ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-27 23:12:20

ᠵᠣᠬᠢᠶᠠᠭ᠍ᠴᠢ᠄ ᠼᠠᠢ ᠬᠤᠩ ᠠᠯᠤᠰ ᠣᠩᠱᠢᠭ᠍ᠰᠠᠨ ᠣᠳᠠᠭ᠎ᠠ᠄ 3

《ᠳᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠪᠠᠨ ᠬᠤᠶᠠᠳᠤᠭᠠᠷ ᠤᠳᠠᠭ᠎ᠠ ᠶ᠋ᠢᠨ ᠲᠦᠯᠦᠭᠡᠯᠡᠭᠴᠢᠳ ᠤ᠋ᠨ ᠶᠡᠬᠡ ᠬᠤᠷᠠᠯ ᠳ᠋ᠦ ᠤᠷᠤᠯᠴᠠᠭᠠᠳ ᠰᠡᠳᠬᠢᠯ ᠮᠠᠰᠢ ᠦᠨᠳᠦᠷ ᠪᠠᠢᠨ᠎ᠠ᠃ ᠬᠤᠷᠠᠯ ᠤ᠋ᠨ ᠬᠤᠭᠤᠴᠠᠭᠠᠨ ᠳ᠋ᠦ ᠬᠤᠷᠠᠯ ᠤ᠋ᠨ ᠰᠠᠬᠢᠯᠭ᠎ᠠ ᠪᠠᠳᠤ ᠵᠢ ᠴᠢᠡᠭᠭ᠎ᠠ ᠰᠠᠬᠢᠵᠤ᠂ ᠶᠡᠬᠡ ᠬᠤᠷᠠᠯ ᠤ᠋ᠨ ᠢᠯᠡᠳᠭᠡᠯ ᠢ᠋ ᠨᠠᠷᠢᠨ ᠬᠢᠨᠠᠮᠠᠭᠠᠢ ᠡᠵᠡᠮᠳᠡᠵᠤ᠂ ᠬᠤᠷᠠᠯ ᠤ᠋ᠨ ᠳᠠᠷᠠᠭ᠎ᠠ ᠶᠡᠬᠡ ᠬᠤᠷᠠᠯ ᠤ᠋ᠨ ᠵᠤᠷᠢᠭ ᠰᠠᠨᠠᠭ᠎ᠠ ᠵᠢ ᠮᠠᠯᠴᠢᠳ ᠲᠠᠭᠠᠨ ᠳᠠᠷᠤᠢ ᠳᠦᠷᠭᠡᠨ ᠤᠯᠠᠮᠵᠢᠯᠠᠵᠤ᠂ ᠠᠵᠢᠯ ᠤ᠋ᠨ ᠳᠤᠮᠳᠠ ᠪᠠᠨ ᠰᠠᠢᠳᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠳᠦᠷ ᠲᠦᠪᠰᠢᠨ ᠶ᠋ᠢᠡᠷ ᠬᠦᠢᠴᠡᠳᠬᠡᠨ᠎ᠠ》 ᠭᠡᠵᠦ ᠦᠪᠡᠷᠲᠡᠭᠡᠨ ᠵᠠᠰᠠᠬᠤ ᠤᠷᠤᠨ ᠤ᠋ ᠠᠷᠪᠠᠨ ᠬᠤᠶᠠᠳᠤᠭᠠᠷ ᠤᠳᠠᠭ᠎ᠠ ᠶ᠋ᠢᠨ ᠨᠠᠮ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠦᠯᠦᠬᠡᠯᠡᠭᠴᠢ᠂ ᠬᠦᠯᠦᠨ ᠪᠤᠢᠷ ᠬᠤᠳᠠ ᠶ᠋ᠢᠨ ᠰᠢᠨ᠎ᠡ ᠪᠠᠷᠭᠤ ᠪᠠᠷᠠᠭᠤᠨ ᠬᠤᠰᠢᠭᠤᠨ ᠤ᠋ ᠭᠡᠷᠦᠯᠦᠨ ᠰᠤᠮᠤ ᠶ᠋ᠢᠨ ᠮᠠᠡᠭᠯᠠᠢ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ᠂ ᠭᠠᠴᠠᠭᠠᠨ ᠳᠠᠷᠤᠭ᠎ᠠ ᠮᠢᠵᠢᠳᠳᠤᠷᠵᠢ ᠬᠡᠯᠡᠵᠦ ᠪᠠᠢᠯ᠎ᠠ᠃



ᠮᠢᠵᠢᠳᠳᠤᠷᠵᠢ ᠲᠦᠯᠦᠬᠡᠯᠡᠭᠴᠢ ᠦᠷᠭᠡᠨ ᠠᠭᠤᠳᠠᠮ ᠬᠦᠯᠦᠨ ᠪᠤᠢᠷ ᠤ᠋ᠨ ᠲᠠᠯ᠎ᠠ ᠨᠤᠲᠤᠭ ᠲᠦ᠍ ᠬᠦᠨ ᠦᠨᠳᠦᠰᠦᠯᠡᠵᠦ᠂ 20 ᠭᠠᠷᠤᠢ ᠵᠢᠯ ᠤ᠋ᠨ ᠪᠠᠳᠤ ᠪᠠᠷᠢᠮᠳᠠᠯᠠᠯ ᠪᠠ ᠪᠤᠳᠠᠳᠠᠢ ᠠᠵᠢᠯᠯᠠᠭ᠎ᠠ ᠪᠡᠷ ᠶ᠋ᠢᠡᠨ ᠨᠢᠭᠡᠨ ᠡᠪ ᠬᠠᠮᠳᠤ ᠨᠠᠮ ᠤ᠋ᠨ ᠭᠡᠰᠢᠭᠦᠨ ᠤ᠋ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠶᠠᠪᠤᠭᠰᠠᠨ ᠶᠤᠮ᠃



ᠮᠢᠵᠢᠳᠳᠣᠷᠵᠢ ᠶᠡᠬᠡ ᠰᠤᠷᠭᠠᠭᠤᠯᠢ ᠡᠴᠨ ᠲᠡᠭᠦᠰᠦᠭᠰᠡᠨ ᠤ᠋ ᠲᠠᠷᠠᠭ᠎ᠠ ᠨᠤᠲᠤᠭ᠎ᠲᠠᠭᠠᠨ ᠪᠤᠴᠠᠵᠤ ᠦᠨᠳᠦᠰᠦᠨ ᠱᠠᠲᠤᠨ ᠳ᠋ᠤ ᠭᠦᠨᠵᠡᠭᠡᠢᠷᠡᠨ᠂ ᠡᠩ ᠤ᠋ᠨ ᠺᠠᠳ᠋ᠷ ᠪᠠᠢᠭᠰᠠᠨ ᠡᠴᠡ᠎ᠪᠠᠨ ᠮᠠᠯᠴᠢᠳ ᠤ᠋ᠨ ᠰᠡᠳᠬᠢᠯ ᠤ᠋ᠨ ᠲᠦᠰᠢᠭ ᠲᠤᠯᠭᠠᠭᠤᠷᠢ ᠪᠣᠯᠵᠠᠢ᠃ ᠲᠡᠷᠡ ᠤᠷᠢᠳ ᠬᠣᠵᠢᠳ ᠳᠤᠮᠳᠠᠳᠤ ᠤᠯᠤᠰ ᠤ᠋ᠨ ᠵᠠᠯᠠᠭᠤᠴᠤᠳ ᠤ᠋ᠨ《5·4》᠎ᠤ᠋ ᠱᠠᠩᠨᠠᠯ ᠤ᠋ᠨ ᠮᠸᠳ᠋ᠠᠯ᠂ ᠪᠦᠬᠦ ᠤᠯᠤᠰ ᠤ᠋ᠨ ᠬᠥᠳᠡᠯᠮᠦᠷᠢ ᠶ᠋ᠢᠨ ᠵᠢᠱ᠌ᠢᠶᠡᠴᠢ᠂ ᠪᠦᠬᠦ ᠤᠯᠤᠰ ᠤ᠋ᠨ ᠰᠢᠯᠢᠳᠡᠭ ᠨᠠᠮ ᠤ᠋ᠨ ᠠᠵᠢᠯᠲᠠᠨ ᠵᠡᠷᠭᠡ ᠤᠯᠠᠨ ᠢᠷᠡᠭᠤ ᠠᠯᠳᠠᠷ ᠢ᠋ ᠬᠦᠷᠲᠡᠪᠠ᠃ ᠲᠡᠭᠦᠨ ᠤ᠋ ᠳᠠᠭᠠᠭᠤᠯᠭ᠎ᠠ ᠪᠠᠷ ᠮᠠᠩᠯᠠᠢ ᠭᠠᠴᠠᠭ᠎ᠠ 《ᠪᠦᠬᠦ ᠤᠯᠤᠰ ᠤ᠋ᠨ ᠬᠥᠳᠡᠭᠡ ᠲᠣᠰᠬᠣᠨ ᠤ᠋ ᠵᠠᠰᠠᠯᠲᠠ ᠶ᠋ᠢᠨ ᠵᠢᠱ᠌ᠢᠶ᠎ᠡ ᠦᠵᠡᠭᠦᠯᠬᠦ ᠲᠣᠰᠬᠣᠨ》 ᠪᠠ 《ᠪᠦᠬᠦ ᠤᠯᠤᠰ ᠤ᠋ᠨ ᠪᠣᠯᠪᠠᠰᠤᠨ ᠲᠣᠰᠬᠣᠨ ᠪᠠᠯᠭᠠᠰᠤ》 ᠪᠣᠯᠵᠤ᠂ ᠠᠮᠢ ᠠᠬᠤᠢ ᠵᠢ ᠤᠷᠢᠳ ᠢ᠋ᠢᠡᠷ ᠪᠤᠳᠤᠯᠬᠢᠯᠠᠵᠤ ᠪᠤᠬᠢᠷᠳᠤᠯ ᠦᠬᠡᠢ ᠬᠦᠭᠵᠢᠬᠦᠯᠬᠦ᠂ ᠠᠷᠠᠳ ᠢ᠋ ᠪᠠᠶᠠᠵᠢᠭᠤᠯᠵᠤ ᠲᠣᠰᠬᠣᠨ ᠢ᠋ ᠬᠦᠴᠦᠷᠬᠡᠭᠵᠢᠭᠦᠯᠬᠦ ᠬᠥᠭᠵᠢᠯᠲᠡ ᠶ᠋ᠢᠨ ᠵᠠᠮ ᠵᠢᠡᠷ ᠵᠠᠮᠨᠠᠵᠤ᠂ ᠤᠯᠠᠮᠵᠢᠯᠠᠯᠳᠤ ᠮᠠᠯ ᠠᠵᠤ ᠠᠬᠤᠢ ᠶ᠋ᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ 《ᠮᠠᠡᠭᠯᠠᠢ ᠶ᠋ᠢᠨ ᠵᠠᠭᠪᠤᠷ》 ᠢ᠋ ᠰᠦᠪᠡᠭᠴᠢᠯᠡᠨ ᠪᠠᠢᠭᠤᠯᠵᠤ᠂ ᠪᠦᠬᠦ ᠤᠯᠤᠰ ᠤ᠋ᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠨᠡᠢᠲᠡᠯᠢᠭ ᠵᠢᠱ᠌ᠢᠶ᠎ᠡ ᠪᠡᠷ ᠰᠤᠡᠭᠭᠤᠭᠳᠠᠪᠠ᠃

《ᠭᠠᠴᠠᠭᠠᠨ ᠤ᠋ ᠨᠠᠮ ᠤ᠋ᠨ ᠡᠭᠦᠷ ᠤ᠋ᠨ ᠤᠳᠤᠷᠢᠳᠤᠯᠭ᠎ᠠ ᠪᠠ ᠳᠠᠭᠠᠭᠤᠯᠭ᠎ᠠ ᠲᠤᠤᠷ᠎ᠠ᠂ ᠤᠢᠷ᠎ᠠ ᠵᠢᠨ ᠵᠢᠯ ᠳ᠋ᠤ ᠮᠠᠨ ᠤ᠋ ᠭᠠᠴᠠᠭᠠᠨ ᠤ᠋ ᠡᠯ᠎ᠡ ᠵᠦᠢᠯ ᠤ᠋ᠨ ᠠᠵᠢᠯ ᠤᠷᠤᠭᠰᠢᠲᠠᠢ ᠶᠠᠪᠤᠭᠳᠠᠵᠤ᠂ ᠭᠠᠴᠠᠭᠠᠨ ᠤ᠋ ᠬᠠᠮᠳᠤ ᠶ᠋ᠢᠨ ᠠᠵᠤ ᠠᠬᠤᠢ ᠶ᠋ᠢᠨ ᠤᠷᠤᠯᠭ᠎ᠠ ᠦᠷᠬᠦᠯᠵᠢᠯᠡᠨ ᠨᠡᠮᠡᠭᠳᠡᠪᠡ᠃ ᠳᠠᠷᠠᠭᠠᠴᠢ ᠪᠡᠷ ᠪᠢᠳᠡ ᠦᠪᠡᠷᠲᠡᠭᠡᠨ ᠵᠠᠰᠠᠬᠤ ᠤᠷᠤᠨ ᠤ᠋ ᠠᠷᠪᠠᠨ ᠬᠤᠶᠠᠳᠤᠭᠠᠷ ᠤᠳᠠᠭ᠎ᠠ ᠶ᠋ᠢᠨ ᠨᠠᠮ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ ᠵᠢᠨ ᠬᠠᠮᠳᠤ ᠶᠡᠬᠡ ᠬᠤᠷᠠᠯ ᠤ᠋ᠨ ᠵᠤᠷᠢᠭ ᠰᠠᠨᠠᠭ᠎ᠠ ᠵᠢ ᠪᠠᠷᠢᠮᠳᠠᠯᠠᠨ ᠭᠠᠴᠠᠭᠠᠨ ᠤ᠋ ᠪᠦᠬᠦ ᠠᠵᠢᠯ ᠶ᠋ᠢᠡᠨ ᠰᠠᠢᠳᠤᠷ ᠬᠢᠵᠦ᠂ ᠮᠠᠯᠴᠢᠳ ᠤ᠋ᠨ ᠶ᠋ᠢᠡᠨ ᠢᠳᠡᠭᠡᠯ ᠢ᠋ ᠬᠦᠰᠡᠷᠳᠡᠭᠦᠯᠬᠦ ᠦᠬᠡᠢ ᠪᠡᠷ ᠴᠢᠷᠮᠠᠢᠨ ᠠᠵᠢᠯᠯᠠᠨ᠎ᠠ》 ᠭᠡᠵᠦ ᠮᠢᠵᠢᠳᠳᠤᠷᠵᠢ ᠲᠦᠯᠦᠭᠡᠯᠡᠭᠴᠢ ᠬᠡᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面