ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-27 23:12:52

ᠵᠣᠬᠢᠶᠠᠭ᠍ᠴᠢ᠄ ᠵᠠᠩ ᠺᠦᠢ ᠣᠩᠱᠢᠭ᠍ᠰᠠᠨ ᠣᠳᠠᠭ᠎ᠠ᠄ 3

ᠸᠠᠩ ᠸᠧᠢ ᠵᠦᠩ ᠬᠤᠷᠠᠯ᠎ᠢ ᠡᠷᠬᠢᠯᠡᠵᠠᠢ

         

11 ᠰᠠᠷ᠎ᠠ᠎ᠶᠢᠨ 27᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ ᠎ᠶᠢᠨ ᠲᠥᠯᠥᠭᠡᠯᠡᠭᠴᠢᠳ ᠎ᠦᠨ ᠶᠡᠬᠡ ᠬᠤᠷᠠᠯ ᠎ᠤᠨ ᠲᠡᠷᠢᠭᠦᠯᠡᠭᠴᠢᠳ᠎ᠦᠨ ᠪᠦᠯᠬᠦᠮ ᠬᠣᠶᠠᠳᠤᠭᠠᠷ ᠤᠳᠠᠭ᠎ᠠ ᠵᠢᠨ ᠬᠤᠷᠠᠯ ᠬᠢᠪᠡ᠃  

ᠸᠠᠩ ᠸᠧᠢ ᠵᠦᠩ ᠬᠤᠷᠠᠯ᠎ᠢ ᠡᠷᠬᠢᠯᠡᠵᠠᠢ᠃

ᠯᠢ ᠳ᠋ᠦᠩ ᠰᠢᠦᠢ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠎ᠦᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠰᠣᠩᠭᠣᠭᠤᠯᠢ᠎ᠶᠢᠨ ᠠᠵᠢᠯ᠎ᠢ ᠰᠠᠢᠲᠤᠷ ᠬᠢᠬᠦ ᠲᠤᠬᠠᠢ ᠬᠣᠯᠪᠣᠭᠳᠠᠯ ᠪᠦᠬᠦᠢ ᠮᠡᠳᠡᠭᠳᠡᠯ᠎ᠢ ᠤᠯᠠᠮᠵᠢᠯᠠᠬᠰᠠᠨ ᠪᠦᠬᠡᠳ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠨᠠᠮ᠎ᠤᠨ ᠬᠣᠷᠢᠶ᠎ᠠ᠎ᠶᠢᠨ ᠭᠡᠰᠢᠭᠦᠨ᠂ ᠣᠷᠣᠯᠠᠭ᠍ᠴᠢ ᠭᠡᠰᠢᠭᠦᠨ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠎ᠤ ᠭᠡᠰᠢᠭᠦᠨ᠎ᠦ ᠵᠢᠱ᠌ᠢᠭᠳᠡᠭᠴᠢ ᠵᠢᠨ ᠪᠡᠯᠡᠳᠬᠡᠯ ᠵᠢᠱ᠌ᠢᠭᠳᠡᠭᠴᠢ᠎ᠶᠢᠨ ᠨᠡᠷᠡᠰ᠎ᠦᠨ ᠲᠤᠬᠠᠢ ᠲᠣᠳᠣᠷᠬᠠᠢᠯᠠᠯᠲᠠ ᠬᠢᠵᠡᠢ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠨᠠᠮ᠎ᠤᠨ ᠬᠣᠷᠢᠶ᠎ᠠ᠎ᠶᠢᠨ ᠭᠡᠰᠢᠭᠦᠨ᠂ ᠣᠷᠣᠯᠠᠭ᠍ᠴᠢ ᠭᠡᠰᠢᠭᠦᠨ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠭᠡᠰᠢᠭᠦᠨ᠎ᠦ ᠵᠢᠱ᠌ᠢᠭᠳᠡᠭᠴᠢ᠎ᠵᠢᠨ ᠪᠡᠯᠡᠳᠬᠡᠯ ᠵᠢᠱ᠌ᠢᠭᠳᠡᠭᠴᠢ᠎ᠶᠢᠨ ᠰᠠᠨᠠᠭᠤᠯᠭ᠎ᠠ᠎ᠶᠢᠨ ᠨᠡᠷᠡᠰ᠎ᠢ ᠬᠢᠨᠠᠨ ᠵᠥᠪᠯᠡᠵᠦ ᠪᠠᠲᠤᠯᠠᠭᠠᠳ᠂ ᠡᠯ᠎ᠡ ᠲᠥᠯᠥᠭᠡᠯᠡᠭᠴᠢᠳ᠎ᠦᠨ ᠪᠦᠯᠬᠦᠮ (ᠳᠤᠭᠤᠢᠯᠠᠩ) ᠳ᠋ᠤ᠌ ᠵᠦᠪᠯᠡᠨ ᠶᠠᠷᠢᠯᠴᠠᠭᠤᠯᠬᠤ᠎ᠪᠠᠷ ᠳᠡᠪᠰᠢᠭᠦᠯᠪᠡ᠃

ᠬᠤᠷᠠᠯ᠎ᠠᠴᠠ ᠶᠡᠬᠡ ᠬᠤᠷᠠᠯ᠎ᠤᠨ ᠰᠣᠩᠭᠣᠭᠤᠯᠢ᠎ᠶᠢᠨ ᠠᠷᠭ᠎ᠠ(ᠲᠥᠰᠥᠯ)᠎ᠶᠢ ᠬᠢᠨᠠᠨ ᠵᠦᠪᠯᠡᠵᠦ ᠪᠠᠲᠤᠯᠠᠭᠠᠳ᠂ ᠡᠯ᠎ᠡ ᠲᠥᠯᠥᠭᠡᠯᠡᠭᠴᠢᠳ᠎ᠦᠨ ᠪᠦᠯᠬᠦᠮ (ᠳᠤᠭᠤᠢᠯᠠᠩ)᠎ᠳᠤ ᠵᠦᠪᠯᠡᠨ ᠶᠠᠷᠢᠯᠴᠠᠭᠤᠯᠬᠤ᠎ᠪᠠᠷ ᠳᠡᠪᠰᠢᠭᠦᠯᠪᠠ᠃

ᠬᠤᠷᠠᠯ᠎ᠠᠴᠠ ᠪᠠᠰᠠ ᠡᠯ᠎ᠡ ᠲᠥᠯᠥᠭᠡᠯᠡᠭᠴᠢᠳ᠎ᠦᠨ ᠪᠦᠯᠬᠦᠮ  (ᠳᠤᠭᠤᠢᠯᠠᠩ)᠎ᠤᠨ ᠶᠡᠬᠡ ᠬᠤᠷᠠᠯ᠎ᠤᠨ ᠪᠢᠯᠧᠲ ᠬᠢᠨᠠᠬᠴᠢ ᠵᠢ ᠰᠣᠩᠭᠣᠨ ᠭᠠᠷᠭᠠᠬᠤ ᠠᠵᠢᠯ᠎ᠢ ᠪᠠᠢᠷᠢᠯᠠᠭᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面