 19 ᠵᠦᠢᠯ ᠤ᠋ᠨ ᠭᠤᠤᠯᠳᠠᠯᠭ᠎ᠠ ᠲᠠᠶ ᠠᠵᠤ ᠦᠢᠯᠡᠰ ᠤ᠋ᠨ ᠬᠡᠯᠬᠢᠶ᠎ᠡ ᠢ᠋ᠢᠨ ᠬᠥᠭᠵᠢᠯᠲᠡ ᠢ᠋ᠢᠨ ᠬᠡᠷᠡᠭᠴᠡᠭᠡ ᠱᠠᠭᠠᠷᠳᠠᠯᠭ᠎ᠠ ᠲᠡᠶ ᠤᠶᠠᠯᠳᠤᠭᠤᠯᠤᠨ᠂ ᠴᠢᠳᠠᠪᠤᠷᠢᠲᠠᠨ ᠢ᠋ ᠣᠷᠣᠭᠤᠯᠤᠨ ᠠᠪᠴᠢᠷᠠᠬᠤ ᠪᠠ  ᠬᠥᠮᠦᠵᠢᠭᠦᠯᠬᠦ᠌ ᠠᠷᠭ᠎ᠠ ᠳ᠋ᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ 《ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠡᠳ᠋ ᠶᠡᠷᠦᠩᠬᠡᠶ ᠳᠠᠭᠠᠭᠠᠮᠠᠯ》 ᠪᠠ 《ᠠᠵᠤ ᠦᠢᠯᠡᠰ ᠤ᠋ᠨ ᠵᠢᠯᠣᠭᠣᠳᠣᠭᠴᠢ ᠪᠠᠭᠰᠢ》 ᠵᠢᠨ ᠬᠤᠤᠰ ᠴᠢᠭᠯᠡᠯ ᠢ᠋ᠢᠡᠷ ᠬᠠᠷᠢᠯᠴᠠᠨ ᠲᠣᠮᠢᠯᠠᠬᠤ ᠲᠣᠭᠲᠠᠴᠠ ᠢ᠋ᠢ ᠰᠢᠨ᠎ᠡ ᠪᠡᠷ ᠡᠭᠦᠳᠦᠨ ᠪᠠᠶ᠋ᠢᠭᠤᠯᠪᠠ᠃ ᠲᠣᠰ ᠭᠠᠵᠠᠷ ᠤ᠋ᠨ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠡᠴᠡ ᠰᠣᠩᠭᠣᠨ ᠲᠣᠮᠢᠯᠠᠭᠰᠠᠨ ᠲᠦᠷᠦᠭᠦᠦ ᠪᠦᠯᠦᠭ ᠤ᠋ᠨ 12 《 ᠰᠢᠨᠵᠢᠯᠡᠬᠦ᠌  ᠤᠬᠠᠭᠠᠨ ᠲᠸᠭᠨᠢᠭ  ᠮᠡᠷᠭᠡᠵᠢᠯ ᠤ᠋ᠨ ᠳᠡᠳ᠋  ᠶᠡᠷᠦᠩᠬᠡᠶ  ᠳᠠᠭᠠᠭᠠᠮᠠᠯ 》 ᠵᠢᠴᠢ ᠠᠵᠢᠯ ᠲᠥᠷᠥᠯ ᠤ᠋ᠨ ᠳᠠᠭᠠᠭᠤᠯᠤᠭᠴᠢ ᠠᠵᠤ ᠠᠬᠤᠶ᠋ᠢᠯᠠᠯ ᠡᠴᠡ ᠰᠢᠯᠢᠨ ᠰᠣᠩᠭᠣᠭᠰᠠᠨ 3 《ᠠᠵᠤ ᠦᠢᠯᠡᠰ ᠤ᠋ᠨ ᠵᠢᠯᠣᠭᠣᠳᠣᠭᠴᠢ ᠪᠠᠭᠰᠢ》 ᠴᠥᠮ ᠠᠵᠢᠯ ᠤ᠋ᠨ ᠪᠠᠶ᠋ᠢᠷᠢ ᠳ᠋ᠠᠭᠠᠨ ᠬᠦᠷᠴᠦ᠍ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠴᠢᠳᠠᠪᠤᠷᠢᠲᠠᠨ ᠤ᠋ ᠬᠡᠯᠬᠢᠶ᠎ᠡ᠂ ᠠᠵᠤ ᠦᠢᠯᠡᠰ ᠤ᠋ᠨ ᠬᠡᠯᠬᠢᠶ᠎ᠡ ᠪᠠ ᠰᠢᠨ᠎ᠡ ᠢ᠋ᠢ ᠡᠭᠦᠳᠬᠦ᠌ ᠬᠡᠯᠬᠢᠶ᠎ᠡ ᠢ᠋ᠢ ᠵᠣᠯᠭᠠᠭᠤᠯᠬᠤ ᠵᠠᠮ ᠢ᠋ ᠣᠨᠣᠴᠠᠲᠠᠶ ᠨᠡᠪᠲᠡᠷᠡᠭᠦᠯᠪᠡ᠃

ᠪᠠᠶᠠᠨᠨᠠᠭᠤᠷ ᠬᠣᠲᠠ 《ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠡᠳ᠋ ᠶᠡᠷᠦᠩᠬᠡᠶ  ᠳᠠᠭᠠᠭᠠᠮᠠᠯ》 ᠳ᠋ᠤ ᠳ᠋ᠣᠺᠲ᠋ᠣᠷ ᠴᠣᠯᠠ ᠪᠤᠶᠤ  ᠳᠡᠳ᠋ ᠳᠡᠭᠡᠳᠦ ᠲᠠᠰ ᠡᠴᠡ ᠳᠡᠭᠡᠭᠰᠢᠬᠢ ᠲᠤᠰᠬᠠᠶ ᠮᠡᠷᠭᠡᠵᠢᠯ ᠤ᠋ᠨ  ᠴᠣᠯᠠ  ᠲᠠᠶ  ᠬᠦᠮᠦᠰ ᠢ᠋ ᠰᠤᠡᠭᠭᠤᠵᠤ ᠠᠵᠤ ᠠᠬᠤᠶ᠋ᠢᠯᠠᠯ ᠳ᠋ᠤ  ᠲᠤᠮᠢᠯᠠᠨ  ᠳᠡᠳ᠋  ᠶᠡᠷᠦᠩᠬᠡᠶ ᠳᠠᠭᠠᠭᠠᠮᠠᠯ ᠪᠤᠶᠤ  ᠮᠡᠷᠭᠡᠵᠢᠯ ᠤ᠋ᠨ ᠵᠥᠪᠯᠡᠭᠴᠢ ᠢ᠋ᠢᠨ ᠲᠤᠰᠢᠶᠠᠯ ᠡᠭᠦᠷᠭᠡᠯᠡᠬᠦᠯᠵᠤ᠂ ᠮᠡᠷᠭᠡᠵᠢᠯ ᠤ᠋ᠨ ᠪᠣᠭᠣᠮᠲᠠ ᠰᠢᠪᠲᠤᠯᠬᠤ᠂ ᠴᠢᠳᠠᠪᠤᠷᠢᠲᠠᠨ ᠢ᠋ ᠬᠠᠮᠲᠤᠷᠠᠨ ᠬᠥᠮᠦᠵᠢᠭᠦᠯᠬᠦ᠌ ᠪᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ  ᠢ᠋ ᠪᠣᠳᠠᠲᠠᠶ᠋ᠢᠵᠢᠭᠤᠯᠬᠤ ᠭᠤᠤᠯ ᠡᠭᠦᠷᠭᠡ ᠢ᠋ᠢ ᠲᠠᠭᠠᠭᠠᠯᠭᠠᠪᠠ᠋;  《ᠠᠵᠤ ᠦᠢᠯᠡᠰ ᠤ᠋ᠨ ᠵᠢᠯᠣᠭᠣᠳᠣᠭᠴᠢ ᠪᠠᠭᠰᠢ》 ᠳ᠋ᠤ ᠠᠵᠤ ᠠᠬᠤᠶ᠋ᠢᠯᠠᠯ ᠤ᠋ᠨ ᠨᠢᠭᠡᠳᠦᠭᠡᠷ ᠹᠷᠣᠨᠲ ᠤ᠋ᠨ ᠳᠡᠭᠡᠳᠦ ᠵᠡᠷᠭᠡ ᠢ᠋ᠢᠨ ᠡᠵᠡᠩᠨᠡᠯᠲᠡ ᠬᠠᠮᠢᠶᠠᠷᠤᠯᠲᠠ ᠢ᠋ᠢᠨ ᠠᠵᠢᠯᠲᠠᠨ᠂ ᠮᠡᠷᠭᠡᠵᠢᠯ ᠤ᠋ᠨ ᠭᠤᠤᠯᠯᠠᠭᠴᠢ ᠬᠦᠴᠦᠨ ᠢ᠋ ᠶᠡᠬᠡ ᠳᠡᠭᠡᠳᠦ ᠰᠤᠷᠭᠠᠭᠤᠯᠢ ᠢ᠋ᠢᠨ ᠯᠧᠺᠲ᠋ᠣᠷ ᠤ᠋ᠨ ᠲᠤᠰᠢᠶᠠᠯ ᠢ᠋ ᠬᠠᠪᠰᠤᠷᠭᠠᠨ ᠡᠭᠦᠷᠭᠡᠯᠡᠬᠦᠯᠵᠦ᠍᠂ ᠵᠠᠬ᠎ᠠ ᠳᠡᠯᠭᠡᠭᠦᠷ ᠤ᠋ᠨ ᠬᠡᠷᠡᠭᠴᠡᠭᠡ ᠢ᠋ᠢ ᠵᠢᠭᠠᠨ ᠰᠤᠷᠭᠠᠯᠲᠠ ᠢ᠋ᠢᠨ ᠭᠣᠭᠴᠣᠭ᠎ᠠ ᠳ᠋ᠤ ᠰᠢᠭᠤᠳ ᠠᠭᠤᠰᠬᠠᠨ᠂ ᠲᠠᠬᠡᠳᠤ ᠰᠤᠷᠭᠠᠭᠤᠯᠢ ᠠᠵᠤ ᠠᠬᠤᠶ᠋ᠢᠯᠠᠯ ᠤ᠋ᠨ ᠡᠬᠢ ᠪᠠᠶᠠᠯᠢᠭ ᠤ᠋ᠨ ᠬᠤᠤᠰ ᠴᠢᠭᠯᠡᠯ ᠢ᠋ᠢᠡᠷ  ᠰᠢᠯᠵᠢᠬᠦ᠌᠂ ᠳᠠᠪᠠᠭᠤᠯᠢᠭ ᠢ᠋ᠢᠡᠨ ᠬᠠᠷᠢᠯᠴᠠᠨ ᠨᠥᠬᠥᠪᠥᠷᠢᠯᠡᠬᠦ᠌ ᠢ᠋ᠢ  ᠪᠡᠶᠡᠯᠡᠭᠦᠯᠵᠡᠢ᠃

ᠪᠠᠶᠠᠨᠨᠠᠭᠤᠷ ᠬᠣᠲᠠ ᠢ᠋ᠢᠨ ᠨᠠᠮ ᠤ᠋ᠨ ᠬᠣᠷᠢᠶ᠎ᠠ ᠢ᠋ᠢᠨ ᠵᠣᠬᠢᠶᠠᠨ ᠪᠠᠶ᠋ᠢᠭᠤᠯᠬᠤ ᠬᠡᠯᠲᠡᠰ᠂ ᠬᠣᠲᠠ ᠢ᠋ᠢᠨ ᠨᠠᠮ ᠤ᠋ᠨ ᠬᠣᠷᠢᠶ᠎ᠠ ᠢ᠋ᠢᠨ ᠴᠢᠳᠠᠪᠤᠷᠢᠲᠠᠨ ᠤ᠋ ᠠᠵᠢᠯ ᠤ᠋ᠨ ᠠᠯᠪᠠᠨ ᠬᠡᠷ ᠲᠦᠷᠦᠭᠦᠯᠡᠨ ᠡᠨᠡ ᠬᠦ᠌ ᠲᠣᠭᠲᠠᠴᠠ ᠢ᠋ᠢ ᠠᠬᠢᠭᠤᠯᠵᠤ᠂ ᠰᠤᠷᠭᠠᠭᠤᠯᠢ ᠪᠠ ᠣᠷᠣᠨ ᠨᠤᠲᠤᠭ᠂ ᠰᠤᠷᠭᠠᠭᠤᠯᠢ ᠪᠠ ᠠᠵᠤ ᠠᠬᠤᠶ᠋ᠢᠯᠠᠯ ᠤ᠋ᠨ ᠬᠣᠭᠣᠷᠣᠨᠳᠣᠬᠢ ᠴᠢᠳᠠᠪᠤᠷᠢᠲᠠᠨ ᠤ᠋ ᠰᠢᠯᠵᠢᠯᠲᠡ ᠢ᠋ᠢᠨ ᠪᠡᠬᠢᠯᠡᠯᠲᠡ ᠢ᠋ᠢ ᠡᠪᠳᠡᠨ᠂ ᠲᠤᠷᠰᠢᠯᠲᠠ ᠢ᠋ᠢᠨ ᠲᠠᠰᠤᠭ ᠤ᠋ᠨ ᠮᠡᠷᠭᠡᠵᠢᠯ ᠤ᠋ᠨ ᠦᠷ᠎ᠡ ᠪᠦᠲᠦᠭᠡᠯ ᠢ᠋ ᠦᠨᠡᠨ ᠬᠦ᠌ ᠠᠵᠤ ᠦᠢᠯᠡᠰ ᠤ᠋ᠨ ᠨᠢᠭᠡᠳᠦᠭᠡᠷ  ᠹᠷᠣᠨᠲ ᠲᠤ᠌ ᠦᠨᠳᠦᠰᠦᠯᠡᠭᠦᠯᠵᠦ᠍᠂ 《ᠵᠥᠭᠡᠯᠡᠨ ᠠᠯᠲᠠ》 ᠬᠡᠮᠡᠭᠳᠡᠭᠰᠡᠨ ᠬᠤᠶᠠᠷ ᠪᠤᠭᠳᠠ ᠢ᠋ᠢᠨ ᠨᠤᠤᠯᠤᠭᠤᠷ ᠤ᠋ᠨ ᠴᠠᠭᠠᠨ ᠢᠮᠠᠭᠠᠨ ᠤ᠋  ᠨᠤᠤᠯᠤᠭᠤᠷ ᠢ᠋ ᠣᠯᠠᠨ ᠤᠯᠤᠰ ᠤ᠋ᠨ ᠳᠡᠭᠡᠳᠦ ᠲᠠᠰ ᠤ᠋ᠨ ᠵᠠᠬ᠎ᠠ ᠳᠡᠯᠭᠡᠭᠦᠷ ᠲᠤ᠌ ᠠᠯᠬᠤᠮ ᠠᠯᠬᠤᠮ ᠢ᠋ᠢᠡᠷ ᠦᠪᠡᠷ ᠤ᠋ᠨ ᠭᠡᠰᠡᠨ ᠳᠠᠪᠠᠭᠤᠯᠢᠭ ᠲᠠᠢ ᠪᠤᠯᠭᠠᠪᠠ᠃

《ᠡᠨᠡ ᠬᠦ᠌ ᠲᠣᠭᠲᠠᠴᠠ ᠪᠡᠷ ᠳᠠᠮᠵᠢᠨ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠠᠵᠤ ᠠᠬᠤᠶ᠋ᠢᠯᠠᠯ ᠤ᠋ᠨ ᠴᠢᠳᠠᠪᠤᠷᠢᠲᠠᠨ ᠤ᠋ ᠡᠬᠢ ᠪᠠᠶᠠᠯᠢᠭ  ᠢ᠋ ᠠᠵᠤ ᠦᠢᠯᠡᠰ ᠤ᠋ᠨ ᠨᠢᠭᠡᠳᠦᠭᠡᠷ ᠹᠷᠣᠨᠲ ᠲᠤ᠌ ᠲᠥᠪᠯᠡᠷᠡᠭᠦᠯᠬᠦ᠌ ᠢ᠋ᠢ ᠬᠥᠲᠥᠯᠥᠨ ᠵᠢᠯᠣᠭᠣᠳᠴᠤ᠌ ᠂ ᠤᠯᠠᠮᠵᠢᠯᠠᠯᠲᠤ᠌ ᠠᠵᠤ ᠦᠢᠯᠡᠰ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠰᠢᠬᠦᠯᠬᠦ ᠂ ᠳᠠᠪᠠᠭᠤᠯᠢᠭᠳᠤ ᠠᠵᠤ ᠦᠢᠯᠡᠰ ᠤ᠋ᠨ ᠬᠡᠯᠬᠢᠶ᠎ᠡ ᠪᠠᠨ ᠬᠦᠴᠦᠷᠬᠡᠭᠵᠢᠭᠦᠯᠬᠦ᠌᠂ ᠰᠢᠨ᠎ᠡ ᠪᠡᠷ ᠮᠠᠨᠳᠤᠭᠰᠠᠨ ᠠᠵᠤ ᠦᠢᠯᠡᠰ ᠢ᠋ ᠪᠣᠶ᠋ᠢᠵᠢᠭᠤᠯᠤᠨ ᠪᠤᠵᠠᠭᠠᠶ᠋ᠢᠷᠠᠭᠤᠯᠬᠤ ᠢ᠋ᠢ ᠤᠯᠠᠮ ᠨᠢᠭᠡ ᠠᠯᠬᠤᠮ  ᠠᠬᠢᠭᠤᠯᠤᠨ᠎ᠠ》 ᠭᠡᠵᠤ ᠪᠠᠶᠠᠨᠨᠠᠭᠤᠷ ᠬᠣᠲᠠ ᠢ᠋ᠢᠨ ᠨᠠᠮ ᠤ᠋ᠨ ᠬᠣᠷᠢᠶ᠎ᠠ ᠢ᠋ᠢᠨ ᠵᠣᠬᠢᠶᠠᠨ ᠪᠠᠶ᠋ᠢᠭᠤᠯᠬᠤ ᠬᠡᠯᠲᠡᠰ ᠤ᠋ᠨ ᠳᠡᠳ᠋ ᠳᠠᠷᠤᠭ᠎ᠠ᠂ ᠬᠣᠲᠠ ᠢ᠋ᠢᠨ ᠨᠠᠮ ᠤ᠋ᠨ ᠬᠣᠷᠢᠶ᠎ᠠ ᠢ᠋ᠢᠨ ᠴᠢᠳᠠᠪᠤᠷᠢᠲᠠᠨ ᠤ᠋ ᠠᠵᠢᠯ ᠤ᠋ᠨ ᠠᠯᠪᠠᠨ ᠬᠡᠷ ᠤ᠋ᠨ ᠡᠷᠬᠢᠯᠡᠭᠴᠢ ᠵᠣᠣ ᠴᠢᠩ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面